ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠶᠢᠨ ᠬᠦᠴᠦᠯᠡᠬᠦ ᠴᠡᠭ
ᠨᠡᠶᠢᠲᠡᠯᠡᠭᠰᠡᠨ ᠴᠠᠭ᠄
2024/10/30
    ᠶᠡᠷᠦᠩᠬᠡᠢ ᠱᠦᠵᠢ ᠰᠢ ᠶᠢᠨ ᠫᠢᠩ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠪᠢᠳᠡ ᠴᠢᠬᠤᠯᠠ ᠠᠴᠢ ᠬᠤᠯᠪᠣᠭᠳᠠᠯ ᠪᠠ ᠦᠢᠯᠡᠳᠦᠯᠭᠡ ᠶᠢᠨ ᠠᠷᠭ᠎ᠠ ᠵᠠᠮ ᠭᠡᠬᠦ ᠬᠤᠶᠠᠷ ᠲᠠᠯ᠎ᠠ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠱᠠᠭᠠᠷᠳᠠᠯᠭ᠎ᠠ ᠶᠢ ᠤᠢᠢᠯᠠᠭᠠᠨ ᠡᠵᠡᠮᠰᠢᠵᠦ᠂ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠴᠠᠭ ᠦᠶ᠎ᠡ ᠶᠢᠨ ᠥᠷᠲᠡᠭ     ᠮᠠᠨ ᠤ ᠤᠯᠤᠰ ᠤᠨ ᠦᠨᠳᠦᠰᠦᠨ ᠪᠠᠶᠢᠳᠠᠯ ᠳᠤ ᠰᠠᠭᠤᠷᠢᠯᠠᠭᠰᠠᠨ ᠵᠠᠶᠢᠯᠠᠰᠢ ᠦᠭᠡᠢ ᠰᠣᠩᠭᠤᠯᠲᠠ᠃ ᠮᠠᠨ ᠤ ᠤᠯᠤᠰ ᠪᠣᠯ ᠤᠯᠠᠨ ᠦᠨᠳᠦᠰᠦᠲᠡᠨ ᠲᠠᠢ ᠨᠢᠭᠡᠳᠦᠭᠰᠡᠨ ᠤᠯᠤᠰ ᠮᠥᠨ᠂ ᠡᠨᠡ ᠪᠣᠯ ᠤᠯᠤᠰ ᠤᠨ ᠦᠨᠳᠦᠰᠦᠨ ᠪᠠᠶᠢᠳᠠᠯ ᠮᠥᠨ᠃ ᠳᠤᠮᠳᠠᠳᠤ ᠶᠢᠨ ᠦᠨᠳᠦᠰᠦᠲᠡᠨ ᠪᠣᠯ ᠲᠠᠪᠤᠨ ᠮᠢᠩᠭ᠎ᠠ ᠭᠠᠷᠤᠢ ᠵᠢᠯ ᠤᠨ ᠪᠣᠯᠪᠠᠰᠤᠨ ᠲᠡᠦᠬᠡ ᠲᠠᠢ ᠠᠭᠤᠤ ᠶᠡᠭᠡ ᠦᠨᠳᠦᠰᠦᠲᠡᠨ ᠮᠥᠨ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠦᠷᠢᠯᠳᠦᠨ ᠬᠥᠭᠵᠢᠬᠦ ᠪᠣᠯ ᠪᠠᠶᠢᠭᠠᠯᠢ ᠶᠢᠨ ᠨᠢᠭᠲᠠᠷᠠᠯ ᠬᠢᠭᠡᠳ ᠤᠯᠤᠰ ᠲᠦᠷᠦ ᠶᠢᠨ ᠳᠦᠷᠰᠦ ᠪᠠᠶᠢᠳᠠᠯ ᠤᠨ ᠣᠷᠭᠠᠨᠢᠭ ᠨᠢᠭᠡᠳᠦᠯ ᠤᠨ ᠶᠠᠪᠤᠴᠠ ᠮᠥᠨ᠂ ᠪᠠᠰᠠ ᠴᠤ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠵᠢᠷᠭᠠᠯ ᠵᠣᠪᠠᠯ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠲᠠᠰᠤᠷᠠᠯᠲᠠ ᠦᠭᠡᠢ ᠴᠢᠩᠭᠠᠷᠠᠬᠤ ᠶᠠᠪᠤᠴᠠ ᠮᠥᠨ᠃ ᠣᠳᠣᠬᠠᠨ ᠤ ᠳᠡᠯᠡᠬᠡᠢ ᠶᠢᠷᠲᠢᠨᠴᠦ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠳᠤ ᠣᠷᠣᠰᠢᠵᠤ᠂ ᠦᠨᠳᠦᠰᠦᠲᠡᠨ ᠤ ᠬᠠᠷᠢᠴᠠᠭ᠎ᠠ ᠶᠢ ᠨᠥᠯᠥᠭᠡᠯᠡᠬᠦ ᠬᠦᠴᠦᠨ ᠵᠦᠢᠯ ᠨᠡᠩ ᠪᠤᠳᠤᠯᠢᠶᠠᠨᠲᠠᠢ ᠪᠤᠯᠵᠤ᠂ ᠤᠯᠤᠰ ᠣᠷᠣᠨ ᠤ ᠨᠢᠭᠡᠳᠦᠯ ᠪᠠ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠡᠭᠦᠷᠭᠡ ᠨᠡᠩ ᠪᠡᠷᠬᠡ ᠬᠠᠲᠠᠭᠤᠵᠢᠯᠲᠠᠢ ᠪᠣᠯᠵᠠᠢ᠃ ᠡᠨᠡ ᠨᠢ ᠦᠨᠳᠦᠰᠦᠲᠡᠨ ᠨᠦᠭᠦᠳ ᠤᠨ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠳᠡᠭᠡᠳᠦ ᠬᠡᠮᠵᠢᠶ᠎ᠡ ᠪᠠᠷ ᠮᠡᠳᠡᠷᠡᠬᠦ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠬᠤ ᠶᠢ ᠨᠡᠩ ᠢᠯᠡᠭᠦᠦ ᠱᠠᠭᠠᠷᠳᠠᠵᠤ ᠪᠠᠶᠢᠨ᠎ᠠ᠃    ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠭᠠᠬᠤ ᠵᠠᠶᠢᠯᠠᠰᠢ ᠦᠭᠡᠢ ᠱᠠᠭᠠᠷᠳᠠᠯᠭ᠎ᠠ᠃ ᠣᠳᠣᠬᠠᠨ ᠳᠤ᠂ ᠦᠨᠳᠦᠰᠦᠲᠡᠨ ᠤ ᠭᠠᠵᠠᠷ ᠣᠷᠣᠨ ᠪᠦᠬᠦ ᠤᠯᠤᠰ ᠲᠠᠢ ᠬᠠᠮᠲᠤ ᠪᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠯᠠᠯ ᠢ ᠡᠬᠢᠯᠡᠭᠦᠯᠵᠦ᠂ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠲᠠᠰᠤᠷᠠᠯᠲᠠ ᠦᠭᠡᠢ ᠬᠥᠭᠵᠢᠨ ᠪᠠᠬᠢᠵᠢᠪᠡ᠂ ᠭᠡᠪᠡᠴᠦ ᠦᠨᠳᠦᠰᠦᠲᠡᠨ ᠤ ᠠᠵᠢᠯ ᠮᠥᠨ ᠯᠡ ᠴᠥᠭᠡᠨ ᠪᠤᠰᠤ ᠠᠶᠤᠯ ᠲᠦᠭᠰᠢᠭᠦᠷᠢ ᠪᠠ ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠃ ᠨᠠᠮ ᠤᠨ ᠦᠨᠳᠦᠰᠦᠲᠡᠨ ᠤ ᠠᠵᠢᠯ ᠤᠨ ᠱᠠᠲᠤ ᠦᠶᠡᠴᠢ ᠴᠢᠨᠠᠷᠲᠠᠢ ᠰᠢᠨ᠎ᠡ ᠣᠨᠴᠠᠯᠢᠭ ᠢ ᠣᠨᠣᠪᠴᠢᠲᠠᠢ ᠡᠵᠡᠮᠰᠢᠵᠦ᠂ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠦᠨ᠂ ᠪᠣᠳᠠᠲᠠᠢ ᠠᠵᠢᠯ ᠤᠨ ᠳᠤᠮᠳᠠ ᠣᠷᠣᠰᠢᠵᠤ ᠪᠠᠶᠢᠭ᠎ᠠ ᠵᠥᠷᠢᠴᠡᠯ ᠪᠠ ᠠᠰᠠᠭᠤᠳᠠᠯ ᠢ ᠰᠢᠢᠳᠪᠦᠷᠢᠯᠡᠵᠦ᠂ ᠨᠠᠮ ᠤᠨ ᠦᠨᠳᠦᠰᠦᠲᠡᠨ ᠤ ᠠᠵᠢᠯ ᠢ ᠲᠠᠰᠤᠷᠠᠯᠲᠠ ᠦᠭᠡᠢ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠳᠤᠮᠳᠠᠳᠤ ᠶᠢᠨ ᠦᠨᠳᠦᠰᠦᠲᠡᠨ ᠤ ᠰᠢᠨ᠎ᠡ ᠠᠮᠢ ᠨᠠᠰᠤ ᠮᠥᠨ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠮ ᠪᠣᠯ ᠳᠠᠷᠤᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠰᠢᠨ᠎ᠡ ᠵᠠᠮ ᠮᠥᠨ᠂ ᠳᠠᠷᠤᠢ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠵᠠᠮ ᠮᠥᠨ᠃    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠦᠢᠯᠡᠳᠦᠯᠭᠡ ᠶᠢᠨ ᠠᠷᠭ᠎ᠠ ᠵᠠᠮ    ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠤᠳᠤᠷᠢᠳᠬᠤ ᠭᠤᠣᠯᠯᠠᠭᠴᠢ ᠮᠥᠨ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠤᠭ ᠤᠨ ᠨᠠᠶᠢᠳᠠᠪᠤᠷᠢᠲᠠᠢ ᠲᠦᠰᠢᠭ ᠲᠤᠯᠭᠠᠭᠤᠷᠢ ᠮᠥᠨ᠃ ᠮᠠᠨ ᠤ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠭᠡᠷᠡᠯ ᠰᠠᠴᠤᠷᠠᠩᠭᠤᠢ ᠠᠮᠵᠢᠯᠲᠠ ᠣᠯᠵᠤ᠂ ᠨᠠᠮ ᠤᠨ ᠦᠨᠳᠦᠰᠦᠲᠡᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠣᠯ ᠬᠠᠮᠤᠭ ᠤᠨ ᠦᠨᠳᠦᠰᠦᠨ ᠪᠠᠲᠤᠯᠠᠭ᠎ᠠ ᠪᠠ ᠬᠠᠮᠤᠭ ᠤᠨ ᠴᠢᠬᠤᠯᠠ ᠲᠤᠷᠰᠢᠯᠭ᠎ᠠ ᠪᠣᠯᠤᠨ᠎ᠠ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠡᠷᠬᠡᠪᠰᠢ ᠡᠨᠡ ᠬᠦ ᠵᠠᠷᠴᠢᠮ ᠢ ᠡᠷᠡᠰ ᠭᠤᠶᠢᠪᠢᠰᠢ ᠦᠭᠡᠢ ᠪᠠᠷᠢᠮᠲᠠᠯᠠᠬᠤ ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠦᠨᠳᠦᠰᠦᠲᠡᠨ ᠤ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠪᠠᠶᠢᠷᠢᠰᠢᠯ ᠢ ᠪᠠᠶᠢᠭᠤᠯᠬᠤ ᠲᠤᠬᠠᠢ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ  ᠬᠤᠷᠢᠶ᠎ᠠ ᠦᠨᠳᠦᠰᠦᠲᠡᠨ ᠤ ᠠᠵᠢᠯ ᠢ ᠤᠳᠤᠷᠢᠳᠬᠤ᠂ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠦᠨᠳᠦᠰᠦᠲᠡᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠦᠨᠳᠦᠰᠦᠲᠡᠨ ᠤ ᠠᠵᠢᠯ ᠢ ᠤᠳᠤᠷᠢᠳᠬᠤ ᠰᠠᠯᠠᠭ᠎ᠠ ᠮᠥᠴᠢᠷ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠨᠢᠭᠡᠴᠢ ᠶᠢᠨ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠬᠤ ᠪᠠᠶᠢᠭᠤᠯᠤᠮᠵᠢ ᠲᠣᠭᠲᠠᠴᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠬᠦ ᠬᠡᠷᠡᠭᠲᠡᠢ᠃ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ︽ᠲᠠᠪᠤᠨ ᠬᠠᠮᠲᠤ ᠶᠢᠨ ᠲᠠᠨᠢᠯᠲᠠ︾ ᠶᠢ ᠲᠠᠰᠤᠷᠠᠯᠲᠠ ᠥᠬᠡᠶ ᠴᠢᠩᠭᠠᠷᠠᠭᠤᠯᠵᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠰᠡᠳᠬᠢᠯ ᠨᠢᠭᠡᠳᠦᠨ ᠬᠠᠮᠲᠤ ᠪᠠᠷ ᠲᠡᠷᠭᠡᠯᠰᠢᠭᠦᠯᠦᠨ᠎ᠡ᠃    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠠᠶᠢᠭᠤᠯᠤᠨ᠎ᠠ᠃ ᠰᠣᠶᠣᠯ ᠤᠨ ᠬᠤᠪᠢ ᠵᠠᠶᠠᠭ᠎ᠠ ᠤᠯᠤᠰ ᠤᠨ ᠬᠤᠪᠢ ᠵᠠᠶᠠᠭ᠎ᠠ ᠲᠠᠢ ᠬᠤᠯᠪᠣᠯᠳᠤᠵᠤ᠂ ᠰᠣᠶᠣᠯ ᠤᠨ ᠰᠤᠳᠠᠰᠤ ᠤᠯᠤᠰ ᠤᠨ ᠰᠤᠳᠠᠰᠤ ᠲᠠᠢ ᠬᠤᠯᠪᠣᠯᠳᠤᠵᠤ ᠪᠠᠶᠢᠳᠠᠭ᠃ ᠰᠣᠶᠣᠯ ᠤᠨ ᠢᠲᠡᠭᠡᠯ ᠪᠣᠯ ᠨᠡᠩ ᠰᠠᠭᠤᠷᠢ ᠪᠣᠯᠬᠤ᠂ ᠨᠡᠩ ᠥᠷᠭᠡᠨ ᠳᠡᠯᠭᠡᠷ᠂ ᠨᠡᠩ ᠭᠦᠨ ᠵᠤᠵᠠᠭᠠᠨ ᠢᠲᠡᠭᠡᠯ ᠮᠥᠨ᠂ ᠨᠢᠭᠡ ᠤᠯᠤᠰ᠂ ᠨᠢᠭᠡ ᠦᠨᠳᠦᠰᠦᠲᠡᠨ ᠤ ᠬᠥᠭᠵᠢᠯᠲᠡ ᠶᠢᠨ ᠳᠤᠮᠳᠠᠬᠢ ᠬᠠᠮᠤᠭ ᠤᠨ ᠦᠨᠳᠦᠰᠦᠨ᠂ ᠬᠠᠮᠤᠭ ᠤᠨ ᠭᠦᠨ ᠴᠢᠬᠢᠮᠠᠢ᠂ ᠬᠠᠮᠤᠭ ᠤᠨ ᠤᠳᠠᠭᠠᠨ ᠳᠠᠭᠠᠭᠠᠮᠠᠭᠠᠢ ᠬᠦᠴᠦᠨ ᠮᠥᠨ᠃ ᠳᠤᠮᠳᠠᠳᠤ ᠶᠢᠨ ᠦᠨᠳᠦᠰᠦᠲᠡᠨ ᠨᠦᠭᠦᠳ ᠤᠷᠲᠤ ᠬᠤᠭᠤᠴᠠᠭᠠᠨ ᠤ ᠦᠢᠯᠡᠳᠪᠦᠷᠢᠯᠡᠯ ᠦᠢᠯᠡᠳᠦᠯᠭᠡ ᠪᠠ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠳᠤᠮᠳᠠ ᠡᠷᠬᠢᠮ ᠨᠠᠨᠳᠢᠨ ᠰᠣᠶᠣᠯ ᠤᠨ ᠡᠳ᠋ ᠪᠠᠶᠠᠯᠢᠭ ᠢ ᠬᠠᠮᠲᠤ ᠪᠠᠷ ᠡᠭᠦᠳᠦᠨ ᠪᠦᠲᠦᠭᠡᠵᠦ᠂ ᠲᠠᠩᠰᠤᠭ ᠰᠠᠶᠢᠬᠠᠨ᠂ ᠥᠨᠢ ᠤᠳᠠᠭᠠᠨ ᠲᠡᠦᠬᠡ ᠲᠠᠢ ᠳᠤᠮᠳᠠᠳᠤ ᠶᠢᠨ ᠰᠣᠶᠣᠯ ᠨᠢ ᠳᠤᠮᠳᠠᠳᠤ ᠶᠢᠨ ᠬᠥᠪᠡᠭᠦᠳ ᠥᠬᠢᠳ ᠤᠨ ᠬᠠᠮᠤᠭ ᠤᠨ ᠭᠦᠨ ᠵᠤᠵᠠᠭᠠᠨ ᠬᠦᠴᠦᠨ ᠪᠣᠯᠤᠭᠰᠠᠨ ᠪᠠᠶᠢᠨ᠎ᠠ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠪᠠᠷ ᠵᠢᠯᠤᠭᠤᠳᠤᠯᠭ᠎ᠠ ᠪᠣᠯᠭᠠᠵᠤ ᠂ ᠤᠯᠤᠰ ᠢᠶᠠᠨ ᠬᠠᠶᠢᠷᠠᠯᠠᠬᠤ ᠦᠵᠡᠯ᠂ ᠨᠡᠶᠢᠲᠡᠴᠢ ᠦᠵᠡᠯ᠂ ᠨᠡᠶᠢᠭᠡᠮ ᠵᠢᠷᠤᠮ ᠤᠨ ᠬᠥᠮᠦᠵᠢᠯ ᠢ ᠭᠦᠨᠵᠡᠭᠡᠶᠢᠷᠡᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠦᠳᠤᠯᠤᠨ ᠵᠢᠯᠣᠭᠤᠳᠴᠤ ᠵᠥᠪ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠠᠲᠤ ᠪᠤᠢ ᠪᠣᠯᠭᠠᠬᠤ ᠬᠡᠷᠡᠭᠲᠡᠢ᠃ ᠵᠠᠯᠠᠭᠤᠴᠤᠳ ᠪᠠᠭᠠᠴᠤᠳ ᠤᠨ ᠲᠡᠦᠬᠡ ᠰᠣᠶᠣᠯ ᠤᠨ ᠬᠥᠮᠦᠵᠢᠯ ᠢ ᠴᠢᠩᠭᠠᠳᠬᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠭ᠎ᠠ ᠠᠴᠠ ᠪᠠᠨ ᠬᠡᠦᠬᠡᠳ ᠤᠨ ᠰᠡᠳᠬᠢᠯ ᠳᠤ ᠬᠠᠳᠠᠩᠰᠢᠭᠤᠯᠤᠨ᠎ᠠ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠲᠦᠯᠬᠢᠨ ᠠᠬᠢᠭᠤᠯᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠪᠠ ᠲᠦᠷᠢ ᠲᠥᠷᠬᠦ ᠶᠢ ᠲᠤᠪᠤᠶᠢᠯᠭᠠᠨ᠂ ᠪᠦᠯᠬᠦᠮᠳᠡᠨ ᠤᠷᠤᠭᠰᠢᠯᠠᠬᠤ ᠤᠶᠤᠨ ᠰᠠᠨᠠᠭᠠᠨ ᠤ ᠬᠤᠯᠪᠣᠭᠠᠰᠤ ᠶᠢ ᠴᠢᠩᠭᠠᠯᠠᠨ᠎ᠠ᠃    ᠦᠨᠳᠦᠰᠦᠲᠡᠨ ᠨᠦᠭᠦᠳ ᠤᠨ ᠬᠠᠮᠲᠤ ᠪᠠᠷ ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠵᠤ᠂ ᠬᠠᠮᠲᠤ ᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠳᠤ ᠨᠢᠭᠡ ᠦᠨᠳᠦᠰᠦᠲᠡᠨ ᠢ ᠴᠦ ᠣᠷᠬᠢᠭᠳᠠᠭᠤᠯᠵᠤ ᠪᠣᠯᠬᠤ ᠦᠭᠡᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ 56 ᠦᠨᠳᠦᠰᠦᠲᠡᠨ ᠬᠠᠮᠲᠤ ᠪᠠᠷ ᠶᠠᠳᠠᠭᠤ ᠠᠴᠠ ᠠᠩᠭᠢᠵᠢᠷᠠᠵᠤ ᠴᠢᠨᠡᠭᠡᠯᠢᠭ ᠨᠡᠶᠢᠭᠡᠮ ᠳᠤ ᠣᠷᠣᠬᠤ ᠮᠢᠩᠭᠠᠨ ᠵᠢᠯ ᠤᠨ ᠬᠦᠰᠡᠯ ᠡᠷᠡᠮᠡᠯᠵᠡᠯ ᠢᠶᠠᠨ ᠪᠡᠶᠡᠯᠡᠭᠦᠯᠪᠡ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠠᠰᠤᠷᠠᠯᠲᠠ ᠦᠭᠡᠢ ᠭᠦᠨᠵᠡᠭᠡᠶᠢᠷᠡᠬᠦ ᠶᠢ ᠳᠠᠭᠠᠯᠳᠤᠨ᠂ ᠦᠨᠳᠦᠰᠦᠲᠡᠨ ᠨᠦᠭᠦᠳ ᠠᠵᠤ ᠠᠬᠤᠢ ᠶᠢᠨ ᠲᠠᠯ᠎ᠠ ᠪᠠᠷ ᠨᠡᠩ ᠢᠯᠡᠭᠦᠦ ᠬᠠᠮᠲᠤ ᠪᠠᠷ ᠪᠠᠶᠠᠵᠢᠨ ᠴᠢᠨᠡᠭᠡᠯᠢᠭᠵᠢᠵᠦ ᠬᠠᠮᠲᠤ ᠪᠠᠷ ᠡᠳ᠋ᠯᠡᠬᠦ ᠪᠣᠯᠵᠠᠢ᠃ ᠦᠨᠳᠦᠰᠦᠲᠡᠨ ᠤ ᠭᠠᠵᠠᠷ ᠣᠷᠣᠨ ᠤ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠲᠦᠷᠭᠡᠪᠴᠢᠯᠡᠨ ᠠᠭᠤᠰᠤᠨ ᠣᠷᠣᠬᠤ ᠶᠢ ᠳᠡᠮᠵᠢᠵᠦ᠂ ᠡᠯ᠎ᠡ ᠭᠠᠵᠠᠷ ᠣᠷᠣᠨ ᠤ ᠠᠵᠤ ᠠᠬᠤᠢ ᠶᠢᠨ ᠲᠠᠯ᠎ᠠ ᠪᠠᠷ ᠨᠡᠩ ᠨᠢᠭᠲᠠ ᠬᠤᠯᠪᠣᠯᠳᠤᠵᠤ᠂ ᠨᠢᠭᠡ ᠴᠣᠭᠴᠠ ᠪᠤᠯᠵᠤ ᠠᠭᠤᠰᠤᠨ ᠨᠡᠶᠢᠯᠡᠬᠦ ᠶᠢ ᠠᠬᠢᠭᠤᠯᠬᠤ ᠬᠡᠷᠡᠭᠲᠡᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠠᠷ ᠪᠥᠬᠦ ᠲᠠᠯ᠎ᠠ ᠪᠠᠷ ᠲᠤᠭᠤᠰᠢᠯᠠᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠤᠨᠴᠠᠯᠢᠬᠳᠤ ᠳᠠᠪᠠᠭᠤᠯᠢᠭ ᠠᠵᠤ ᠦᠶ᠋ᠯᠡᠰ ᠢ ᠶᠡᠭᠡ ᠪᠠᠷ ᠬᠥᠭᠵᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠰᠠᠶᠢᠲᠠᠶ ᠦᠶ᠋ᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠶ᠃ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠦᠨᠳᠦᠰᠦᠨ ᠣᠯᠠᠨ ᠨᠡᠶᠢᠲᠡ ᠶᠢᠨ  ᠦᠢᠯᠡᠴᠢᠯᠡᠭᠡᠨ ᠤ ᠲᠡᠩᠴᠡᠭᠦᠷᠢᠲᠦ ᠴᠢᠨᠠᠷ ᠪᠠ ᠪᠣᠯᠤᠮᠵᠢᠲᠤ ᠴᠢᠨᠠᠷ ᠢ ᠴᠢᠩᠭᠠᠳᠬᠠᠨ᠂ ᠠᠷᠠᠳ ᠤᠨ ᠰᠠᠨᠠᠭᠠᠨ ᠳᠤ ᠨᠡᠶᠢᠴᠡᠭᠰᠡᠨ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠪᠣᠳᠠᠲᠤ ᠶᠠᠪᠤᠳᠠᠯ ᠢ ᠢᠯᠡᠭᠦᠬᠡᠨ ᠬᠢᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠲᠠ ᠥᠬᠡᠶ ᠬᠠᠩᠭᠠᠨ᠎ᠠ᠃    ᠦᠨᠳᠦᠰᠦᠲᠡᠨ ᠨᠦᠭᠦᠳ ᠤᠨ ᠪᠦᠬᠦ ᠲᠠᠯ᠎ᠠ ᠶᠢᠨ ᠰᠢᠭᠢᠳᠬᠡᠯ ᠢ ᠲᠦᠯᠬᠢᠨ ᠠᠬᠢᠭᠤᠯᠤᠨ᠎ᠠ᠃ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠪᠣᠯ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠵᠠᠶᠢᠯᠠᠰᠢ ᠦᠭᠡᠢ ᠵᠠᠮᠨᠠᠬᠤ ᠵᠠᠮ ᠮᠥᠨ᠃ ᠳᠤᠮᠳᠠᠳᠤ ᠶᠢᠨ ᠦᠨᠳᠦᠰᠦᠲᠡᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠳᠤᠮᠳᠠ ᠴᠣᠭᠴᠠᠯᠠᠭᠳᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠴᠤ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠳᠤᠮᠳᠠ ᠪᠡᠶᠡᠯᠡᠭᠳᠡᠬᠦ ᠨᠢ ᠯᠠᠪᠲᠠᠢ᠃ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠯᠡᠨ᠂ ᠬᠢᠯᠢ ᠬᠢᠵᠠᠭᠠᠷ ᠪᠣᠯᠤᠨ ᠦᠨᠳᠦᠰᠦᠲᠡᠨ ᠤ ᠭᠠᠵᠠᠷ ᠣᠷᠣᠨ ᠤ ᠵᠠᠮ ᠬᠠᠷᠢᠯᠴᠠᠭ᠎ᠠ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠮᠦᠨ ᠢᠶᠠᠷ ᠦᠨᠳᠦᠰᠦ ᠪᠣᠯᠭᠠᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠴᠢᠯᠠᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠦᠨᠳᠦᠰᠦᠲᠡᠨ ᠨᠦᠭᠦᠳ ᠤᠨ ᠬᠥᠮᠦᠨ ᠠᠮᠠ ᠶᠢᠨ ᠨᠡᠭᠦᠳᠡᠯᠯᠡᠵᠦ ᠨᠡᠶᠢᠯᠡᠵᠦ ᠰᠠᠭᠤᠷᠢᠰᠢᠬᠤ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠬᠤ ᠬᠡᠷᠡᠭᠲᠡᠶ᠃ ᠰᠢᠭᠢᠳᠬᠡᠯᠳᠦ ᠮᠠᠶ᠋ᠢᠭ ᠤᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠠᠶᠢᠭᠤᠯᠵᠤ᠂ ᠦᠨᠳᠦᠰᠦᠲᠡᠨ ᠨᠦᠭᠦᠳ ᠤᠨ ᠪᠥᠬᠦ ᠲᠠᠯ᠎ᠠ ᠪᠠᠷ ᠰᠢᠭᠢᠳᠬᠡᠬᠦ  ᠦᠢᠯᠡᠳᠦᠯᠭᠡ ᠶᠢᠨ ᠠᠷᠭ᠎ᠠ ᠵᠠᠮ ᠢ ᠲᠠᠰᠤᠷᠠᠯᠲᠠ ᠥᠬᠡᠶ ᠥᠷᠭᠡᠳᠬᠡᠨ᠂ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号