ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ᠥᠪᠥᠷ ᠵᠠᠰᠠᠭ ᠦᠰᠦᠭ ﹇2024﹈ 149 ᠳ᠋ᠦ᠋ᠭᠡᠷ ᠲᠣᠭᠠᠲᠤ | | ︽ᠬᠥᠬᠡᠬᠤᠲᠠ ᠶᠢᠨ ᠰᠠᠶᠢᠬᠠᠨ ᠲᠣᠭᠤᠷᠢᠭ ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ | ᠬᠥᠭᠵᠢᠭᠦᠯᠬᠦ ᠲᠥᠰᠥᠯ ︵2024 — 2025 ᠣᠨ︶︾ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ | | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄ | ᠲᠠᠨ ᠤ ᠬᠤᠲᠠ ᠶᠢᠨ ︽ᠬᠥᠬᠡᠬᠤᠲᠠ ᠶᠢᠨ ᠰᠠᠶᠢᠬᠠᠨ ᠲᠣᠭᠤᠷᠢᠭ ᠤᠨ ᠭᠠᠵᠠᠷ ᠰᠢᠷᠣᠢ ᠲᠠᠲᠠᠪᠤᠷᠢᠯᠠᠨ | ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵2024 — 2025 ᠣᠨ︶ ᠢ ᠵᠥᠪᠰᠢᠶᠡᠷᠡᠭᠦᠯᠬᠦ | ᠲᠤᠬᠠᠢ ᠡᠰᠢᠯᠡᠯᠲᠡ︾ ︵ᠬᠥᠬᠡᠬᠤᠲᠠ ᠵᠠᠰᠠᠭ ᠲᠠᠷᠬᠠᠭᠠᠭᠰᠠᠨ ﹇2024﹈ 113 ᠳ᠋ᠤᠭᠠᠷ ᠲᠣᠭᠠᠲᠤ︶ ᠶᠢ ᠬᠦᠯᠢᠶᠡᠨ | ᠠᠪᠴᠤ ᠣᠶᠢᠯᠠᠭᠠᠯ᠎ᠠ᠃ ᠡᠳᠦᠭᠡ ᠳᠣᠣᠷᠠᠬᠢ ᠮᠡᠲᠦ ᠴᠣᠬᠤᠯᠠᠪᠤᠷᠢᠯᠠᠪᠠ᠄ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠤᠰᠬᠠᠢ ᠮᠡᠷᠭᠡᠵᠢᠯᠲᠡᠨ ᠢ | ᠵᠣᠬᠢᠶᠠᠨ ᠪᠠᠶᠢᠭᠤᠯᠵᠤ ᠨᠤᠲᠠᠯᠠᠭᠤᠯᠬᠤ ᠪᠠ ᠬᠢᠨᠠᠨ ᠪᠠᠶᠢᠴᠠᠭᠠᠯᠭᠠᠭᠠᠳ᠂ ︽ᠬᠥᠬᠡᠬᠤᠲᠠ ᠶᠢᠨ ᠰᠠᠶᠢᠬᠠᠨ | ᠲᠣᠭᠤᠷᠢᠭ ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵2024 | — 2025 ᠣᠨ︶︾ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ | ᠬᠠᠮᠢᠶᠠᠷᠤᠯᠲᠠ ᠶᠢᠨ ᠬᠠᠤᠯᠢ︾᠂ ︽︿ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ | ᠬᠥᠭᠵᠢᠭᠦᠯᠬᠦ ᠪᠠᠷᠢᠮᠵᠢᠶ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ | ᠮᠡᠳᠡᠭᠳᠡᠯ︾ ︵ᠪᠠᠶᠢᠭᠠᠯᠢ ᠡᠬᠢ ᠪᠠᠶᠠᠯᠢᠭ ᠲᠣᠭᠲᠠᠭᠠᠯ ﹇2023﹈ 7 ᠳ᠋ᠤᠭᠠᠷ ᠲᠣᠭᠠᠲᠤ︶ ᠪᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ | ᠬᠥᠭᠵᠢᠭᠦᠯᠬᠦ ᠶᠢ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ᠤᠨ ᠱᠠᠭᠠᠷᠳᠠᠯᠭ᠎ᠠ ᠳᠤ ᠨᠡᠶᠢᠴᠡᠵᠦ᠂ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢᠨ ᠬᠠᠮᠢᠶᠠᠷᠤᠨ ᠡᠵᠡᠮᠳᠡᠬᠦ | ᠳᠦᠷᠢᠮ ᠳᠤ ᠨᠡᠶᠢᠴᠡᠬᠦ ᠪᠣᠯᠬᠤᠷ᠂ ︽ᠬᠥᠬᠡᠬᠤᠲᠠ ᠶᠢᠨ ᠰᠠᠶᠢᠬᠠᠨ ᠲᠣᠭᠤᠷᠢᠭ ᠤᠨ ᠭᠠᠵᠠᠷ ᠰᠢᠷᠣᠢ ᠲᠠᠲᠠᠪᠤᠷᠢᠯᠠᠨ | ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵2024 — 2025 ᠣᠨ︶︾ ᠢ ᠵᠠᠷᠴᠢᠮ | ᠳᠡᠭᠡᠷ᠎ᠡ ᠪᠠᠨ ᠵᠥᠪᠰᠢᠶᠡᠷᠡᠪᠡ᠂ ᠡᠯ᠎ᠡ ᠵᠦᠢᠯ ᠤᠨ ᠠᠵᠢᠯ ᠢᠶᠠᠨ ᠬᠠᠤᠯᠢ ᠲᠣᠭᠲᠠᠭᠠᠯ ᠶᠣᠰᠣᠭᠠᠷ ᠰᠠᠶᠢᠲᠤᠷ ᠬᠢᠲᠦᠭᠡᠢ᠃ | 2024 ᠣᠨ ᠤ 7 ᠳ᠋ᠤᠭᠠᠷ ᠰᠠᠷ᠎ᠠ ᠶᠢᠨ 20 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |