ᠰᠢᠯᠢ ᠶᠢᠨ ᠭᠤᠤᠯ ᠤᠨ ᠠᠮᠲᠠᠲᠤ ᠢᠳᠡᠭᠡᠨ ᠤ ᠦᠨᠦᠷ ᠨᠡᠶᠢᠰᠯᠡᠯ ᠬᠤᠲᠠ ᠳᠤ  ᠬᠠᠩᠬᠤᠯᠤᠨ᠎ᠠ
ᠨᠡᠶᠢᠲᠡᠯᠡᠭᠰᠡᠨ ᠴᠠᠭ᠄
2024/10/28
    ᠠᠷᠠᠳ ᠤᠨ ᠡᠳᠦᠷ ᠤᠨ ᠰᠣᠨᠢᠨ ᠤ ᠰᠢᠯᠢ ᠶᠢᠨ ᠭᠤᠤᠯ ᠤᠨ 10 ᠰᠠᠷ᠎ᠠ ᠶᠢᠨ 27 ᠤ ᠡᠳᠦᠷ ᠤᠨ ᠮᠡᠳᠡᠭᠡ ︵ᠰᠤᠷᠪᠤᠯᠵᠢᠯᠠᠭᠴᠢ ᠼᠤᠤ ᠶᠤᠸᠠᠨ ᠶᠦᠨ᠂ ᠥᠪᠥᠷ ᠮᠣᠩᠭᠤᠯ ᠤᠨ ᠰᠣᠨᠢᠨ ᠮᠡᠳᠡᠭᠡᠨ ᠰᠦᠯᠵᠢᠶ᠎ᠡ ᠶᠢᠨ ᠰᠤᠷᠪᠤᠯᠵᠢᠯᠠᠭᠴᠢ ᠪᠠᠶᠠᠰᠬᠤᠯᠠᠩ︶   10 ᠰᠠᠷ᠎ᠠ ᠶᠢᠨ 26 ᠤ ᠡᠳᠦᠷ᠂ ᠰᠢᠯᠢ ᠶᠢᠨ ᠭᠤᠤᠯ ᠤᠨ ᠨᠠᠷᠠᠲᠤ ᠲᠡᠮᠳᠡᠭᠲᠦ ᠶ᠋᠊ ᠤ ᠵᠨ ᠪᠡᠭᠡᠵᠢᠩ ᠤᠨ ᠬᠡᠷ ᠤᠨ ᠭᠠᠳᠠᠨᠠᠬᠢ ᠰᠢᠭᠤᠳ ᠨᠡᠪᠲᠡᠷᠡᠭᠦᠯᠭᠡ ᠶᠢᠨ ᠲᠤᠰᠬᠠᠶ ᠲᠠᠯᠠᠪᠠᠶ ᠵᠢᠴᠢ ᠠᠮᠲᠠᠲᠤ ᠢᠳᠡᠭᠡᠨ ᠢ ᠠᠮᠰᠠᠨ ᠰᠢᠯᠭᠠᠬᠤ ᠠᠵᠢᠯᠯᠠᠭ᠎ᠠ ᠪᠡᠭᠡᠵᠢᠩ ᠤᠨ ᠰᠢᠶᠠᠩ ᠱᠠᠨ ᠴᠡᠴᠡᠷᠯᠢᠭ ᠲᠤ ᠡᠬᠢᠯᠡᠪᠡ᠃ ᠠᠳᠡ ᠵᠢᠭᠤᠯᠴᠢᠳ ᠬᠤᠷᠠᠨ ᠴᠤᠭᠯᠠᠷᠠᠵᠤ᠂ ᠰᠢᠶᠠᠩᠱᠠᠨ ᠠᠭᠤᠯᠠᠨ ᠤ ᠤᠯᠠᠭᠠᠨ ᠨᠠᠪᠴᠢ ᠶᠢ ᠰᠣᠨᠢᠷᠬᠠᠵᠤ᠂ ᠬᠤᠪᠢᠰᠬᠠᠯ ᠤᠨ ᠰᠣᠶᠣᠯ ᠢ ᠮᠡᠳᠡᠷᠡᠵᠦ᠂ ᠰᠢᠯᠢ ᠶᠢᠨ ᠭᠤᠤᠯ ᠤᠨ ᠠᠮᠲᠠᠲᠤ ᠢᠳᠡᠭᠡᠨ ᠢ ᠠᠮᠲᠠᠯᠠᠵᠤ ᠪᠠᠶᠢᠨ᠎ᠠ᠃    ᠠᠵᠢᠯᠯᠠᠭ᠎ᠠ ᠶᠢᠨ ᠬᠤᠭᠤᠴᠠᠭᠠᠨ ᠳᠤ᠂ ᠸᠠᠩ ᠬᠤᠩ ᠳ᠋ᠠ ᠪᠡᠭᠡᠵᠢᠩ ᠤᠨ ᠰᠢᠶᠠᠩ ᠱᠠᠨ ᠴᠡᠴᠡᠷᠯᠢᠭ ᠲᠤ ᠬᠡᠷ ᠤᠨ ᠭᠠᠳᠠᠨᠠᠬᠢ ᠲᠤᠰᠬᠠᠶ ᠨᠡᠪᠲᠡᠷᠡᠭᠦᠯᠭᠡ ᠬᠢᠵᠦ᠂ ᠰᠢᠯᠢ ᠶᠢᠨ ᠭᠤᠤᠯ ᠬᠤᠨᠢ᠂ ᠰᠢᠯᠢ ᠶᠢᠨ ᠭᠤᠤᠯ ᠤᠨ ᠪᠢᠰᠢᠯᠠᠭ ᠤᠨ ᠨᠠᠷᠠᠲᠤ ᠲᠡᠮᠳᠡᠭᠲᠦ ᠪᠠ ᠪᠦᠲᠦᠭᠡᠭᠳᠡᠬᠦᠨ ᠢ ᠤᠬᠠᠭᠤᠯᠤᠨ ᠳᠡᠯᠭᠡᠷᠡᠭᠦᠯᠪᠡ᠃ ᠰᠢᠶᠠᠩ ᠱᠠᠨ ᠴᠡᠴᠡᠷᠯᠢᠭ ᠤᠨ ᠵᠠᠮ ᠳᠠᠭᠠᠤ ᠤᠯᠠᠮᠵᠢᠯᠠᠯᠲᠤ ᠪᠢᠰᠢᠯᠠᠭ᠂ ᠰᠤᠯᠠ ᠪᠢᠰᠢᠯᠠᠭ᠂ ᠭᠦᠵᠡᠭᠡᠨ ᠳᠤ ᠪᠣᠭᠤᠭᠰᠠᠨ ᠮᠢᠬ᠎ᠠ᠂ ᠬᠤᠨᠢᠨ ᠱᠥᠯᠥ᠂ ᠬᠠᠯᠠᠭᠤᠨ ᠲᠣᠭᠤᠭ᠎ᠠ ᠵᠡᠷᠭᠡ ᠶᠢ ᠪᠠᠭᠲᠠᠭᠠᠭᠰᠠᠨ ᠣᠯᠠᠨ ᠲᠣᠭᠲᠠᠮᠠᠯ ᠢᠳᠡᠵᠦ ᠤᠤᠭᠤᠬᠤ ᠺᠠᠷᠲ ᠴᠡᠭ ᠭᠠᠷᠭᠠᠵᠤ᠂ ᠪᠡᠭᠡᠵᠢᠩ ᠬᠤᠲᠠ ᠶᠢᠨ ᠠᠷᠠᠳ ᠪᠣᠯᠤᠨ ᠪᠥᠬᠦ ᠤᠯᠤᠰ ᠤᠨ ᠵᠤᠭᠠᠴᠠᠭᠰᠠᠳ ᠤᠯᠠᠭᠠᠨ ᠨᠠᠪᠴᠢ ᠶᠢ ᠰᠣᠨᠢᠷᠬᠠᠬᠤ ᠶᠢᠨ ᠬᠠᠮᠲᠤ ᠰᠢᠯᠢ ᠶᠢᠨ ᠭᠤᠤᠯ ᠤᠨ ᠣᠨᠴᠠᠯᠢᠭᠲᠤ ᠠᠮᠲᠠᠲᠤ ᠢᠳᠡᠭᠡᠨ ᠢ ᠠᠮᠲᠠᠯᠠᠵᠤ ᠪᠠᠶᠢᠨ᠎ᠠ᠃    ᠡᠨᠡ ᠤᠳᠠᠭ᠎ᠠ ᠠᠮᠲᠠᠲᠤ ᠢᠳᠡᠭᠡᠨ ᠠᠮᠲᠠᠯᠠᠬᠤ ᠪᠠᠷ ᠢᠷᠡᠭᠰᠡᠨ ᠵᠤᠭᠠᠴᠠᠭᠴᠢ ᠵᠠᠩ ᠳ᠋ᠠᠨ ᠶᠠᠩ᠄ ︽ᠰᠢᠯᠢ ᠶᠢᠨ ᠭᠤᠤᠯ ᠤᠨ ᠬᠤᠨᠢᠨ ᠮᠢᠬᠠᠨ ᠤ ᠠᠮᠲᠠ ᠨᠢ ᠮᠠᠰᠢ ᠰᠢᠨ᠎ᠡ ᠰᠣᠷᠭᠤᠭ᠂ ᠲᠥᠷᠥᠯ ᠵᠦᠢᠯ ᠨᠢ ᠡᠯᠪᠡᠭ ᠪᠠᠶᠠᠯᠢᠭ ᠪᠢᠰᠢᠯᠠᠭ ᠨᠢ ᠨᠠᠳᠠ ᠳᠤ ᠭᠦᠨ ᠰᠠᠭᠤᠭᠳᠠᠯ ᠦᠯᠡᠳᠡᠭᠡᠵᠡᠶ᠂ ᠥᠨᠥᠳᠦᠷ ᠰᠢᠶᠠᠩᠱᠠᠨ ᠠᠭᠤᠯᠠᠨ ᠳᠤ ᠠᠮᠠ ᠳᠦᠭᠦᠷᠡᠩ ᠠᠮᠠᠨ ᠬᠡᠰᠢᠭ ᠲᠠᠢ᠃︾    ᠣᠶᠢᠯᠠᠭᠠᠭᠰᠠᠨ ᠢᠶᠠᠷ᠂ ᠰᠢᠯᠢ ᠶᠢᠨ ᠭᠤᠤᠯ ᠠᠶᠢᠮᠠᠭ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠠᠯᠳᠠᠷᠰᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠷᠠᠲᠤ ᠲᠥᠷᠥᠯ ᠲᠡᠮᠳᠡᠭᠲᠦ ᠶᠢᠨ ᠵᠠᠬ᠎ᠠ ᠳᠡᠯᠭᠡᠭᠦᠷ ᠤᠨ ᠪᠣᠷᠣᠯᠠᠭᠤᠯᠤᠯᠲᠠ ᠶᠢ ᠲᠠᠰᠤᠷᠠᠯᠲᠠ ᠥᠬᠡᠶ ᠥᠷᠭᠡᠳᠬᠡᠬᠦ ᠶᠢᠨ ᠲᠥᠯᠥᠭᠡ᠂ 10 ᠳ᠋ᠤᠭᠠᠷ ᠰᠠᠷ᠎ᠠ ᠶᠢᠨ 26 ᠤ ᠡᠳᠦᠷ ᠠᠴᠠ 30 ᠤ ᠡᠳᠦᠷ ᠤᠨ ᠬᠤᠭᠤᠷᠣᠨᠳᠣ᠂ ᠰᠢᠯᠢ ᠶᠢᠨ ᠭᠤᠤᠯ ᠠᠶᠢᠮᠠᠭ ᠪᠡᠭᠡᠵᠢᠩ᠂ ᠲᠢᠶᠠᠨᠵᠢᠨ᠂ ᠱᠠᠩᠬᠠᠶ 3 ᠭᠠᠵᠠᠷ ᠲᠤ 5 ᠡᠳᠦᠷ ᠤᠨ ᠬᠤᠭᠤᠴᠠᠭ᠎ᠠ ᠲᠠᠢ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠡᠷᠭᠢᠯᠡᠬᠦ ᠪᠠᠷ ᠪᠠᠶᠢᠨ᠎ᠠ᠃    ᠣᠶᠢᠷ᠎ᠠ ᠶᠢᠨ ᠵᠢᠯ ᠠᠴᠠ ᠨᠠᠭᠠᠰᠢ᠂ ᠰᠢᠯᠢ ᠶᠢᠨ ᠭᠤᠤᠯ ᠠᠶᠢᠮᠠᠭ ᠲᠥᠷᠥᠯ ᠲᠡᠮᠳᠡᠭ ᠤᠨ ᠪᠠᠶᠢᠯᠳᠤᠬᠤ ᠪᠣᠳᠣᠯᠭ᠎ᠠ ᠶᠢ ᠶᠡᠭᠡ ᠪᠠᠷ ᠬᠡᠷᠡᠭᠵᠢᠭᠦᠯᠵᠦ᠂ ︽ᠰᠢᠯᠢ ᠶᠢᠨ ᠭᠤᠤᠯ ᠬᠤᠨᠢ︾᠂ ︽ᠰᠢᠯᠢ ᠶᠢᠨ ᠭᠤᠤᠯ ᠤᠨ ᠪᠢᠰᠢᠯᠠᠭ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠬᠦᠴᠦᠯᠡᠨ ᠡᠭᠦᠳᠴᠦ᠂ ᠨᠢᠭᠡ ᠲᠠᠯ᠎ᠠ ᠪᠠᠷ ᠪᠥᠬᠦ ᠲᠠᠯ᠎ᠠ ᠶᠢᠨ ᠲᠥᠷᠥᠯ ᠲᠡᠮᠳᠡᠭ ᠤᠨ ᠡᠵᠡᠩᠨᠡᠨ ᠪᠣᠷᠣᠯᠠᠭᠤᠯᠬᠤ ᠰᠢᠰᠲ᠋ᠧᠮ ᠤᠨ ᠪᠠᠶᠢᠭᠤᠯᠤᠯᠲᠠ ᠶᠢ ᠠᠳᠬᠤᠵᠤ᠂ ᠨᠥᠭᠦᠭᠡ ᠲᠠᠯ᠎ᠠ ᠪᠠᠷ ᠪᠥᠬᠦ ᠠᠵᠤ  ᠦᠢᠯᠡᠰ ᠤᠨ ᠬᠡᠯᠬᠢᠶ᠎ᠡ ᠶᠢᠨ ᠶᠠᠰᠤ ᠴᠢᠨᠠᠷ ᠢ ᠮᠥᠷᠳᠡᠨ ᠤᠬᠤᠴᠢᠯᠠᠬᠤ ᠢᠨᠵᠧᠨᠧᠷᠢᠩ ᠢ ᠠᠳᠬᠤᠵᠤ᠂ ᠪᠥᠬᠦ ᠤᠯᠤᠰ ᠤᠨ ᠬᠡᠷᠡᠭᠯᠡᠭᠴᠢᠳ ᠲᠤ ᠡᠷᠡᠭᠦᠯ ᠮᠡᠨᠳᠦ ᠶᠢᠨ ᠶᠠᠰᠤ ᠴᠢᠨᠠᠷ ᠲᠠᠢ ︽ᠳᠤᠮᠳᠠᠳᠤ ᠤᠯᠤᠰ ᠤᠨ ᠰᠠᠶᠢᠨ ᠬᠤᠨᠢᠨ ᠮᠢᠬ᠎ᠠ︾ ᠪᠠ ︽ᠴᠡᠪᠡᠷ ᠰᠠᠶᠢᠨ ᠪᠢᠰᠢᠯᠠᠭ︾ ᠢ ᠬᠦᠷᠭᠡᠵᠦ ᠪᠠᠶᠢᠨ᠎ᠠ᠃ 2022 ᠣᠨ ᠳᠤ᠂ ᠰᠢᠯᠢ ᠶᠢᠨ ᠭᠤᠤᠯ ᠬᠤᠨᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ 2022 ᠣᠨ ᠤ ᠲᠠᠷᠢᠶᠠᠯᠠᠩ ᠤᠨ ᠨᠠᠷᠠᠲᠤ ᠲᠡᠮᠳᠡᠭ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠣᠩᠭᠤᠭᠳᠠᠪᠠ︔ ᠰᠢᠯᠢ ᠶᠢᠨ ᠭᠤᠤᠯ ᠤᠨ ᠪᠢᠰᠢᠯᠠᠭ ᠨᠢ ︽ᠳᠤᠮᠳᠠᠳᠤ ᠤᠯᠤᠰ ᠤᠨ  ᠰᠦ ᠶᠢᠨ  ᠦᠢᠯᠡᠰ ᠤᠨ ᠰᠢᠨ᠎ᠡ ᠬᠦᠴᠦᠨ ᠤ ᠣᠨ ᠤ ᠨᠥᠯᠥᠭᠡᠯᠡᠬᠦ ᠬᠦᠴᠦᠨ   ᠲᠠᠢ ᠣᠷᠣᠨ ᠪᠦᠰᠡ ᠶᠢᠨ ᠴᠠᠭᠠᠨ ᠢᠳᠡᠭᠡᠨ ᠤ ᠨᠠᠷᠠᠲᠤ ᠲᠡᠮᠳᠡᠭᠲᠦ︾ ᠶᠢᠨ ᠴᠣᠯᠠ ᠶᠢ ᠭᠥᠷᠳᠡᠪᠡ᠃ 2023 ᠣᠨ ᠳᠤ᠂ ᠰᠢᠯᠢ ᠶᠢᠨ ᠭᠤᠣᠯ ᠤᠨ ᠬᠤᠨᠢ ᠨᠢ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠬᠥᠳᠡᠭᠡ ᠠᠵᠤ ᠠᠬᠤᠢ ᠶᠢᠨ ᠲᠦᠷᠦᠯ ᠲᠡᠮᠳᠡᠭ ᠤᠨ ᠰᠣᠳᠣᠨ ᠪᠦᠲᠦᠭᠡᠯ ᠢ ᠪᠤᠶᠢᠵᠢᠭᠤᠯᠬᠤ ᠲᠥᠯᠥᠪᠯᠡᠭᠡ ᠳᠤ ᠰᠣᠩᠭᠤᠭᠳᠠᠵᠤ᠂ ᠪᠦᠬᠦ ᠣᠷᠣᠨ ᠤ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠤᠨ ᠳᠣᠲᠣᠷᠠᠬᠢ ᠴᠤᠷ ᠤᠨ ᠭᠠᠭᠴᠠ ᠮᠠᠯ ᠵᠢᠭᠦᠷᠲᠡᠨ ᠤ ᠲᠦᠷᠦᠯ ᠲᠡᠮᠳᠡᠭ ᠪᠣᠯᠵᠠᠢ᠃ 2024 ᠣᠨ ᠳᠤ᠂ ᠰᠢᠯᠢ ᠶᠢᠨ ᠭᠤᠤᠯ ᠤᠨ ᠬᠤᠨᠢ 27 ᠮᠤᠵᠢ᠂ ᠬᠤᠲᠠ᠂ ᠥᠪᠡᠷᠲᠡᠭᠡᠨ ᠵᠠᠰᠠᠬᠤ ᠣᠷᠣᠨ ᠤ ᠵᠠᠭᠤ ᠰᠢᠬᠠᠮ ᠨᠠᠷᠠᠲᠤ ᠰᠢᠯᠢᠳᠡᠭ ᠣᠨᠴᠠ ᠭᠠᠷᠤᠯᠲᠠ ᠶᠢᠨ ᠳᠤᠮᠳᠠ ᠠᠴᠠ ᠴᠣᠯᠭᠤᠷᠠᠨ ᠭᠠᠷᠴᠤ᠂  ᠨᠠᠷᠠᠲᠤ ᠪᠦᠲᠦᠭᠡᠭᠳᠡᠬᠦᠨ ᠤ ᠢᠷᠠᠭᠤ ᠠᠯᠳᠠᠷ ᠤᠨ ᠴᠣᠯᠠ ᠭᠥᠷᠳᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号