ᠰᠢᠯᠢ ᠶᠢᠨ ᠭᠤᠤᠯ ᠠᠶᠢᠮᠠᠭ᠄ ᠤᠰᠤ ᠬᠡᠷᠡᠭᠯᠡᠬᠦ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠤᠰᠤ ᠬᠠᠩᠭᠠᠬᠤ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2024/10/28
    ᠤᠰᠤ ᠬᠡᠷᠡᠭᠯᠡᠬᠦ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠶᠢᠨ ᠲᠥᠯᠥᠭᠡ᠂ ᠰᠢᠯᠢ ᠶᠢᠨ ᠭᠤᠤᠯ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠡᠯ᠎ᠡ ᠭᠠᠵᠠᠷ ᠤᠨ ᠬᠢᠨ ᠤ ᠰᠢᠯᠢᠳᠡᠭ  ᠦᠢᠯᠡᠴᠢᠯᠡᠭᠡ᠂ ᠴᠠᠭ ᠤᠨ ᠬᠢᠵᠠᠭᠠᠷ ᠢ ᠪᠠᠭᠠᠰᠬᠠᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠪᠠᠲᠤᠯᠠᠭ᠎ᠠ ᠶᠢ ᠠᠬᠢᠭᠤᠯᠬᠤ ᠵᠡᠷᠭᠡ ᠲᠠᠯ᠎ᠠ ᠪᠠᠷ ᠬᠢ ᠵᠢᠭᠠᠨ ᠵᠢᠯᠣᠭᠤᠳᠴᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠠᠵᠢᠯ ᠶᠠᠪᠤᠳᠠᠯ ᠭᠦᠢᠴᠡᠳᠭᠡᠬᠦ ᠴᠤᠪᠤᠷᠠᠯ ᠢ ᠰᠢᠯᠢᠳᠡᠭᠵᠢᠭᠦᠯᠦᠨ᠂ ᠤᠰᠤ ᠬᠡᠷᠡᠭᠯᠡᠬᠦ  ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠪᠡ᠃    ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠵᠦ᠂ ᠲᠥᠬᠦᠮ ᠤᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠯ᠎ᠡ ᠭᠠᠵᠠᠷ ᠤᠨ ᠵᠠᠰᠠᠭ ᠤᠨ ᠶᠠᠪᠤᠳᠠᠯ ᠢ ᠨᠢᠭᠡ ᠴᠣᠭᠴᠠᠵᠢᠭᠤᠯᠬᠤ ᠦᠢᠯᠡᠴᠢᠯᠡᠭᠡᠨ ᠤ ᠲᠠᠪᠴᠠᠩ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠪᠠ ᠮᠥᠩᠬᠡ ᠰᠤᠪᠠᠭ ᠤᠨ ᠠᠯᠪᠠᠨ ᠬᠡᠷ ᠤᠨ APP ᠦᠢᠯᠡᠴᠢᠯᠡᠭᠡᠨ ᠤ ᠴᠢᠳᠠᠮᠵᠢ ᠶᠢ ᠰᠢᠯᠢᠳᠡᠭᠵᠢᠭᠦᠯᠦᠨ ᠲᠡᠭᠦᠯᠳᠡᠷᠵᠢᠭᠦᠯᠬᠦ ᠶᠢ ᠵᠢᠯᠣᠭᠤᠳᠴᠤ᠂ ᠬᠡᠷᠡᠭᠯᠡᠭᠴᠢᠳ ᠤᠨ ᠤᠰᠤ ᠬᠡᠷᠡᠭᠯᠡᠬᠦ ᠡᠳᠦᠷ ᠲᠤᠲᠤᠮ ᠤᠨ ᠲᠤᠬᠠᠶᠢᠯᠠᠭᠰᠠᠨ ᠠᠵᠢᠯ ᠢᠶᠠᠨ ᠭᠦᠢᠴᠡᠳᠭᠡᠬᠦ ᠳᠤ ᠬᠡᠷ ᠠᠴᠠ ᠪᠠᠨ ᠭᠠᠷᠬᠤ ᠥᠬᠡᠶ ᠪᠠᠷ ︽ᠨᠢᠭᠡ ᠴᠦ ᠭᠦᠶᠦᠬᠦ ᠥᠬᠡᠶ︾ ᠪᠠᠶᠢᠬᠤ ᠶᠢ ᠪᠡᠶᠡᠯᠡᠭᠦᠯᠵᠦ᠂ ᠬᠡᠷᠡᠭᠯᠡᠭᠴᠢᠳ ᠤᠨ ᠲᠥᠬᠦᠮ ᠤᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠪᠡ ᠃ ᠤᠰᠤ ᠴᠠᠬᠢᠯᠭᠠᠨ ᠰᠢᠲᠠᠮᠠᠬᠠᠶ ᠬᠡᠶ ᠢᠯᠴᠢ ᠶᠢᠨ ᠲᠤᠤᠷ ᠢ ᠬᠤᠯᠪᠣᠭᠠᠯᠠᠨ ᠮᠡᠳᠡᠭᠦᠯᠵᠦ ᠤᠭᠰᠠᠷᠠᠬᠤ ︽ᠨᠢᠭᠡ ᠶᠠᠪᠤᠳᠠᠯ︾ ᠢ ᠢᠳᠡᠪᠬᠢᠲᠡᠶ ᠰᠦᠪᠡᠭᠴᠢᠯᠡᠨ ᠠᠬᠢᠭᠤᠯᠵᠤ᠂ ᠬᠤᠲᠠ ᠶᠢᠨ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ  ᠵᠦᠢᠯᠡᠰ ᠢ ᠬᠤᠯᠪᠣᠭᠠᠯᠠᠨ ᠭᠦᠢᠴᠡᠳᠭᠡᠬᠦ ᠶᠢ ᠳᠠᠬᠢᠨ ᠲᠦᠷᠭᠡᠳᠬᠡᠬᠦ᠂ ᠦᠢᠯᠡᠴᠢᠯᠡᠭᠡᠨ ᠤ ᠶᠠᠰᠤ ᠴᠢᠨᠠᠷ ᠢ ᠳᠠᠬᠢᠨ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ᠃    ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ᠂ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠯ᠎ᠡ ᠭᠠᠵᠠᠷ ᠤᠨ ᠤᠰᠤ ᠬᠠᠩᠭᠠᠬᠤ ᠠᠵᠤ ᠠᠬᠤᠶᠢᠯᠠᠯ ᠨᠢ ︽ᠴᠢᠨᠠᠷ ᠰᠠᠶᠢᠲᠠᠶ ᠦᠢᠯᠡᠴᠢᠯᠡᠭᠡ᠂ ᠣᠨᠴᠠᠯᠢᠭᠲᠤ ᠦᠢᠯᠡᠴᠢᠯᠡᠭᠡ᠂ ᠥᠨᠳᠥᠷ ᠪᠦᠲᠦᠮᠵᠢᠲᠡᠶ ᠦᠢᠯᠡᠴᠢᠯᠡᠭᠡ︾ ᠶᠢᠨ ᠰᠠᠭᠤᠷᠢᠨ ᠳᠡᠭᠡᠷ᠎ᠡ᠂ ᠲᠦᠷᠢᠮ ᠲᠣᠭᠲᠠᠭᠠᠯ ᠢᠶᠠᠨ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠢᠯᠡᠴᠢᠯᠡᠭᠡᠨ ᠤ ᠪᠠᠷᠢᠮᠵᠢᠶ᠎ᠠ ᠪᠠᠨ ᠵᠢᠷᠤᠮᠵᠢᠭᠤᠯᠤᠨ᠂ ᠦᠢᠯᠡᠴᠢᠯᠡᠭᠡᠨ ᠤ ᠴᠣᠩᠬᠤᠪᠴᠢ ᠪᠠᠨ ᠤᠷᠤᠭᠰᠢ ᠰᠢᠯᠵᠢᠭᠦᠯᠵᠦ᠂ ᠦᠢᠯᠡᠴᠢᠯᠡᠭᠡᠨ ᠤ ᠣᠨᠣᠯᠵᠢᠬᠤᠨ ᠢᠶᠠᠨ ᠭᠦᠨᠵᠡᠭᠡᠶᠢᠷᠡᠭᠦᠯᠦᠨ᠂ ᠣᠯᠠᠨ ᠰᠠᠯᠠᠭ᠎ᠠ ᠮᠥᠴᠢᠷ ᠬᠠᠮᠲᠤᠷᠠᠨ ᠰᠠᠨᠠᠭᠠᠴᠢᠯᠠᠭ᠎ᠠ ᠠᠴᠠ ᠪᠠᠨ ᠬᠡᠷ ᠲᠤᠨᠢ ᠬᠦᠷᠴᠦ ᠬᠡᠷᠡᠭᠯᠡᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠵᠣᠯᠭᠠᠭᠤᠯᠵᠤ᠂ ︽ᠬᠦᠯᠢᠶᠡᠬᠦ ᠦᠢᠯᠡᠴᠢᠯᠡᠭᠡ︾ ᠶᠢ ︽ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ︾ ᠪᠣᠯᠭᠠᠨ ᠬᠤᠪᠢᠷᠠᠭᠤᠯᠵᠤ᠂ ︽ᠨᠠᠳᠠ ᠪᠠᠷ  ᠭᠦᠢᠴᠳᠭᠡᠯ ᠬᠢᠯᠭᠡᠬᠦ︾ ᠶᠢ ︽ᠪᠢ  ᠭᠦᠢᠴᠡᠳᠭᠡᠬᠦ︾ ᠪᠣᠯᠭᠠᠨ ᠬᠤᠪᠢᠷᠠᠭᠤᠯᠬᠤ ᠶᠢ ᠠᠬᠢᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠳᠤ ︽ᠨᠢᠭᠡ ᠳᠤ ᠨᠢᠭᠡ︾ ᠦᠢᠯᠡᠴᠢᠯᠡᠭᠡ ᠬᠠᠩᠭᠠᠵᠤ᠂ ᠤᠰᠤ ᠬᠠᠩᠭᠠᠬᠤ ᠦᠢᠯᠡᠴᠢᠯᠡᠭᠡᠨ ᠤ ᠶᠠᠰᠤ ᠴᠢᠨᠠᠷ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃    ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠯ᠎ᠡ ᠭᠠᠵᠠᠷ ᠤᠨ ᠤᠰᠤ ᠬᠠᠩᠭᠠᠬᠤ ᠠᠵᠤ ᠠᠬᠤᠶᠢᠯᠠᠯ ᠢ ᠵᠢᠯᠣᠭᠤᠳᠴᠤ ᠪᠠᠶᠢᠭᠠᠳ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠲᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂  ᠰᠦᠢᠳᠭᠡᠯ ᠬᠤᠷᠢᠶᠠᠬᠤ ᠪᠠᠷᠢᠮᠵᠢᠶ᠎ᠠ᠂ ᠰᠦᠢᠳᠭᠡᠯ ᠬᠤᠷᠢᠶᠠᠬᠤ ᠦᠨᠳᠦᠰᠦᠯᠡᠯ ᠵᠡᠷᠭᠡ ᠶᠢ ᠬᠠᠮᠤᠷᠤᠭᠰᠠᠨ ᠦᠢᠯᠡᠴᠢᠯᠡᠭᠡᠨ ᠤ ᠨᠠᠷᠢᠨ ᠬᠠᠭᠤᠳᠠᠰᠤ ᠶᠢ ᠲᠣᠭᠲᠠᠭᠠᠪᠠ᠃ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤᠨ ᠤ ᠱᠠᠲᠤᠯᠢᠭ ᠦᠨ᠎ᠡ ᠶᠢ ᠪᠠᠶᠢᠭᠤᠯᠤᠨ ᠲᠡᠭᠦᠯᠳᠡᠷᠵᠢᠭᠦᠯᠬᠦ ᠪᠠ ᠰᠠᠭᠤᠭᠠᠯᠢ ᠠᠷᠠᠳ ᠤᠨ ᠪᠤᠰᠤ ᠠᠷᠠᠳ ᠲᠤ ᠲᠣᠭᠲᠠᠭᠰᠠᠨ ᠲᠤᠭ᠎ᠠ ᠠᠴᠠ ᠳᠠᠪᠠᠭᠰᠠᠨ ︵ᠲᠥᠯᠥᠪᠯᠡᠭᠡ ᠠᠴᠠ ᠳᠠᠪᠠᠭᠰᠠᠨ︶ ᠠᠬᠢᠭᠤᠯᠤᠨ ᠪᠤᠳᠤᠵᠤ ᠦᠨ᠎ᠡ ᠨᠡᠮᠡᠬᠦ ᠲᠦᠷᠢᠮ ᠢ ᠬᠡᠷᠡᠭᠵᠢᠭᠦᠯᠬᠦ ᠶᠢ ᠠᠬᠢᠭᠤᠯᠤᠨ᠎ᠠ᠃ ᠲᠤᠬᠠᠶᠢᠯᠠᠭᠰᠠᠨ ᠠᠵᠢᠯ ᠤᠨ ᠴᠤᠪᠤᠷᠠᠯ᠂ ᠬᠠᠩᠭᠠᠯᠭ᠎ᠠ ᠶᠢ ᠵᠣᠭᠰᠣᠭᠠᠭᠰᠠᠨ ᠮᠡᠳᠡᠭᠡ ᠵᠠᠩᠭᠢ᠂ ᠵᠠᠭᠠᠯᠳᠤᠬᠤ ᠠᠷᠭ᠎ᠠ ᠵᠠᠮ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠵᠡᠷᠭᠡ ᠶᠢ ᠤᠬᠠᠭᠤᠯᠤᠨ ᠨᠡᠶᠢᠲᠡᠯᠡᠬᠦ ᠶᠢ ᠢᠳᠡᠪᠬᠢᠲᠡᠶ ᠥᠷᠨᠢᠭᠦᠯᠵᠦ᠂ ᠤᠰᠤ ᠬᠡᠷᠡᠭᠯᠡᠬᠦ ᠦᠢᠯᠡᠴᠢᠯᠡᠭᠡ ᠶᠢᠨ ᠣᠶᠢᠯᠠᠭᠠᠵᠤ ᠮᠡᠳᠡᠬᠦ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠪᠡ᠃    ᠰᠢᠨᠡᠳᠬᠡᠨ ᠥᠭᠡᠷᠡᠴᠢᠯᠡᠬᠦ ᠶᠢ ᠴᠢᠩᠭᠠᠳᠬᠠᠵᠤ᠂ ᠨᠠᠶᠢᠳᠠᠪᠤᠷᠢᠲᠤ ᠴᠢᠨᠠᠷ ᠢ ᠳᠡᠭᠡᠭᠰᠢᠯᠡᠭᠦᠯᠦᠨ᠎ᠡ᠃ ᠡᠯ᠎ᠡ ᠭᠠᠵᠠᠷ ᠤᠨ ᠬᠢᠨ ᠬᠤᠲᠠ ᠶᠢᠨ ᠰᠢᠨᠡᠳᠬᠡᠬᠦ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ᠂ ᠲᠥᠬᠦᠭᠡᠷᠦᠮᠵᠢ ᠶᠢ ᠰᠢᠨᠡᠳᠬᠡᠬᠦ ᠵᠡᠷᠭᠡ ᠠᠵᠢᠯ ᠲᠠᠢ ᠤᠶᠠᠯᠳᠤᠭᠤᠯᠤᠨ᠂ ᠬᠡᠷᠡᠭᠯᠡᠬᠦ ᠵᠢᠯ ᠬᠤᠭᠤᠴᠠᠭ᠎ᠠ᠂ ᠮᠠᠲ᠋ᠧᠷᠢᠶᠠᠯ ᠤᠨ ᠴᠢᠨᠠᠷ ᠢᠶᠠᠷ ᠬᠤᠴᠣᠷᠤᠩᠭᠤᠶ ᠪᠤᠶᠤ ᠬᠤᠬᠢᠷᠠᠯ ᠳᠤ ᠤᠴᠠᠷᠠᠭᠰᠠᠨ ᠤᠰᠤ ᠬᠠᠩᠭᠠᠬᠤ ᠬᠤᠭᠤᠯᠠᠶ ᠶᠢᠨ ᠲᠤᠤᠷ ᠢ ᠰᠢᠨᠡᠳᠬᠡᠨ ᠥᠭᠡᠷᠡᠴᠢᠯᠡᠵᠦ᠂ 2024 ᠣᠨ ᠳᠤ ᠡᠯ᠎ᠡ ᠭᠠᠵᠠᠷ ᠤᠨ ᠬᠢᠨ ᠤᠰᠤ ᠬᠠᠩᠭᠠᠬᠤ ᠬᠤᠭᠤᠯᠠᠶ ᠶᠢᠨ ᠲᠤᠤᠷ ᠢ 18 . 5 ᠺᠢᠯᠣᠮᠧᠲᠷ ᠰᠢᠨᠡᠳᠬᠡᠨ ᠥᠭᠡᠷᠡᠴᠢᠯᠡᠪᠡ᠃ ᠲᠡᠷᠢᠭᠦᠨ ᠤ ᠤᠷᠤᠰᠬᠠᠯ ᠤᠨ ᠬᠡᠮᠵᠢᠶ᠎ᠡ ᠶᠢ ᠬᠡᠮᠵᠢᠬᠦ ᠲᠥᠬᠦᠭᠡᠷᠦᠮᠵᠢ᠂ ᠨᠡᠭᠡᠯᠡᠬᠡᠶ᠂ ᠤᠰᠤᠨ ᠳᠠᠷᠤᠯᠲᠠ ᠤᠰᠤᠨ ᠤ ᠴᠢᠨᠠᠷ ᠢ ᠬᠢᠨᠠᠨ ᠬᠡᠮᠵᠢᠬᠦ ᠲᠥᠬᠦᠭᠡᠷᠦᠮᠵᠢ ᠪᠠ ᠲᠤᠭ᠎ᠠ ᠪᠠᠷᠢᠮᠲᠠ ᠴᠤᠭᠯᠠᠭᠤᠯᠬᠤ ᠪᠠ ᠳᠠᠮᠵᠢᠭᠤᠯᠬᠤ ᠲᠥᠬᠦᠭᠡᠷᠦᠮᠵᠢ ᠶᠢ ᠢᠳᠡᠪᠬᠢᠲᠡᠶ ᠳᠡᠯᠭᠡᠷᠡᠭᠦᠯᠦᠨ ᠬᠡᠷᠡᠭᠯᠡᠵᠦ᠂ ᠬᠤᠭᠤᠯᠠᠶ ᠶᠢᠨ ᠲᠤᠤᠷ ᠤᠨ ᠳᠠᠷᠤᠯᠲᠠ ᠶᠢ ᠲᠣᠬᠢᠷᠠᠭᠤᠯᠤᠨ ᠡᠵᠡᠮᠳᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ 2024 ᠣᠨ ᠳᠤ ᠡᠯ᠎ᠡ ᠭᠠᠵᠠᠷ ᠤᠨ ᠬᠢᠨ ᠣᠶᠤᠨᠴᠢ ᠤᠰᠤᠨ ᠬᠡᠮᠵᠢᠭᠦᠷ ᠢ 3.5 ᠲᠦᠮᠡᠨ ᠬᠡᠰᠡᠭ ᠰᠣᠯᠢᠵᠤ᠂ ᠤᠰᠤ ᠬᠡᠷᠡᠭᠯᠡᠬᠦ ᠦᠢᠯᠡᠴᠢᠯᠡᠭᠡᠨ ᠤ ᠪᠠᠲᠤᠯᠠᠭ᠎ᠠ ᠪᠠ ᠨᠠᠶᠢᠳᠠᠪᠤᠷᠢᠲᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃    ᠲᠠᠷᠠᠭᠠᠴᠢ ᠶᠢᠨ ᠠᠯᠬᠤᠮ ᠳᠤ᠂ ᠰᠢᠯᠢ ᠶᠢᠨ ᠭᠤᠤᠯ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ︽ᠠᠮᠤᠷ ᠲᠦᠪᠰᠢᠨ ᠢᠶᠠᠷ ᠤᠰᠤ ᠬᠠᠩᠭᠠᠵᠤ ᠬᠥᠭᠵᠢᠯᠲᠡ ᠶᠢ ᠠᠬᠢᠭᠤᠯᠬᠤ᠂ ᠴᠢᠨᠠᠷ ᠰᠠᠶᠢᠲᠠᠶ ᠦᠢᠯᠡᠴᠢᠯᠡᠭᠡ ᠪᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠦᠢᠯᠡᠴᠢᠯᠡᠭᠡᠨ ᠤ ᠣᠨᠣᠯᠵᠢᠬᠤᠨ ᠢ ᠦᠷᠭᠦᠯᠵᠢᠯᠡᠨ ᠪᠠᠷᠢᠮᠲᠠᠯᠠᠵᠤ᠂ ᠦᠢᠯᠡᠴᠢᠯᠡᠭᠡᠨ ᠤ ᠠᠷᠭ᠎ᠠ ᠬᠡᠮᠵᠢᠶ᠎ᠡ ᠳᠤ ᠰᠢᠨ᠎ᠡ ᠶᠢ ᠡᠭᠦᠳᠦᠨ᠂ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠦᠨ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠥᠷᠭᠡᠨ ᠢᠶᠠᠷ ᠤᠬᠠᠭᠤᠯᠵᠤ᠂ ᠠᠷᠠᠳ ᠣᠯᠠᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠤᠰᠤ ᠬᠠᠩᠭᠠᠬᠤ ᠦᠢᠯᠡᠴᠢᠯᠡᠭᠡᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ᠂ ᠰᠢᠯᠢ ᠶᠢᠨ ᠭᠤᠤᠯ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号