ᠤᠶᠢᠷ᠎ᠠ ᠶᠢᠨ ᠡᠳᠦᠷ᠂ ᠬᠥᠬᠡᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠪᠣᠯᠤᠨ ᠬᠥᠬᠡᠬᠤᠲᠠ ᠶᠢᠨ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠬᠠᠮᠲᠤᠷᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ ᠺᠢᠨᠣ᠋ ᠰᠣᠨᠢᠷᠬᠠᠬᠤ ᠠᠵᠢᠯᠯᠠᠭ᠎ᠠ ᠥᠷᠨᠢᠭᠦᠯᠵᠦ᠂ | ᠪᠦᠬᠦ ᠬᠤᠳᠠ ᠶᠢᠨ 80 ᠠᠵᠢᠯᠳᠠᠨ ᠠᠵᠢᠯᠴᠢᠨ ᠤᠯᠠᠭᠠᠨ ᠠᠨᠠᠷ ᠺᠢᠨᠣ᠋ ᠶᠢᠨ ᠬᠤᠳᠠ ᠳᠤ ᠴᠤᠭᠯᠠᠷᠠᠵᠤ᠂ ︽ᠲᠠᠯᠠᠢ ᠶᠢᠨ | ᠳᠡᠷᠳᠡᠭᠡᠬᠢ ᠲᠠᠯ᠎ᠠ ᠨᠤᠲᠤᠭ︾ ᠭᠡᠬᠦ ᠺᠢᠨᠣ᠋ ᠶᠢ ᠰᠣᠨᠢᠷᠬᠠᠪᠠ᠃ | ᠺᠢᠨᠣ᠋ ᠨᠢ ︽ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ ᠢᠷᠡᠭᠰᠡᠨ︾ ᠦᠨᠡᠨ ᠪᠣᠳᠠᠲᠠᠶ | ᠬᠡᠷᠡᠭ ᠢᠶᠠᠷ ᠠᠬᠤᠶ ᠪᠠᠶᠢᠳᠠᠯ ᠪᠣᠯᠭᠠᠵᠤ᠂ ᠳᠡᠭᠡᠷ᠎ᠡ ᠵᠠᠭᠤᠨ ᠤ ᠲᠠᠪᠢᠭᠠᠳ ᠣᠨ ᠤ ᠰᠡᠭᠦᠯᠴᠢ ᠪᠠᠷ᠂ ᠰᠢᠨ᠎ᠡ ᠳᠤᠮᠳᠠᠳᠤ | ᠤᠯᠤᠰ ᠬᠦᠨᠳᠦ ᠨᠣᠴᠢᠲᠠᠶ ᠪᠠᠶᠢᠭᠠᠯᠢ ᠶᠢᠨ ᠭᠠᠮᠰᠢᠭ ᠲᠤ ᠤᠴᠠᠷᠠᠵᠤ᠂ ᠦᠯᠡᠮᠵᠢ ᠣᠯᠠᠨ ᠡᠮᠦᠨᠡᠲᠦ ᠣᠷᠣᠨ ᠤ | ᠥᠨᠥᠴᠢᠨ ᠬᠡᠦᠬᠡᠳ ᠲᠤ ᠰᠢᠮ᠎ᠡ ᠲᠡᠵᠢᠭᠡᠯ ᠳᠤᠲᠠᠭᠳᠠᠬᠤ ᠬᠢᠮᠤᠷᠠᠯ ᠲᠤᠯᠭᠠᠷᠠᠭᠰᠠᠨ ᠲᠤᠬᠠᠶ ᠶᠠᠷᠢᠪᠠ᠃ ᠡᠨᠡ ᠬᠦ | ᠵᠠᠩᠭᠢᠯᠠᠭ᠎ᠠ ᠶᠢᠨ ᠦᠶ᠎ᠡ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠰᠠᠨᠠᠭᠠᠴᠢᠯᠠᠭ᠎ᠠ ᠠᠴᠠ ᠪᠠᠨ ᠲᠥᠪ | ᠬᠤᠷᠢᠶ᠎ᠠ ᠳᠤ ᠡᠷᠭᠦᠳᠡᠯ ᠳᠡᠪᠰᠢᠭᠦᠯᠵᠦ᠂ ︽ᠨᠢᠭᠡ ᠶᠢ ᠲᠤᠰᠪᠠᠯ ᠨᠢᠭᠡ ᠶᠢ ᠠᠮᠢᠳᠤᠷᠠᠭᠤᠯᠵᠤ᠂ ᠨᠢᠭᠡ ᠶᠢ ᠪᠤᠶᠢᠵᠢᠭᠤᠯᠬᠤ︾ | ᠵᠠᠷᠴᠢᠮ ᠢᠶᠠᠷ᠂ ᠭᠤᠷᠪᠠᠨ ᠮᠢᠩᠭ᠎ᠠ ᠭᠠᠷᠤᠢ ᠥᠨᠥᠴᠢᠨ ᠬᠡᠦᠬᠡᠳ ᠢ ᠲᠠᠯ᠎ᠠ ᠨᠤᠲᠤᠭ ᠤᠨ ᠡᠭᠡᠯ ᠪᠣᠷᠣᠭᠵᠢᠭᠤᠨ | ᠮᠠᠯᠴᠢᠳ ᠲᠤ ᠡᠷᠭᠦᠨ ᠳᠡᠵᠢᠭᠡᠯᠭᠡᠭᠰᠡᠨ ᠰᠡᠳᠬᠢᠯ ᠬᠥᠳᠡᠯᠭᠡᠮ᠎ᠡ ᠦᠯᠢᠬᠡᠷ ᠢ ᠶᠠᠷᠢᠵᠠᠢ᠃ | ᠺᠢᠨᠣ᠋ ᠦᠵᠡᠭᠰᠡᠨ ᠤ ᠳᠠᠷᠠᠭ᠎ᠠ᠂ ᠠᠵᠢᠯᠲᠠᠳ ᠶᠡᠬᠡᠳᠡ ᠰᠣᠴᠢᠨ ᠳᠣᠭᠳᠣᠯᠵᠤ ᠪᠠᠶᠢᠬᠤ ᠪᠠᠨ ᠢᠯᠡᠳᠬᠡᠵᠡᠶ᠃ | ᠠᠵᠢᠯᠯᠠᠭ᠎ᠠ ᠳᠤ ᠣᠷᠣᠯᠴᠠᠭᠰᠠᠨ ᠨᠢᠭᠡᠨ ᠠᠵᠢᠯᠲᠠᠨ ᠢᠯᠡᠷᠬᠡᠶᠢᠯᠡᠬᠦ ᠳᠡᠭᠡᠨ᠂ ᠠᠵᠢᠯᠴᠢᠨ ᠤ ᠡᠪᠯᠡᠯ ᠤᠨ ᠬᠢᠨ ᠡᠶᠢᠮᠦᠷᠬᠦ | ᠬᠠᠮᠲᠤ ᠶᠢᠨ ᠠᠵᠢᠯᠯᠠᠭ᠎ᠠ ᠶᠢ ᠨᠠᠩ ᠣᠯᠠᠨ ᠡᠷᠭᠢᠯᠡᠵᠦ᠂ ᠠᠵᠢᠯᠲᠠᠨ ᠠᠵᠢᠯᠴᠢᠨ ᠤ ᠠᠵᠢᠯ ᠤᠨ ᠴᠢᠯᠥᠭᠡᠨ ᠤ | ᠰᠣᠶᠣᠯ ᠤᠨ ᠠᠮᠢᠳᠤᠷᠠᠯ ᠢ ᠪᠠᠶᠠᠵᠢᠭᠤᠯᠵᠤ᠂ ᠪᠠᠰᠠ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ | ᠰᠡᠳᠬᠢᠯᠭᠡ ᠶᠢ ᠵᠤᠵᠠᠭᠠᠳᠬᠠᠬᠤ ᠶᠢ ᠬᠦᠰᠡᠵᠦ ᠪᠠᠶᠢᠨ᠎ᠠ ᠭᠡᠵᠡᠶ᠃ |