ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠥᠷᠢᠰᠥᠯᠳᠦᠭᠡᠨ ᠤ ᠴᠢᠨᠠᠷᠲᠠᠶ ᠬᠠᠷᠢᠴᠠᠯ ᠢᠶᠠᠷ ᠰᠣᠩᠭᠤᠬᠤ ᠪᠠᠷ ᠳᠠᠮᠵᠢᠭᠤᠯᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2024/11/13
    ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠶᠤᠯ ᠥᠬᠡᠶ ᠦᠢᠯᠡᠳᠪᠦᠷᠢᠯᠡᠯ ᠵᠢᠴᠢ ᠠᠭᠤᠷᠬᠠᠶ ᠶᠢᠨ ᠠᠶᠤᠯ ᠥᠬᠡᠶ ᠶᠢᠨ ᠬᠢᠨᠠᠯᠲᠠ ᠬᠠᠮᠢᠶᠠᠷᠤᠯᠲᠠ ᠶᠢᠨ ᠬᠦᠴᠦᠨ ᠢ ᠤᠯᠠᠮ ᠨᠢᠭᠡ ᠠᠯᠬᠤᠮ ᠴᠢᠩᠭᠠᠳᠬᠠᠵᠤ᠂ ᠺᠠᠳ᠋ᠷ ᠤᠨ ᠡᠩᠨᠡᠭᠡ ᠶᠢᠨ ᠪᠦᠲᠦᠴᠡ ᠶᠢ ᠰᠢᠯᠢᠳᠡᠭᠵᠢᠭᠦᠯᠦᠨ᠂ ᠬᠥᠮᠦᠨ ᠰᠣᠩᠭᠤᠨ ᠬᠡᠷᠡᠭᠯᠡᠬᠦ ᠠᠷᠭ᠎ᠠ ᠵᠠᠮ ᠢ ᠥᠷᠭᠡᠳᠬᠡᠬᠦ ᠶᠢᠨ ᠲᠤᠰᠠᠳᠠ᠂ ᠥᠷᠢᠰᠥᠯᠳᠦᠭᠡᠨ ᠤ ᠴᠢᠨᠠᠷᠲᠠᠶ ᠪᠠᠷ ᠠᠳᠠᠯᠢᠳᠬᠠᠨ ᠰᠣᠩᠭᠤᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠪᠠᠶᠢᠭᠤᠯᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠠᠶᠤᠯ ᠥᠬᠡᠶ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠠᠵᠢᠯᠲᠠᠨ ᠨᠥᠬᠦᠪᠥᠷᠢᠯᠡᠬᠦ ᠪᠠᠷ ᠰᠤᠳᠤᠯᠤᠨ ᠲᠣᠭᠲᠠᠭᠠᠪᠠ᠃    ᠡᠨᠡ ᠤᠳᠠᠭᠠᠨ ᠤ ᠥᠷᠢᠰᠥᠯᠳᠦᠭᠡᠨ ᠤ ᠴᠢᠨᠠᠷᠲᠠᠶ ᠬᠠᠷᠢᠴᠠᠯ ᠳᠤ ᠨᠡᠶᠢᠲᠡ 11 ᠠᠵᠢᠯ ᠤᠨ ᠪᠠᠶᠢᠷᠢ ᠲᠣᠬᠢᠷᠠᠭᠤᠯᠵᠤ᠂ ᠡᠭᠦᠨ ᠳᠤ ᠳᠡᠳ᠋ ᠭᠠᠵᠠᠷ ᠤᠨ ᠲᠠᠰ ᠤᠨ ᠤᠳᠤᠷᠢᠳᠬᠤ ᠠᠵᠢᠯ ᠤᠨ ᠪᠠᠶᠢᠷᠢ 6᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠵᠢᠴᠢ ᠲᠡᠭᠦᠨ ᠠᠴᠠ ᠳᠣᠷᠣᠭᠰᠢᠬᠢ ᠠᠵᠢᠯ ᠤᠨ ᠪᠠᠶᠢᠷᠢ 5 ᠪᠣᠶ᠃ ᠠᠳᠠᠯᠢᠳᠬᠠᠨ ᠰᠣᠩᠭᠤᠬᠤ ᠬᠡᠪᠴᠢᠶ᠎ᠡ ᠨᠢ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠤᠨ ᠬᠠᠷᠢᠶ᠎ᠠ ᠨᠢᠭᠡᠴᠡ᠂ ᠠᠶᠢᠮᠠᠭ ᠬᠤᠲᠠ ᠵᠢᠴᠢ ᠲᠡᠭᠦᠨ ᠠᠴᠠ ᠳᠣᠷᠣᠭᠰᠢᠬᠢ ᠬᠠᠮᠢᠶ᠎ᠠ ᠪᠥᠬᠦᠶ ᠨᠢᠭᠡᠴᠡ ᠶᠢᠨ ᠳᠣᠲᠣᠷ᠎ᠠ ᠨᠢᠭᠡᠨᠲᠡ ᠠᠯᠪᠠᠲᠠᠨ ︵ᠠᠯᠪᠠᠲᠠᠨ ᠤ ᠬᠠᠮᠢᠶᠠᠷᠤᠯᠲᠠ ᠶᠢᠨ ᠠᠵᠢᠯᠲᠠᠨ ᠢᠶᠠᠷ ᠯᠠᠪᠯᠠᠯᠲᠠ ᠪᠣᠯᠭᠠᠬᠤ ᠪᠠᠭᠲᠠᠨ᠎ᠠ︶ ᠢᠶᠠᠷ ᠳᠡᠩᠰᠡᠯᠡᠨ ᠲᠡᠮᠳᠡᠭᠯᠡᠭᠰᠡᠨ ᠣᠷᠣᠨ ᠲᠤᠭ᠎ᠠ ᠪᠠ ᠠᠵᠢᠯ ᠤᠨ ᠪᠠᠶᠢᠷᠢ ᠳᠤ ᠪᠠᠶᠢᠭ᠎ᠠ ᠠᠳᠠᠯᠢ ᠵᠡᠷᠭᠡ ᠶᠢᠨ ᠲᠤᠰᠢᠶᠠᠯ ᠲᠠᠢ ᠬᠥᠮᠦᠰ ᠵᠢᠴᠢ ᠬᠡᠰᠡᠭ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠳᠡᠳ᠋ ᠭᠠᠵᠠᠷ ᠤᠨ ᠲᠠᠰ ᠤᠨ ᠠᠳᠠᠯᠢ ᠲᠠᠰ ᠳᠠᠪᠬᠤᠷᠭ᠎ᠠ ᠠᠴᠠ ᠳᠡᠭᠡᠭᠰᠢᠬᠢ ᠺᠠᠳ᠋ᠷᠴᠤᠳ ᠪᠣᠯᠤᠨ᠎ᠠ᠃ ᠳᠡᠳ᠋ ᠭᠠᠵᠠᠷ ᠤᠨ ᠲᠡᠰ ᠤᠨ ᠤᠳᠤᠷᠢᠳᠬᠤ ᠪᠠᠶᠢᠷᠢ ᠶᠢᠨ ᠨᠠᠰᠤ ᠨᠢ ᠡᠩ ᠤᠨ ᠪᠠᠶᠢᠳᠠᠯ ᠳᠤ ᠪᠦᠬᠦᠯᠢ 40 ᠨᠠᠰᠤᠨ ᠠᠴᠠ ᠳᠣᠭᠤᠭᠰᠢ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠵᠢᠴᠢ ᠲᠡᠭᠦᠨ ᠠᠴᠠ ᠳᠣᠭᠤᠭᠰᠢᠬᠢ ᠠᠵᠢᠯ ᠤᠨ ᠪᠠᠶᠢᠷᠢ ᠶᠢᠨ ᠨᠠᠰᠤ ᠨᠢ ᠪᠦᠬᠦᠯᠢ 35 ᠨᠠᠰᠤᠨ ᠠᠴᠠ ᠳᠣᠭᠤᠭᠰᠢ᠃ ᠠᠳᠠᠯᠢᠳᠬᠠᠨ ᠰᠣᠩᠭᠤᠬᠤ ᠠᠵᠢᠯ ᠢ ᠨᠡᠷ᠎ᠡ ᠮᠡᠳᠡᠭᠦᠯᠵᠦ ᠲᠠᠨᠢᠯᠴᠠᠭᠤᠯᠬᠤ ᠂ ᠬᠢᠷᠢ ᠬᠡᠮ ᠢ ᠬᠢᠨᠠᠨ ᠪᠠᠶᠢᠴᠠᠭᠠᠬᠤ᠂ ᠪᠢᠷ ᠤᠨ ᠰᠢᠯᠭᠠᠯᠲᠠ ᠬᠢᠵᠦ ᠨᠢᠭᠤᠷᠲᠠᠨ ᠰᠢᠯᠭᠠᠬᠤ᠂ ᠪᠡᠶ᠎ᠡ ᠶᠢᠨ ᠪᠠᠶᠢᠴᠠᠭᠠᠯᠲᠠ ᠬᠢᠬᠦ᠂ ᠵᠣᠬᠢᠶᠠᠨ ᠪᠠᠶᠢᠭᠤᠯᠵᠤ ᠰᠤᠳᠤᠯᠬᠤ᠂ ᠵᠠᠷᠯᠠᠨ ᠨᠡᠶᠢᠲᠡᠯᠡᠬᠦ᠂ ᠠᠵᠢᠯ ᠤᠨ ᠪᠠᠶᠢᠷᠢ ᠶᠢ ᠲᠤᠷᠰᠢᠨ ᠬᠡᠷᠡᠭᠯᠡᠬᠦ ᠵᠡᠷᠭᠡ ᠭᠤᠭᠴᠤᠭ᠎ᠠ ᠪᠠᠷ ᠥᠷᠨᠢᠭᠦᠯᠵᠦ᠂ 2024 ᠣᠨ ᠤ 11 ᠰᠠᠷ᠎ᠠ ᠶᠢᠨ 16 ᠤ ᠡᠳᠦᠷ ᠪᠢᠷ ᠤᠨ ᠰᠢᠯᠭᠠᠯᠲᠠ ᠬᠢᠵᠦ᠂ 11 ᠰᠠᠷ᠎ᠠ ᠶᠢᠨ ᠡᠴᠦᠰ ᠠᠴᠠ ᠡᠮᠦᠨ᠎ᠡ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃    ᠣᠯᠠᠨ ᠢᠶᠠᠷ ᠢᠶᠠᠨ ᠢᠳᠡᠪᠬᠢᠲᠡᠶ ᠪᠠᠷ ᠨᠡᠷ᠎ᠡ ᠮᠡᠳᠡᠭᠦᠯᠦᠨ ᠣᠷᠣᠯᠴᠠᠵᠤ᠂ ᠪᠣᠳᠠᠲᠠᠶ ᠪᠠᠶᠢᠳᠠᠯ ᠢᠶᠠᠨ ᠴᠠᠭ ᠲᠤᠬᠠᠶ ᠳᠤᠨᠢ ᠲᠤᠬᠠᠶ ᠶᠢᠨ ᠭᠠᠵᠠᠷ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠷᠢᠯᠴᠠᠵᠤ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠠᠴᠠ ᠰᠢᠭᠤᠳ ᠠᠰᠠᠭᠤᠨ ᠯᠠᠪᠯᠠᠵᠤ ᠣᠶᠢᠯᠠᠭᠠᠭᠰᠠᠨ ᠴᠤ ᠪᠣᠯᠤᠨ᠎ᠠ᠃    ᠠᠰᠠᠭᠤᠨ ᠯᠠᠪᠯᠠᠬᠤ ᠤᠲᠠᠰᠤ᠄ 0471 - 4820209 
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号