ᠥᠪᠡᠷᠲᠡᠭᠡᠨ ᠵᠠᠰᠠᠬᠤ ᠣᠷᠣᠨ ᠤ ᠠᠶᠤᠯ ᠥᠬᠡᠶ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠵᠢᠭᠠᠨ ᠵᠢᠯᠣᠭᠤᠳᠬᠤ ᠳᠤᠭᠤᠶᠢᠯᠠᠩ ᠤᠨ ᠨᠢᠭᠡᠳᠦᠭᠡᠷ ᠳᠤᠭᠤᠶᠢᠯᠠᠩ ᠬᠥᠬᠡᠬᠤᠲᠠ ᠳᠤ ᠬᠦᠷᠴᠦ ᠵᠢᠭᠠᠨ ᠵᠢᠯᠣᠭᠤᠳᠴᠤ ᠬᠠᠪᠰᠤᠷᠤᠨ ᠲᠡᠳᠬᠦᠬᠦ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/10/9
    ᠥᠪᠡᠷᠲᠡᠭᠡᠨ ᠵᠠᠰᠠᠬᠤ ᠣᠷᠣᠨ ᠤ ᠠᠶᠤᠯ ᠥᠬᠡᠶ  ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 9 ᠳ᠋ᠦ᠋ᠭᠡᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠳᠡᠳ᠋ ᠳᠠᠷᠤᠭ᠎ᠠ ᠵᠢᠶᠠᠩ ᠳᠤ ᠮᠢᠩ ᠶᠡᠷᠦᠩᠬᠡᠶᠢᠯᠡᠭᠰᠡᠨ ᠵᠢᠯᠣᠭᠤᠳᠬᠤ ᠳᠤᠭᠤᠶᠢᠯᠠᠩ ᠤᠨ ᠨᠢᠭᠡᠳᠦᠭᠡᠷ ᠳᠤᠭᠤᠶᠢᠯᠠᠩ ᠢ ᠳᠠᠭᠠᠭᠤᠯᠤᠨ ᠬᠥᠬᠡᠬᠤᠲᠠ ᠳᠤ ᠬᠦᠷᠴᠦ᠂ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠥᠬᠡᠶ ᠦᠢᠯᠡᠳᠪᠦᠷᠢᠯᠡᠯ ᠤᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠶᠤᠯ ᠥᠬᠡᠶ ᠦᠢᠯᠡᠳᠪᠦᠷᠢᠯᠡᠯ ᠪᠣᠯᠤᠨ ᠨᠠᠮᠤᠷ ᠡᠪᠦᠯ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠸᠢᠳᠢᠣ᠋ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ᠂ ᠱᠠᠲᠤᠴᠢ ᠴᠢᠨᠠᠷᠲᠠᠶ ᠭᠤᠤᠯᠳᠠᠯᠭ᠎ᠠ ᠲᠠᠢ ᠠᠵᠢᠯ ᠢ ᠠᠬᠢᠭᠤᠯᠤᠭᠰᠠᠨ ᠵᠡᠷᠭᠡ ᠪᠠᠶᠢᠳᠠᠯ ᠳᠤ ᠵᠢᠭᠠᠨ ᠵᠢᠯᠣᠭᠤᠳᠴᠤ ᠬᠠᠪᠰᠤᠷᠤᠨ ᠲᠡᠳᠬᠦᠬᠦ ᠪᠠᠶᠢᠴᠠᠭᠠᠯᠲᠠ ᠥᠷᠨᠢᠭᠦᠯᠪᠡ᠃    ᠵᠢᠯᠣᠭᠤᠳᠬᠤ ᠳᠤᠭᠤᠶᠢᠯᠠᠩ ᠲᠠᠰᠢᠷᠠᠮ ᠢᠶᠠᠷ 2 ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ ᠰᠣᠩᠭᠤᠨ ᠭᠠᠷᠭᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠤᠨ ᠶᠡᠷᠦᠩᠬᠡᠶᠢᠯᠡᠭᠰᠡᠨ ᠪᠠᠶᠢᠴᠠᠭᠠᠬᠤ ᠳᠤᠭᠤᠶᠢᠯᠠᠩ ᠤᠨ ᠨᠢᠭᠡᠳᠦᠭᠡᠷ ᠤᠯᠠᠷᠢᠯ ᠤᠨ ᠬᠠᠷᠢᠭᠤ ᠲᠤᠰᠬᠠᠭᠰᠠᠨ ᠠᠰᠠᠭᠤᠳᠠᠯ ᠤᠨ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ᠂ ᠬᠦᠨᠳᠦ ᠶᠡᠭᠡ ᠠᠳᠡᠯ ᠤᠨ ᠳᠠᠯᠳᠠ ᠬᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢᠨ ᠪᠠᠶᠢᠳᠠᠯ᠂ ᠠᠶᠤᠯ ᠥᠬᠡᠶ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ᠂ 2024 ᠣᠨ ᠤ ᠮᠤᠵᠢ ᠶᠢᠨ ᠱᠠᠲᠤᠨ ᠤ ᠵᠠᠰᠠᠭ ᠤᠨ ᠣᠷᠳᠣᠨ ᠤ ᠠᠶᠤᠯ ᠥᠬᠡᠶ ᠦᠢᠯᠡᠳᠪᠦᠷᠢᠯᠡᠯ ᠪᠠ ᠭᠠᠯ ᠤᠨᠲᠠᠷᠠᠭᠠᠬᠤ ᠠᠵᠢᠯ ᠤᠨ ᠬᠢᠨᠠᠨ ᠰᠢᠯᠭᠠᠬᠤ ᠭᠤᠤᠯᠳᠠᠯᠭ᠎ᠠ ᠶᠢᠨ ᠲᠣᠭᠤᠷᠢᠨ ᠳᠤ ᠥᠪᠡᠰᠦᠪᠡᠨ ᠪᠠᠶᠢᠴᠠᠭᠠᠭᠰᠠᠨ ᠪᠠᠶᠢᠳᠠᠯ ᠵᠡᠷᠭᠡ ᠲᠠᠢ ᠬᠠᠷᠭᠤᠭᠤᠯᠤᠨ ᠬᠡᠷ ᠲᠤᠨᠢ ᠬᠦᠷᠴᠦ ᠠᠰᠠᠭᠤᠨ ᠯᠠᠪᠯᠠᠵᠤ᠂ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠤᠨ ᠳᠠᠯᠳᠠ ᠬᠡᠮ ᠢ ︽ᠭᠠᠷᠲᠠᠨ︾ ᠬᠠᠪᠰᠤᠷᠤᠨ ᠰᠤᠷᠭᠠᠵᠤ ᠴᠡᠭᠴᠡᠯᠡᠨ ᠰᠠᠶᠢᠵᠢᠷᠠᠭᠤᠯᠪᠠ︔ ᠬᠥᠬᠡᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠵᠢᠴᠢ ᠠᠵᠤ ᠠᠬᠤᠶᠢᠯᠠᠯ ᠤᠨ ᠬᠤᠯᠪᠣᠭᠳᠠᠯ ᠪᠦᠬᠦᠢ ᠬᠥᠮᠦᠰ ᠲᠠᠢ ᠶᠠᠷᠢᠯᠴᠠᠨ ᠰᠠᠨᠠᠯ ᠢᠶᠠᠨ ᠰᠣᠯᠢᠯᠴᠠᠵᠤ᠂ ᠪᠣᠳᠠᠲᠤ ᠬᠦᠴᠢᠷᠳᠡᠯ ᠢ ᠣᠶᠢᠯᠠᠭᠠᠬᠤ ᠶᠢᠨ ᠬᠠᠮᠲᠤ ᠬᠠᠨᠳᠤᠯᠭᠠᠲᠤ ᠴᠢᠨᠠᠷᠲᠠᠶ  ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠳᠤᠷᠠᠳᠪᠠ᠃    ᠲᠠᠷᠠᠭᠠᠴᠢ ᠶᠢᠨ ᠠᠯᠬᠤᠮ ᠳᠤ᠂ ᠵᠢᠯᠣᠭᠤᠳᠬᠤ ᠳᠤᠭᠤᠶᠢᠯᠠᠩ ᠤᠨ ᠬᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ ᠠᠩᠬᠠᠷᠴᠤ᠂ ᠬᠥᠬᠡᠬᠤᠲᠠ ᠶᠢ ᠦᠷᠭᠦᠯᠵᠢᠯᠡᠨ ᠱᠠᠯᠠᠪᠳᠠᠭᠤᠯᠤᠨ ᠱᠠᠭᠠᠷᠳᠠᠵᠤ ᠪᠠᠶᠢᠭᠠᠳ ︽ᠴᠠᠭ ᠢᠮᠠᠭᠲᠠ ᠰᠡᠳᠬᠢᠯ ᠠᠮᠤᠷ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ᠂ ᠠᠶᠤᠯ ᠥᠬᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠳᠠᠯᠠᠵᠤ᠂ ᠠᠶᠤᠯ ᠥᠬᠡᠶ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠵᠡᠷᠭᠡ ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠪᠠᠶᠠᠷ ᠤᠨ ᠡᠳᠦᠷ ᠤᠨ ᠬᠤᠭᠤᠴᠠᠭᠠᠨ ᠳᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠳᠤ ᠠᠮᠤᠷ ᠲᠦᠪᠰᠢᠨ ᠲᠣᠭᠲᠠᠭᠤᠨ ᠠᠭᠤᠷ ᠠᠮᠢᠰᠬᠤᠯ ᠢ ᠪᠣᠶ ᠪᠣᠯᠭᠠᠨ᠎ᠠ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号