ᠰᠢᠨ᠎ᠡ ᠪᠠᠷᠭᠤ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠴᠠᠰᠤ ᠪᠣᠷᠣᠭᠠᠨ ᠶᠡᠭᠡ ᠰᠠᠯᠬᠢ ᠬᠦᠢᠲᠡᠷᠡᠬᠦ ᠶᠢ ᠰᠡᠷᠭᠡᠶᠢᠯᠡᠨ ᠠᠷᠭᠠᠴᠠᠭᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/28
    10 ᠳ᠋ᠤᠭᠠᠷ ᠰᠠᠷ᠎ᠠ ᠶᠢᠨ 20 ᠤ ᠡᠳᠦᠷ ᠤᠨ 18 ᠴᠠᠭ ᠲᠤ᠂ ᠬᠥᠯᠥᠨ ᠪᠤᠶᠢᠷ ᠬᠤᠲᠠ ᠲᠦᠢᠯ ᠤᠨ ᠬᠦᠢᠲᠡᠨ ᠴᠠᠰᠤᠨ ᠭᠠᠮᠰᠢᠭ ᠤᠨ ᠳᠥᠷᠪᠡᠳᠦᠭᠡᠷ ᠳᠡᠰ ᠤᠨ ᠴᠤᠤᠷᠢᠶᠠᠲᠤᠯ ᠢ ᠡᠬᠢᠯᠡᠭᠦᠯᠵᠦ᠂ ᠥᠨᠳᠥᠷ ᠣᠭᠲᠠᠷᠭᠤᠶ ᠶᠢᠨ ᠬᠦᠢᠲᠡᠨ ᠤᠷᠤᠰᠬᠠᠯ ᠤᠨ ᠨᠥᠯᠥᠭᠡ ᠠᠴᠠ ᠪᠣᠯᠵᠣ᠂ 10 ᠳ᠋ᠤᠭᠠᠷ ᠰᠠᠷ᠎ᠠ ᠶᠢᠨ 20 ᠤ ᠡᠳᠦᠷ ᠠᠴᠠ 21 ᠤ ᠡᠳᠦᠷ ᠤᠨ ᠰᠥᠨᠢ ᠪᠣᠯᠲᠠᠯ᠎ᠠ ᠰᠢᠨ᠎ᠡ ᠪᠠᠷᠭᠤ ᠵᠡᠭᠦᠨ ᠬᠤᠰᠢᠭᠤ ᠳᠤ ᠨᠢᠭᠡ ᠤᠳᠠᠭᠠᠨ ᠤ ᠪᠣᠷᠣᠭᠠᠨ ᠴᠠᠰᠤ᠂  ᠬᠦᠢᠲᠡᠷᠡᠯ᠂ ᠶᠡᠭᠡ ᠰᠠᠯᠬᠢ ᠲᠠᠢ ᠴᠠᠭ ᠠᠭᠤᠷ ᠢ ᠤᠭᠲᠤᠨ ᠠᠪᠴᠢᠷᠠᠵᠤ᠂ ᠡᠨᠡ ᠬᠦ ᠪᠠᠶᠢᠳᠠᠯ ᠳᠤ ᠴᠢᠭᠯᠡᠭᠦᠯᠦᠨ ᠰᠢᠨ᠎ᠡ ᠪᠠᠷᠭᠤ ᠵᠡᠭᠦᠨ ᠬᠤᠰᠢᠭᠤᠨ ᠤ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠠᠪᠴᠤ ᠪᠠᠶᠢᠭᠠᠳ ᠪᠣᠷᠣᠭᠠᠨ ᠴᠠᠰᠤ ᠶᠡᠭᠡ ᠰᠠᠯᠬᠢ ᠶᠡᠭᠡ  ᠬᠦᠢᠲᠡᠨ ᠠᠭᠤᠷ ᠠᠮᠢᠰᠬᠤᠯ ᠢ ᠰᠡᠷᠭᠡᠶᠢᠯᠡᠨ ᠠᠷᠭᠠᠴᠠᠭᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠨ᠎ᠠ᠃
1.jpg    
    ᠣᠳᠣᠬᠠᠨ ᠤ ᠪᠣᠷᠣᠭᠠᠨ ᠴᠠᠰᠤ ᠶᠡᠭᠡ ᠰᠠᠯᠬᠢ ᠶᠡᠭᠡ ᠬᠦᠢᠲᠡᠨ ᠠᠭᠤᠷ ᠠᠮᠢᠰᠬᠤᠯ ᠢ ᠰᠡᠷᠭᠡᠶᠢᠯᠡᠨ ᠠᠷᠭᠠᠴᠠᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠤᠤᠯᠳᠠᠯᠭ᠎ᠠ ᠲᠠᠢ ᠰᠡᠷᠭᠡᠶᠢᠯᠡᠯᠲᠡ ᠪᠠᠨ ᠴᠢᠩᠭᠠᠳᠬᠠᠨ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠠᠮᠢᠳᠤᠷᠠᠯ ᠤᠨ ᠰᠠᠶᠢᠨ ᠰᠠᠶᠢᠬᠠᠨ ᠡᠮᠬᠢ ᠳᠢᠭᠯᠢᠮ ᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ ᠭᠠᠮᠰᠢᠭ ᠠᠴᠠ ᠪᠣᠯᠤᠭᠰᠠᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠶᠢᠨ ᠲᠥᠯᠥᠭᠡ ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠲᠡᠷᠡ ᠳᠠᠷᠤᠶ ᠳᠤᠨᠢ ᠪᠣᠷᠣᠭᠠᠨ ᠴᠠᠰᠤ ᠲᠠᠢ ᠴᠠᠭ ᠠᠭᠤᠷ ᠢ ᠰᠡᠷᠭᠡᠶᠢᠯᠡᠨ ᠠᠷᠭᠠᠴᠠᠭᠠᠬᠤ ᠠᠵᠢᠯ ᠤᠨ ᠬᠤᠷᠠᠯ ᠬᠤᠷᠠᠯᠳᠤᠭᠤᠯᠪᠠ᠃ ᠬᠤᠷᠠᠯ ᠠᠴᠠ ᠬᠥᠯᠥᠨ ᠪᠤᠶᠢᠷ ᠬᠤᠳᠠ ᠶᠢᠨ ᠤᠢᠢᠷ᠎ᠠ ᠶᠢᠨ ᠬᠤᠭᠤᠴᠠᠭᠠᠨ ᠤ ᠮᠠᠭᠤ ᠠᠭᠤᠷ ᠠᠮᠢᠰᠬᠤᠯ ᠤᠨ ᠲᠤᠬᠠᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠤᠢᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠮᠡᠳᠡᠭᠳᠡᠵᠦ᠂ ᠤᠢᠢᠷ᠎ᠠ ᠶᠢᠨ ᠬᠤᠭᠤᠴᠠᠭᠠᠨ ᠤ ᠪᠣᠷᠣᠭᠠᠨ ᠴᠠᠰᠤ ᠲᠠᠢ ᠴᠠᠭ ᠠᠭᠤᠷ ᠲᠤ ᠲᠤᠯᠭᠠᠷᠠᠵᠤ ᠪᠠᠶᠢᠭ᠎ᠠ ᠪᠠᠶᠢᠳᠠᠯ ᠢ ᠵᠠᠳᠠᠯᠵᠤ ᠰᠤᠳᠤᠯᠤᠨ ᠮᠠᠭᠠᠳᠯᠠᠵᠤ᠂ ︽ᠪᠣᠷᠣᠭᠠᠨ ᠴᠠᠰᠤ᠂ ᠶᠡᠭᠡ ᠰᠠᠯᠬᠢ᠂ ᠳᠤᠯᠠᠭᠠᠨ ᠤ ᠬᠡᠮᠵᠢᠶ᠎ᠡ ᠪᠠᠭᠤᠷᠠᠬᠤ  ᠵᠡᠷᠭᠡ ᠠᠭᠤᠷ ᠠᠮᠢᠰᠬᠤᠯ ᠢ ᠰᠡᠷᠭᠡᠶᠢᠯᠡᠨ ᠠᠷᠭᠠᠴᠠᠭᠠᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠭᠰᠠᠨ ᠪᠥᠭᠡᠳ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠪᠠ ᠮᠡᠳᠡᠭᠡ ᠵᠠᠩᠭᠢ ᠮᠡᠳᠡᠭᠦᠯᠦᠨ ᠬᠦᠷᠭᠡᠬᠦ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠳᠭᠡᠨ᠂ ᠲᠣᠰ ᠲᠣᠰ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠮᠵᠢᠯᠴᠠᠨ ᠪᠠᠶᠢᠯᠳᠤᠵᠤ᠂ ᠴᠠᠰᠤ ᠪᠣᠷᠣᠭᠠᠨ ᠶᠡᠭᠡ ᠰᠠᠯᠬᠢ ᠬᠦᠢᠲᠡᠨ ᠠᠭᠤᠷ ᠠᠮᠢᠰᠬᠤᠯ ᠤᠨ ᠡᠮᠦᠨ᠎ᠡ ᠡᠮᠬᠢ ᠵᠢᠷᠤᠮ ᠲᠠᠢ ᠥᠨᠳᠥᠷ ᠪᠦᠲᠦᠮᠵᠢᠲᠡᠶ ᠠᠷᠭᠠᠴᠠᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃
2l.jpg    
    ᠬᠤᠷᠠᠯ ᠠᠴᠠ᠂ ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠬᠠᠤ ᠪᠠ  ᠬᠦᠢᠲᠡᠨ ᠠᠭᠤᠷ ᠠᠮᠢᠰᠬᠤᠯ ᠪᠣᠯᠤᠨ ᠪᠣᠷᠣᠭᠠᠨ ᠴᠠᠰᠤ ᠮᠥᠰᠥᠲᠦᠯ ᠤᠨ ᠭᠠᠮᠰᠢᠭ ᠢ ᠰᠡᠷᠭᠡᠶᠢᠯᠡᠨ ᠠᠷᠭᠠᠴᠠᠭᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠷᠣᠭᠠᠨ ᠴᠠᠰᠤ ᠮᠥᠰᠥᠲᠦᠯ ᠤᠨ ᠭᠠᠮᠰᠢᠭ ᠨᠢ ᠰᠤᠮᠤ ᠪᠠᠯᠭᠠᠰᠤᠨ ᠤ ᠣᠯᠠᠨ ᠤᠳᠠᠭ᠎ᠠ ᠡᠭᠦᠰᠴᠦ ᠤᠯᠠᠷᠢᠬᠤ ᠭᠠᠮᠰᠢᠭ ᠤᠨ ᠬᠡᠯᠬᠢᠶ᠎ᠡ ᠳᠤ ᠬᠤᠯᠪᠣᠭᠳᠠᠬᠤ ᠣᠷᠳᠣ᠂ ᠠᠵᠤ ᠠᠬᠤᠶ ᠨᠡᠶᠢᠭᠡᠮ ᠳᠤ ᠦᠵᠡᠭᠦᠯᠬᠦ ᠨᠥᠯᠥᠭᠡ ᠶᠡᠭᠡ ᠵᠡᠷᠭᠡ ᠣᠨᠴᠠᠯᠢᠭ ᠢ  ᠭᠦᠢᠴᠡᠳ ᠲᠠᠨᠢᠵᠤ᠂ ᠬᠤᠷᠢᠭ᠎ᠠ ᠱᠤᠭᠤᠮ ᠤᠨ ᠰᠡᠳᠬᠢᠬᠦᠶ᠂ ᠲᠦᠢᠯᠰᠢᠷᠠᠯ ᠤᠨ ᠰᠡᠳᠬᠢᠬᠦᠶ ᠶᠢ ᠪᠠᠲᠤ ᠪᠣᠶ ᠪᠣᠯᠭᠠᠵᠤ᠂ ᠬᠠᠮᠤᠭ ᠤᠨ ᠠᠰᠢᠭ ᠥᠬᠡᠶ ᠪᠠᠶᠢᠳᠠᠯ ᠠᠴᠠ ᠡᠭᠦᠰᠴᠦ᠂  ᠭᠦᠢᠴᠡᠳ ᠪᠡᠯᠡᠳᠬᠡᠯ ᠢ ᠰᠠᠶᠢᠲᠤᠷ ᠬᠢᠵᠦ᠂ ᠡᠳ᠋ ᠪᠣᠳᠠᠰ ᠪᠣᠯᠤᠨ ᠬᠥᠮᠦᠰ ᠢ ᠤᠷᠢᠳ ᠢᠶᠠᠷ ᠪᠣᠳᠣᠯᠬᠢᠯᠠᠬᠤ ᠠᠵᠢᠯ ᠢ ᠰᠠᠶᠢᠲᠤᠷ ᠬᠢᠵᠦ᠂ ᠠᠶᠤᠯ ᠲᠦᠭᠰᠢᠭᠦᠷᠢ ᠡᠭᠦᠰᠪᠡᠯ᠂ ᠡᠳ᠋ ᠪᠣᠳᠠᠰ ᠴᠠᠭ ᠢᠮᠠᠭᠲᠠ ᠲᠡᠶᠢᠨ ᠤ ᠪᠠᠶᠢᠳᠠᠯ ᠳᠤ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠤᠶᠠᠷ ᠲᠤ᠂ ᠮᠡᠳᠡᠭᠡ ᠵᠠᠩᠭᠢ ᠶᠢ ᠤᠷᠢᠳᠴᠢᠯᠠᠨ ᠰᠡᠷᠡᠮᠵᠢᠯᠡᠭᠦᠯᠬᠦ ᠪᠠ ᠠᠮᠤᠷ ᠲᠦᠪᠰᠢᠨ ᠤ ᠰᠠᠨᠠᠭᠤᠯᠤᠮᠵᠢ ᠶᠢ ᠰᠠᠶᠢᠲᠤᠷ ᠬᠢᠵᠦ᠂ ᠬᠤᠰᠢᠭᠤᠨ ᠤ ᠴᠠᠭ ᠠᠭᠤᠷ ᠤᠨ ᠰᠠᠯᠠᠭ᠎ᠠ ᠮᠥᠴᠢᠷ ᠲᠠᠢ ᠵᠣᠬᠢᠴᠠᠯᠳᠤᠨ ᠬᠤᠯᠪᠣᠭᠠᠯᠠᠬᠤ ᠶᠢ ᠴᠢᠩᠭᠠᠳᠬᠠᠵᠤ᠂ ᠲᠡᠷᠡ ᠳᠠᠷᠤᠶ ᠳᠤᠨᠢ ᠪᠣᠷᠣᠭᠠᠨ ᠴᠠᠰᠤ᠂ ᠶᠡᠭᠡ ᠰᠠᠯᠬᠢ᠂ ᠳᠤᠯᠠᠭᠠᠨ ᠤ ᠬᠡᠮᠵᠢᠶ᠎ᠡ ᠶᠢ ᠪᠠᠭᠤᠷᠠᠭᠤᠯᠬᠤ ᠵᠡᠷᠭᠡ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠪᠠ ᠠᠮᠤᠷ ᠲᠦᠪᠰᠢᠨ ᠤ ᠰᠠᠨᠠᠭᠤᠯᠤᠮᠵᠢ ᠨᠡᠶᠢᠲᠡᠯᠡᠵᠦ᠂ ᠠᠶᠤᠯᠭᠦᠶ  ᠦᠢᠯᠡᠳᠪᠦᠷᠢᠯᠡᠯ ᠤᠨ ᠮᠡᠳᠡᠯᠭᠡ ᠪᠠ ᠠᠶᠤᠯ ᠠᠴᠠ ᠵᠠᠶᠢᠯᠠᠵᠤ ᠠᠮᠢ ᠵᠢᠭᠤᠲᠠᠬᠤ ᠮᠡᠳᠡᠯᠭᠡ ᠤᠷ᠎ᠠ ᠴᠢᠳᠠᠪᠤᠷᠢ ᠶᠢ ᠥᠷᠭᠡᠨ ᠢᠶᠠᠷ ᠤᠬᠠᠭᠤᠯᠵᠤ᠂ ᠣᠯᠠᠨ ᠨᠡᠶᠢᠲᠡ ᠶᠢ ᠬᠥᠲᠥᠯᠥᠨ ᠵᠢᠯᠣᠭᠤᠳᠴᠤ ᠪᠠᠶᠢᠭᠠᠳ ᠰᠡᠷᠭᠡᠶᠢᠯᠡᠨ ᠠᠷᠭᠠᠴᠠᠭᠠᠬᠤ ᠠᠵᠢᠯ ᠢ ᠰᠠᠶᠢᠲᠤᠷ ᠬᠢᠵᠦ᠂ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠳᠠᠯᠳᠠ ᠬᠡᠮ ᠪᠠ ᠲᠦᠭᠰᠢᠭᠦᠷᠢᠲᠦ ᠪᠠᠶᠢᠳᠠᠯ ᠢ ᠢᠯᠡᠷᠡᠭᠦᠯᠪᠡᠯ ᠴᠠᠭ ᠲᠤᠬᠠᠶ ᠳᠤᠨᠢ  ᠰᠢᠢᠳᠪᠦᠷᠢᠯᠡᠵᠦ᠂ ᠪᠠᠶᠢᠭᠠᠯᠢ ᠶᠢᠨ ᠭᠠᠮᠰᠢᠭ ᠠᠴᠠ ᠪᠣᠯᠵᠣ  ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠭᠤᠷᠪᠠ ᠳᠤ᠂ ᠶᠡᠭᠡ ᠰᠠᠯᠬᠢ᠂ ᠪᠣᠷᠣᠭᠠᠨ ᠴᠠᠰᠤ᠂ ᠬᠦᠢᠲᠡᠷᠡᠬᠦ ᠴᠠᠭ ᠠᠭᠤᠷ ᠢ ᠰᠡᠷᠭᠡᠶᠢᠯᠡᠨ ᠠᠷᠭᠠᠴᠠᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠠᠶᠢᠳᠠᠯ ᠤᠨ ᠵᠠᠳᠠᠯᠤᠯᠲᠠ᠂ ᠵᠥᠪᠳᠡᠯᠴᠡᠭᠡ ᠰᠤᠳᠤᠯᠤᠨ ᠮᠠᠭᠠᠳᠯᠠᠯᠲᠠ ᠶᠢ ᠰᠠᠶᠢᠲᠤᠷ ᠠᠳᠬᠤᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ᠂ ᠡᠩᠨᠡᠭᠡᠨ ᠤ ᠪᠠᠶᠢᠭᠤᠯᠤᠯᠲᠠ᠂ ᠪᠣᠳᠠᠲᠤ ᠪᠠᠶᠢᠯᠳᠤᠭᠠᠨ ᠤ ᠰᠣᠷᠢᠯᠲᠠ ᠵᠡᠷᠭᠡ ᠠᠵᠢᠯ ᠢ ᠲᠡᠭᠦᠯᠳᠡᠷᠵᠢᠭᠦᠯᠬᠦ ᠬᠡᠷᠡᠭᠲᠡᠶ᠃ ᠳᠥᠷᠪᠡ ᠳᠤ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷ ᠢ ᠴᠢᠩᠳᠠᠯᠠᠵᠤ᠂ ᠮᠡᠳᠡᠭᠡ ᠵᠠᠩᠭᠢ ᠮᠡᠳᠡᠭᠦᠯᠦᠨ ᠬᠦᠷᠭᠡᠬᠦ ᠠᠷᠭ᠎ᠠ ᠵᠠᠮ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠬᠡᠷᠡᠭᠲᠡᠶ᠃ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠵᠢᠵᠢᠭᠦᠷ ᠳᠠᠭᠠᠭᠤᠯᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠤᠰᠢᠭᠤᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠬᠠᠤ ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠡᠯ᠎ᠡ ᠰᠤᠮᠤ ᠪᠠᠯᠭᠠᠰᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠰᠠᠨᠠᠭᠤᠯᠬᠤ ᠨᠢ᠂ ᠲᠣᠰ ᠤᠳᠠᠭᠠᠨ ᠤ ᠴᠠᠭ ᠠᠭᠤᠷ ᠤᠨ ᠬᠤᠪᠢᠷᠠᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠠᠶᠢᠪᠤᠰᠢᠷᠠᠬᠤ ᠦᠵᠡᠯ ᠰᠠᠨᠠᠭ᠎ᠠ ᠪᠠ ᠭᠤᠷᠢᠳᠠᠬᠤ ᠪᠣᠳᠣᠯ ᠪᠠᠶᠢᠵᠤ ᠪᠣᠯᠬᠤ ᠥᠬᠡᠶ᠃ ᠡᠯ᠎ᠡ ᠰᠤᠮᠤ ᠪᠠᠯᠭᠠᠰᠤᠨ ᠤ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠵᠤ ᠵᠢᠭᠠᠨ ᠵᠢᠯᠣᠭᠤᠳᠬᠤ ᠠᠵᠢᠯ ᠢ ᠰᠠᠶᠢᠲᠤᠷ ᠬᠢᠬᠦ ᠶᠢᠨ ᠬᠠᠮᠲᠤ᠂ ᠮᠡᠳᠡᠭᠡ ᠵᠠᠩᠭᠢ ᠮᠡᠳᠡᠭᠦᠯᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠷᠣᠶ ᠮᠡᠳᠡᠭᠦᠯᠬᠦ᠂ ᠣᠷᠬᠢᠭᠳᠠᠭᠤᠯᠤᠨ ᠮᠡᠳᠡᠭᠦᠯᠬᠦ᠂ ᠬᠤᠳᠠᠯ ᠢᠶᠠᠷ ᠮᠡᠳᠡᠭᠦᠯᠬᠦ᠂ ᠮᠡᠳᠡᠭᠦᠯᠬᠦ ᠥᠬᠡᠶ ᠨᠢᠭᠤᠬᠤ ᠶᠢ ᠡᠷᠡᠰ ᠬᠤᠷᠢᠭᠯᠠᠵᠤ᠂ ᠲᠣᠰ ᠤᠳᠠᠭᠠᠨ ᠤ ᠪᠣᠷᠣᠭᠠᠨ ᠴᠠᠰᠤ ᠶᠡᠭᠡ ᠰᠠᠯᠬᠢ ᠶᠡᠭᠡ  ᠬᠦᠢᠲᠡᠨ ᠠᠭᠤᠷ ᠠᠮᠢᠰᠬᠤᠯ ᠢ ᠲᠣᠭᠲᠠᠭᠤᠨ ᠢᠶᠠᠷ ᠳᠤᠭᠤᠯᠬᠤ ᠶᠢ ᠪᠠᠲᠤᠯᠠᠨ᠎ᠠ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号