ᠰᠢᠨᠬᠤᠸᠠ ᠬᠤᠷᠢᠶᠠᠨ ᠤ ᠪᠡᠭᠡᠵᠢᠩ ᠤᠨ 10 ᠳ᠋ᠤᠭᠠᠷ ᠰᠠᠷ᠎ᠠ ᠶᠢᠨ 13 ᠤ ᠡᠳᠦᠷ ᠤᠨ ᠴᠠᠭᠢᠯᠭᠠᠨ ᠮᠡᠳᠡᠭᠡ ︽ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠲᠣᠭᠲᠠᠭᠠᠯ︾ ᠳᠤ᠄ ︽ᠴᠢᠨᠠᠷ ᠰᠠᠶᠢᠲᠠᠢ ᠰᠣᠶᠣᠯ ᠤᠨ ᠡᠬᠢ ᠪᠠᠶᠠᠯᠢᠭ ᠢ ᠦᠨᠳᠦᠰᠦᠨ ᠱᠠᠲᠤᠨ ᠳᠤ | ᠰᠢᠭᠤᠳ ᠬᠦᠷᠭᠡᠬᠦ ᠲᠣᠭᠲᠠᠴᠠ ᠶᠢ ᠪᠠᠶᠢᠭᠤᠯᠤᠨ᠎ᠠ︾ ᠭᠡᠵᠦ ᠳᠤᠷᠠᠳᠴᠠᠢ᠃ ᠡᠨᠡ ᠪᠣᠯ ᠰᠢᠨ᠎ᠡ ᠪᠠᠶᠢᠳᠠᠯ ᠳᠣᠣᠷᠠᠬᠢ | ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠤᠭᠲᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠨ | ᠰᠠᠶᠢᠵᠢᠷᠠᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠪᠠᠶᠢᠵᠦ᠂ ᠲᠡᠷᠡ ᠨᠢ ᠥᠷᠭᠡᠨ ᠤᠯᠠᠨ ᠠᠷᠠᠳ ᠲᠦᠮᠡᠨ ᠤ ᠡᠳᠦᠷ | ᠢᠷᠡᠬᠦᠶ᠎ᠡ ᠨᠡᠮᠡᠭᠳᠡᠵᠦ ᠪᠠᠶᠢᠭ᠎ᠠ ᠤᠶᠤᠨ ᠤ ᠪᠠ ᠰᠣᠶᠣᠯ ᠤᠨ ᠬᠡᠷᠡᠭᠴᠡᠭᠡ ᠶᠢ ᠬᠠᠩᠭᠠᠬᠤ᠂ ᠠᠷᠠᠳ ᠲᠦᠮᠡᠨ ᠤ | ᠤᠶᠤᠨ ᠤ ᠠᠮᠢᠳᠤᠷᠠᠯ ᠢ ᠬᠠᠮᠲᠤ ᠪᠠᠷ ᠴᠢᠨᠡᠭᠡᠯᠢᠭᠵᠢᠭᠦᠯᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ | ᠶᠤᠮ᠃ | ᠴᠢᠨᠠᠷ ᠰᠠᠶᠢᠲᠠᠢ ᠰᠣᠶᠣᠯ ᠤᠨ ᠠᠮᠢᠳᠤᠷᠠᠯ ᠪᠣᠯ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠴᠢᠬᠤᠯᠠ | ᠪᠦᠷᠢᠯᠳᠦᠬᠦᠨ ᠬᠡᠰᠡᠭ ᠮᠥᠨ᠃ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ | ᠲᠦᠪᠰᠢᠨ ᠤ ᠲᠠᠰᠤᠷᠠᠯᠲᠠ ᠦᠭᠡᠢ ᠳᠡᠭᠡᠭᠰᠢᠯᠡᠬᠦ ᠶᠢ ᠳᠠᠭᠠᠯᠳᠤᠨ᠂ ᠤᠨᠴᠠᠭᠠᠶᠢᠯᠠᠨ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠦᠲᠦᠭᠡᠨ ᠪᠠᠶᠢᠭᠤᠯᠬᠤ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠦᠭᠰᠡᠨ ᠤ | ᠳᠠᠷᠠᠭ᠎ᠠ᠂ ᠥᠷᠭᠡᠨ ᠣᠯᠠᠨ ᠠᠷᠠᠳ ᠲᠦᠮᠡᠨ ᠤ ᠣᠶᠤᠨ ᠤ ᠪᠠ ᠰᠣᠶᠣᠯ ᠤᠨ ᠬᠡᠷᠡᠭᠴᠡᠭᠡ ᠱᠠᠭᠠᠷᠳᠠᠯᠭ᠎ᠠ ᠨᠡᠩ | ᠴᠢᠩᠭ᠎ᠠ᠂ ᠨᠡᠩ ᠪᠠᠶᠠᠯᠢᠭ ᠣᠯᠠᠨ ᠶᠠᠩᠵᠤ ᠶᠢᠨ ᠪᠤᠯᠤᠭᠰᠠᠨ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ | ᠬᠠᠮᠲᠤ ᠪᠠᠷ ᠴᠢᠨᠡᠭᠡᠯᠢᠭᠵᠢᠬᠦ ᠶᠢ ᠨᠢᠭᠡᠳᠦᠯᠲᠡᠢ ᠲᠦᠯᠦᠪᠯᠡᠨ ᠯᠠᠪᠳᠠᠭᠤᠨ ᠪᠠᠲᠤᠲᠠᠢ ᠠᠬᠢᠭᠤᠯᠬᠤ ᠠᠵᠢᠯ ᠤᠨ | ᠪᠠᠶᠢᠷᠢᠰᠢᠭᠤᠯᠤᠯᠲᠠ ᠬᠢᠬᠦ ᠳᠤ ᠪᠠᠨ᠂ ᠴᠠᠭ ᠲᠤ ᠨᠢ ᠲᠣᠬᠢᠷᠠᠭᠤᠯᠤᠨ ᠠᠷᠠᠳ ᠲᠦᠮᠡᠨ ᠤ ᠤᠶᠤᠨ ᠤ ᠠᠮᠢᠳᠤᠷᠠᠯ ᠢ | ᠬᠠᠮᠲᠤ ᠪᠠᠷ ᠴᠢᠨᠡᠭᠡᠯᠢᠭᠵᠢᠭᠦᠯᠬᠦ ᠶᠢ ᠠᠬᠢᠭᠤᠯᠬᠤ ᠡᠨᠡ ᠬᠦ ᠴᠢᠬᠤᠯᠠ ᠶᠡᠭᠡ ᠰᠡᠳᠦᠪ ᠢ ᠳᠤᠷᠠᠳᠴᠠᠢ᠃ ᠡᠯ᠎ᠡ ᠭᠠᠵᠠᠷ | ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ | ᠤᠯᠠᠨ ᠨᠡᠶᠢᠲᠡ ᠶᠢᠨ ᠰᠣᠶᠣᠯ ᠤᠨ ᠦᠢᠯᠡᠰ ᠤᠨ ᠣᠷᠣᠭᠤᠯᠤᠯᠲᠠ ᠶᠢ ᠨᠡᠮᠡᠭᠳᠡᠭᠦᠯᠵᠦ᠂ ᠤᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡᠨ ᠤ ᠲᠤᠭᠲᠠᠯᠴᠠᠭ᠎ᠠ ᠶᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠠᠷᠠᠳ ᠤᠯᠠᠨ ᠤ ᠦᠨᠳᠦᠰᠦᠨ ᠰᠣᠶᠣᠯ ᠤᠨ | ᠡᠷᠬᠡ ᠠᠰᠢᠭ ᠢ ᠪᠠᠲᠤᠯᠠᠵᠤ᠂ ᠬᠠᠮᠢᠶ᠎ᠠ ᠪᠦᠬᠦᠢ ᠠᠵᠢᠯ ᠳᠤ ᠲᠠᠰᠤᠷᠠᠯᠳᠠ ᠦᠭᠡᠢ ᠢᠯᠡᠳᠲᠡ ᠠᠬᠢᠴᠠ ᠪᠠ ᠦᠷ᠎ᠡ | ᠪᠦᠲᠦᠮᠵᠢ ᠤᠯᠪᠠ᠃ ᠡᠭᠦᠨ ᠤ ᠬᠠᠮᠲᠤ᠂ ᠵᠠᠷᠢᠮ ᠣᠯᠠᠨ ᠲᠦᠮᠡᠨ ᠪᠠᠰᠠ ᠦᠨᠳᠦᠰᠦᠨ ᠱᠠᠲᠤᠨ ᠤ ᠣᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡ ︽ᠣᠮᠳᠠ ᠲᠠᠶᠢᠯᠬᠤ︾ ᠲᠠᠯ᠎ᠠ ᠪᠠᠷ ᠬᠦᠷᠦᠯᠴᠡᠬᠦ ᠦᠭᠡᠢ᠂ ᠤᠨᠴᠠᠭᠠᠶᠢᠯᠠᠨ | ᠨᠡᠯᠢᠶᠡᠳ ᠴᠢᠨᠠᠷ ᠰᠠᠶᠢᠲᠠᠢ ᠰᠣᠶᠣᠯ ᠤᠨ ᠡᠬᠢ ᠪᠠᠶᠠᠯᠢᠭ ᠲᠠᠢ ᠣᠶᠢᠷᠠᠳᠬᠤ ᠳᠤ ᠪᠡᠷᠬᠡ ᠪᠠᠶᠢᠵᠦ᠂ ᠡᠨᠡ ᠨᠢ ᠪᠠᠰᠠ | ᠣᠳᠣᠬᠠᠨ ᠤ ᠡᠯ᠎ᠡ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠤᠭᠲᠠᠯᠴᠠᠭᠠᠨ ᠤ | ᠪᠠᠶᠢᠭᠤᠯᠤᠯᠲᠠ ᠳᠤ ᠪᠠᠰᠠ ᠭᠤᠤᠯᠳᠠᠯᠭ᠎ᠠ ᠲᠠᠢ ᠵᠦᠢᠯᠡᠰ ᠢ ᠳᠣᠷᠣᠭᠰᠢ ᠰᠢᠯᠵᠢᠭᠦᠯᠬᠦ᠂ ᠡᠬᠢ ᠪᠠᠶᠠᠯᠢᠭ ᠢ ᠳᠣᠷᠣᠭᠰᠢ | ᠨᠠᠶᠢᠳᠠᠪᠤᠷᠢᠵᠢᠭᠤᠯᠬᠤ ᠴᠢᠬᠤᠯᠠᠲᠠᠶ ᠪᠠᠶᠢᠬᠤ ᠶᠢ ᠬᠠᠷᠠᠭᠤᠯᠵᠤ ᠪᠤᠢ᠃ ᠴᠢᠨᠠᠷ ᠰᠠᠶᠢᠲᠠᠢ ᠰᠣᠶᠣᠯ ᠤᠨ ᠡᠬᠢ ᠪᠠᠶᠠᠯᠢᠭ ᠢ | ᠦᠨᠳᠦᠰᠦᠨ ᠱᠠᠲᠤᠨ ᠳᠤ ᠰᠢᠭᠤᠳ ᠬᠦᠷᠭᠡᠬᠦ ᠲᠣᠭᠲᠠᠴᠠ ᠶᠢ ᠪᠠᠶᠢᠭᠤᠯᠬᠤ ᠨᠢ ᠴᠢᠨᠠᠷ ᠰᠠᠶᠢᠲᠠᠢ ᠰᠣᠶᠣᠯ ᠤᠨ ᠡᠬᠢ | ᠪᠠᠶᠠᠯᠢᠭ ᠤᠨ ᠲᠡᠩᠴᠡᠭᠦᠷᠢᠲᠦ ᠴᠢᠨᠠᠷ ᠪᠠ ᠪᠣᠯᠤᠮᠵᠢᠲᠤ ᠴᠢᠨᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠠᠷᠠᠳ | ᠣᠯᠠᠨ ᠳᠤ ᠨᠡᠩ ᠰᠢᠯᠢᠳᠡᠭ᠂ ᠨᠡᠩ ᠦᠷ᠎ᠡ ᠪᠦᠲᠦᠮᠵᠢᠲᠡᠶ᠂ ᠨᠡᠩ ᠲᠥᠪ ᠭᠤᠤᠯᠴᠢ᠂ ᠨᠡᠩ ᠦᠷᠬᠦᠯᠵᠢᠯᠡᠬᠦ᠋ᠢᠴᠡ | ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠠᠩᠭᠠᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠢ | ᠰᠣᠶᠣᠯ ᠤᠨ ᠠᠵᠢᠯᠯᠠᠭ᠎ᠠ ᠳᠤ ᠨᠡᠩ ᠰᠠᠶᠢᠲᠤᠷ ᠣᠷᠣᠯᠴᠠᠭᠤᠯᠵᠤ᠂ ᠤᠳᠭ᠋᠎ᠠ ᠤᠷᠠᠯᠢᠭ ᠤᠨ ᠤᠷ᠎ᠠ ᠴᠢᠳᠠᠪᠤᠷᠢ ᠶᠢ ᠨᠢ | ᠪᠤᠶᠢᠵᠢᠭᠤᠯᠵᠤ᠂ ᠰᠣᠶᠣᠯ ᠤᠨ ᠠᠮᠢᠳᠤᠷᠠᠯ ᠢ ᠡᠳ᠋ᠯᠡᠭᠦᠯᠬᠦ᠂ ᠰᠣᠶᠣᠯ ᠤᠨ ᠬᠠᠯᠠᠭᠤᠨ ᠰᠡᠳᠬᠢᠯᠭᠡ ᠶᠢ ᠬᠦᠭᠵᠢᠭᠡᠬᠦ᠂ | ᠤᠶᠤᠨ ᠤ ᠬᠦᠴᠦᠨ ᠴᠢᠳᠠᠯ ᠢ ᠨᠢ ᠨᠡᠮᠡᠭᠳᠡᠭᠦᠯᠬᠦ ᠳᠤ ᠠᠰᠢᠭᠲᠠᠢ ᠶᠤᠮ᠃ | ᠡᠨᠡ ᠬᠦ ᠱᠠᠭᠠᠷᠳᠠᠯᠭ᠎ᠠ ᠶᠢ ᠣᠶᠢᠯᠠᠭᠠᠬᠤ ᠪᠠ ᠠᠬᠢᠭᠤᠯᠤᠨ ᠬᠡᠷᠡᠭᠵᠢᠭᠦᠯᠬᠦ ᠳᠤᠮᠳᠠ᠂ ᠳᠣᠤᠷᠠᠬᠢ 4 ᠲᠠᠯ᠎ᠠ ᠶᠢ | ᠬᠦᠴᠦᠯᠡᠨ ᠰᠠᠶᠢᠲᠤᠷ ᠡᠵᠡᠮᠳᠡᠬᠦ ᠬᠡᠷᠡᠭᠲᠡᠶ᠃ | ᠨᠢᠭᠡᠳᠦᠭᠡᠷ ᠲᠤ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ | ᠲᠤᠭᠲᠠᠯᠴᠠᠭ᠎ᠠ ᠶᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠠᠬᠢᠭᠤᠯᠤᠨ᠎ᠠ᠃ ᠨᠠᠮ ᠤᠨ ᠤᠳᠤᠷᠢᠳᠤᠯᠭ᠎ᠠ ᠳᠣᠤᠷ᠎ᠠ | ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠨᠡᠶᠢᠭᠡᠮ ᠤᠨ ᠬᠢᠨ ᠢ ᠤᠷᠤᠯᠴᠠᠭᠤᠯᠬᠤ᠂ ᠭᠤᠤᠯᠳᠠᠯᠭ᠎ᠠ ᠲᠠᠢ | ᠵᠦᠢᠯᠡᠰ ᠢ ᠦᠨᠳᠦᠰᠦᠨ ᠱᠠᠲᠤᠨ ᠳᠤ ᠰᠢᠯᠵᠢᠭᠦᠯᠬᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠬᠦᠷᠲᠡᠬᠦ ᠶᠢ ᠪᠠᠷᠢᠮᠲᠠᠯᠠᠨ | ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠭᠦᠨᠵᠡᠭᠡᠶ | ᠠᠬᠢᠭᠤᠯᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ︽ᠬᠠᠲᠠᠭᠤ ᠲᠣᠨᠤᠭ︾ ᠪᠠ ︽ᠵᠥᠭᠡᠯᠡᠨ | ᠲᠣᠨᠤᠭ︾ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠦᠨᠳᠦᠰᠦᠨ ᠱᠠᠲᠤᠨ ᠤ ᠣᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠣᠤᠷ ᠰᠦᠯᠵᠢᠶ᠎ᠡ ᠶᠢ ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠶᠢᠨ | ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠡᠬᠢ ᠪᠠᠶᠠᠯᠢᠭ ᠢ ᠨᠡᠶᠢᠳᠭᠡᠬᠦ ᠶᠢ ᠲᠦᠯᠬᠢᠨ ᠠᠬᠢᠭᠤᠯᠵᠤ᠂ | ᠴᠢᠨᠠᠷ ᠰᠠᠶᠢᠲᠠᠢ ᠰᠣᠶᠣᠯ ᠤᠨ ᠡᠬᠢ ᠪᠠᠶᠠᠯᠢᠭ ᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠡᠶᠢᠰᠢ ᠨᠡᠩ ᠢᠯᠡᠭᠦᠦ | ᠳᠣᠷᠣᠭᠰᠢ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠲᠡᠶᠢᠰᠢ ᠬᠡᠯᠪᠠᠶᠢᠯᠭᠡᠵᠦ᠂ ᠬᠤᠪᠢᠰᠬᠠᠯ ᠤᠨ ᠬᠠᠭᠤᠴᠢᠨ | ᠰᠠᠭᠤᠷᠢᠨ ᠭᠠᠵᠠᠷ᠂ ᠦᠨᠳᠦᠰᠦᠲᠡᠨ ᠤ ᠭᠠᠵᠠᠷ ᠣᠷᠣᠨ᠂ ᠬᠢᠯᠢ ᠬᠢᠵᠠᠭᠠᠷ ᠣᠷᠣᠨ ᠲᠡᠶᠢᠰᠢ ᠬᠡᠯᠪᠠᠶᠢᠯᠭᠡᠬᠦ ᠶᠢ | ᠬᠥᠲᠥᠯᠥᠨ ᠵᠢᠯᠣᠭᠤᠳᠤᠨ᠎ᠠ᠃ ᠡᠯ᠎ᠡ ᠱᠠᠲᠤᠨ ᠤ ᠡᠯ᠎ᠡ ᠲᠥᠷᠥᠯ ᠤᠨ ᠨᠣᠮ ᠤᠨ ᠰᠠᠩ᠂ ᠰᠣᠶᠣᠯ ᠤᠨ ᠦᠪ ᠤᠨ | ᠣᠷᠳᠣᠨ᠂ ᠮᠦᠽᠧᠶ᠂ ᠤᠷᠠᠨ ᠵᠢᠷᠤᠭ ᠤᠨ ᠣᠷᠳᠣᠨ᠂ ᠪᠣᠳᠠᠰ ᠤᠨ ᠪᠤᠰᠤ ᠰᠣᠶᠣᠯ ᠤᠨ ᠣᠷᠳᠣᠨ ᠵᠡᠷᠭᠡ ᠶᠢᠨ | ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠬᠤ ᠶᠢ ᠲᠦᠯᠬᠢᠨ ᠠᠬᠢᠭᠤᠯᠵᠤ᠂ ᠶᠡᠷᠦᠩᠬᠡᠶ ᠬᠤᠪᠢᠶᠠᠷᠢ | ᠣᠷᠳᠣᠨ ᠤ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠲᠠ ᠬᠥᠳᠡᠭᠡ ᠶᠢᠨ ᠰᠣᠶᠣᠯ ᠤᠨ | ᠰᠣᠯᠢᠯᠴᠠᠭᠠᠨ ᠤ ᠪᠠᠶᠢᠩᠭᠤᠰᠢᠭᠤᠯᠤᠭᠰᠠᠨ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠬᠥᠳᠡᠭᠡ ᠲᠣᠰᠬᠤᠨ ᠳᠤ | ᠨᠡᠶᠢᠲᠡ ᠶᠢᠨ ᠠᠰᠠᠷᠠᠮᠵᠢ ᠶᠢᠨ ᠺᠢᠨᠣ᠋ ᠶᠢ ᠲᠠᠷᠬᠠᠭᠠᠨ ᠦᠵᠡᠭᠦᠯᠬᠦ ᠪᠠ ︽ᠬᠤᠪᠢᠰᠬᠠᠯᠲᠤ ᠤᠳᠬ᠎ᠠ ᠤᠷᠠᠯᠢᠭ ᠤᠨ | ᠬᠥᠩᠭᠡᠨ ᠮᠣᠷᠢᠲᠤ ᠴᠡᠷᠢᠭ︾ ᠵᠡᠷᠭᠡ ᠬᠤᠲᠠ ᠬᠥᠳᠡᠭᠡ ᠶᠢᠨ ᠭᠦᠢᠯᠭᠡᠮᠡᠯ ᠰᠣᠶᠣᠯ ᠤᠨ ᠦᠢᠯᠡᠴᠢᠯᠡᠭᠡᠨ ᠢ ᠶᠡᠭᠡ ᠪᠠᠷ | ᠬᠦᠭᠵᠢᠭᠦᠯᠦᠨ᠎ᠡ᠃ | ᠬᠤᠶᠠᠳᠤᠭᠠᠷ ᠲᠤ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠠᠩᠭᠠᠯᠭ᠎ᠠ | ᠬᠡᠷᠡᠭᠴᠡᠭᠡ ᠶᠢ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠣᠯᠠᠨ ᠲᠦᠮᠡᠨ ᠤ ᠰᠣᠶᠣᠯ ᠤᠨ ᠬᠡᠷᠡᠭᠴᠡᠭᠡ | ᠱᠠᠭᠠᠷᠳᠠᠯᠭ᠎ᠠ ᠶᠢ ᠴᠤᠭᠯᠠᠭᠤᠯᠬᠤ ᠪᠠ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠵᠤ᠂ ︽ᠣᠯᠠᠨ ᠲᠦᠮᠡᠨ ᠤ | ᠵᠠᠬᠢᠶᠠᠯᠠᠭ᠎ᠠ ᠠᠪᠬᠤ︾ ᠪᠠ ︽ᠵᠠᠰᠠᠭ ᠤᠨ ᠣᠷᠳᠣᠨ ᠤ ᠲᠤᠭᠠᠴᠠᠭ᠎ᠠ ᠬᠢᠬᠦ︾ ᠶᠢ ᠨᠠᠩ ᠰᠠᠶᠢᠲᠤᠷ ᠵᠣᠯᠭᠠᠭᠤᠯᠬᠤ ᠶᠢ | ᠠᠬᠢᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠢᠨ᠎ᠡ ᠶᠢ ᠡᠭᠦᠳᠦᠨ ᠬᠡᠷᠡᠭᠵᠢᠭᠦᠯᠵᠦ᠂ | ᠴᠢᠨᠠᠷ ᠰᠠᠶᠢᠲᠠᠢ ᠰᠣᠶᠣᠯ ᠤᠨ ᠡᠬᠢ ᠪᠠᠶᠠᠯᠢᠭ ᠢ ᠬᠤᠲᠠ ᠬᠥᠳᠡᠭᠡ ᠶᠢᠨ ᠣᠯᠠᠨ ᠨᠡᠶᠢᠲᠡ ᠶᠢᠨ ᠰᠣᠶᠣᠯ ᠤᠨ ᠣᠷᠣᠨ | ᠵᠠᠶ ᠪᠠ ᠣᠯᠠᠨ ᠲᠦᠮᠡᠨ ᠤ ᠡᠳᠦᠷ ᠲᠤᠲᠤᠮ ᠤᠨ ᠠᠮᠢᠳᠤᠷᠠᠯ ᠳᠤ ᠪᠦᠲᠦᠮᠵᠢᠲᠡᠶ ᠠᠭᠤᠰᠤᠯᠴᠠᠬᠤ ᠶᠢ ᠠᠬᠢᠭᠤᠯᠵᠤ᠂ | ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ︽ᠡᠴᠦᠰ ᠤᠨ ᠨᠢᠭᠡ ᠺᠢᠯᠤᠮᠧᠳ᠋ᠷ︾ ᠢ | ᠨᠡᠪᠲᠡᠷᠡᠭᠦᠯᠦᠨ᠎ᠡ᠃ ︽ᠳᠤᠤᠷᠠᠲᠦ ᠱᠠᠲᠤ ᠠᠴᠠ ᠳᠡᠭᠡᠳᠦ ᠱᠠᠲᠤ ᠳᠡᠶᠢᠰᠢ ᠬᠡᠷᠡᠭᠴᠡᠭᠡ ᠪᠠᠷ ᠬᠠᠩᠭᠠᠯᠭ᠎ᠠ ᠶᠢ | ᠲᠤᠭᠲᠠᠭᠠᠬᠤ︾ ᠬᠠᠷᠢᠯᠴᠠᠨ ᠬᠥᠳᠡᠯᠦᠯᠴᠡᠬᠦ ᠮᠠᠶ᠋ᠢᠭ ᠤᠨ᠂ ᠲᠣᠪᠶᠤᠭ ᠮᠠᠶ᠋ᠢᠭ ᠤᠨ ᠬᠡᠯᠪᠡᠷᠢ ᠶᠢᠨ ᠣᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡᠨ ᠢ ᠰᠦᠪᠡᠭᠴᠢᠯᠡᠨ ᠥᠷᠨᠢᠭᠦᠯᠵᠦ᠂ ᠲᠥᠪᠯᠡᠷᠡᠭᠦᠯᠦᠨ ᠥᠨᠳᠥᠷ ᠦᠷ᠎ᠡ ᠪᠦᠲᠦᠮᠵᠢᠲᠡᠶ ᠪᠠᠷ | ᠲᠣᠬᠢᠷᠠᠭᠤᠯᠤᠨ ᠬᠦᠷᠭᠡᠬᠦ ᠪᠠ ᠠᠵᠢᠯᠯᠠᠭᠤᠯᠬᠤ ᠶᠢ ᠬᠡᠷᠡᠭᠵᠢᠭᠦᠯᠵᠦ᠂ ᠦᠨᠳᠦᠰᠦᠨ ᠱᠠᠲᠤᠨ ᠤ ᠣᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃ ᠨᠡᠶᠢᠭᠡᠮ ᠤᠨ ᠬᠦᠴᠦᠨ ᠢ | ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠳᠤ ᠢᠳᠡᠪᠬᠢᠲᠡᠶ ᠤᠷᠤᠯᠴᠠᠭᠤᠯᠬᠤ ᠶᠢ | ᠵᠣᠷᠢᠭᠵᠢᠭᠤᠯᠤᠨ᠂ ᠦᠨᠳᠦᠰᠦᠨ ᠱᠠᠲᠤᠨ ᠤ ᠰᠣᠶᠣᠯ ᠤᠨ ᠪᠡᠯᠡᠳᠬᠡᠮᠵᠢ ᠶᠢᠨ ᠨᠡᠶᠢᠭᠡᠮᠴᠢᠯᠡᠭᠰᠡᠨ ᠡᠵᠡᠩᠨᠡᠯᠲᠡ ᠶᠢ | ᠯᠠᠪᠳᠠᠭᠤᠨ ᠢᠶᠠᠷ ᠲᠦᠯᠬᠢᠨ ᠠᠬᠢᠭᠤᠯᠵᠤ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠲᠠᠰᠤᠷᠠᠯᠲᠠ ᠤᠢᠭᠡᠢ ᠨᠡᠮᠡᠭᠳᠡᠭᠦᠯᠦᠨ᠎ᠡ᠃ | ᠭᠤᠷᠪᠠᠳᠤᠭᠠᠷ ᠲᠤ᠂ ᠡᠯ᠎ᠡ ᠱᠠᠲᠤᠨ ᠤ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠳ᠋ᠢᠭᠢᠳ᠋ᠴᠢᠯᠡᠭᠰᠡᠨ | ᠡᠨᠧᠷᠭᠢ ᠣᠯᠭᠤᠬᠤ ᠶᠢ ᠴᠢᠩᠭᠠᠳᠬᠠᠨ᠎ᠠ᠃ ᠳ᠋ᠢᠭᠢᠳ᠋ᠴᠢᠯᠡᠭᠰᠡᠨ ᠮᠡᠷᠭᠡᠵᠢᠯ ᠢ ᠬᠡᠷᠡᠭᠯᠡᠨ ᠰᠣᠶᠣᠯ ᠤᠨ ᠡᠬᠢ ᠪᠠᠶᠠᠯᠢᠭ ᠢ | ᠨᠡᠶᠢᠳᠭᠡᠵᠦ᠂ ᠡᠯ᠎ᠡ ᠱᠠᠲᠤ ᠳᠠᠪᠬᠤᠷᠭ᠎ᠠ ᠶᠢᠨ ᠣᠯᠠᠨ ᠨᠡᠶᠢᠲᠡ ᠶᠢᠨ ᠰᠣᠶᠣᠯ ᠤᠨ ᠳ᠋ᠢᠭᠢᠲ᠋ᠠᠯ ᠡᠬᠢ ᠪᠠᠶᠠᠯᠢᠭ ᠤᠨ | ᠬᠥᠮᠥᠷᠭᠡ ᠶᠢᠨ ᠪᠦᠯᠦᠭᠵᠢᠯ ᠢ ᠨᠡᠪᠲᠡᠷᠡᠭᠦᠯᠵᠦ᠂ ᠤᠯᠤᠰ ᠤᠨ ᠰᠣᠶᠣᠯ ᠤᠨ ᠲᠣᠮᠣ ᠳ᠋ᠠᠶᠢᠲ᠋ᠠ ᠶᠢᠨ ᠲᠤᠭᠲᠠᠯᠴᠠᠭ᠎ᠠ ᠶᠢ | ᠪᠠᠶᠢᠭᠤᠯᠵᠤ᠂ ᠤᠶᠤᠨᠲᠤ ᠨᠣᠮ ᠤᠨ ᠰᠠᠩ᠂ ᠤᠶᠤᠨᠲᠤ ᠮᠦᠽᠧᠶ᠂ ᠤᠶᠤᠨᠲᠤ ᠷᠠᠳᠢᠣ᠋ ᠲᠧᠯᠸᠢᠰ ᠵᠡᠷᠭᠡ ᠳ᠋ᠢᠭᠢᠲ᠋ᠠᠯ | ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠡᠭᠦᠯᠡᠨ ᠦᠵᠡᠰᠬᠦᠯᠡᠩ᠂ ᠡᠭᠦᠯᠡᠨ ᠤᠩᠰᠢᠯᠭ᠎ᠠ᠂ ᠡᠭᠦᠯᠡᠨ ᠦᠵᠡᠵᠦ | ᠰᠣᠨᠣᠰᠬᠤ᠂ ᠡᠭᠦᠯᠡᠨ ᠪᠡᠶᠡᠴᠢᠯᠡᠨ ᠣᠶᠢᠯᠠᠭᠠᠬᠤ ᠶᠢ ᠢᠳᠡᠪᠬᠢᠲᠡᠢ ᠬᠥᠭᠵᠢᠭᠦᠯᠵᠦ᠂ ᠬᠦᠳᠡᠭᠡ ᠠᠶᠢᠯ ᠤᠨ ᠨᠣᠮ ᠤᠨ | ᠥᠷᠥᠭᠡ ᠶᠢᠨ ᠳ᠋ᠢᠭᠢᠳ᠋ᠴᠢᠯᠡᠭᠰᠡᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠥᠷᠭᠡᠨ ᠣᠯᠠᠨ ᠠᠷᠠᠳ ᠲᠦᠮᠡᠨ ᠢ ︽ | ᠡᠭᠦᠯᠡᠨ ᠦᠵᠦᠭᠦᠷ︾᠂ ︽ᠬᠤᠷᠤᠭᠤᠨ ᠦᠵᠦᠭᠦᠷ︾ ᠢᠶᠠᠷ ᠳᠠᠮᠵᠢᠭᠤᠯᠤᠨ ᠣᠯᠠᠨ ᠶᠠᠩᠵᠤᠴᠢᠯᠠᠭᠰᠠᠨ᠂ | ᠣᠨᠣᠪᠴᠢᠯᠠᠭᠰᠠᠨ᠂ ᠴᠢᠨᠠᠷ ᠰᠠᠶᠢᠲᠠᠢ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠲᠠᠢ ᠰᠢᠭᠤᠳ | ᠵᠣᠯᠭᠠᠭᠤᠯᠤᠨ᠎ᠠ᠃ | ᠳᠦᠷᠪᠡᠳᠦᠭᠡᠷ ᠲᠤ᠂ ︽ᠰᠤᠶᠤᠯ ᠢ ᠬᠦᠷᠭᠡᠬᠦ︾ ᠪᠠ ︽ᠰᠤᠶᠤᠯ ᠢ ᠦᠨᠳᠦᠰᠦᠯᠡᠭᠦᠯᠬᠦ︾ ᠶᠢ ᠣᠷᠭᠠᠨᠢᠭ ᠢᠶᠠᠷ | ᠤᠶᠠᠯᠳᠤᠭᠤᠯᠬᠤ ᠶᠢ ᠠᠬᠢᠭᠤᠯᠤᠨ᠎ᠠ᠃ ᠦᠨᠳᠦᠰᠦᠨ ᠱᠠᠲᠤᠨ ᠤ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ | ᠲᠡᠳᠬᠦᠵᠦ ᠬᠥᠲᠥᠯᠥᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠤᠷᠠᠯᠢᠭ ᠤᠨ ᠵᠢᠯᠣᠭᠤᠳᠣᠯᠭ᠎ᠠ᠂ ᠲᠠᠯᠠᠪᠤᠷ᠂ | ᠠᠮᠤᠷ ᠲᠦᠪᠰᠢᠨ᠂ ᠬᠤᠲᠠ ᠶᠢᠨ ᠬᠠᠮᠢᠶᠠᠷᠤᠯᠲᠠ ᠵᠡᠷᠭᠡ ᠲᠠᠯ᠎ᠠ ᠶᠢᠨ ᠳᠥᠭᠦᠮ ᠳᠦᠳᠡ ᠨᠦᠬᠦᠴᠡᠯ ᠢ ᠢᠳᠡᠪᠬᠢᠲᠡᠶ | ᠬᠠᠩᠭᠠᠵᠤ᠂ ᠡᠯ᠎ᠡ ᠱᠠᠲᠤᠨ ᠤ ᠡᠯ᠎ᠡ ᠲᠥᠷᠥᠯ ᠤᠨ ᠰᠣᠶᠣᠯ ᠤᠨ ᠨᠢᠭᠡᠴᠢ ᠬᠢᠭᠡᠳ ᠬᠤᠲᠠ ᠬᠥᠳᠡᠭᠡ ᠶᠢᠨ ᠦᠨᠳᠦᠰᠦᠨ | ᠱᠠᠲᠤ ᠯᠤᠭ᠎ᠠ ︽ᠬᠤᠤᠰᠯᠠᠭᠤᠯᠬᠤ᠂ ᠰᠤᠶᠤᠯ ᠢ ᠦᠨᠳᠦᠰᠦᠯᠡᠭᠦᠯᠬᠦ︾ ᠠᠵᠢᠯᠯᠠᠭ᠎ᠠ ᠦᠷᠨᠢᠭᠦᠯᠬᠦ ᠶᠢ ᠵᠤᠷᠢᠭᠵᠢᠭᠤᠯᠵᠤ᠂ | ᠪᠦᠬᠦ ᠠᠷᠠᠳ ᠲᠤ ᠤᠷᠠᠯᠢᠭ ᠢ ᠲᠦᠭᠡᠮᠡᠯᠵᠢᠭᠦᠯᠵᠦ᠂ ᠦᠨᠳᠦᠰᠦᠨ ᠱᠠᠲᠤᠨ ᠳᠤ ᠦᠨᠳᠦᠰᠦᠯᠡᠭᠰᠡᠨ ᠣᠯᠠᠨ ᠲᠦᠮᠡᠨ ᠤ | ᠤᠳᠬ᠎ᠠ ᠤᠷᠠᠯᠢᠭ ᠤᠨ ᠪᠦᠯᠬᠦᠮ ᠢ ᠪᠤᠶᠢᠵᠢᠭᠤᠯᠤᠨ᠂ ᠬᠤᠷᠴᠠ ᠴᠢᠳᠠᠮᠠᠭᠠᠶ ᠥᠨᠳᠥᠷ ᠪᠦᠲᠦᠮᠵᠢᠲᠡᠶ ᠪᠠᠶᠢᠬᠤ | ᠦᠨᠳᠦᠰᠦᠨ ᠱᠠᠲᠤᠨ ᠤ ᠰᠣᠶᠣᠯ ᠤᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠵᠤ᠂ ᠣᠯᠠᠨ ᠲᠦᠮᠡᠨ ᠤ ᠰᠣᠶᠣᠯ ᠤᠨ | ᠠᠵᠢᠯᠯᠠᠭ᠎ᠠ ᠶᠢᠨ ᠨᠡᠷᠡᠲᠦ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ︽ᠣᠯᠠᠨ | ᠣᠳᠣᠨ ᠱᠠᠩᠨᠠᠯ︾ ᠵᠡᠷᠭᠡ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠲᠦᠮᠡᠨ ᠤ | ᠤᠳᠬ᠎ᠠ ᠤᠷᠠᠯᠢᠭ ᠤᠨ ᠰᠣᠳᠣᠨ ᠪᠦᠲᠦᠭᠡᠯ ᠵᠣᠬᠢᠶᠠᠨ ᠪᠦᠲᠦᠭᠡᠬᠦ ᠶᠢ ᠠᠬᠢᠭᠤᠯᠵᠤ᠂ ᠬᠤᠲᠠ ᠬᠥᠳᠡᠭᠡ ᠶᠢᠨ | ᠦᠨᠳᠦᠰᠦᠨ ᠱᠠᠲᠤᠨ ᠤ ᠰᠣᠶᠣᠯ ᠤᠨ ᠪᠠᠶᠢᠭᠤᠯᠤᠯᠲᠠ ᠶᠢᠨ ᠥᠪᠡᠷ ᠢ ᠪᠠᠨ ᠬᠥᠭᠵᠢᠭᠦᠯᠬᠦ᠂ ᠦᠪᠡᠷ ᠤᠨ | ᠪᠡᠶ᠎ᠡ ᠳᠤ ᠪᠠᠨ ᠦᠢᠯᠡᠴᠢᠯᠡᠬᠦ ᠴᠢᠳᠠᠮᠵᠢ ᠶᠢ ᠨᠢ ᠨᠡᠮᠡᠭᠳᠡᠭᠦᠯᠦᠨ᠎ᠡ᠃ |