ᠰᠢᠲᠠᠮᠠᠬᠠᠶ ᠬᠡᠢ ᠶᠢᠨ ᠠᠶᠤᠯᠭᠦᠶ ᠶᠢᠨ ᠮᠡᠳᠡᠯᠭᠡ
ᠨᠡᠶᠢᠲᠡᠯᠡᠭᠰᠡᠨ ᠴᠠᠭ᠄
2024/10/30
    ᠰᠢᠲᠠᠮᠠᠬᠠᠶ ᠬᠡᠢ ᠬᠡᠷᠡᠭᠯᠡᠬᠦ ᠦᠶ᠎ᠡ ᠶᠢᠨ ᠠᠩᠬᠠᠷᠬᠤ ᠵᠦᠢᠯ     ᠪᠠᠶᠢᠭᠠᠯᠢ ᠶᠢᠨ ᠰᠢᠲᠠᠮᠠᠬᠠᠶ ᠬᠡᠢ ᠨᠠᠪᠲᠠᠷᠠᠭᠰᠠᠨ ᠭᠡᠷ ᠲᠤ᠂ ᠬᠡᠷᠡᠭᠯᠡᠭᠴᠢ ᠳᠠᠬᠢᠨ ᠪᠤᠰᠤᠳ ᠲᠦᠯᠡᠰᠢ ᠬᠡᠷᠡᠭᠯᠡᠵᠦ ᠪᠣᠯᠬᠤ ᠦᠭᠡᠶ᠂ ᠵᠢᠱᠢᠶᠡᠯᠡᠪᠡᠯ ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠬᠡᠢ᠂ ᠨᠡᠭᠦᠷᠡᠰᠦ ᠵᠡᠷᠭᠡ ᠪᠣᠯᠤᠨ᠎ᠠ᠃    ᠪᠠᠶᠢᠭᠠᠯᠢ ᠶᠢᠨ ᠰᠢᠲᠠᠮᠠᠬᠠᠶ ᠬᠡᠢ ᠶᠢᠨ ᠭᠤᠮ ᠬᠤᠭᠤᠯᠠᠶ ᠶᠢᠨ ᠤᠷᠲᠤ ᠶᠢ 2 ᠮᠧᠲᠷ ᠠᠴᠠ ᠬᠡᠲᠦᠷᠡᠭᠦᠯᠵᠦ ᠪᠣᠯᠬᠤ ᠦᠭᠡᠶ᠂ ᠭᠤᠮ ᠬᠤᠭᠤᠯᠠᠶ ᠬᠡᠷᠡᠮ ᠢ ᠨᠡᠪᠲᠡᠯᠵᠦ ᠪᠣᠯᠬᠤ ᠦᠭᠡᠶ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠰᠣᠯᠢᠬᠤ ᠬᠡᠷᠡᠭᠲᠡᠶ᠂ ᠭᠤᠮ ᠬᠤᠭᠤᠯᠠᠶ ᠬᠠᠭᠤᠴᠢᠷᠠᠬᠤ᠂ ᠬᠠᠭᠠᠷᠠᠬᠤ᠂ ᠮᠤᠷᠦ᠋ᠢᠬᠤ ᠪᠤᠶᠤ ᠡᠪᠳᠡᠭᠳᠡᠪᠡᠯ ᠴᠠᠭ ᠲᠤᠬᠠᠶ ᠳᠤᠨᠢ ᠰᠣᠯᠢᠬᠤ ᠬᠡᠷᠡᠭᠲᠡᠶ᠃    ᠰᠢᠲᠠᠮᠠᠬᠠᠶ ᠬᠡᠶ ᠶᠢᠨ ᠪᠠᠭᠠᠵᠢ ᠬᠡᠷᠡᠭᠰᠡᠯ ᠢ ᠤᠳᠠᠭ᠎ᠠ ᠪᠦᠷᠢ ᠬᠡᠷᠡᠭᠯᠡᠭᠰᠡᠨ ᠤ ᠳᠠᠷᠠᠭ᠎ᠠ ᠡᠷᠬᠡᠪᠰᠢ ᠳᠠᠷᠤᠶ ᠲᠦᠷᠭᠡᠨ ᠬᠠᠭᠠᠵᠤ᠂ ᠤᠳᠠᠭ᠎ᠠ ᠪᠦᠷᠢ ᠬᠡᠷᠡᠭᠯᠡᠬᠦ ᠠᠴᠠ ᠪᠠᠨ ᠡᠮᠦᠨ᠎ᠡ ᠠᠶᠤᠯ ᠥᠬᠡᠶ ᠪᠥᠭᠡᠳ ᠬᠡᠶ ᠭᠤᠭᠤᠵᠢᠬᠤ ᠥᠬᠡᠶ ᠪᠠᠶᠢᠬᠤ ᠶᠢ ᠨᠤᠲᠠᠯᠠᠪᠠᠯ ᠰᠠᠶ᠋ᠢ ᠬᠡᠶ ᠨᠡᠪᠲᠡᠷᠡᠭᠦᠯᠦᠨ ᠭᠠᠯ ᠨᠣᠴᠣᠭᠠᠵᠤ ᠪᠣᠯᠤᠨ᠎ᠠ᠃    ᠬᠤᠭᠤᠯᠠ ᠬᠢᠬᠦ ᠦᠶᠡᠰ᠂ ᠲᠣᠭᠤᠭᠠᠨ ᠭᠡᠷ ᠲᠤ ᠴᠠᠭ ᠢᠮᠠᠭᠲᠠ ᠬᠥᠮᠦᠨ ᠪᠠᠶᠢᠵᠤ᠂ ᠱᠥᠯᠥ ᠪᠢᠯᠬᠠᠨ ᠭᠠᠷᠴᠤ ᠵᠤᠤᠬ᠎ᠠ ᠶᠢᠨ ᠭᠠᠯ ᠢ ᠤᠨᠲᠠᠷᠠᠭᠠᠵᠤ᠂ ᠰᠢᠲᠠᠮᠠᠬᠠᠢ ᠬᠡᠢ ᠯᠡᠪᠡᠷᠡᠬᠦ ᠠᠴᠠ ᠵᠠᠶᠢᠯᠠᠰᠬᠢᠬᠦ ᠬᠡᠷᠡᠭᠲᠡᠢ᠃    ᠬᠡᠷᠪᠡ ᠬᠡᠶ ᠬᠠᠩᠭᠠᠬᠤ ᠨᠢ ᠭᠡᠨᠡᠳᠲᠡ ᠲᠠᠰᠤᠯᠳᠠᠪᠠᠯ᠂ ᠰᠢᠲᠠᠮᠠᠬᠠᠶ ᠬᠡᠶ ᠶᠢᠨ ᠪᠠᠭᠠᠵᠢ ᠬᠡᠷᠡᠭᠰᠡᠯ ᠤᠨ ᠨᠡᠭᠡᠭᠡᠯᠭᠡ᠂ ᠬᠡᠷ ᠳᠣᠲᠣᠷᠠᠬᠢ ᠰᠢᠲᠠᠮᠠᠬᠠᠶ ᠬᠡᠶ ᠶᠢᠨ ᠶᠡᠷᠦᠩᠬᠡᠶ ᠨᠡᠭᠡᠯᠡᠬᠡᠶ ᠶᠢ ᠬᠠᠮᠲᠤ ᠳᠤᠨᠢ ᠬᠠᠭᠠᠵᠤ᠂ ᠬᠡᠪ ᠢᠶᠠᠷ ᠬᠡᠶ ᠬᠠᠩᠭᠠᠭᠰᠠᠨ ᠤ ᠳᠠᠷᠠᠭ᠎ᠠ ᠰᠠᠶ᠋ᠢ ᠦᠷᠭᠦᠯᠵᠢᠯᠡᠨ ᠬᠡᠷᠡᠭᠯᠡᠵᠦ ᠪᠣᠯᠤᠨ᠎ᠠ᠃    ᠬᠡᠢ ᠬᠡᠷᠡᠭᠯᠡᠬᠦ ᠳ᠋ᠦ ᠳᠣᠣᠷᠠᠬᠢ ︽ᠵᠢᠷᠭᠤᠭ᠎ᠠ︾ ᠨᠢ ᠣᠨᠣᠪᠴᠢ ᠦᠭᠡᠢ    1 ᠰᠢᠲᠠᠮᠠᠬᠠᠶ ᠬᠡᠢ ᠶᠢᠨ ᠪᠡᠯᠡᠳᠬᠡᠮᠵᠢ ᠪᠣᠯᠤᠨ ᠬᠡᠷᠡᠭᠰᠡᠯ ᠢ ᠳᠤᠷ᠎ᠠ ᠪᠠᠷ ᠢᠶᠠᠨ ᠵᠠᠳᠠᠯᠵᠤ᠂ ᠥᠭᠡᠷᠡᠴᠢᠯᠡᠵᠦ ᠪᠣᠯᠬᠤ ᠦᠭᠡᠶ᠃ ᠬᠡᠷᠪᠡ ᠨᠤᠷᠠᠭᠠᠬᠤ᠂ ᠥᠭᠡᠷᠡᠴᠢᠯᠡᠬᠦ ︵ᠵᠢᠱᠢᠶᠡᠯᠡᠪᠡᠯ ᠵᠠᠰᠠᠵᠤ ᠴᠢᠮᠡᠭᠯᠡᠬᠦ︶ ᠭᠡᠪᠡᠯ᠂ ᠡᠷᠬᠡᠪᠰᠢ ᠵᠣᠬᠢᠴᠠᠩᠭᠤᠶ ᠬᠢᠷᠢ ᠬᠡᠮ ᠲᠠᠢ ᠰᠢᠲᠠᠮᠠᠬᠠᠶ ᠬᠡᠢ ᠤᠭᠰᠠᠷᠠᠬᠤ᠂ ᠰᠡᠯᠪᠢᠨ ᠵᠠᠰᠠᠬᠤ ᠠᠵᠤ ᠠᠬᠤᠶᠢᠯᠠᠯ ᠠᠴᠠ ᠪᠠᠷᠢᠯᠭ᠎ᠠ ᠶᠢᠨ ᠠᠵᠢᠯ ᠢ ᠬᠠᠷᠢᠭᠤᠴᠠᠬᠤ ᠬᠡᠷᠡᠭᠲᠡᠶ᠃ ᠰᠢᠲᠠᠮᠠᠬᠠᠶ ᠬᠡᠢ ᠶᠢᠨ ᠬᠡᠮᠵᠢᠯᠲᠡ ᠶᠢᠨ ᠰᠢᠯᠵᠢᠮᠡᠯ ᠲᠣᠨᠣᠭᠯᠠᠯ ᠵᠢᠴᠢ ᠬᠡᠮᠵᠢᠯᠲᠡ ᠶᠢᠨ ᠲᠣᠨᠣᠭᠯᠠᠯ ᠠᠴᠠ ᠡᠮᠦᠨᠡᠬᠢ ᠪᠡᠯᠡᠳᠬᠡᠮᠵᠢ ᠶᠢ ᠦᠨᠡᠨᠬᠦ ᠬᠡᠷᠡᠭᠰᠡᠬᠦ ᠴᠢᠬᠤᠯᠠ ᠲᠠᠢ ᠪᠣᠯ ᠡᠷᠬᠡᠪᠰᠢ ᠰᠢᠲᠠᠮᠠᠬᠠᠶ ᠬᠡᠢ ᠬᠠᠩᠭᠠᠬᠤ ᠨᠢᠭᠡᠴᠡ ᠪᠠᠷ ᠵᠥᠪᠰᠢᠶᠡᠷᠡᠭᠦᠯᠬᠦ ᠬᠡᠷᠡᠭᠲᠡᠶ᠃    2 . ᠰᠢᠲᠠᠮᠠᠬᠠᠶ ᠬᠡᠶ ᠶᠢᠨ ᠬᠤᠭᠤᠯᠠᠶ᠂ ᠨᠡᠭᠡᠯᠡᠬᠡᠶ᠂ ᠤᠷᠤᠰᠬᠠᠯ ᠤᠨ ᠬᠡᠮᠵᠢᠭᠦᠷ᠂ ᠰᠢᠲᠠᠮᠠᠬᠠᠶ ᠬᠡᠶ ᠶᠢᠨ ᠪᠠᠭᠠᠵᠢ ᠬᠡᠷᠡᠭᠰᠡᠯ ᠵᠡᠷᠭᠡ ᠰᠢᠲᠠᠮᠠᠬᠠᠶ ᠬᠡᠶ ᠶᠢᠨ ᠪᠡᠯᠡᠳᠬᠡᠮᠵᠢ ᠶᠢ ᠨᠢᠭᠲᠠ ᠪᠢᠲᠡᠭᠦᠮᠵᠢᠯᠡᠵᠦ ᠤᠭᠰᠠᠷᠠᠵᠤ ᠪᠣᠯᠬᠤ ᠥᠬᠡᠶ᠂ ᠵᠢᠱᠢᠶᠡᠯᠡᠪᠡᠯ ᠬᠡᠷᠡᠮ ᠬᠠᠨ᠎ᠠ᠂ ᠡᠯᠭᠦᠭᠦᠷ ᠣᠷᠣᠶ᠂ ᠬᠤᠷᠭᠤ᠂ ᠵᠤᠤᠬ᠎ᠠ ᠶᠢᠨ ᠲᠠᠶᠢᠰᠠ ᠵᠡᠷᠭᠡ ᠳᠤ ᠰᠠᠪᠠᠯᠠᠬᠤ ᠬᠡᠷᠡᠭᠲᠡᠶ᠃    3 . ᠰᠢᠲᠠᠮᠠᠬᠠᠶ ᠬᠡᠢ ᠶᠢᠨ ᠬᠡᠮᠵᠢᠭᠦᠷ᠂ ᠨᠡᠭᠡᠯᠡᠬᠡᠶ ᠵᠡᠷᠭᠡ ᠪᠡᠯᠡᠳᠬᠡᠮᠵᠢ ᠤᠭᠰᠠᠷᠠᠭᠰᠠᠨ ᠭᠡᠷ ᠳᠣᠲᠣᠷ᠎ᠠ ᠡᠯᠳᠡᠪ ᠶᠠᠭᠤᠮ᠎ᠠ ᠣᠪᠣᠭᠠᠯᠠᠵᠤ ᠪᠣᠯᠬᠤ ᠦᠭᠡᠶ᠃    4 . ᠰᠢᠲᠠᠮᠠᠬᠠᠶ ᠬᠡᠶ ᠶᠢᠨ ᠬᠤᠭᠤᠯᠠᠶ ᠳᠣᠲᠣᠷ᠎ᠠ ᠴᠠᠬᠢᠯᠭᠠᠨ ᠤᠲᠠᠰᠤ᠂ ᠳᠡᠭᠡᠰᠦ ᠲᠠᠲᠠᠵᠤ ᠪᠣᠯᠬᠤ ᠥᠬᠡᠶ᠂ ᠡᠰᠡᠬᠦᠯ᠎ᠡ ᠡᠯᠳᠡᠪ ᠡᠳ᠋ ᠡᠯᠭᠦᠵᠦ ᠪᠣᠯᠬᠤ ᠥᠬᠡᠶ᠃    5 . ᠰᠢᠲᠠᠮᠠᠬᠠᠶ ᠬᠡᠶ ᠶᠢᠨ ᠬᠤᠭᠤᠯᠠᠶ ᠶᠢᠨ ᠣᠯᠠᠨ ᠨᠡᠶᠢᠲᠡ ᠶᠢᠨ ᠨᠡᠭᠡᠯᠡᠬᠡᠶ ᠶᠢ ᠳᠤᠷ᠎ᠠ ᠪᠠᠷ ᠢᠶᠠᠨ ᠨᠡᠭᠡᠭᠡᠬᠦ ᠪᠤᠶᠤ ᠬᠠᠭᠠᠵᠤ ᠪᠣᠯᠬᠤ ᠥᠬᠡᠶ᠃    6 . ᠰᠢᠲᠠᠮᠠᠬᠠᠶ ᠬᠡᠶ ᠶᠢᠨ ᠪᠡᠯᠡᠳᠬᠡᠮᠵᠢ ᠶᠢ ᠬᠠᠤᠯᠢ ᠪᠤᠰᠤ ᠪᠠᠷ ᠬᠡᠷᠡᠭᠯᠡᠬᠦ ᠪᠠ ᠰᠢᠲᠠᠮᠠᠬᠠᠶ ᠬᠡᠶ ᠶᠢ ᠬᠤᠯᠠᠭᠠᠶᠢᠯᠠᠬᠤ᠂ ᠳᠠᠮᠵᠢᠭᠤᠯᠤᠨ ᠬᠠᠩᠭᠠᠵᠤ ᠪᠣᠯᠬᠤ ᠥᠬᠡᠶ᠃    ᠡᠳᠦᠷ ᠲᠤᠲᠤᠮ ᠤᠨ ᠪᠠᠶᠢᠴᠠᠭᠠᠯᠲᠠ ᠶᠢᠨ ᠠᠯᠳᠠᠭ᠎ᠠ    ᠦᠷᠭᠦᠯᠵᠢ ᠬᠡᠷᠡᠭᠯᠡᠳᠡᠭ ᠠᠷᠭ᠎ᠠ ᠪᠣᠯ ᠬᠢᠯᠭᠠᠰᠤᠨ ᠱᠤᠸᠠᠰᠠ ᠪᠠᠨ ᠰᠠᠪᠤᠩ ᠲᠠᠢ ᠤᠰᠤᠨ ᠳᠤ ᠳᠦᠷᠦᠵᠦ᠂ ᠰᠢᠲᠠᠮᠠᠬᠠᠶ ᠬᠡᠶ ᠶᠢᠨ ᠨᠡᠭᠡᠭᠡᠯᠭᠡ ᠶᠢᠨ ᠠᠭᠤᠯᠵᠠᠷ ᠲᠤ ᠳᠦᠷᠭᠢᠨ᠎ᠡ᠂ ᠬᠡᠷᠪᠡ ᠬᠥᠭᠡᠰᠦ ᠭᠠᠷᠪᠠᠯ᠂ ᠳᠠᠷᠤᠶ ᠲᠣᠰ ᠬᠡᠰᠡᠭ ᠤᠨ ᠬᠡᠶ ᠯᠡᠪᠡᠷᠡᠭᠰᠡᠨ ᠢ ᠬᠠᠷᠠᠭᠤᠯᠵᠤ ᠪᠠᠶᠢᠨ᠎ᠠ᠃ ᠢᠯᠡ ᠭᠠᠯ ᠢᠶᠠᠷ ᠪᠠᠶᠢᠴᠠᠭᠠᠵᠤ ᠶᠠᠭᠠᠬᠢᠭᠰᠠᠨ ᠴᠤ ᠪᠣᠯᠬᠤ ᠦᠭᠡᠢ᠃ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠰᠢᠲᠠᠮᠠᠬᠠᠶ ᠬᠡᠢ ᠶᠢᠨ ᠨᠢᠭᠡᠴᠡ ᠶᠢᠨ ᠲᠤᠰᠬᠠᠶ ᠠᠵᠢᠯᠲᠠᠨ ᠳᠤ ᠮᠡᠳᠡᠭᠦᠯᠬᠦ ᠬᠡᠷᠡᠭᠲᠡᠶ᠃    ᠰᠢᠲᠠᠮᠠᠬᠠᠶ ᠬᠡᠢ ᠯᠡᠪᠡᠷᠡᠵᠦ ᠪᠠᠶᠢᠬᠤ ᠶᠢ ᠴᠠᠭ ᠲᠤᠬᠠᠶ ᠳᠤᠨᠢ ᠣᠯᠵᠤ ᠮᠡᠳᠡᠬᠦ ᠶᠢᠨ ᠲᠤᠰᠠᠳᠠ᠂ ᠭᠡᠷ ᠪᠦᠯᠢ ᠳᠤ ᠬᠡᠷᠡᠭᠯᠡᠬᠦ ᠰᠢᠲᠠᠮᠠᠬᠠᠶ ᠬᠡᠢ ᠶᠢᠨ ᠲᠦᠭᠰᠢᠭᠦᠷᠢ ᠮᠡᠳᠡᠭᠡᠯᠡᠬᠦ ᠮᠠᠰᠢᠨ ᠤᠭᠰᠠᠷᠠᠵᠤ᠂ ᠭᠠᠯ ᠤᠨᠲᠠᠷᠠᠭᠠᠭᠤᠷ ᠪᠡᠯᠡᠳᠬᠡᠵᠦ᠂ ᠭᠠᠯ ᠤᠨ ᠠᠶᠤᠯ ᠭᠠᠷᠬᠤ ᠠᠴᠠ ᠰᠡᠷᠭᠡᠶᠢᠯᠡᠬᠦ ᠬᠡᠷᠡᠭᠲᠡᠶ᠃    ᠬᠡᠷ ᠳᠣᠲᠣᠷᠠᠬᠢ ᠰᠢᠲᠠᠮᠠᠬᠠᠶ ᠬᠡᠶ ᠶᠢᠨ ᠪᠡᠯᠡᠳᠬᠡᠮᠵᠢ ᠪᠤᠶᠤ ᠰᠢᠲᠠᠮᠠᠬᠠᠶ ᠬᠡᠶ ᠶᠢᠨ ᠪᠠᠭᠠᠵᠢ ᠬᠡᠷᠡᠭᠰᠡᠯ ᠵᠡᠷᠭᠡ ᠨᠢ ᠯᠡᠪᠡᠷᠡᠭᠰᠡᠨ ᠢ ᠣᠯᠵᠤ ᠮᠡᠳᠡᠪᠡᠯ᠂ ᠳᠤᠤᠷᠠᠬᠢ ᠠᠯᠬᠤᠮ ᠳᠠᠷᠠᠭ᠎ᠠ ᠪᠠᠷ ᠠᠵᠢᠯᠯᠠᠭᠠᠷᠠᠶ᠄ ᠬᠡᠶ ᠶᠢᠨ ᠢᠷᠡᠯᠲᠡ ᠶᠢᠨ ᠶᠡᠷᠦᠩᠬᠡᠶ ᠨᠡᠭᠡᠯᠡᠬᠡᠶ ᠶᠢ ᠳᠠᠷᠤᠶ ᠲᠦᠷᠭᠡᠨ ᠬᠠᠭᠠᠭᠠᠷᠠᠶ︔ ᠭᠡᠷ ᠤᠨ ᠭᠠᠳᠠᠨᠠᠬᠢ ᠶᠡᠷᠦᠩᠬᠡᠶ ᠴᠠᠬᠢᠯᠭᠠᠨ ᠡᠭᠦᠰᠭᠡᠭᠴᠢ ᠶᠢ ᠲᠠᠰᠤᠯᠬᠤ︔ ᠠᠯᠢᠪᠠ ᠭᠠᠯ ᠢ ᠤᠨᠲᠠᠷᠠᠭᠠᠬᠤ︔ ᠡᠭᠦᠳᠡ ᠴᠣᠩᠬᠤ ᠶᠢ ᠲᠦᠷᠭᠡᠨ ᠨᠡᠭᠡᠭᠡᠬᠦ︔ ᠶᠠᠮᠠᠷᠪᠠ ᠴᠠᠬᠢᠯᠭᠠᠨ ᠬᠡᠷᠡᠭᠰᠡᠯ ᠨᠡᠭᠡᠭᠡᠬᠦ᠂ ᠬᠠᠭᠠᠬᠤ ᠪᠤᠶᠤ ᠭᠠᠷ ᠤᠲᠠᠰᠤ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠰᠢᠲᠠᠮᠠᠬᠠᠶ ᠬᠡᠢ ᠶᠢᠨ ᠺᠣᠮᠫᠠᠨᠢ ᠳᠤ ᠬᠦᠷᠴᠦ ᠵᠠᠪᠳᠤᠨ ᠵᠠᠰᠠᠬᠤ᠂ ᠠᠶᠤᠯ ᠠᠴᠠ ᠠᠪᠤᠷᠠᠬᠤ ᠳ᠋ᠢᠶᠠᠩᠬᠤᠸᠠ ᠶᠢ ᠤᠲᠠᠰᠤᠳᠠᠬᠤ ᠬᠡᠷᠡᠭᠲᠡᠶ᠃   
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号