ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠰᠢᠰᠲ᠋ᠧᠮ ᠲᠠᠢ | ᠪᠠᠶᠢᠷᠢᠯᠠᠭᠤᠯᠤᠯᠲᠠ ᠬᠢᠵᠦ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠢᠨ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠶᠢ ᠴᠢᠬᠤᠯᠠ ᠤᠯᠤᠰ ᠲᠥᠷᠥ ᠶᠢᠨ ᠡᠭᠦᠷᠭᠡ ᠪᠤᠯᠭᠠᠵᠤ᠂ ᠴᠠᠭ ᠲᠤᠬᠠᠢ ᠳᠤᠨᠢ ᠤᠯᠠᠮᠵᠢᠯᠠᠨ | ᠰᠤᠷᠤᠯᠴᠠᠵᠤ᠂ ᠥᠷᠭᠡᠨ ᠢᠶᠠᠷ ᠤᠬᠠᠭᠤᠯᠤᠨ ᠲᠠᠶᠢᠯᠪᠤᠷᠢᠯᠠᠵᠤ᠂ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ | ᠪᠠᠶᠢᠭᠤᠯᠤᠨ ᠲᠥᠪᠯᠡᠷᠡᠩᠭᠦᠢ ᠪᠤᠯᠪᠠᠰᠤᠷᠠᠭᠤᠯᠵᠤ ᠡᠭᠡᠯᠵᠢᠯᠡᠨ ᠪᠤᠯᠪᠠᠰᠤᠷᠠᠭᠤᠯᠵᠤ᠂ ᠨᠠᠮ ᠤᠨ ᠬᠤᠷᠢᠶ᠎ᠠ ᠶᠢᠨ ᠪᠦᠭᠦᠳᠡ | ᠬᠤᠷᠠᠯ ᠬᠤᠷᠠᠯᠳᠤᠭᠤᠯᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠤᠳᠤᠯᠤᠨ | ᠪᠠᠶᠢᠷᠢᠯᠠᠭᠤᠯᠵᠤ᠂ ᠪᠦᠭᠦ ᠣᠷᠣᠨ ᠳᠠᠶᠠᠭᠠᠷ ᠢ ᠬᠥᠲᠥᠯᠥᠨ ᠵᠢᠯᠤᠭᠤᠳᠴᠤ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ | ᠨᠢᠭᠡᠳᠬᠡᠵᠦ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ | ᠤᠷᠤᠭᠰᠢᠯᠠᠵᠤ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠢ ᠡᠴᠦᠰ ᠲᠤᠨᠢ ᠲᠤᠯᠲᠠᠯ᠎ᠠ ᠬᠢᠨ᠎ᠡ᠃ | | ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠭᠦ ᠬᠦᠴᠦ ᠪᠠᠷ ᠢᠶᠠᠨ | ᠴᠢᠷᠮᠠᠶᠢᠵᠤ᠂ ᠲᠡᠷᠡ ᠶᠣᠰᠣᠭᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢᠨ ᠠᠭᠤᠯᠬᠤᠨ ᠡᠯᠪᠡᠭ ᠪᠠᠶᠠᠯᠢᠭ᠂ ᠥᠷᠭᠡᠨ ᠳᠡᠯᠭᠡᠷ ᠭᠦᠨ ᠭᠦᠨᠵᠡᠭᠡᠢ ᠪᠠᠶᠢᠵᠤ᠂ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠶᠠᠷᠢᠶᠠᠨ ᠤ ᠦᠭᠡ ᠥᠭᠦᠯᠡᠪᠦᠷᠢ ᠨᠢᠭᠡ ᠪᠦᠷᠢ ᠨᠢ ᠴᠥᠮ ᠭᠦᠨ ᠤᠳᠬ᠎ᠠ | ᠠᠭᠤᠯᠭ᠎ᠠ ᠲᠠᠢ ᠶᠤᠮ᠂ ᠪᠦᠭᠦᠳᠡ ᠬᠤᠷᠠᠯ ᠠᠴᠠ ᠪᠠᠲᠤᠯᠠᠭᠰᠠᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ | ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠲᠣᠭᠲᠠᠭᠠᠯ︾ ︵ᠳᠣᠷᠣᠭᠰᠢ ︽ᠲᠣᠭᠲᠠᠭᠠᠯ︾ | ᠭᠡᠵᠦ ᠳᠥᠭᠦᠮᠴᠢᠯᠡᠨ᠎ᠡ︶ ᠳᠤ ᠪᠠᠶᠢᠷᠢᠯᠠᠭᠤᠯᠤᠭᠰᠠᠨ ᠴᠢᠬᠤᠯᠠ ᠶᠡᠭᠡ ᠥᠭᠡᠷᠡᠴᠢᠯᠡᠯᠲᠡ ᠨᠢᠭᠡ ᠪᠦᠷᠢ ᠶᠢ ᠴᠥᠮ ᠠᠯᠤᠰ | ᠭᠡᠲᠦ ᠠᠴᠠ ᠪᠣᠳᠣᠯᠬᠢᠯᠠᠭᠰᠠᠨ ᠶᠤᠮ᠃ ᠪᠢᠳᠡ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ | ᠰᠤᠷᠤᠯᠴᠠᠬᠰᠠᠨ ᠰᠠᠭᠤᠷᠢᠨ ᠳᠡᠭᠡᠷ᠎ᠡ᠂ ᠵᠠᠩᠭᠢᠯᠠᠭ᠎ᠠ ᠶᠢᠨ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ | ᠠᠭᠤᠯᠭ᠎ᠠ ᠶᠢ ᠣᠶᠢᠯᠠᠭᠠᠵᠤ ᠡᠵᠡᠮᠰᠢᠬᠦ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠶᠡᠷᠦᠩᠬᠡᠢ ᠱᠦᠵᠢ ᠰᠢ ᠶᠢᠨ | ᠫᠢᠩ ᠪᠣᠯᠣᠨ ᠨᠠᠮ ᠤᠨ ᠲᠥᠪ ᠬᠤᠷᠢᠶ᠎ᠠ ᠶᠢᠨ ᠴᠢᠬᠤᠯᠠ ᠱᠠᠭᠠᠷᠳᠠᠯᠭ᠎ᠠ ᠶᠣᠰᠣᠭᠠᠷ ᠥᠭᠡᠷᠡᠴᠢᠯᠡᠯᠲᠡ ᠶᠢ | ᠤᠬᠠᠮᠰᠠᠷ ᠠᠴᠠ ᠪᠠᠨ ᠲᠥᠯᠥᠪᠵᠢᠭᠦᠯᠵᠦ ᠠᠬᠢᠭᠤᠯᠤᠨ᠎ᠠ᠃ | ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ | ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠭᠦᠨᠵᠡᠭᠡᠢ ᠰᠤᠷᠤᠯᠴᠠᠨ ᠪᠠᠲᠤᠲᠠᠢ | ᠦᠢᠯᠡᠳᠦᠯᠭᠡᠵᠢᠭᠦᠯᠦᠨ᠎ᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠤᠷᠤᠭᠰᠢᠯᠠᠯᠲᠠ ᠶᠢᠨ ᠵᠠᠮ | ᠳᠡᠭᠡᠷᠡᠬᠢ ᠭᠦᠨ ᠳᠠᠪᠬᠤᠷᠭ᠎ᠠ ᠶᠢᠨ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠤᠨ ᠡᠮᠦᠨ᠎ᠡ᠂ ᠶᠡᠷᠦᠩᠬᠡᠢ ᠱᠦᠵᠢ | ᠰᠢ ᠶᠢᠨ ᠫᠢᠩ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠭᠠᠭᠤᠯᠤᠨ ᠨᠠᠮ | ᠪᠣᠯᠣᠨ ᠤᠯᠤᠰ ᠤᠨ ᠲᠡᠦᠬᠡᠨ ᠳᠡᠭᠡᠷᠡᠬᠢ ᠬᠥᠰᠢᠶ᠎ᠡ ᠲᠡᠮᠳᠡᠭ ᠤᠨ ᠠᠴᠢ ᠬᠤᠯᠪᠣᠭᠳᠠᠯ ᠲᠠᠢ ᠠᠭᠤᠤ ᠶᠡᠭᠡ | ᠬᠤᠪᠢᠰᠤᠯᠲᠠ ᠶᠢ ᠥᠷᠨᠢᠭᠦᠯᠵᠦ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯ ᠮᠠᠨᠳᠤᠯ ᠳᠤ ᠪᠠᠲᠤ ᠪᠠᠬᠢ | ᠰᠠᠭᠤᠷᠢ ᠲᠠᠯᠪᠢᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠬᠢᠵᠠᠭᠠᠯᠠᠰᠢ ᠦᠭᠡᠢ | ᠭᠡᠭᠡᠨ ᠰᠠᠷᠠᠭᠤᠯ ᠢᠷᠡᠭᠡᠳᠦᠢ ᠢᠯᠡᠷᠡᠵᠦ᠂ ᠬᠤᠷᠢᠭᠯᠠᠭᠳᠠᠰᠢ ᠦᠭᠡᠢ ᠲᠡᠦᠬᠡ ᠶᠢᠨ ᠠᠬᠢᠴᠠ ᠳᠤ ᠣᠷᠣᠪᠠ᠃ ᠡᠨᠡ ᠬᠦ | ᠶᠠᠪᠤᠴᠠ ᠳᠤ᠂ ᠶᠡᠷᠦᠩᠬᠡᠢ ᠱᠦᠵᠢ ᠰᠢ ᠶᠢᠨ ᠫᠢᠩ ᠠᠯᠢ ᠣᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ | ᠰᠢᠨ᠎ᠡ ᠨᠤᠲᠠᠯᠠᠯᠲᠠ ᠶᠢ ᠪᠦᠲᠦᠭᠡᠯᠴᠢ ᠪᠠᠷ ᠳᠤᠷᠠᠳᠴᠤ᠂ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠶᠢᠨ ᠴᠢᠬᠤᠯᠠ ᠪᠠᠶᠢᠷᠢ ᠰᠠᠭᠤᠷᠢ᠂ ᠤᠯᠤᠰ ᠲᠥᠷᠥ ᠶᠢᠨ ᠴᠢᠭᠯᠡᠯ᠂ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ᠂ ᠬᠠᠷᠠᠯᠲᠠ ᠡᠭᠦᠷᠭᠡ᠂ ᠥᠷᠲᠡᠭ ᠤᠨ ᠬᠠᠨᠳᠤᠰᠢ ᠪᠠ ᠠᠷᠭ᠎ᠠ ᠶᠢᠨ ᠣᠨᠣᠯ ᠵᠡᠷᠭᠡ ᠶᠢᠨ ᠲᠤᠬᠠᠢ | ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠳᠤ ᠶᠠᠮᠠᠷ ᠲᠤᠭ ᠢ | ᠮᠠᠨᠳᠤᠭᠤᠯᠬᠤ᠂ ᠶᠠᠮᠠᠷ ᠵᠠᠮ ᠢᠶᠠᠷ ᠵᠠᠮᠨᠠᠬᠤ ᠪᠠ ᠶᠠᠭᠤ ᠶᠢ ᠥᠭᠡᠷᠡᠴᠢᠯᠡᠬᠦ᠂ ᠬᠡᠷᠬᠢᠨ ᠥᠭᠡᠷᠡᠴᠢᠯᠡᠬᠦ ᠵᠡᠷᠭᠡ ᠴᠢᠬᠤᠯᠠ | ᠶᠡᠭᠡ ᠣᠨᠣᠯ ᠪᠠ ᠦᠢᠯᠡᠳᠦᠯᠭᠡ ᠶᠢᠨ ᠠᠰᠠᠭᠤᠳᠠᠯ ᠳᠤ ᠰᠢᠨᠵᠢᠯᠡᠬᠦ ᠤᠬᠠᠭᠠᠨᠴᠢ ᠬᠠᠷᠢᠭᠤᠯᠲᠠ ᠥᠭᠴᠦ᠂ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠥᠭᠡᠷᠡᠴᠢᠯᠡᠯᠲᠡ ᠶᠢᠨ ᠣᠨᠣᠯ ᠢ ᠰᠢᠨ᠎ᠡ ᠥᠨᠳᠥᠷᠴᠡ ᠳᠤ | ᠬᠦᠷᠭᠡᠪᠡ᠃ ᠡᠳᠡᠭᠡᠷ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠪᠣᠯ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ | ᠴᠢᠬᠤᠯᠠ ᠪᠦᠷᠢᠯᠳᠦᠭᠦᠨ ᠬᠡᠰᠡᠭ ᠮᠥᠨ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠳᠤ ᠡᠷᠬᠡᠪᠰᠢ ᠪᠠᠲᠤ ᠡᠵᠡᠮᠳᠡᠬᠦ ᠴᠢᠬᠤᠯᠠ ᠲᠠᠢ ᠦᠨᠳᠦᠰᠦᠨ ᠵᠢᠷᠤᠮᠯᠠᠯ ᠮᠥᠨ᠃ ᠪᠢᠳᠡ ᠶᠡᠷᠦᠩᠬᠡᠢ | ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠣᠯᠠᠨ ᠰᠢᠨ᠎ᠡ | ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ | ᠰᠢᠰᠲ᠋ᠧᠮ ᠳᠤ ᠣᠷᠣᠭᠤᠯᠵᠤ ᠣᠶᠢᠯᠠᠭᠠᠨ ᠡᠵᠡᠮᠰᠢᠵᠦ᠂ ᠶᠡᠷᠦᠩᠬᠡᠢ ᠱᠦᠵᠢ ᠰᠢ ᠶᠢᠨ ᠫᠢᠩ ᠤᠨ ᠲᠥᠷᠥ ᠶᠢ ᠵᠠᠰᠠᠵᠤ | ᠵᠠᠰᠠᠭ ᠢ ᠡᠷᠭᠢᠯᠡᠭᠦ ᠪᠠᠶᠢᠯᠳᠤᠬᠤ ᠪᠣᠳᠣᠯᠭ᠎ᠠ ᠶᠢᠨ ᠦᠵᠡᠯ ᠰᠠᠨᠠᠭ᠎ᠠ ᠶᠢ ᠭᠦᠨᠵᠡᠭᠡᠢ ᠣᠶᠢᠯᠠᠭᠠᠨ᠂ ᠲᠡᠭᠦᠨ ᠳᠤ | ᠠᠭᠤᠯᠤᠭᠳᠠᠵᠤ ᠪᠠᠶᠢᠭ᠎ᠠ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠣᠨᠣᠯ ᠢ ᠭᠦᠨᠵᠡᠭᠡᠢ ᠣᠶᠢᠯᠠᠭᠠᠵᠤ᠂ | ᠡᠭᠦᠨ ᠢᠶᠠᠷ ᠥᠪᠥᠷ ᠮᠣᠩᠭᠤᠯ ᠤᠨ ᠥᠭᠡᠷᠡᠴᠢᠯᠡᠯᠲᠡ ᠶᠢᠨ ᠦᠢᠯᠡᠳᠦᠯᠭᠡ ᠶᠢ ᠵᠢᠯᠣᠭᠤᠳᠤᠨ ᠠᠬᠢᠭᠤᠯᠵᠤ᠂ ᠦᠨᠡᠨ | ᠪᠣᠳᠠᠲᠠᠢ ᠥᠭᠡᠷᠡᠴᠢᠯᠡᠯᠲᠡ ᠶᠢᠨ ᠦᠷ᠎ᠡ ᠪᠦᠲᠦᠮᠵᠢ ᠪᠠᠷ ︽ᠬᠤᠶᠠᠷ ᠢ ᠲᠣᠭᠲᠠᠭᠠᠭᠰᠠᠨ︾ ᠢ ᠬᠦᠷᠢᠶᠡᠯᠡᠵᠦ᠂ ︽ | ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠦᠨ᠎ᠡ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠭᠤᠣᠯ ᠰᠡᠳᠦᠪ ᠲᠠᠢ ᠨᠢᠭᠲᠠ | ᠤᠶᠠᠯᠳᠤᠭᠤᠯᠤᠨ ᠥᠭᠡᠷᠡᠴᠢᠯᠡᠯᠲᠡ ᠶᠢ ᠲᠥᠯᠥᠪᠵᠢᠭᠦᠯᠵᠦ ᠥᠭᠡᠷᠡᠴᠢᠯᠡᠯᠲᠡ ᠶᠢ ᠠᠳᠬᠤᠬᠤ ᠬᠦᠴᠦᠷᠬᠡᠭ ᠶᠡᠭᠡ | ᠬᠠᠮᠲᠤᠷᠠᠯ ᠬᠦᠴᠦᠨ ᠢ ᠨᠢᠭᠲᠠᠷᠠᠭᠤᠯᠤᠨ᠎ᠠ᠃ ᠨᠠᠮ ᠤᠨ ᠭᠤᠣᠯ ᠡᠭᠦᠷᠭᠡ ᠶᠢᠨ ᠲᠣᠭᠤᠷᠢᠨ ᠳᠤ ᠥᠭᠡᠷᠡᠴᠢᠯᠡᠯᠲᠡ ᠶᠢ | ᠲᠥᠯᠥᠪᠯᠡᠵᠦ ᠪᠠᠶᠢᠷᠢᠯᠠᠭᠤᠯᠬᠤ ᠪᠣᠯ ᠨᠠᠮ ᠠᠴᠠ ᠥᠭᠡᠷᠡᠴᠢᠯᠡᠯᠲᠡ ᠨᠡᠭᠡᠭᠡᠯᠲᠡ ᠶᠢ ᠤᠳᠤᠷᠢᠳᠤᠭᠰᠠᠨ ᠠᠮᠵᠢᠯᠲᠠ ᠲᠠᠢ | ᠲᠤᠷᠰᠢᠯᠭ᠎ᠠ ᠮᠥᠨ᠃ ᠮᠠᠨ ᠤ ᠨᠠᠮ ᠤᠨ 100 ᠭᠠᠷᠤᠢ ᠵᠢᠯ ᠤᠨ ᠲᠡᠮᠡᠴᠡᠯ ᠤᠨ ᠥᠩᠭᠡᠷᠡᠯᠲᠡ ᠶᠢ ᠡᠷᠭᠢᠴᠡᠭᠦᠯᠪᠡᠯ᠂ | ᠨᠠᠮ ᠠᠴᠠ ᠠᠷᠠᠳ ᠲᠦᠮᠡᠨ ᠢ ᠳᠠᠭᠠᠭᠤᠯᠤᠨ ᠬᠢᠭᠰᠡᠨ ᠠᠯᠢᠪᠠ ᠴᠢᠷᠮᠠᠶᠢᠯᠭ᠎ᠠ ᠪᠣᠯ ᠡᠴᠦᠰ ᠲᠡᠭᠡᠨ ᠣᠳᠣᠬᠢᠴᠢᠯᠠᠯᠲᠠ ᠶᠢ | ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ | ᠶᠤᠮ᠃ 40 ᠭᠠᠷᠤᠢ ᠵᠢᠯ ᠤᠨ ᠡᠮᠦᠨ᠎ᠡ ᠠᠴᠠ ᠡᠬᠢᠯᠡᠭᠰᠡᠨ ᠥᠭᠡᠷᠡᠴᠢᠯᠡᠯᠲᠡ ᠨᠡᠭᠡᠭᠡᠯᠲᠡ ᠨᠢ ᠡᠨᠡ ᠬᠦ ᠠᠤᠭ᠎ᠠ | ᠬᠠᠷᠠᠯᠲᠠ ᠠᠴᠠ ᠡᠭᠦᠰᠦᠯ ᠲᠠᠢ ᠶᠤᠮ︔ ᠤᠳᠤ ᠮᠠᠨ ᠤ ᠨᠠᠮ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ | ᠲᠠᠯ᠎ᠠ ᠪᠠᠷ ᠭᠦᠨᠵᠡᠭᠡᠶᠢᠷᠡᠭᠦᠯᠵᠦ ᠪᠠᠶᠢᠭ᠎ᠠ ᠨᠢ ᠮᠥᠨ ᠴᠦ ᠡᠨᠡ ᠬᠦ ᠠᠤᠭ᠎ᠠ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ | ᠶᠤᠮ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠤᠨᠤᠯ ᠢ ᠬᠤᠷᠢᠶᠠᠩᠭᠤᠶᠢᠯᠠᠨ ᠳᠤᠷᠠᠳᠤᠭᠰᠠᠨ ᠪᠥᠭᠡᠳ ᠭᠦᠨᠵᠡᠭᠡᠢ ᠲᠣᠳᠣᠷᠬᠠᠶᠢᠯᠠᠨ ᠥᠭᠦᠯᠡᠵᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠭᠤᠷᠪᠠᠳᠤᠭᠠᠷ ᠪᠦᠭᠦᠳᠡ ᠬᠤᠷᠠᠯ ᠤᠨ ᠥᠭᠡᠷᠡᠴᠢᠯᠡᠯᠲᠡ ᠶᠢᠨ ᠰᠢᠢᠳᠪᠦᠷᠢᠲᠦ ᠪᠣᠳᠣᠯᠭ᠎ᠠ ᠨᠢ ᠴᠥᠮ ᠡᠳᠡᠭᠡᠷ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠤᠷᠤᠭᠰᠢᠲᠠᠢ ᠶᠠᠪᠤᠭᠳᠠᠬᠤ ᠶᠢ ᠬᠦᠯᠢᠶᠡᠰᠦᠯᠡᠵᠦ ᠪᠠᠶᠢᠭ᠎ᠠ | ᠪᠠᠶᠢᠭᠤᠯᠤᠯ ᠲᠣᠭᠲᠠᠴᠠ ᠶᠢᠨ ᠠᠰᠠᠭᠤᠳᠠᠯ ᠳᠤ ᠬᠠᠨᠳᠤᠭᠤᠯᠤᠭᠰᠠᠨ ᠶᠤᠮ᠃ ᠪᠢᠳᠡ ᠨᠠᠮ ᠤᠨ ᠲᠥᠪ ᠬᠤᠷᠢᠶ᠎ᠠ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠣᠳᠣᠬᠢᠴᠢᠯᠠᠯᠲᠠ ᠶᠢᠨ ᠭᠤᠣᠯ ᠰᠡᠳᠦᠪ ᠲᠤ ᠠᠩᠬᠠᠷᠤᠯ ᠢᠶᠠᠨ | ᠲᠥᠪᠯᠡᠷᠡᠭᠦᠯᠦᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ | ᠪᠣᠳᠣᠯᠬᠢᠯᠠᠯ ᠢ ᠭᠦᠨᠵᠡᠭᠡᠢ ᠣᠶᠢᠯᠠᠭᠠᠨ ᠡᠵᠡᠮᠰᠢᠵᠦ᠂ ᠡᠨᠡ ᠬᠦ ᠭᠤᠣᠯ ᠰᠡᠳᠦᠪ ᠤᠨ ᠲᠣᠭᠤᠷᠢᠨ ᠳᠤ ᠠᠵᠢᠯ ᠢᠶᠠᠨ | ᠥᠷᠨᠢᠭᠦᠯᠵᠦ᠂ ᠬᠡᠷᠬᠢᠪᠡᠯ ᠬᠥᠭᠵᠢᠯᠲᠡ ᠳᠤ ᠠᠰᠢᠭᠲᠠᠢ᠂ ᠠᠷᠠᠳ ᠲᠦᠮᠡᠨ ᠢ ᠰᠠᠶᠢᠨ ᠠᠮᠢᠳᠤᠷᠠᠭᠤᠯᠬᠤ ᠳᠤ ᠠᠰᠢᠭᠲᠠᠢ | ᠪᠣᠯ ᠲᠡᠷᠡ ᠶᠠᠩᠵᠤ ᠪᠠᠷ ᠬᠢᠵᠦ᠂ ᠶᠠᠭᠤ ᠬᠥᠭᠵᠢᠯᠲᠡ ᠳᠤ ᠠᠰᠢᠭ ᠦᠭᠡᠢ᠂ ᠠᠷᠠᠳ ᠲᠦᠮᠡᠨ ᠢ ᠰᠠᠶᠢᠨ | ᠠᠮᠢᠳᠤᠷᠠᠭᠤᠯᠬᠤ ᠳᠤ ᠠᠰᠢᠭ ᠦᠭᠡᠢ ᠪᠣᠯ ᠲᠡᠭᠦᠨ ᠳᠤ ᠥᠭᠡᠷᠡᠴᠢᠯᠡᠯᠲᠡ ᠬᠢᠵᠦ᠂ ᠪᠦᠭᠦ ᠣᠷᠣᠨ ᠤ 2400 ᠲᠦᠮᠡᠨ | ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠡᠷᠴᠢ ᠵᠣᠷᠢᠭ ᠢ ᠦᠨᠡᠨ ᠬᠦ ᠭᠦᠢᠴᠡᠳ ᠳᠠᠶᠢᠴᠢᠯᠠᠵᠤ᠂ | ᠰᠡᠳᠬᠢᠯ ᠨᠢᠭᠡᠳᠦᠨ ᠴᠢᠷᠮᠠᠶᠢᠨ ᠠᠵᠢᠯᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠣᠳᠣᠬᠢᠴᠢᠯᠠᠯᠲᠠ ᠶᠢ | ᠠᠬᠢᠭᠤᠯᠬᠤ ᠳᠤ ᠥᠪᠥᠷ ᠮᠣᠩᠭᠤᠯ ᠤᠨ ᠬᠦᠴᠦᠨ ᠴᠢᠳᠠᠯ ᠢᠶᠠᠨ ᠡᠷᠭᠦᠨ᠎ᠡ᠃ | ᠨᠠᠮ ᠤᠨ ᠲᠥᠪ ᠬᠤᠷᠢᠶ᠎ᠠ ᠶᠢᠨ ᠵᠣᠷᠢᠭ ᠰᠠᠨᠠᠭ᠎ᠠ ᠪᠠᠷ ᠪᠠᠷᠢᠮᠵᠢᠶᠠᠯᠠᠵᠤ ᠡᠯ᠎ᠡ ᠵᠦᠢᠯ ᠤᠨ ᠥᠭᠡᠷᠡᠴᠢᠯᠡᠯᠲᠡ ᠶᠢᠨ | ᠡᠭᠦᠷᠭᠡ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠤᠨ᠎ᠠ᠃ ︽ᠲᠣᠭᠲᠠᠭᠠᠯ︾ ᠳᠤ ︽ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠦᠷᠭᠦᠯᠵᠢᠯᠡᠨ ᠲᠡᠭᠦᠯᠳᠡᠷᠵᠢᠭᠦᠯᠦᠨ ᠬᠥᠭᠵᠢᠭᠦᠯᠵᠦ᠂ | ᠲᠦᠷᠦ ᠶᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ︾ ᠶᠡᠷᠦᠩᠬᠡᠢ | ᠬᠠᠷᠠᠯᠲᠠ ᠶᠢᠨ ᠲᠣᠭᠤᠷᠢᠨ ᠳᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ | ᠰᠢᠨ᠎ᠡ ᠵᠢᠷᠤᠭ ᠲᠥᠰᠥᠪ᠂ ᠰᠢᠨ᠎ᠡ ᠬᠦᠰᠡᠯ ᠡᠷᠡᠮᠡᠯᠵᠡᠯ ᠢ ᠰᠢᠰᠲ᠋ᠧᠮ ᠲᠠᠢ ᠲᠥᠯᠥᠪᠯᠡᠪᠡ᠃ ᠵᠢᠯᠤᠭᠤᠳᠬᠤ | ᠵᠠᠷᠴᠢᠮ ᠤᠨ ᠲᠠᠯ᠎ᠠ ᠪᠠᠷ᠂ ᠮᠠᠨ ᠤ ᠨᠠᠮ ᠤᠨ ᠥᠭᠡᠷᠡᠴᠢᠯᠡᠯᠲᠡ ᠶᠢᠨ ᠲᠤᠬᠠᠢ ᠵᠢᠮ᠎ᠡ ᠶᠣᠰᠣᠴᠢ ᠴᠢᠨᠠᠷᠲᠠᠢ | ᠲᠠᠨᠢᠯᠲᠠ ᠶᠢᠨ ᠴᠢᠬᠤᠯᠠ ᠶᠡᠭᠡ ᠦᠷ᠎ᠡ ᠪᠦᠲᠦᠭᠡᠯ ᠢ ᠰᠢᠨᠵᠢᠯᠡᠬᠦ ᠤᠬᠠᠭᠠᠨᠴᠢ ᠪᠠᠷ ᠬᠤᠷᠢᠶᠠᠩᠭᠤᠶᠢᠯᠠᠵᠤ᠂ ︽ | ᠵᠢᠷᠭᠤᠭ᠎ᠠ ᠶᠢ ᠪᠠᠷᠢᠮᠲᠠᠯᠠᠬᠤ︾ ᠴᠢᠬᠤᠯᠠ ᠶᠡᠭᠡ ᠵᠠᠷᠴᠢᠮ ᠢ ᠲᠣᠳᠣᠷᠬᠠᠢ ᠳᠤᠷᠠᠳᠪᠠ︔ ᠡᠭᠦᠷᠭᠡ ᠠᠷᠭ᠎ᠠ | ᠬᠡᠮᠵᠢᠶ᠎ᠡ ᠶᠢᠨ ᠲᠠᠯ᠎ᠠ ᠪᠠᠷ᠂ 300 ᠭᠠᠷᠤᠢ ᠵᠦᠢᠯ ᠤᠨ ᠲᠤᠯᠭᠠᠭᠤᠷᠢᠯᠠᠬᠤ ᠴᠢᠨᠠᠷᠲᠠᠢ᠂ ᠬᠥᠲᠥᠯᠥᠨ ᠳᠠᠭᠠᠭᠤᠯᠬᠤ | ᠴᠢᠨᠠᠷᠲᠠᠢ᠂ ᠵᠣᠬᠢᠴᠠᠩᠭᠤᠢ ᠴᠢᠨᠠᠷᠲᠠᠢ᠂ ᠪᠠᠷᠠᠯᠠᠯᠳᠤ ᠴᠢᠨᠠᠷᠲᠠᠢ ᠴᠢᠬᠤᠯᠠ ᠶᠡᠭᠡ ᠥᠭᠡᠷᠡᠴᠢᠯᠡᠯᠲᠡ ᠶᠢ ᠪᠠᠶᠢᠷᠢᠯᠠᠭᠤᠯᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠯ᠎ᠠ ᠪᠦᠭᠦᠨ ᠢ ᠬᠠᠮᠤᠷᠪᠠ︔ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ ᠶᠢᠨ ᠲᠠᠯ᠎ᠠ ᠪᠠᠷ᠂ ᠪᠦᠭᠦ ᠨᠠᠮ ᠤᠨ ᠥᠭᠡᠷᠡᠴᠢᠯᠡᠯᠲᠡ ᠶᠢ ᠠᠳᠬᠤᠵᠤ ᠬᠥᠭᠵᠢᠯᠲᠡ ᠶᠢ | ᠠᠬᠢᠭᠤᠯᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠳᠠᠶᠢᠴᠢᠯᠠᠬᠤ ᠪᠠᠷ ᠬᠦᠴᠦᠯᠡᠬᠦ ᠴᠡᠭ | ᠪᠤᠯᠭᠠᠵᠤ᠂ ᠨᠠᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠤᠳᠤᠷᠢᠳᠬᠤ ᠲᠦᠪᠰᠢᠨ ᠢ ᠳᠡᠭᠡᠭᠰᠢᠯᠡᠭᠦᠯᠭᠦ ᠳᠤ | ᠲᠤᠰᠬᠠᠢ ᠪᠠᠶᠢᠷᠢᠯᠠᠭᠤᠯᠤᠯᠲᠠ ᠬᠢᠵᠡᠢ᠃ ᠡᠳᠡᠭᠡᠷ ᠦᠵᠦ ᠲᠥᠯᠥᠪᠯᠡᠭᠡ ᠪᠣᠯᠣᠨ ᠶᠡᠷᠦᠩᠬᠡᠢ ᠲᠥᠯᠦᠪᠵᠢᠭᠦᠯᠭᠡ ᠨᠢ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠠᠭ ᠤᠨ ᠬᠦᠰᠦᠨᠦᠭᠲᠦ᠂ ᠵᠠᠮ | ᠱᠤᠭᠤᠮ ᠤᠨ ᠵᠢᠷᠤᠭ᠂ ᠡᠭᠦᠷᠭᠡ ᠶᠢᠨ ᠪᠢᠴᠢᠭ ᠢ ᠵᠢᠷᠤᠭᠯᠠᠵᠠᠢ᠃ ᠪᠢᠳᠡ ᠡᠷᠬᠡᠪᠰᠢ ᠰᠤᠷᠤᠯᠴᠠᠬᠤ ᠰᠡᠳᠬᠢᠬᠦ | ᠦᠢᠯᠡᠳᠦᠯᠭᠡᠵᠢᠭᠦᠯᠬᠦ ᠣᠶᠢᠯᠠᠭᠠᠬᠤ ᠳᠡᠭᠡᠷ᠎ᠡ ᠬᠦᠴᠦ ᠲᠠᠯᠪᠢᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠢᠭᠡ | ᠪᠦᠷᠢ ᠶᠢᠨ ᠠᠬᠤᠢ ᠪᠠᠶᠢᠳᠠᠯ ᠪᠠ ᠪᠠᠶᠢᠷᠢ ᠲᠣᠭᠲᠠᠭᠠᠯᠲᠠ᠂ ᠴᠢᠭᠯᠡᠯ ᠪᠠ ᠠᠭᠤᠯᠬᠤᠨ ᠢ ᠣᠨᠣᠪᠴᠢᠲᠠᠶ ᠣᠶᠢᠯᠠᠭᠠᠵᠤ᠂ | ︽ᠲᠣᠰ ᠭᠠᠵᠠᠷ ᠤᠨ ᠣᠨᠴᠠᠯᠢᠭ ᠲᠠᠢ ᠥᠭᠡᠷᠡᠴᠢᠯᠡᠯᠲᠡ︾ ᠶᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ | ᠰᠦᠪᠡᠭᠴᠢᠯᠡᠵᠦ᠂ ᠪᠡᠯᠭᠡ ᠲᠡᠮᠳᠡᠭ ᠤᠨ ᠴᠢᠨᠠᠷᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠶᠢ ᠬᠠᠷᠠᠯᠲᠠ ᠲᠠᠢ ᠪᠠᠷ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠨᠠᠮ ᠤᠨ ᠲᠥᠪ ᠬᠤᠷᠢᠶ᠎ᠠ ᠶᠢᠨ ︽ᠶᠡᠭᠡ ᠤᠳᠬ᠎ᠠ ᠰᠠᠨᠠᠭ᠎ᠠ︾ ᠶᠢ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠥᠪᠥᠷ ᠮᠣᠩᠭᠤᠯ ᠤᠨ ᠦᠢᠯᠡᠳᠦᠯᠭᠡ ᠶᠢᠨ ︽ᠨᠠᠷᠢᠯᠢᠭ | ᠵᠢᠷᠤᠭ︾ ᠪᠣᠯᠭᠠᠨ ᠬᠤᠪᠢᠷᠠᠭᠤᠯᠤᠨ᠎ᠠ᠃ | ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠢ ᠠᠬᠢᠭᠤᠯᠤᠨ᠎ᠠ | ᠶᠡᠷᠦᠩᠬᠡᠢ ᠱᠦᠵᠢ ᠰᠢ ᠶᠢᠨ ᠫᠢᠩ᠂ ︽ᠲᠣᠭᠲᠠᠭᠠᠯ︾ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠳᠤ ︽ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠵᠤ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ︾ ᠭᠡᠵᠦ | ᠴᠢᠬᠤᠯᠠᠴᠢᠯᠠᠪᠠ᠃ ᠥᠪᠥᠷ ᠮᠣᠩᠭᠤᠯ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠳᠤ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ᠂ ︽ᠲᠠᠪᠤᠨ ᠶᠡᠭᠡ | ᠡᠭᠦᠷᠭᠡ︾ ᠶᠢ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ | ᠣᠷᠣᠬᠤ ᠪᠠᠷ ᠴᠢᠷᠮᠠᠶᠢᠬᠤ ᠲᠠᠢ ᠨᠢᠭᠲᠠ ᠤᠶᠠᠯᠳᠤᠭᠤᠯᠤᠨ ᠥᠷᠨᠢᠭᠦᠯᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠪᠠᠷ | ᠪᠣᠭᠤᠮᠲᠠ ᠰᠢᠪᠲᠤᠯᠤᠨ ᠬᠠᠷᠰᠢ ᠰᠠᠭᠠᠳ ᠢ ᠠᠷᠢᠯᠭᠠᠨ᠎ᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ | ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠤᠨ᠎ᠠ᠃ 2023 ᠣᠨ ᠤ 6 ᠰᠠᠷ᠎ᠠ ᠳᠤ᠂ ᠶᠡᠷᠦᠩᠬᠡᠢ ᠱᠦᠵᠢ | ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ︽ᠮᠥᠨ ᠴᠤ ᠦᠨᠳᠦᠰᠦᠲᠡᠨ ᠤ ᠭᠠᠵᠠᠷ | ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠮᠥᠨ︾ ᠭᠡᠵᠦ ᠳᠤᠷᠠᠳᠪᠠ᠃ ᠵᠢᠯ ᠭᠠᠷᠤᠢ ᠶᠢᠨ ᠲᠤᠷᠰᠢ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ 28 ᠵᠤᠷᠪᠤᠰ ᠪᠣᠳᠠᠲᠠᠢ ᠠᠷᠭ᠎ᠠ ᠬᠡᠮᠵᠢᠶ᠎ᠡ ᠲᠣᠭᠲᠠᠭᠠᠨ | ᠬᠡᠷᠡᠭᠵᠢᠭᠦᠯᠵᠦ᠂ ᠲᠣᠭᠲᠠᠴᠠ ᠶᠢᠨ ᠲᠠᠯ᠎ᠠ ᠪᠠᠷ ᠠᠵᠢᠯ ᠤᠨ ᠭᠤᠣᠯ ᠰᠢᠵᠢᠮ ᠢ ᠲᠤᠭᠤᠰᠢᠯᠠᠭᠤᠯᠬᠤ ᠡᠯ᠎ᠡ | ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ᠃ ᠪᠢᠳᠠ ᠡᠨᠡ ᠬᠦ ᠠᠵᠢᠯ ᠤᠨ ᠭᠤᠣᠯ ᠰᠢᠵᠢᠮ ᠢ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠦᠭᠦ ᠶᠠᠪᠤᠴᠠ ᠳᠤ | ᠲᠤᠭᠤᠰᠢᠯᠠᠭᠤᠯᠵᠤ᠂ ︽ᠤᠶᠠᠯᠳᠤᠭᠤᠯᠬᠤ︾ ᠪᠠ ︽ᠠᠭᠤᠰᠤᠯᠴᠠᠭᠤᠯᠬᠤ︾ ᠳᠦᠷᠢᠮ ᠠᠷᠭ᠎ᠠ ᠬᠡᠮᠵᠢᠶ᠎ᠡ ᠶᠢ | ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠡᠭᠦᠷᠭᠡ ᠲᠣᠳᠣᠷᠬᠠᠢ᠂ ᠠᠷᠭ᠎ᠠ ᠬᠡᠮᠵᠢᠶ᠎ᠡ ᠪᠣᠳᠠᠲᠠᠢ ᠶᠢ ᠡᠷᠬᠢᠮᠯᠡᠭᠰᠡᠨ᠂ | ᠪᠦᠷᠢᠨ ᠪᠦᠲᠦᠨ ᠪᠢᠲᠡᠭᠦᠦ ᠭᠤᠭᠴᠣᠭᠠᠲᠤ᠂ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠠᠵᠢᠯ ᠤᠨ | ᠲᠣᠭᠲᠠᠴᠠ ᠶᠢ ᠲᠦᠷᠭᠡᠳᠬᠡᠨ ᠪᠦᠷᠢᠯᠳᠦᠭᠦᠯᠵᠦ᠂ ︽ᠭᠤᠷᠪᠠᠨ ᠰᠠᠯᠵᠤ ᠴᠢᠳᠠᠬᠤ ᠦᠭᠡᠢ︾᠂ ︽ᠲᠦᠷᠪᠡᠨ | ᠬᠠᠮᠲᠤᠳᠬᠠᠬᠤ︾᠂ ︽ᠲᠠᠪᠤᠨ ᠬᠠᠮᠲᠤ ᠶᠢᠨ ᠲᠠᠨᠢᠯᠲᠠ︾᠂ ︽ᠲᠠᠪᠤᠨ ᠦᠵᠡᠯᠲᠡ︾ ᠵᠢᠴᠢ ︽ᠲᠤᠯᠤᠭᠠᠨ | ᠲᠠᠯ᠎ᠠ ᠪᠠᠷ ᠵᠢᠱᠢᠶᠡᠴᠢ ᠪᠤᠯᠬᠤ︾ ᠵᠡᠷᠭᠡ ᠣᠶᠢᠯᠠᠭᠠᠭᠳᠠᠬᠤᠨ ᠤ ᠱᠠᠭᠠᠷᠳᠠᠯᠭ᠎ᠠ ᠶᠢ ᠦᠨᠳᠦᠰᠦᠲᠡᠨ ᠨᠦᠭᠦᠳ ᠤᠨ ᠺᠠᠳ᠋ᠷ | ᠤᠯᠠᠨ ᠲᠦᠮᠡᠨ ᠤ ᠦᠢᠯᠡ ᠠᠵᠢᠯᠯᠠᠭ᠎ᠠ ᠪᠠ ᠰᠡᠳᠬᠢᠴᠡ ᠳᠤ ᠨᠡᠩ ᠰᠠᠶᠢᠲᠤᠷ ᠠᠭᠤᠰᠬᠠᠨ ᠣᠷᠣᠭᠤᠯᠤᠨ᠎ᠠ᠃ ᠶᠡᠭᠡ | ᠲᠠᠯ᠎ᠠ ᠠᠴᠠ ᠪᠣᠳᠣᠯᠬᠢᠯᠠᠨ᠂ ᠪᠠᠭ᠎ᠠ ᠶᠠᠪᠤᠳᠠᠯ ᠠᠴᠠ ᠭᠠᠷᠳᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠢ | ᠬᠥᠲᠥᠯᠥᠨ ᠵᠢᠯᠤᠭᠤᠳᠴᠤ ᠳᠦᠷᠪᠡᠨ ᠲᠠᠯ᠎ᠠ ᠶᠢᠨ ᠤᠬᠠᠮᠰᠠᠷ ᠢ ᠪᠠᠲᠤ ᠪᠤᠢ ᠪᠣᠯᠭᠠᠨ᠎ᠠ᠄ ᠨᠢᠭᠡ ᠳᠤ ᠬᠠᠮᠲᠤ | ᠨᠠᠶᠢᠳᠠ ᠶᠢᠨ ᠤᠬᠠᠮᠰᠠᠷ ᠢ ᠪᠤᠢ ᠪᠣᠯᠭᠠᠨ᠎ᠠ᠃ ᠨᠡᠶᠢᠲᠡᠴᠢ ᠦᠵᠡᠯ ᠤᠨ ᠬᠥᠮᠦᠵᠢᠯ ᠢ ᠭᠦᠨᠵᠡᠭᠡᠶᠢᠷᠡᠭᠦᠯᠵᠦ᠂ ᠬᠥᠮᠥᠨ | ᠪᠠ ᠤᠴᠢᠷ ᠶᠠᠪᠤᠳᠠᠯ ᠳᠤ ᠵᠣᠬᠢᠴᠠᠭᠤᠯᠤᠨ ᠤᠷᠮᠠᠰᠢᠭᠤᠯᠤᠨ ᠵᠣᠷᠢᠭᠵᠢᠭᠤᠯᠬᠤ᠂ ᠳᠦᠷᠢᠮ ᠲᠣᠭᠲᠠᠭᠠᠯ ᠠᠷᠭ᠎ᠠ | ᠬᠡᠮᠵᠢᠶ᠎ᠡ ᠰᠤᠳᠤᠯᠤᠨ ᠲᠣᠭᠲᠠᠭᠠᠵᠤ᠂ ᠬᠥᠮᠥᠰ ᠢ ᠬᠥᠲᠥᠯᠥᠨ ᠵᠢᠯᠤᠭᠤᠳᠴᠤ ︽ᠬᠥᠮᠥᠨ ᠪᠦᠭᠦᠨ ᠮᠢᠨᠤ ᠲᠥᠯᠥᠭᠡ᠂ | ᠪᠢ ᠬᠥᠮᠥᠨ ᠪᠦᠭᠦᠨ ᠤ ᠲᠥᠯᠥᠭᠡ ᠪᠠᠶᠢᠬᠤ︾ ᠪᠠ ︽ᠬᠠᠮᠲᠤ ᠨᠠᠶᠢᠳᠠ ᠰᠠᠶᠢᠨ ᠪᠣᠯ ᠬᠤᠪᠢ ᠬᠥᠮᠥᠨ ᠰᠠᠶ᠋ᠢ ᠨᠠᠩ | ᠰᠠᠶᠢᠨ ᠪᠠᠶᠢᠬᠤ︾ ᠣᠶᠢᠯᠠᠭᠠᠭᠳᠠᠬᠤᠨ ᠢ ᠪᠤᠶ ᠪᠤᠯᠭᠠᠵᠤ᠂ ᠤᠬᠠᠮᠰᠠᠷ ᠠᠴᠠ ᠪᠠᠨ ᠨᠡᠶᠢᠲᠡ ᠶᠢᠨ ᠡᠳ᠋ ᠪᠣᠳᠠᠰ ᠢ | ᠬᠠᠶᠢᠷᠠᠯᠠᠨ ᠬᠠᠮᠠᠭᠠᠯᠠᠵᠤ᠂ ᠨᠡᠶᠢᠲᠡ ᠶᠢᠨ ᠠᠰᠢᠭ ᠲᠤᠰᠠ ᠶᠢ ᠬᠠᠮᠠᠭᠠᠯᠠᠵᠤ᠂ ᠤᠴᠢᠷ ᠶᠠᠪᠤᠳᠠᠯ ᠪᠠᠶᠢᠪᠠᠯ ᠬᠠᠮᠲᠤ ᠪᠠᠷ | ᠬᠢᠵᠦ᠂ ᠬᠦᠴᠢᠷ ᠪᠠᠶᠢᠪᠠᠯ ᠬᠠᠮᠲᠤ ᠪᠠᠷ ᠡᠭᠦᠷᠭᠡᠯᠡᠵᠦ᠂ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠪᠣᠯᠭᠠᠨ᠎ᠠ᠃ | ᠬᠤᠶᠠᠷ ᠲᠤ ᠡᠵᠡᠨ ᠬᠥᠮᠥᠨ ᠤ ᠤᠬᠠᠮᠰᠠᠷ ᠢ ᠪᠤᠢ ᠪᠣᠯᠭᠠᠨ᠎ᠠ᠃ ᠳᠦᠷᠢᠮ ᠲᠣᠭᠲᠠᠭᠠᠯ ᠲᠣᠭᠲᠠᠭᠠᠬᠤ ᠪᠠᠷ ᠳᠠᠮᠵᠢᠨ | ᠨᠡᠶᠢᠭᠡᠮ ᠤᠨ ᠡᠯ᠎ᠡ ᠡᠲᠡᠭᠡᠳ᠂ ᠡᠯ᠎ᠡ ᠲᠥᠷᠥᠯ ᠤᠨ ᠬᠥᠮᠥᠰ ᠤᠨ ︽ᠡᠵᠡᠨ ᠰᠠᠭᠤᠵᠤ ᠡᠷᠬᠡ ᠮᠡᠳᠡᠬᠦ︾ ᠢᠷᠠᠭᠤ | ᠠᠯᠳᠠᠷᠲᠤ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠶᠢ ᠴᠢᠩᠭᠠᠳᠬᠠᠬᠤ ᠶᠢ ᠠᠬᠢᠭᠤᠯᠵᠤ᠂ ᠥᠪᠥᠷ | ᠮᠣᠩᠭᠤᠯ ᠤᠨ ᠬᠥᠭᠵᠢᠯᠲᠡ ᠶᠢ ᠥᠪᠡᠷ ᠤᠨ ᠶᠠᠪᠤᠳᠠᠯ ᠢᠶᠠᠨ ᠪᠤᠯᠭᠠᠵᠤ᠂ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠪᠠᠨ | ᠡᠭᠦᠷᠭᠡᠯᠡᠵᠦ᠂ ᠭᠦᠢᠴᠡᠳᠬᠡᠪᠡᠰᠦ ᠵᠣᠬᠢᠬᠤ ᠡᠭᠦᠷᠭᠡ ᠪᠠᠨ ᠰᠠᠶᠢᠲᠤᠷ ᠭᠦᠢᠴᠡᠳᠬᠡᠵᠦ᠂ ᠵᠢᠷᠤᠮᠵᠢᠭᠤᠯᠪᠠᠰᠤ ᠵᠣᠬᠢᠬᠤ | ᠦᠢᠯᠡ ᠠᠵᠢᠯᠯᠠᠭ᠎ᠠ ᠶᠢ ᠲᠤᠭᠤᠰᠢᠲᠠᠢ ᠵᠢᠷᠤᠮᠵᠢᠭᠤᠯᠵᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠ | ᠨᠡᠶᠢᠭᠡᠮ ᠤᠨ ᠵᠠᠰᠠᠯᠲᠠ ᠳᠤ ᠢᠳᠡᠪᠬᠢᠲᠡᠢ ᠣᠷᠣᠯᠴᠠᠭᠤᠯᠤᠨ᠎ᠠ᠃ ᠭᠤᠷᠪᠠ ᠳᠤ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠬᠤ ᠤᠬᠠᠮᠰᠠᠷ ᠢ ᠪᠤᠢ ᠪᠣᠯᠭᠠᠨ᠎ᠠ᠃ ᠤᠮᠠᠷᠠᠲᠤ ᠬᠢᠯᠢ ᠶᠢᠨ ᠰᠣᠶᠣᠯ ᠢ ᠪᠠᠶᠢᠭᠤᠯᠬᠤ ᠲᠠᠢ | ᠤᠶᠠᠯᠳᠤᠭᠤᠯᠵᠤ᠂ ᠥᠪᠥᠷ ᠮᠣᠩᠭᠤᠯ ᠤᠨ ᠡᠬᠡ ᠭᠠᠵᠠᠷ ᠳᠡᠭᠡᠷᠡᠬᠢ ᠦᠨᠳᠦᠰᠦᠲᠡᠨ ᠨᠦᠭᠦᠳ ᠤᠨ ᠬᠠᠮᠲᠤ ᠪᠠᠷ ᠶᠠᠪᠤᠵᠤ | ᠥᠩᠭᠡᠷᠡᠭᠰᠡᠨ᠂ ᠬᠠᠮᠲᠤ ᠪᠠᠷ ᠶᠠᠪᠤᠵᠤ ᠢᠷᠡᠭᠰᠡᠨ᠂ ᠬᠠᠮᠲᠤ ᠪᠠᠷ ᠣᠳᠣᠬᠢᠴᠢᠯᠠᠯᠲᠠ ᠲᠡᠶᠢᠰᠢ ᠤᠷᠤᠭᠰᠢᠯᠠᠭᠰᠠᠨ | ᠦᠯᠢᠭᠡᠷ ᠢ ᠰᠠᠶᠢᠲᠤᠷ ᠶᠠᠷᠢᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠡᠶ᠎ᠡ ᠨᠠᠶᠢᠷᠲᠠᠢ ᠬᠠᠮᠲᠤ | ᠣᠷᠣᠰᠢᠵᠤ᠂ ᠬᠠᠷᠢᠯᠴᠠᠨ ᠬᠠᠪᠰᠤᠷᠤᠯᠴᠠᠭᠰᠠᠨ ᠪᠣᠳᠠᠲᠤ ᠵᠢᠱᠢᠶ᠎ᠡ ᠶᠢ ᠰᠠᠶᠢᠲᠤᠷ ᠤᠬᠠᠭᠤᠯᠵᠤ᠂ ᠣᠷᠣᠨ | ᠳᠠᠶᠠᠭᠠᠷ ᠢᠶᠠᠨ ᠳᠡᠭᠡᠷ᠎ᠡ ᠳᠣᠣᠷ᠎ᠠ ᠱᠠᠲᠤ ᠪᠠᠷ ᠢᠶᠠᠨ ᠡᠬᠡ ᠤᠯᠤᠰ ᠤᠨ ᠬᠢᠯᠢ ᠬᠢᠵᠠᠭᠠᠷ ᠢ ᠬᠠᠮᠲᠤ ᠪᠠᠷ ᠰᠠᠬᠢᠨ | ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠬᠤ ᠣᠷᠭᠢᠯᠤᠮ᠎ᠠ ᠬᠠᠯᠠᠭᠤᠨ ᠰᠡᠳᠬᠢᠯᠭᠡ ᠶᠢ | ᠬᠥᠭᠵᠢᠭᠡᠨ᠎ᠡ᠃ ᠳᠥᠷᠪᠡ ᠳᠤ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠤᠬᠠᠮᠰᠠᠷ ᠢ ᠪᠤᠢ ᠪᠣᠯᠭᠠᠨ᠎ᠠ᠃ | ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ᠂ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠪᠣᠯ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠦᠨᠳᠦᠰᠦᠨ | ᠱᠠᠭᠠᠷᠳᠠᠯᠭ᠎ᠠ ᠮᠥᠨ᠃ ᠪᠢᠳᠡ ︽ᠵᠢᠷᠭᠤᠭᠠᠨ ᠥᠭᠦᠯᠡᠪᠦᠷᠢ ᠦᠭᠡ ᠶᠢᠨ ᠪᠣᠳᠠᠲᠤ ᠶᠠᠪᠤᠳᠠᠯ ᠪᠠ ᠶᠣᠰᠣ ᠤᠴᠢᠷ︾ | ᠤᠨ ᠲᠡᠦᠬᠡᠨ ᠮᠠᠲ᠋ᠧᠷᠢᠶᠠᠯ ᠢ ᠠᠭᠤᠳᠠᠯᠤᠨ ᠡᠮᠬᠢᠳᠬᠡᠬᠦ ᠪᠠ ᠤᠬᠠᠭᠤᠯᠤᠨ ᠲᠠᠶᠢᠯᠪᠤᠷᠢᠯᠠᠬᠤ ᠲᠣᠭᠲᠠᠴᠠ ᠶᠢ | ᠪᠦᠷᠢᠨᠰᠢᠭᠦᠯᠵᠦ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ | ᠣᠯᠠᠨ ᠲᠦᠮᠡᠨᠴᠢ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠨᠠᠮ ᠪᠠ ᠵᠠᠰᠠᠭ ᠤᠨ ᠣᠷᠳᠣᠨ ᠤ ᠣᠯᠠᠨ | ᠲᠦᠮᠡᠨ ᠳᠤ ᠵᠣᠯ ᠵᠢᠷᠭᠠᠯ ᠣᠯᠭᠤᠬᠤ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ᠂ ᠣᠯᠣᠭᠰᠠᠨ ᠠᠮᠵᠢᠯᠲᠠ | ᠪᠦᠲᠦᠮᠵᠢ ᠶᠢ ᠲᠣᠳᠣᠷᠬᠠᠢ ᠶᠠᠷᠢᠵᠤ ᠥᠭᠭᠦᠨ᠂ ᠬᠥᠮᠥᠰ ᠤᠨ ᠨᠠᠮ ᠤᠨ ᠠᠴᠢ ᠶᠢ ᠨᠡᠩ ᠦᠨᠡᠨ ᠰᠡᠳᠬᠢᠯ ᠠᠴᠠ ᠪᠠᠨ | ᠮᠡᠳᠡᠵᠦ᠂ ᠨᠠᠮ ᠤᠨ ᠰᠠᠶᠢᠨ ᠢ ᠳᠤᠷᠠᠰᠬᠤ ᠶᠢ ᠬᠥᠲᠥᠯᠥᠨ ᠵᠢᠯᠣᠭᠤᠳᠤᠨ᠎ᠠ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤᠮᠳᠠ ᠰᠢᠨ᠎ᠡ ᠵᠠᠮ ᠢ | ᠴᠢᠷᠮᠠᠶᠢᠨ ᠨᠡᠭᠡᠭᠡᠪᠡ᠃ 2023 ᠣᠨ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ | ᠪᠠᠶᠢᠴᠠᠭᠠᠬᠤ ᠳᠠᠭᠠᠨ᠂ ᠥᠪᠥᠷ ᠮᠣᠩᠭᠤᠯ ᠳᠤ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠳᠤᠮᠳᠠ ᠰᠢᠨ᠎ᠡ ᠵᠠᠮ ᠨᠡᠭᠡᠭᠡᠬᠦ︾ ᠡᠷᠬᠢᠮ ᠳᠡᠭᠡᠳᠦ ᠡᠭᠦᠷᠭᠡ ᠬᠠᠷᠢᠭᠤᠴᠠᠯᠭ᠎ᠠ ᠣᠯᠭᠤᠪᠠ᠃ | ᠥᠪᠥᠷ ᠮᠣᠩᠭᠤᠯ ᠤᠯᠤᠰ ᠤᠨ ᠠᠮᠢ ᠠᠬᠤᠢ᠂ ᠡᠨᠧᠷᠭᠢ᠂ ᠠᠮᠤ ᠪᠤᠳᠠᠭ᠎ᠠ᠂ ᠠᠵᠤ ᠦᠢᠯᠡᠰ᠂ ᠬᠢᠯᠢ ᠬᠢᠵᠠᠭᠠᠷ ᠤᠨ | ᠠᠮᠤᠷ ᠲᠦᠪᠰᠢᠨ ᠢ ᠪᠠᠲᠤᠯᠠᠬᠤ ᠴᠢᠬᠤᠯᠠ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠵᠦ ᠪᠤᠶ᠂ ᠡᠨᠡ ᠬᠦ ︽ᠲᠠᠪᠤᠨ | ᠠᠮᠤᠷ ᠲᠦᠪᠰᠢᠨ︾ ᠢ ᠬᠠᠮᠠᠭᠠᠯᠠᠬᠤ ᠨᠢ ᠳᠠᠷᠤᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ | ᠲᠠᠯ᠎ᠠ ᠪᠠᠷ ᠪᠦᠲᠦᠭᠡᠨ ᠪᠠᠶᠢᠭᠤᠯᠬᠤ ᠲᠠᠯ᠎ᠠ ᠪᠠᠷ ᠴᠢᠷᠮᠠᠶᠢᠨ ᠲᠡᠮᠡᠴᠡᠬᠦ ᠶᠠᠪᠤᠳᠠᠯ ᠪᠣᠯᠣᠨ᠎ᠠ᠂ ᠡᠨᠡ ᠪᠣᠯ ᠥᠪᠥᠷ | ᠮᠣᠩᠭᠤᠯ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠶᠡᠭᠡ ᠲᠠᠯ᠎ᠠ ᠳᠤᠮᠳᠠ ᠡᠷᠬᠡᠪᠰᠢ | ᠡᠭᠦᠷᠭᠡᠯᠡᠬᠦ ᠴᠢᠬᠤᠯᠠ ᠬᠠᠷᠢᠭᠤᠴᠠᠯᠭ᠎ᠠ ᠪᠠ ᠬᠦᠨᠳᠦ ᠡᠭᠦᠷᠭᠡ ᠪᠣᠯᠣᠨ᠎ᠠ᠃ ᠪᠢᠳᠡ ᠵᠠᠪᠠᠯ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠲᠣᠭᠲᠠᠭᠠᠭᠰᠠᠨ | ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠣᠰᠣᠭᠠᠷ ᠰᠠᠨᠠᠭᠠᠴᠢᠯᠠᠭ᠎ᠠ ᠠᠴᠠ ᠪᠠᠨ ︽ᠥᠪᠡᠷ ᠤᠨ ᠡᠭᠦᠷᠭᠡ | ᠬᠠᠷᠢᠭᠤᠴᠠᠯᠭ᠎ᠠ ᠪᠠᠨ ᠤᠨᠤᠪᠴᠢᠳᠠᠢ ᠲᠠᠨᠢᠵᠤ︾᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠵᠣᠷᠢᠭᠲᠠᠢ | ᠲᠤᠷᠰᠢᠵᠤ᠂ ᠵᠣᠷᠢᠭᠲᠠᠢ ᠬᠢᠬᠦ ᠬᠡᠷᠡᠭᠲᠡᠢ᠃ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠲᠠᠯ᠎ᠠ ᠪᠠᠷ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ | ᠵᠠᠰᠠᠬᠤ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠪᠠ ᠬᠥᠬᠡ ᠣᠭᠲᠠᠷᠭᠤᠢ᠂ ᠬᠥᠬᠡᠮᠳᠦᠭ | ᠤᠰᠤ᠂ ᠠᠷᠢᠭᠤᠨ ᠬᠥᠷᠥᠰᠥ ᠶᠢ ᠬᠠᠮᠠᠭᠠᠯᠠᠬᠤ ᠭᠤᠷᠪᠠᠨ ᠶᠡᠭᠡ ᠳᠠᠶᠢᠯᠠᠯᠳᠤᠭᠠᠨ ᠢ ᠰᠠᠶᠢᠲᠤᠷ ᠬᠢᠬᠦ ᠲᠠᠢ ᠨᠢᠭᠲᠠ | ᠤᠶᠠᠯᠳᠤᠭᠤᠯᠵᠤ᠂ ᠠᠮᠢ ᠠᠬᠤᠢ ᠶᠢᠨ ᠪᠣᠯᠪᠠᠰᠤᠨ ᠤ ᠰᠠᠭᠤᠷᠢ ᠪᠠᠶᠢᠭᠤᠯᠤᠯ᠂ ᠠᠮᠢ ᠠᠬᠤᠢ ᠣᠷᠴᠢᠨ ᠲᠣᠭᠤᠷᠢᠨ ᠤ | ᠵᠠᠰᠠᠯᠲᠠ ᠶᠢᠨ ᠰᠢᠰᠲ᠋ᠧᠮ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠲᠣᠭᠲᠠᠴᠠ ᠶᠢ | ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠬᠢ ᠰᠦᠪᠡᠭᠴᠢᠯᠡᠯ ᠦᠢᠯᠡᠳᠦᠯᠭᠡ ᠪᠠᠨ ᠭᠦᠨᠵᠡᠭᠡᠶᠢᠷᠡᠭᠦᠯᠵᠦ᠂ ᠪᠦᠭᠦ ᠬᠦᠴᠦᠨ | ᠵᠦᠢᠯ ᠤᠨ ᠪᠦᠭᠦ ᠲᠠᠯ᠎ᠠ ᠪᠠᠷ ᠵᠠᠰᠠᠬᠤ ᠪᠠᠶᠢᠷᠢᠰᠢᠯ ᠢ ᠲᠦᠷᠭᠡᠳᠬᠡᠨ ᠪᠠᠶᠢᠭᠤᠯᠤᠨ᠎ᠠ᠃ ᠡᠬᠡ ᠤᠯᠤᠰ ᠤᠨ ᠤᠮᠠᠷᠠᠲᠤ | ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠶᠢᠭᠤᠯᠬᠤ ᠲᠠᠯ᠎ᠠ ᠪᠠᠷ᠂ ᠬᠢᠯᠢ ᠬᠢᠵᠠᠭᠠᠷ ᠢ ᠰᠠᠬᠢᠨ | ᠪᠠᠬᠢᠵᠢᠭᠦᠯᠵᠦ ᠮᠠᠨᠳᠤᠭᠤᠯᠬᠤ ᠶᠢ ᠴᠢᠩᠭᠠᠳᠬᠠᠬᠤ ᠪᠠᠷ ᠭᠤᠣᠯᠳᠠᠭᠤᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ | ᠲᠦᠭᠰᠢᠭᠦᠷᠢ ᠶᠢ ᠰᠡᠷᠭᠡᠶᠢᠯᠡᠵᠦ᠂ ᠤᠯᠤᠰ ᠤᠨ ᠠᠮᠤᠷ ᠲᠦᠪᠰᠢᠨ ᠤ ᠰᠢᠰᠲ᠋ᠧᠮ᠂ ᠨᠡᠶᠢᠭᠡᠮ ᠤᠨ ᠵᠠᠰᠠᠯᠲᠠ ᠶᠢᠨ | ᠰᠢᠰᠲ᠋ᠧᠮ ᠪᠣᠯᠣᠨ ᠤᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠲᠣᠭᠲᠠᠴᠠ ᠶᠢ ᠪᠦᠷᠢᠨᠰᠢᠭᠦᠯᠬᠦ ᠵᠡᠷᠭᠡ | ᠲᠠᠯ᠎ᠠ ᠪᠠᠷ ᠬᠢ ᠰᠦᠪᠡᠭᠴᠢᠯᠡᠯ ᠦᠢᠯᠡᠳᠦᠯᠭᠡ ᠪᠠᠨ ᠭᠦᠨᠵᠡᠭᠡᠶᠢᠷᠡᠭᠦᠯᠵᠦ᠂ ᠡᠬᠡ ᠤᠯᠤᠰ ᠤᠨ ︽ᠤᠮᠠᠷᠠᠲᠤ ᠶᠡᠭᠡ | ᠬᠠᠭᠠᠯᠭ᠎ᠠ︾᠂ ᠨᠡᠶᠢᠰᠯᠡᠯ ᠤᠨ ︽ᠬᠠᠮᠠᠭᠠᠯᠠᠯᠲᠠ ᠶᠢᠨ ᠭᠤᠣᠯ︾ ᠢ ᠨᠡᠩ ᠪᠠᠲᠤ ᠪᠠᠬᠢ ᠪᠣᠯᠭᠠᠨ ᠴᠣᠭᠴᠠᠯᠠᠬᠤ ᠪᠠᠷ | ᠴᠢᠷᠮᠠᠶᠢᠨ᠎ᠠ᠃ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ | ᠪᠦᠲᠦᠭᠡᠨ ᠪᠠᠶᠢᠭᠤᠯᠬᠤ ᠲᠠᠯ᠎ᠠ ᠪᠠᠷ᠂ ᠬᠠᠩᠭᠠᠯᠭ᠎ᠠ ᠶᠢ ᠨᠡᠩ ᠰᠠᠶᠢᠲᠤᠷ ᠪᠠᠲᠤᠯᠠᠬᠤ᠂ ᠡᠨᠧᠷᠭᠢ ᠶᠢᠨ ᠡᠬᠢ ᠪᠠᠶᠠᠯᠢᠭ ᠢ | ᠨᠡᠩ ᠰᠢᠨᠵᠢᠯᠡᠬᠦ ᠤᠬᠠᠭᠠᠨᠴᠢ ᠪᠠᠷ ᠨᠡᠭᠡᠭᠡᠨ ᠠᠰᠢᠭᠯᠠᠬᠤ ᠳᠤ ᠰᠠᠭᠤᠷᠢᠯᠠᠨ᠂ ᠰᠢᠨ᠎ᠡ ᠬᠠᠭᠤᠴᠢᠨ ᠡᠨᠧᠷᠭᠢ ᠶᠢᠨ ᠬᠠᠮ | ᠳᠠᠪᠠᠭᠤᠯᠢᠭ ᠢ ᠪᠠᠳᠠᠷᠠᠭᠤᠯᠬᠤ᠂ ᠬᠤᠪᠣᠷ ᠰᠢᠷᠣᠢ ᠵᠡᠷᠭᠡ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠢᠨ᠎ᠡ | ᠬᠡᠷᠡᠭᠯᠡᠭᠡᠨ ᠤ ᠬᠦᠷᠢᠶ᠎ᠡ ᠶᠢᠨ ᠰᠤᠳᠤᠯᠤᠨ ᠨᠡᠭᠡᠭᠡᠯᠲᠡ ᠶᠢ ᠴᠢᠩᠭᠠᠳᠬᠠᠬᠤ᠂ ᠤᠯᠤᠰ ᠤᠨ ᠪᠠᠶᠢᠯᠳᠤᠬᠤ ᠪᠣᠳᠣᠯᠭ᠎ᠠ ᠶᠢᠨ | ᠭᠤᠣᠯ ᠬᠡᠰᠡᠭ ᠭᠠᠵᠠᠷ ᠪᠠ ᠵᠠᠩᠭᠢᠯᠠᠭ᠎ᠠ ᠶᠢᠨ ᠠᠵᠤ ᠦᠢᠯᠡᠰ ᠤᠨ ᠪᠡᠯᠡᠳᠬᠡᠯ ᠢ ᠪᠦᠲᠦᠭᠡᠨ ᠪᠠᠶᠢᠭᠤᠯᠬᠤ ᠵᠡᠷᠭᠡ | ᠲᠠᠯ᠎ᠠ ᠪᠠᠷ ᠬᠢ ᠰᠦᠪᠡᠭᠴᠢᠯᠡᠯ ᠦᠢᠯᠡᠳᠦᠯᠭᠡ ᠪᠠᠨ ᠭᠦᠨᠵᠡᠭᠡᠶᠢᠷᠡᠭᠦᠯᠵᠦ᠂ ᠤᠳᠤ ᠦᠶ᠎ᠡ ᠶᠢᠨ ᠡᠨᠧᠷᠭᠢ ᠶᠢᠨ ᠠᠵᠤ | ᠠᠬᠤᠢ ᠭᠡᠬᠦ ᠡᠨᠡ ᠬᠦ ᠶᠡᠭᠡ ᠠᠵᠢᠯ ᠢ ᠦᠨᠡᠨ ᠬᠦ ᠰᠠᠶᠢᠲᠤᠷ ᠬᠢᠨ᠎ᠡ᠃ ᠤᠯᠤᠰ ᠤᠨ ᠴᠢᠬᠤᠯᠠ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠲᠠᠯ᠎ᠠ ᠪᠠᠷ᠂ ᠮᠠᠯ | ᠠᠵᠤ ᠠᠬᠤᠢ ᠲᠠᠷᠢᠶᠠᠯᠠᠩ ᠤᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠶᠢᠨ | ᠲᠣᠭᠤᠷᠢᠨ ᠳᠤ᠂ ᠲᠥᠬᠦᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠵᠦ ᠠᠷᠠᠴᠢᠯᠠᠬᠤ᠂ ᠬᠦᠷᠢᠶ᠎ᠡ ᠬᠠᠰᠢᠶᠠᠨ ᠤ | ᠠᠵᠤ ᠠᠬᠤᠢ ᠪᠣᠯᠣᠨ ᠲᠠᠷᠢᠶᠠᠯᠠᠩ ᠤᠨ ᠲᠤᠰᠠᠯᠠᠬᠤ ᠦᠢᠯᠡᠳᠪᠦᠷᠢᠯᠡᠯ ᠤᠨ ᠪᠦᠲᠦᠭᠡᠭᠳᠡᠬᠦᠨ ᠢ ᠡᠳ᠋ᠰᠢᠭᠦᠯᠬᠦ ᠦᠢᠯᠡᠰ | ᠵᠡᠷᠭᠡ ᠲᠠᠯ᠎ᠠ ᠪᠠᠷ ᠬᠢ ᠰᠦᠪᠡᠭᠴᠢᠯᠡᠯ ᠦᠢᠯᠡᠳᠦᠯᠭᠡ ᠪᠠᠨ ᠭᠦᠨᠵᠡᠭᠡᠶᠢᠷᠡᠭᠦᠯᠵᠦ᠂ ᠭᠠᠷᠤᠯᠲᠠ ᠶᠢᠨ ᠶᠡᠭᠡ ᠣᠷᠣᠨ ᠠᠴᠠ | ᠠᠵᠤ ᠦᠢᠯᠡᠰ ᠤᠨ ᠬᠦᠴᠦᠷᠬᠡᠭ ᠣᠷᠣᠨ ᠲᠡᠶᠢᠰᠢ ᠬᠤᠪᠢᠷᠠᠭᠤᠯᠬᠤ ᠶᠢ ᠲᠦᠷᠭᠡᠳᠬᠡᠨ᠎ᠡ᠃ ᠮᠠᠨ ᠤ ᠤᠯᠤᠰ ᠤᠨ | ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠲᠠᠯ᠎ᠠ ᠪᠠᠷ᠂ ᠥᠨᠳᠥᠷ ᠲᠦᠪᠰᠢᠨ ᠪᠦᠬᠦᠢ | ᠳᠣᠲᠣᠭᠠᠳᠤ ᠭᠠᠳᠠᠭᠠᠳᠤ ᠨᠡᠭᠡᠭᠡᠯᠲᠡ ᠶᠢᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠬᠦ ᠲᠠᠯ᠎ᠠ ᠪᠠᠷ ᠬᠢ ᠰᠦᠪᠡᠭᠴᠢᠯᠡᠯ | ᠦᠢᠯᠡᠳᠦᠯᠭᠡ ᠪᠠᠨ ᠭᠦᠨᠵᠡᠭᠡᠶᠢᠷᠡᠭᠦᠯᠵᠦ᠂ ᠳᠣᠲᠣᠭᠠᠳᠤ ᠭᠠᠳᠠᠭᠠᠳᠤ ᠬᠤᠯᠪᠤᠭᠠᠯᠠᠨ ᠬᠥᠳᠡᠯᠦᠯᠴᠡᠭᠰᠡᠨ᠂ ᠶᠡᠭᠡ ᠪᠠᠷ | ᠣᠷᠣᠭᠤᠯᠵᠤ ᠶᠡᠭᠡ ᠪᠠᠷ ᠭᠠᠷᠭᠠᠬᠤ᠂ ᠤᠯᠠᠨ ᠲᠠᠯᠠᠲᠤ ᠭᠠᠳᠠᠭᠠᠳᠤ ᠨᠡᠭᠡᠭᠡᠯᠲᠡ ᠶᠢᠨ ᠪᠠᠶᠢᠷᠢᠰᠢᠯ ᠢ ᠬᠦᠴᠦᠯᠡᠨ | ᠪᠠᠶᠢᠭᠤᠯᠤᠨ᠎ᠠ᠃ ᠰᠢᠨ᠎ᠡ ᠵᠠᠮ ᠨᠡᠭᠡᠭᠡᠬᠦ ᠳᠤ ᠵᠠᠮ ᠰᠦᠪᠡᠭᠴᠢᠯᠡᠵᠦ ᠵᠠᠮ ᠨᠡᠭᠡᠭᠡᠬᠦ ᠪᠥᠭᠡᠳ ᠪᠠᠰᠠ ︽ᠮᠤᠬᠤᠷ ᠵᠠᠮ︾ ᠢ | ᠨᠡᠪᠲᠡᠷᠡᠭᠦᠯᠬᠦ ᠬᠡᠷᠡᠭᠲᠡᠢ᠂ ᠪᠢᠳᠡ ᠠᠵᠤ ᠦᠢᠯᠡᠰ ᠤᠨ ︽ᠳᠦᠷᠪᠡᠨ ᠤᠯᠠᠨ ᠳᠦᠷᠪᠡᠨ ᠴᠥᠭᠡᠨ︾᠂ ᠰᠢᠨ᠎ᠡ | ᠡᠨᠧᠷᠭᠢ ᠶᠢ ᠲᠤᠬᠠᠢ ᠶᠢᠨ ᠭᠠᠵᠠᠷ ᠲᠤᠨᠢ ᠰᠢᠩᠭᠡᠭᠡᠬᠦ ᠲᠠᠯ᠎ᠠ ᠪᠠᠷ ᠬᠦᠷᠦᠯᠴᠡᠬᠦ ᠦᠭᠡᠢ᠂ ᠦᠨᠳᠦᠰᠦᠨ ᠱᠠᠲᠤᠨ ᠤ | ᠵᠠᠰᠠᠯᠲᠠ ᠳᠤ ᠪᠠᠭᠤᠷᠠᠢ ᠭᠤᠭᠴᠤᠭ᠎ᠠ ᠣᠷᠣᠰᠢᠵᠤ ᠪᠠᠶᠢᠬᠤ᠂ ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ | ᠭᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ ᠢ ᠰᠦᠪᠡᠭᠴᠢᠯᠡᠬᠦ ᠳᠤ ᠦᠨᠡᠨ ᠪᠣᠳᠠᠲᠠᠢ ᠰᠢᠪᠲᠤᠯᠤᠯᠲᠠ | ᠭᠠᠷᠭᠠᠵᠤ ᠳᠡᠶᠢᠯᠦᠭᠡᠳᠦᠢ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠵᠠᠰᠠᠵᠤ ᠨᠥᠬᠦᠪᠦᠷᠢᠯᠡᠬᠦ | ᠴᠢᠬᠤᠯᠠᠲᠠᠢ ᠶᠢ ᠨᠢ ᠱᠠᠯᠠᠪᠳᠠᠨ ᠵᠠᠰᠠᠨ ᠨᠥᠬᠦᠪᠦᠷᠢᠯᠡᠵᠦ᠂ ᠨᠡᠪᠲᠡᠷᠡᠭᠦᠯᠬᠦ ᠴᠢᠬᠤᠯᠠᠲᠠᠢ ᠶᠢ ᠨᠢ ᠪᠦᠭᠦ ᠬᠦᠴᠦ ᠪᠠᠷ ᠢᠶᠠᠨ | ᠨᠠᠪᠲᠠᠷᠡᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢ ᠰᠠᠭᠠᠳ ᠦᠭᠡᠢ ᠠᠬᠢᠭᠤᠯᠬᠤ ᠳᠤᠮᠳᠠ ᠨᠡᠩ ᠶᠡᠭᠡ | ᠦᠷ᠎ᠡ ᠪᠦᠲᠦᠮᠵᠢ ᠣᠯᠬᠤ ᠶᠢ ᠪᠡᠶᠡᠯᠡᠭᠦᠯᠦᠨ᠎ᠡ᠃ | ᠠᠯᠳᠠᠭ᠎ᠠ ᠪᠤᠷᠤᠭᠤ ᠪᠠᠨ ᠵᠠᠯᠠᠷᠠᠭᠤᠯᠬᠤ᠂ ᠲᠣᠭᠲᠠᠴᠠ ᠪᠠᠨ ᠲᠡᠭᠦᠯᠳᠡᠷᠵᠢᠭᠦᠯᠬᠦ᠂ ᠪᠠᠶᠢᠷᠢᠯᠠᠭᠤᠯᠤᠯᠲᠠ ᠪᠠᠨ | ᠰᠢᠯᠢᠳᠡᠭᠵᠢᠭᠦᠯᠬᠦ᠂ ᠰᠤᠷᠲᠠᠯ ᠢᠶᠠᠨ ᠰᠠᠶᠢᠵᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠤᠨ᠎ᠠ᠃ ᠠᠯᠳᠠᠭ᠎ᠠ | ᠪᠤᠷᠤᠭᠤ ᠪᠠᠨ ᠵᠠᠯᠠᠷᠠᠭᠤᠯᠬᠤ ᠪᠣᠯ ᠳᠠᠷᠤᠢ ᠥᠭᠡᠷᠡᠴᠢᠯᠡᠯᠲᠡ ᠮᠥᠨ᠂ ᠥᠭᠡᠷᠡᠴᠢᠯᠡᠯᠲᠡ ᠬᠢᠬᠦ ᠳᠤ ᠶᠠᠭᠤᠨ ᠤ ᠡᠮᠦᠨ᠎ᠡ | ᠢᠯᠡᠷᠡᠭᠦᠯᠦᠭᠰᠡᠨ ᠠᠰᠠᠭᠤᠳᠠᠯ ᠢᠶᠠᠨ ᠰᠠᠶᠢᠲᠤᠷ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠪᠢᠳᠡ ᠲᠥᠪ ᠤᠨ ᠪᠠ | ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠵᠤ ᠱᠠᠯᠠᠪᠳᠠᠭᠤᠯᠤᠨ ᠪᠠᠶᠢᠴᠠᠭᠠᠬᠤ ᠳᠤ ᠢᠯᠡᠷᠡᠭᠦᠯᠦᠭᠰᠡᠨ | ᠠᠰᠠᠭᠤᠳᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠢᠨᠠᠯᠲᠠ ᠲᠠᠯᠪᠢᠬᠤ ᠶᠢ ᠨᠡᠪᠲᠡᠷᠡᠭᠦᠯᠦᠨ | ᠵᠣᠬᠢᠴᠠᠭᠤᠯᠬᠤ ᠲᠠᠪᠴᠠᠩ ᠢᠶᠠᠷ ᠳᠠᠮᠵᠢᠨ ᠬᠤᠷᠢᠶᠠᠨ ᠣᠯᠣᠭᠰᠠᠨ ᠠᠰᠠᠭᠤᠳᠠᠯ ᠪᠠ ᠦᠨᠳᠦᠰᠦᠨ ᠱᠠᠲᠤᠨ ᠤ | ᠵᠠᠰᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠪᠦᠭᠦ ᠲᠠᠯ᠎ᠠ ᠪᠠᠷ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠵᠤ᠂ | ᠪᠠᠶᠢᠨ ᠳᠠᠭᠢᠨ ᠠᠯᠳᠠᠭ᠎ᠠ ᠭᠠᠷᠭᠠᠭᠰᠠᠨ ᠪᠠᠶᠢᠪᠠᠯ ᠴᠡᠭᠴᠡᠯᠡᠨ ᠰᠠᠶᠢᠵᠢᠷᠠᠭᠤᠯᠬᠤ ︽ᠨᠢᠭᠡ ᠱᠤᠭᠤᠮ︾ ᠤᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠪᠦᠷᠢᠨᠰᠢᠭᠦᠯᠵᠦ᠂ ︽ᠮᠡᠳᠡᠵᠦ ᠪᠠᠶᠢᠭᠠᠳ ᠵᠠᠯᠠᠷᠠᠭᠤᠯᠬᠤ | ᠦᠭᠡᠢ︾ ᠪᠠ ︽ᠮᠡᠳᠡᠵᠦ ᠪᠠᠶᠢᠭᠠᠳ ᠵᠣᠷᠢᠭᠤᠳᠠ ᠠᠯᠳᠠᠭ᠎ᠠ ᠭᠠᠷᠭᠠᠭᠰᠠᠨ︾ ᠢ ᠠᠳᠠᠯᠢ ᠪᠠᠷ ᠴᠢᠩᠭ᠎ᠠ ᠰᠢᠢᠳᠬᠡᠵᠦ᠂ | ᠦᠩᠭᠡᠨ ᠲᠠᠯ᠎ᠠ ᠪᠠ ᠦᠨᠳᠦᠰᠦᠨ ᠠᠴᠠ ᠨᠢ ᠵᠠᠰᠠᠬᠤ ᠶᠢ ᠦᠨᠡᠨ ᠬᠦ ᠪᠠᠲᠤᠯᠠᠨ᠎ᠠ᠃ ᠲᠣᠭᠲᠠᠴᠠ ᠶᠢ ᠲᠡᠭᠦᠯᠳᠡᠷᠵᠢᠭᠦᠯᠬᠦ | ᠪᠣᠯ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠵᠠᠶᠢᠯᠠᠰᠢ ᠦᠭᠡᠢ | ᠱᠠᠭᠠᠷᠳᠠᠯᠭ᠎ᠠ ᠮᠥᠨ᠃ ᠪᠢᠳᠡ ᠣᠲᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠪᠠᠶᠢᠭᠤᠯᠬᠤ ᠪᠠᠷ ᠭᠠᠷᠳᠠᠴᠠ | ᠪᠣᠯᠭᠠᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠰᠢᠭ ᠬᠤᠨᠵᠢᠪᠤᠷᠢ ᠣᠯᠬᠤ ᠴᠢᠳᠠᠪᠤᠷᠢ ᠪᠠᠭᠤᠷᠠᠢ | ᠪᠠᠶᠢᠬᠤ ᠪᠠᠶᠢᠳᠠᠯ ᠢ ᠬᠦᠴᠦᠯᠡᠨ ᠬᠤᠪᠢᠷᠠᠭᠤᠯᠵᠤ᠂ ᠤᠰᠤ ᠬᠡᠷᠡᠭᠯᠡᠬᠦ ᠳᠤ ᠮᠦ ᠨᠢᠭᠡᠴᠢ ᠪᠠᠷ ᠰᠦᠢᠳᠬᠡᠯ ᠬᠤᠷᠢᠶᠠᠬᠤ᠂ | ᠤᠰᠤ ᠬᠠᠮᠢᠶᠠᠷᠬᠤ ᠪᠠᠶᠢᠭᠤᠯᠤᠮᠵᠢ ᠶᠢᠨ ᠤᠰᠤ ᠶᠢ ᠲᠦᠰᠢᠭᠯᠡᠨ ᠬᠥᠮᠥᠨ ᠲᠡᠵᠢᠭᠡᠬᠦ ᠵᠡᠷᠭᠡ ᠲᠣᠭᠲᠠᠴᠠ ᠶᠢ ᠡᠪᠳᠡᠬᠦ ᠪᠠᠷ | ᠳᠠᠮᠵᠢᠭᠤᠯᠤᠨ ︽ᠶᠡᠭᠡ ᠤᠰᠤ ᠪᠠᠷ ᠨᠠᠯᠠᠶᠢᠲᠠᠯ᠎ᠠ ᠤᠰᠤᠯᠠᠬᠤ︾ ᠬᠦᠴᠢᠷ ᠠᠰᠠᠭᠤᠳᠠᠯ ᠢ ᠲᠦᠷᠭᠡᠳᠬᠡᠨ | ᠰᠢᠢᠳᠪᠦᠷᠢᠯᠡᠵᠦ᠂ ᠨᠥᠬᠦᠪᠦᠷᠢ ᠥᠭᠬᠦ ᠲᠣᠭᠲᠠᠴᠠ ᠶᠢ ᠲᠡᠭᠦᠯᠳᠡᠷᠵᠢᠭᠦᠯᠬᠦ᠂ ᠴᠠᠭᠠᠵᠠᠯᠠᠬᠤ ᠪᠠ ᠦᠯᠤ | ᠴᠠᠭᠠᠵᠠᠯᠠᠬᠤ ᠳᠤ ᠴᠥᠮ ᠠᠳᠠᠯᠢᠬᠠᠨ ᠨᠥᠬᠦᠪᠦᠷᠢ ᠥᠭᠬᠦ ᠠᠷᠭ᠎ᠠ ᠬᠢᠳᠡᠯ ᠢ ᠬᠤᠪᠢᠷᠠᠭᠤᠯᠬᠤ ᠪᠠᠷ ᠳᠠᠮᠵᠢᠭᠤᠯᠤᠨ | ᠪᠡᠯᠴᠢᠭᠡᠷᠯᠡᠭᠦᠯᠬᠦ ᠶᠢ ᠵᠣᠭᠰᠤᠭᠠᠬᠤ ᠪᠡᠯᠴᠢᠭᠡᠷ ᠢ ᠠᠮᠠᠷᠠᠭᠤᠯᠬᠤ ᠠᠵᠢᠯ ᠤᠨ ᠦᠷ᠎ᠡ ᠪᠦᠲᠦᠮᠵᠢ ᠢᠯᠡᠷᠬᠡᠢ ᠪᠢᠰᠢ ᠪᠠᠶᠢᠬᠤ | ᠠᠰᠠᠭᠤᠳᠠᠯ ᠢ ᠰᠢᠢᠳᠪᠦᠷᠢᠯᠡᠵᠦ᠂ ᠬᠤᠳᠠᠯᠳᠤᠭ᠎ᠠ᠂ ᠡᠮ ᠡᠮᠨᠡᠯᠭᠡ ᠵᠡᠷᠭᠡ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠬᠦ ᠪᠠᠷ ᠳᠠᠮᠵᠢᠭᠤᠯᠤᠨ ᠦᠢᠯᠡᠴᠢᠯᠡᠭᠡᠨ ᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠨᠠᠩ ᠰᠠᠶᠢᠲᠤᠷ | ᠠᠬᠢᠭᠤᠯᠤᠨ᠎ᠠ᠃ ᠢᠯᠠᠩᠭᠤᠶ᠎ᠠ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠬᠤ ᠶᠢ | ᠴᠢᠬᠤᠯᠠᠴᠢᠯᠠᠵᠤ᠂ ᠡᠬᠢ ᠪᠠᠶᠠᠯᠢᠭ ᠣᠷᠴᠢᠨ ᠲᠣᠭᠤᠷᠢᠨ ᠤ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠪᠠ | ᠭᠤᠣᠯᠳᠠᠯᠭ᠎ᠠ ᠲᠠᠢ ᠬᠦᠷᠢᠶᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠬᠦᠴᠦᠯᠡᠨ ᠠᠬᠢᠭᠤᠯᠵᠤ᠂ ᠵᠠᠬ᠎ᠠ | ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠠᠵᠤ ᠠᠬᠤᠢ ᠶᠢᠨ ᠬᠥᠭᠵᠢᠯᠲᠡ ᠶᠢᠨ ᠲᠦᠪᠰᠢᠨ᠂ ᠨᠡᠶᠢᠭᠡᠮ ᠤᠨ | ᠵᠠᠰᠠᠯᠲᠠ ᠶᠢᠨ ᠲᠦᠪᠰᠢᠨ᠂ ᠤᠯᠠᠨ ᠲᠦᠮᠡᠨ ᠳᠤ ᠦᠢᠯᠡᠴᠢᠯᠡᠬᠦ ᠲᠦᠪᠰᠢᠨ ᠢᠶᠠᠨ ᠳᠡᠭᠡᠭᠰᠢᠯᠡᠭᠦᠯᠵᠦ᠂ ᠡᠯ᠎ᠡ ᠵᠦᠢᠯ ᠤᠨ | ᠠᠵᠢᠯ ᠤᠨ ᠦᠷ᠎ᠡ ᠪᠦᠲᠦᠮᠵᠢ ᠦᠷ᠎ᠡ ᠠᠰᠢᠭ ᠢᠶᠠᠨ ᠳᠡᠭᠡᠭᠰᠢᠯᠡᠭᠦᠯᠤᠨ᠎ᠠ᠃ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠬᠦ | ᠪᠣᠯ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠵᠠᠩᠭᠢᠯᠠᠭ᠎ᠠ ᠪᠣᠯᠣᠨ᠎ᠠ᠃ ᠪᠢᠳᠠ ︽ | ᠠᠷᠪᠠᠨ ᠲᠠᠪᠤᠳᠤᠭᠠᠷ ᠲᠠᠪᠤᠨ ᠵᠢᠯ︾ ᠤᠨ ᠬᠥᠭᠵᠢᠯᠲᠡ ᠶᠢ ᠰᠤᠳᠤᠯᠤᠨ ᠲᠥᠯᠥᠪᠵᠢᠭᠦᠯᠬᠦ ᠲᠠᠢ ᠤᠶᠠᠯᠳᠤᠭᠤᠯᠵᠤ᠂ | ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠰᠠᠭᠤᠷᠢ᠂ ᠠᠮᠢ ᠠᠬᠤᠢ ᠶᠢᠨ ᠪᠠᠶᠢᠳᠠᠯ ᠳᠠᠭᠠᠨ ᠰᠠᠭᠤᠷᠢᠯᠠᠨ | ᠭᠡᠯᠪᠡᠷᠢ ᠪᠠᠨ ᠬᠤᠪᠢᠷᠠᠭᠤᠯᠤᠨ ᠪᠦᠲᠦᠴᠡ ᠪᠠᠨ ᠲᠣᠬᠢᠷᠠᠭᠤᠯᠬᠤ ᠶᠢ ᠲᠦᠷᠭᠡᠳᠬᠡᠵᠦ᠂ ᠬᠥᠮᠥᠨ ᠠᠮᠠ ᠶᠢᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠪᠠᠷ ᠬᠥᠲᠥᠯᠥᠮᠵᠢ ᠪᠣᠯᠭᠠᠨ ᠬᠤᠲᠠ ᠪᠠᠯᠭᠠᠰᠤ᠂ ᠠᠵᠤ ᠦᠢᠯᠡᠰ᠂ ᠠᠮᠢ | ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠪᠠ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ | ᠡᠨᠧᠷᠭᠢ᠂ ᠪᠠᠷᠠᠭᠠᠨ ᠤ ᠭᠦᠢᠯᠭᠡᠭᠡ ᠵᠡᠷᠭᠡ ᠰᠠᠭᠤᠷᠢ ᠲᠥᠬᠦᠭᠡᠷᠦᠮᠵᠢ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠵᠢᠷᠤᠮᠵᠢᠯ ᠲᠠᠢ ᠡᠮᠬᠢ ᠳᠢᠭᠯᠢᠮ ᠲᠠᠢ᠂ ᠳᠠᠯᠢᠵᠤ ᠲᠠᠯᠪᠢᠬᠤ ᠵᠣᠬᠢᠰ ᠲᠠᠢ᠂ | ᠡᠷᠭᠢᠯᠲᠡ ᠰᠠᠭᠠᠳ ᠦᠭᠡᠢ᠂ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠠᠵᠤ ᠠᠬᠤᠢ ᠶᠢᠨ ᠬᠥᠭᠵᠢᠯᠲᠡ ᠶᠢᠨ | ᠪᠠᠶᠢᠷᠢᠰᠢᠯ ᠢ ᠬᠦᠴᠦᠯᠡᠨ ᠪᠠᠶᠢᠭᠤᠯᠤᠨ᠎ᠠ᠃ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠪᠣᠯ ᠥᠭᠡᠷᠡᠴᠢᠯᠡᠯᠲᠡ ᠶᠢ | ᠰᠠᠶᠢᠲᠤᠷ ᠠᠳᠬᠤᠬᠤ ᠶᠢᠨ ᠴᠢᠬᠤᠯᠠ ᠪᠠᠲᠤᠯᠠᠭ᠎ᠠ ᠮᠥᠨ᠃ ᠪᠢᠳᠡ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠣᠭᠲᠠᠭᠠᠯ ᠤᠳ︾ ᠢ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠰᠡᠷᠭᠡᠶᠢᠯᠡᠨ ᠵᠠᠰᠠᠬᠤ ᠳᠦᠷᠢᠮ ᠲᠣᠭᠲᠠᠴᠠ ᠶᠢ | ᠲᠦᠷᠭᠡᠳᠬᠡᠨ ᠪᠦᠷᠢᠨᠰᠢᠭᠦᠯᠵᠦ᠂ ᠡᠯ᠎ᠡ ᠲᠥᠷᠥᠯ ᠤᠨ ᠬᠦᠴᠦᠨ ᠦᠭᠡᠢ ᠬᠠᠤᠯᠢ ᠬᠡᠷᠡᠭᠵᠢᠭᠦᠯᠬᠦ ᠪᠠ ᠱᠠᠯᠠᠪᠳᠠᠭᠤᠯᠤᠨ | ᠪᠠᠶᠢᠴᠠᠭᠠᠬᠤ ᠠᠵᠢᠯᠯᠠᠭ᠎ᠠ ᠶᠢ ᠡᠷᠡᠰ ᠬᠤᠷᠢᠭᠯᠠᠵᠤ᠂ ᠵᠣᠬᠢᠶᠠᠯ ᠤᠨ ᠰᠤᠷᠲᠠᠯ ᠬᠤᠷᠠᠯ ᠤᠨ ᠰᠤᠷᠲᠠᠯ ᠢ ᠦᠷᠭᠦᠯᠵᠢᠯᠡᠨ | ᠰᠠᠶᠢᠵᠢᠷᠠᠭᠤᠯᠵᠤ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ | ᠰᠢᠢᠳᠪᠦᠷᠢᠯᠡᠵᠦ᠂ ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠶᠢ ᠲᠦᠷᠭᠡᠳᠬᠡᠬᠦ ᠴᠢᠩᠭ᠎ᠠ ᠬᠢᠵᠠᠭᠠᠷᠯᠠᠯ ᠢ | ᠴᠢᠷᠮᠠᠶᠢᠨ ᠪᠦᠷᠢᠯᠳᠦᠭᠦᠯᠦᠨ᠎ᠡ᠃ | ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠨᠢᠭᠡᠳᠦᠯᠲᠡᠢ ᠲᠥᠯᠥᠪᠵᠢᠭᠦᠯᠬᠦ ᠠᠷᠭ᠎ᠠ ᠪᠠᠷ ᠥᠭᠡᠷᠡᠴᠢᠯᠡᠯᠲᠡ ᠶᠢ | ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠦᠨ᠎ᠡ | ᠶᠡᠷᠦᠩᠬᠡᠢ ᠱᠦᠵᠢ ᠰᠢ ᠶᠢᠨ ᠫᠢᠩ᠂ ︽ᠰᠢᠨ᠎ᠡ ᠶᠢ ᠡᠭᠦᠳᠬᠦ ᠶᠢ ᠰᠦᠪᠡᠭᠴᠢᠯᠡᠬᠦ ᠶᠢ ᠵᠣᠷᠢᠭᠵᠢᠭᠤᠯᠬᠤ ᠬᠡᠷᠡᠭᠲᠡᠢ︾ | ᠂ ︽ᠪᠦᠭᠦ ᠲᠠᠯ᠎ᠠ ᠶᠢᠨ ᠥᠭᠡᠷᠡᠴᠢᠯᠡᠯᠲᠡ ᠶᠢ ᠴᠢᠬᠤᠯᠠᠴᠢᠯᠠᠬᠤ ᠬᠡᠷᠡᠭᠲᠡᠢ︾ ᠭᠡᠪᠡ᠃ ᠪᠢᠳᠡ ᠡᠨᠡ ᠬᠦ ᠴᠢᠬᠤᠯᠠ | ᠠᠷᠭ᠎ᠠ ᠶᠢᠨ ᠣᠨᠣᠯ ᠢ ᠦᠨᠡᠨ ᠬᠦ ᠰᠠᠶᠢᠲᠤᠷ ᠰᠤᠷᠤᠯᠴᠠᠵᠤ ᠰᠠᠶᠢᠲᠤᠷ ᠬᠡᠷᠡᠭᠯᠡᠨ᠂ ᠰᠢᠨ᠎ᠡ ᠶᠢ ᠡᠭᠦᠳᠬᠦ ᠪᠠ | ᠨᠢᠭᠡᠳᠦᠯᠲᠡᠢ ᠲᠥᠯᠥᠪᠵᠢᠭᠦᠯᠬᠦ ᠶᠢ ᠨᠠᠩ ᠲᠣᠪᠤᠶᠢᠮ᠎ᠠ ᠪᠠᠶᠢᠷᠢᠨ ᠳᠤ ᠲᠠᠯᠪᠢᠨ᠎ᠠ᠃ | ᠰᠢᠨ᠎ᠡ ᠶᠢ ᠡᠭᠦᠳᠬᠦ ᠳᠤ ᠡᠩ ᠤᠨ ᠵᠤᠷᠰᠢᠯ ᠢ ᠡᠪᠳᠡᠵᠦ᠂ ᠬᠡᠪᠰᠢᠯ ᠤᠨ ᠬᠢᠵᠠᠭᠠᠷᠯᠠᠯ ᠠᠴᠠ ᠮᠤᠯᠲᠤᠷᠠᠬᠤ ᠬᠡᠷᠡᠭᠲᠡᠢ᠃ | ᠪᠢᠳᠡ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠤᠰᠤᠳ ᠤᠨ ᠪᠤᠳᠤᠵᠤ | ᠦᠵᠡᠭᠡ ᠦᠭᠡᠢ ᠵᠦᠢᠯ ᠢ ᠵᠣᠷᠢᠭᠲᠠᠢ ᠪᠠᠷ ᠰᠡᠳᠬᠢᠭᠦᠯᠵᠦ᠂ ︽ᠥᠩᠭᠡᠷᠡᠭᠰᠡᠨ ᠳᠤ ᠳᠠᠷᠤᠢ ᠢᠩᠭᠢᠵᠦ ᠬᠢᠵᠦ | ᠪᠠᠶᠢᠭᠰᠠᠨ︾ ᠭᠡᠬᠦ ᠬᠠᠰᠢ ᠶᠠᠰᠢ ᠪᠠᠷ ᠥᠩᠭᠡᠷᠡᠭᠡᠬᠦ᠂ ︽ᠪᠤᠰᠤᠳ ᠬᠥᠮᠥᠨ ᠢᠩᠭᠢᠵᠦ ᠬᠢᠭᠰᠡᠨ ᠦᠭᠡᠢ︾ ᠭᠡᠬᠦ | ᠰᠢᠯᠲᠠᠭᠯᠠᠨ ᠵᠠᠶᠢᠯᠠᠭᠤᠯᠬᠤ ᠮᠠᠭᠤ ᠮᠠᠭᠤᠬᠠᠢ ᠳᠠᠳᠬᠠᠯ ᠢ ᠡᠷᠡᠰ ᠲᠠᠶᠠᠭᠳᠠᠵᠤ᠂ ︽ᠵᠣᠷᠢᠭᠲᠠᠢ ᠪᠠᠷ ᠲᠦᠷᠦᠭᠦᠯᠡᠨ ᠬᠢᠬᠦ | ︾ ᠢᠲᠡᠭᠡᠯ ᠵᠣᠷᠢᠭ ᠢᠶᠠᠨ ᠴᠢᠩᠭᠠᠷᠠᠭᠤᠯᠵᠤ᠂ ᠶᠠᠪᠤᠳᠠᠯ ᠪᠦᠭᠦᠨ ᠳᠤ ᠴᠥᠮ ︽ᠰᠢᠢᠳᠪᠦᠷᠢᠯᠡᠬᠦ ᠰᠡᠳᠬᠢᠬᠦᠢ︾ ᠪᠠᠨ | ᠴᠢᠩᠭᠠᠳᠬᠠᠵᠤ᠂ ︽ᠰᠢᠨ᠎ᠡ ᠰᠡᠪᠡᠭᠦᠨ ᠪᠤᠳᠤᠯ︾ ᠢ ᠢᠯᠡᠭᠦᠬᠡᠨ ᠳᠡᠪᠰᠢᠭᠦᠯᠬᠦ ᠬᠡᠷᠡᠭᠲᠡᠢ︔ ᠪᠤᠰᠤᠳ ᠤᠨ ᠬᠢᠵᠦ | ᠦᠵᠡᠭᠡ ᠦᠭᠡᠢ ᠵᠦᠢᠯ ᠢ ᠵᠣᠷᠢᠭᠲᠠᠢ ᠬᠢᠵᠦ᠂ ᠪᠣᠯᠣᠨ᠎ᠠ ᠭᠡᠵᠦ ᠪᠤᠳᠤᠬᠰᠠᠨ ᠶᠠᠪᠤᠳᠠᠯ ᠢ ᠵᠣᠷᠢᠭᠲᠠᠢ ᠬᠢᠵᠦ᠂ ᠠᠭᠤᠯᠠ | ᠲᠠᠭᠠᠷᠠᠪᠠᠯ ᠵᠠᠮ ᠨᠡᠭᠡᠭᠡᠵᠦ᠂ ᠤᠰᠤ ᠲᠠᠭᠠᠷᠠᠪᠠᠯ ᠬᠥᠭᠦᠷᠭᠡ ᠲᠠᠯᠪᠢᠵᠤ᠂ ᠵᠣᠷᠢᠯᠭ᠎ᠠ ᠳᠠᠭᠠᠨ ᠬᠦᠷᠬᠦ ᠦᠭᠡᠢ ᠪᠣᠯ | ᠶᠠᠭᠠᠬᠢᠭᠰᠠᠨ ᠴᠤ ᠵᠣᠬᠰᠣᠬᠤ ᠦᠭᠡᠢ᠂ ᠲᠦᠷ ᠴᠠᠭ ᠰᠢᠢᠳᠪᠦᠷᠢᠯᠡᠵᠦ ᠳᠡᠶᠢᠯᠭᠦ ᠦᠭᠡᠢ ᠵᠦᠢᠯ ᠢ ᠵᠣᠷᠢᠭᠲᠠᠢ ᠪᠠᠷ ︽ | ᠴᠢᠯᠠᠭᠤ ᠲᠡᠮᠲᠡᠷᠢᠵᠦ ᠭᠤᠣᠯ ᠭᠠᠲᠤᠯᠵᠤ︾᠂ ᠲᠤᠷᠰᠢᠨ ᠬᠢᠬᠦ ᠪᠠᠷ ᠳᠠᠮᠵᠢᠭᠤᠯᠤᠨ ᠢᠳᠡᠪᠬᠢᠲᠡᠢ ᠪᠠᠷ ᠵᠠᠮ ᠬᠠᠶᠢᠬᠤ | ᠬᠡᠷᠡᠭᠲᠡᠢ᠃ ᠰᠢᠨ᠎ᠡ ᠶᠢ ᠡᠭᠦᠳᠬᠦ ᠳᠤ ᠰᠠᠶᠢᠨ ᠰᠠᠶᠢᠬᠠᠨ ᠣᠷᠴᠢᠨ ᠨᠥᠬᠦᠴᠡᠯ ᠪᠠ ᠠᠭᠤᠷ ᠠᠮᠢᠰᠬᠤᠯ ᠱᠠᠭᠠᠷᠳᠠᠭᠳᠠᠨ᠎ᠠ | ᠃ ᠪᠢᠳᠡ ᠰᠢᠨᠵᠢᠯᠡᠬᠦ ᠤᠬᠠᠭᠠᠨ ᠢ ᠡᠷᠭᠢᠮᠯᠡᠭᠦ᠂ ᠦᠨᠡᠨ ᠬᠦ ᠠᠳᠬᠤᠵᠤ ᠪᠣᠳᠠᠲᠠᠢ ᠠᠵᠢᠯᠯᠠᠬᠤ᠂ ᠨᠡᠭᠡᠭᠡᠯᠲᠡᠲᠡᠢ | ᠪᠠᠭᠲᠠᠭᠠᠮᠵᠢᠲᠠᠢ ᠰᠢᠨ᠎ᠡ ᠶᠢ ᠡᠭᠦᠳᠬᠦ ᠰᠣᠶᠣᠯ ᠢ ᠶᠡᠭᠡ ᠪᠠᠷ ᠪᠤᠶᠢᠵᠢᠭᠤᠯᠤᠨ ᠪᠠᠳᠠᠷᠠᠭᠤᠯᠵᠤ᠂ ᠲᠦᠷᠦ ᠶᠢᠨ | ᠪᠣᠳᠣᠯᠭ᠎ᠠ ᠶᠢᠨ ᠬᠠᠩᠭᠠᠯᠭ᠎ᠠ ᠶᠢ ᠬᠠᠨᠳᠤᠯᠭᠠᠲᠤ ᠴᠢᠨᠠᠷᠲᠠᠢ ᠪᠠᠷ ᠰᠢᠯᠢᠳᠡᠭᠵᠢᠭᠦᠯᠵᠦ᠂ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠦᠭᠴᠢᠳ ᠶᠠᠭᠤ ᠬᠡᠷᠡᠭᠰᠡᠪᠡᠯ ᠶᠠᠭᠤ ᠶᠢ ᠨᠢ ᠬᠠᠩᠭᠠᠵᠤ᠂ ᠶᠠᠭᠤᠨ ᠠᠴᠠ ᠠᠶᠤᠪᠠᠯ ᠶᠠᠭᠤ ᠶᠢ ᠨᠢ | ᠠᠷᠢᠯᠭᠠᠵᠤ᠂ ᠡᠯ᠎ᠡ ᠱᠠᠲᠤᠨ ᠤ ᠬᠢᠨ ᠤ ᠬᠦᠯᠢᠴᠡᠩᠭᠦᠢ ᠪᠤᠰᠤ ᠰᠤᠷᠲᠠᠯ ᠢ ᠴᠢᠩᠭ᠎ᠠ ᠴᠡᠭᠡᠷᠯᠡᠬᠦ ᠶᠢ ᠠᠬᠢᠭᠤᠯᠵᠤ᠂ ᠬᠢᠷᠢ | ᠭᠡᠮ ᠢᠶᠠᠷ ᠨᠢ ᠲᠤᠰᠢᠶᠠᠯ ᠲᠣᠬᠢᠷᠠᠭᠤᠯᠬᠤ ᠶᠢ ᠴᠢᠩᠭ᠎ᠠ ᠴᠡᠭᠡᠷᠯᠡᠵᠦ᠂ ᠬᠤᠳᠠᠯ ᠢᠶᠠᠷ ᠵᠣᠬᠢᠶᠠᠨ ᠬᠠᠭᠤᠷᠮᠠᠭ ᠢᠶᠠᠷ | ᠦᠢᠯᠡᠳᠬᠦ ᠶᠢ ᠴᠢᠩᠭ᠎ᠠ ᠴᠡᠭᠡᠷᠯᠡᠵᠦ᠂ ᠬᠢᠷᠢ ᠠᠴᠠ ᠨᠢ ᠳᠡᠭᠡᠭᠦᠷ ᠬᠡᠲᠦᠷᠬᠡᠢ ᠱᠠᠭᠠᠷᠳᠠᠬᠤ ᠶᠢ ᠴᠢᠩᠭ᠎ᠠ ᠴᠡᠭᠡᠷᠯᠡᠵᠦ᠂ | ᠨᠡᠩ ᠠᠭᠤᠵᠢᠭᠤ ᠴᠢᠯᠦᠭᠡᠲᠡᠢ ᠰᠢᠨ᠎ᠡ ᠶᠢ ᠡᠭᠦᠳᠬᠦ ᠣᠷᠴᠢᠨ ᠨᠥᠬᠦᠴᠡᠯ ᠢ ᠪᠤᠢ ᠪᠣᠯᠭᠠᠨ᠎ᠠ᠃ | ᠨᠢᠭᠡᠳᠦᠯᠲᠡᠢ ᠲᠥᠯᠥᠪᠵᠢᠭᠦᠯᠬᠦ ᠭᠡᠳᠡᠭ ᠨᠢ ᠳᠠᠷᠤᠢ ᠥᠭᠡᠷᠡᠴᠢᠯᠡᠯᠲᠡ ᠶᠢᠨ ᠰᠢᠰᠲ᠋ᠧᠮᠲᠦ ᠴᠢᠨᠠᠷ᠂ ᠪᠦᠬᠦᠯᠢ | ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠢ ᠴᠢᠩᠭᠠᠷᠠᠭᠤᠯᠬᠤ ᠶᠠᠪᠤᠳᠠᠯ ᠪᠣᠯᠣᠨ᠎ᠠ᠃ ᠨᠢᠭᠡ ᠳᠤ᠂ ᠡᠭᠦᠷᠭᠡ ᠶᠢᠨ | ᠬᠤᠷᠠᠮᠠᠯ ᠢ ᠴᠢᠩᠭᠠᠳᠬᠠᠨ᠎ᠠ᠃ ᠠᠳᠠᠯᠢ ᠨᠢᠭᠡᠨ ᠬᠦᠷᠢᠶ᠎ᠡ ᠴᠠᠷᠠᠭ᠎ᠠ᠂ ᠠᠳᠠᠯᠢ ᠨᠢᠭᠡᠨ ᠱᠤᠭᠤᠮ ᠳᠡᠭᠡᠷᠡᠬᠢ ᠠᠵᠢᠯ ᠢ | ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠵᠤ᠂ ᠰᠢᠰᠲ᠋ᠧᠮ ᠲᠠᠢ ᠪᠠᠷ ᠠᠬᠢᠭᠤᠯᠤᠨ᠎ᠠ᠃ ᠵᠠᠬ᠎ᠠ ᠳᠡᠯᠭᠡᠭᠦᠷ ᠤᠨ | ᠭᠤᠣᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠬᠤ ᠳᠤ᠂ ᠲᠥᠪ ᠤᠨ ᠠᠵᠤ ᠠᠬᠤᠶᠢᠯᠠᠯ᠂ ᠣᠷᠣᠨ ᠤ ᠬᠠᠷᠢᠶ᠎ᠠ | ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠡᠯ᠎ᠡ ᠲᠦᠷᠦᠯ ᠤᠨ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠵᠡᠷᠭᠡ ᠲᠣᠮᠣ ᠳᠤᠮᠳᠠ ᠵᠢᠵᠢᠭ ᠠᠵᠤ ᠠᠬᠤᠶᠢᠯᠠᠯ ᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠪᠣᠯᠣᠨ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠦᠢᠯᠡᠴᠢᠯᠡᠭᠡᠨ ᠤ ᠲᠣᠪᠴᠢᠶ᠎ᠠ ᠶᠢᠨ ᠬᠠᠮᠲᠤ ᠪᠠᠷ | ᠬᠦᠴᠦᠯᠡᠬᠦ ᠶᠢ ᠠᠬᠢᠭᠤᠯᠤᠨ᠎ᠠ᠃ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠬᠦ ᠳᠤ᠂ ᠦᠷ᠎ᠡ ᠶᠢᠨ ᠢᠷᠡᠯᠲᠡ ᠶᠢ | ᠰᠤᠳᠤᠯᠤᠨ ᠪᠤᠶᠢᠵᠢᠭᠤᠯᠬᠤ᠂ ᠡᠪᠡᠰᠦ ᠪᠣᠷᠳᠤᠭ᠎ᠠ ᠲᠠᠷᠢᠬᠤ᠂ ᠨᠢᠲᠤᠯᠵᠤ ᠡᠳ᠋ᠰᠢᠭᠦᠯᠬᠦ᠂ ᠪᠣᠷᠣᠯᠠᠭᠤᠯᠬᠤ ᠪᠠᠷᠠᠭᠠᠨ ᠤ | ᠭᠦᠢᠯᠭᠡᠭᠡ ᠵᠡᠷᠭᠡ ᠶᠢ ᠪᠦᠷ ᠵᠡᠷᠭᠡ ᠳᠤᠨᠢ ᠬᠢᠵᠦ᠂ ᠪᠦᠬᠦᠯᠢ ᠴᠣᠭᠴᠠ ᠶᠢᠨ ᠦᠷ᠎ᠡ ᠠᠰᠢᠭ ᠢᠶᠠᠷ ᠵᠠᠬ᠎ᠠ ᠳᠡᠯᠭᠡᠭᠦᠷ ᠤᠨ | ᠠᠶᠤᠯ ᠲᠦᠭᠰᠢᠭᠦᠷᠢ ᠶᠢ ᠠᠷᠭᠠᠴᠠᠭᠠᠨ᠎ᠠ᠃ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠳᠤ᠂ ᠴᠢᠬᠢ ᠮᠣᠳᠣ | ᠪᠤᠶᠢᠵᠢᠭᠤᠯᠬᠤ᠂ ᠮᠠᠲ᠋ᠧᠷᠢᠶᠠᠯ ᠦᠢᠯᠡᠳᠪᠦᠷᠢᠯᠡᠬᠦ᠂ ᠲᠤᠨᠤᠭ ᠲᠥᠬᠦᠭᠡᠷᠦᠮᠵᠢ ᠰᠤᠳᠤᠯᠤᠨ ᠨᠡᠭᠡᠭᠡᠬᠦ᠂ ᠲᠦᠷᠦᠯ | ᠵᠦᠢᠯ ᠤᠨ ᠪᠠᠷᠢᠯᠭ᠎ᠠ᠂ ᠪᠤᠶᠢᠵᠢᠭᠤᠯᠤᠨ ᠬᠠᠮᠠᠭᠠᠯᠠᠬᠤ᠂ ᠤᠢ ᠰᠢᠭᠤᠢ ᠡᠯᠡᠰᠦ ᠡᠪᠡᠰᠦᠨ ᠤ ᠠᠵᠤ ᠦᠢᠯᠡᠰ ᠢ | ᠬᠥᠭᠵᠢᠭᠦᠯᠬᠦ ᠡᠯ᠎ᠡ ᠭᠤᠭᠴᠤᠭ᠎ᠠ ᠶᠢ ᠴᠥᠮ ᠠᠳᠬᠤᠵᠤ᠂ ᠦᠷ᠎ᠡ ᠠᠰᠢᠭ ᠢ ᠬᠠᠮᠤᠭ ᠤᠨ ᠶᠡᠭᠡ ᠪᠤᠯᠭᠠᠬᠤ᠂ | ᠵᠠᠰᠠᠯᠲᠠ ᠶᠢ ᠪᠠᠶᠢᠩᠭᠤᠵᠢᠭᠤᠯᠬᠤ ᠶᠢ ᠴᠢᠷᠮᠠᠶᠢᠨ ᠪᠡᠶᠡᠯᠡᠭᠦᠯᠦᠨ᠎ᠡ᠃ ᠬᠤᠶᠠᠷ ᠲᠤ᠂ ᠬᠠᠷᠢᠭᠤᠴᠠᠯᠭ᠎ᠠ ᠶᠢᠨ | ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠨ᠎ᠠ᠃ ᠰᠢᠰᠲ᠋ᠧᠮ ᠲᠠᠢ ᠪᠠᠷ ᠥᠭᠡᠷᠡᠴᠢᠯᠡᠯᠲᠡ ᠶᠢ ᠰᠤᠳᠤᠯᠤᠨ | ᠠᠬᠢᠭᠤᠯᠬᠤ ᠶᠢ ᠪᠠᠷᠢᠮᠲᠠᠯᠠᠵᠤ᠂ ᠣᠯᠠᠨ ᠰᠠᠯᠠᠭ᠎ᠠ ᠮᠥᠴᠢᠷ ᠲᠤ ᠬᠤᠯᠪᠣᠭᠳᠠᠬᠤ ᠡᠭᠦᠷᠭᠡ ᠶᠢ ᠬᠤᠯᠪᠣᠭᠳᠠᠯ ᠪᠦᠬᠦᠢ | ᠲᠠᠯ᠎ᠠ ᠶᠢᠨ ᠬᠢᠨ ᠤ ᠠᠵᠢᠯ ᠢᠶᠠᠨ ᠬᠤᠪᠢᠶᠠᠷᠢᠯᠠᠨ ᠪᠣᠭᠤᠮᠲᠠ ᠰᠠᠬᠢᠵᠤ᠂ ᠨᠢᠭᠲᠠ ᠬᠠᠮᠵᠢᠯᠴᠠᠬᠤ ᠶᠢ ᠱᠠᠯᠠᠪᠳᠠᠭᠤᠯᠤᠨ | ᠱᠠᠭᠠᠷᠳᠠᠵᠤ᠂ ︽ᠡᠭᠦᠳᠡᠨ ᠡᠮᠦᠨᠡᠬᠢ ᠴᠠᠰᠤ ᠪᠠᠨ ᠠᠷᠢᠯᠭᠠᠬᠤ︾ ᠴᠢᠨᠠᠭᠰᠢᠯᠠᠪᠠᠯ ᠰᠠᠯᠠᠭ᠎ᠠ ᠮᠥᠴᠢᠷ ᠤᠨ ᠠᠰᠢᠭ | ᠲᠤᠰᠠ ᠶᠢᠨ ᠲᠥᠯᠥᠭᠡ ᠬᠠᠷᠢᠯᠴᠠᠨ ᠨᠢᠭᠡᠨ ᠨᠢᠭᠡᠨ ᠳᠡᠭᠡᠨ ᠬᠠᠷᠰᠢ ᠰᠠᠭᠠᠳ ᠪᠤᠯᠬᠤ ᠠᠴᠠ ᠰᠡᠷᠭᠡᠶᠢᠯᠡᠨ᠎ᠡ᠃ | ᠭᠤᠷᠪᠠ ᠳᠤ᠂ ᠬᠠᠨᠳᠤᠰᠢ ᠶᠢᠨ ᠨᠢᠭᠡᠳᠦᠯᠲᠡᠢ ᠪᠠᠶᠢᠬᠤ ᠶᠢ ᠪᠠᠲᠤᠯᠠᠨ᠎ᠠ᠃ ᠶᠠᠮᠠᠷᠪᠠ ᠬᠦᠷᠢᠶᠡᠨ ᠳᠤ ᠲᠦᠷᠦ ᠶᠢᠨ | ᠪᠣᠳᠣᠯᠭ᠎ᠠ ᠲᠣᠭᠲᠠᠭᠠᠬᠤ᠂ ᠪᠢᠴᠢᠭ ᠮᠠᠲ᠋ᠧᠷᠢᠶᠠᠯ ᠨᠡᠶᠢᠲᠡᠯᠡᠬᠦ᠂ ᠳᠦᠷᠢᠮ ᠲᠣᠭᠲᠠᠭᠠᠬᠤ ᠨᠢ ᠴᠥᠮ ᠨᠠᠮ ᠤᠨ | ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠬᠤ᠂ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠰᠢᠭᠲᠠᠢ ᠲᠡᠶᠢᠰᠢ ᠬᠠᠮᠲᠤ ᠪᠠᠷ ᠬᠦᠴᠦᠯᠡᠬᠦ ᠬᠡᠷᠡᠭᠲᠡᠢ᠃ | ᠨᠢᠭᠡᠳᠦᠯᠲᠦ ᠴᠢᠨᠠᠷᠲᠠᠢ ᠦᠨᠡᠯᠡᠯᠲᠡ ᠶᠢ ᠢᠮᠠᠭᠲᠠ ᠲᠤᠭᠤᠰᠢᠯᠠᠭᠤᠯᠵᠤ᠂ ᠪᠦᠬᠦᠯᠢ ᠴᠣᠭᠴᠠ ᠶᠢᠨ | ᠥᠭᠡᠷᠡᠴᠢᠯᠡᠯᠲᠡ ᠶᠢᠨ ᠡᠭᠦᠷᠭᠡ ᠶᠢ ᠵᠦᠭ ᠵᠦᠭ ᠲᠤᠨᠢ ᠬᠤᠪᠢᠶᠠᠭᠠᠳ ︽ᠵᠠᠳᠠᠯᠤᠯᠲᠠ ᠶᠢᠨ ᠪᠤᠷᠤᠭᠤ ᠪᠤᠯᠬᠤ︾᠂ | ᠬᠡᠰᠡᠭ ᠲᠠᠯ᠎ᠠ ᠶᠢᠨ ᠵᠦᠢ ᠵᠣᠬᠢᠰᠲᠠᠢ ᠥᠭᠡᠷᠡᠴᠢᠯᠡᠯᠲᠡ ᠶᠢᠨ ᠳᠠᠪᠬᠤᠴᠠᠯ ᠠᠴᠠ ᠪᠣᠯᠵᠤ ᠮᠡᠳᠡᠬᠦ ᠨᠠᠵᠠᠭᠠᠢ ᠲᠠᠯ᠎ᠠ ᠶᠢᠨ | ᠨᠥᠯᠥᠭᠡ ᠶᠢ ᠵᠢᠱᠢᠭᠰᠡᠨ ᠠᠴᠠ ᠭᠦᠢᠴᠡᠳ ᠦᠭᠡᠢ ᠪᠣᠯᠵᠤ ︽ᠨᠡᠶᠢᠯᠡᠮᠡᠯ ᠪᠤᠷᠤᠭᠤ︾ ᠪᠤᠯᠬᠤ ᠠᠴᠠ ᠰᠡᠷᠭᠡᠶᠢᠯᠡᠨ᠎ᠡ᠃ | ᠳᠥᠷᠪᠡ ᠳᠤ᠂ ᠠᠶᠤᠯ ᠲᠦᠭᠰᠢᠭᠦᠷᠢ ᠶᠢ ᠬᠠᠮᠲᠤ ᠪᠠᠷ ᠰᠡᠷᠭᠡᠶᠢᠯᠡᠬᠦ ᠶᠢ ᠪᠠᠷᠢᠮᠲᠠᠯᠠᠨ᠎ᠠ᠃ ᠪᠢᠳᠡ ᠬᠦᠨᠳᠦ ᠶᠡᠭᠡ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠬᠤ ᠪᠠᠨ | ᠴᠢᠩᠭᠠᠳᠬᠠᠵᠤ᠂ ᠭᠠᠵᠠᠷ ᠣᠷᠣᠨ ᠠᠯᠤᠰᠯᠠᠭᠰᠠᠨ ᠰᠠᠯᠠᠭ᠎ᠠ ᠮᠥᠴᠢᠷ ᠠᠯᠤᠰᠯᠠᠭᠰᠠᠨ ᠲᠣᠪᠤᠶᠢᠮ᠎ᠠ ᠠᠰᠠᠭᠤᠳᠠᠯ ᠤᠨ | ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠰᠦᠪᠡᠭᠴᠢ ᠶᠢ ᠬᠠᠮᠲᠤᠷᠠᠨ ᠪᠠᠶᠢᠴᠠᠭᠠᠬᠤ᠂ ᠠᠰᠠᠭᠤᠳᠠᠯ ᠢ ᠬᠠᠮᠲᠤᠷᠠᠨ | ᠰᠢᠢᠳᠪᠦᠷᠢᠯᠡᠬᠦ ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠬᠠᠮᠵᠢᠯᠴᠠᠨ ᠠᠬᠢᠭᠤᠯᠤᠭᠰᠠᠨ ᠢᠶᠠᠷ ᠬᠦᠷᠦᠯᠴᠡᠬᠦ | ᠦᠭᠡᠢ ᠠᠴᠠ ᠪᠣᠯᠵᠤ ᠠᠵᠢᠯ ᠳᠤ ᠰᠠᠨᠠᠭᠠᠴᠢᠯᠠᠭᠠᠲᠤ ᠪᠤᠰᠤ ᠪᠠᠶᠢᠳᠠᠯ ᠡᠭᠦᠰᠬᠡᠬᠦ᠂ ᠲᠤᠰᠢᠶᠠᠯ ᠬᠠᠷᠢᠭᠤᠴᠠᠯᠭ᠎ᠠ | ᠲᠣᠳᠣᠷᠬᠠᠢ ᠦᠭᠡᠢ ᠠᠴᠠ ᠪᠣᠯᠵᠤ ᠬᠢᠨᠠᠯᠲᠠ ᠬᠠᠮᠢᠶᠠᠷᠤᠯᠲᠠ ᠶᠢᠨ ᠬᠤᠭᠤᠰᠤᠨ ᠣᠷᠣᠨ ᠪᠤᠢ ᠪᠤᠯᠬᠤ ᠠᠴᠠ | ᠵᠠᠶᠢᠯᠠᠰᠬᠢᠨ᠎ᠡ᠃ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠡᠶᠢᠲᠡᠯᠡᠬᠦ ᠳᠤ ᠠᠶᠤᠯ | ᠲᠦᠭᠰᠢᠭᠦᠷᠢ ᠶᠢᠨ ᠦᠨᠡᠯᠡᠯᠲᠡ ᠬᠢᠵᠦ᠂ ᠠᠬᠢᠭᠤᠯᠬᠤ ᠶᠠᠪᠤᠴᠠ ᠳᠤ ᠴᠠᠭ ᠲᠣᠭᠢᠶᠠᠯ᠂ ᠠᠷᠭ᠎ᠠ ᠭᠡᠯᠪᠡᠷᠢ᠂ ᠭᠦᠭ | ᠠᠶᠢᠵᠠᠮ ᠢ ᠰᠠᠶᠢᠲᠤᠷ ᠡᠵᠡᠮᠳᠡᠵᠦ᠂ ᠲᠣᠭᠲᠠᠭᠤᠨ ᠪᠤᠰᠤ ᠬᠦᠴᠦᠨ ᠵᠦᠢᠯ ᠢ ᠡᠭᠦᠰᠬᠡᠬᠦ ᠠᠴᠠ ᠰᠡᠷᠭᠡᠶᠢᠯᠡᠨ᠎ᠡ᠃ | ︵ᠤᠤᠯ ᠵᠣᠬᠢᠶᠠᠯ ᠢ ︽ᠨᠠᠮ ᠤᠨ ᠪᠠᠶᠢᠭᠤᠯᠤᠯᠲᠠ︾ ᠰᠡᠳᠬᠦᠯ ᠤᠨ 2024 ᠣᠨ ᠤ 10 ᠳ᠋ᠤᠭᠠᠷ | ᠬᠤᠭᠤᠴᠠᠭ᠎ᠠ ᠳᠤ ᠨᠡᠶᠢᠲᠡᠯᠡᠪᠡ︶ |