ᠣᠯᠠᠨ ᠢᠶᠠᠷ ᠢᠶᠠᠨ ᠵᠢᠮᠢᠰ ᠨᠣᠭᠤᠭ᠎ᠠ ᠤᠬᠢᠶᠠᠬᠤ ᠮᠠᠰᠢᠨ ᠠᠪᠴᠤ ᠪᠠᠶᠢᠭ᠎ᠠ ᠨᠢ ᠲᠠᠷᠢᠶᠠᠨ ᠡᠮ ᠤᠨ ᠦᠯᠡᠳᠡᠭᠳᠡᠯ ᠢ | ᠰᠡᠷᠭᠡᠶᠢᠯᠡᠵᠦ ᠪᠠᠶᠢᠭ᠎ᠠ ᠶᠠᠪᠤᠳᠠᠯ ᠶᠤᠮ᠃ ᠭᠡᠪᠡᠴᠦ ᠡᠳᠦᠷ ᠲᠤᠲᠤᠮ ᠤᠨ ᠠᠮᠢᠳᠤᠷᠠᠯ ᠳᠤᠮᠳᠠ᠂ ᠪᠢᠳᠡᠨ ᠤ ᠵᠢᠩᠬᠢᠨᠢ | ᠳᠡᠯᠭᠡᠭᠦᠷ ᠠᠴᠠ ᠬᠤᠳᠠᠯᠳᠤᠨ ᠠᠪᠤᠭᠰᠠᠨ ᠣᠯᠠᠩᠬᠢ ᠢᠳᠡᠰᠢᠨ ᠨᠣᠭᠤᠭ᠎ᠠ ᠶᠢᠨ ᠲᠠᠷᠢᠶᠠᠨ ᠡᠮ ᠤᠨ ᠦᠯᠡᠳᠡᠭᠳᠡᠯ ᠨᠢ | ᠪᠦᠷ ᠲᠣᠭᠲᠠᠭᠰᠠᠨ ᠬᠡᠪᠴᠢᠶᠡᠨ ᠳᠤ ᠪᠠᠶᠢᠳᠠᠭ᠃ ᠲᠡᠶᠢᠮᠦ ᠮᠥᠷᠲᠡᠭᠡᠨ ᠵᠢᠮᠢᠰ ᠨᠣᠭᠤᠭ᠎ᠠ ᠤᠬᠢᠶᠠᠬᠤ ᠮᠠᠰᠢᠨ ᠢ | ᠬᠡᠷᠡᠭᠯᠡᠬᠦ ᠦᠭᠡᠢ ᠪᠠᠷ ᠪᠤᠳᠤᠬᠤ ᠳᠤ᠂ ᠡᠳᠦᠷ ᠲᠤᠲᠤᠮ ᠤᠨ ᠮᠠᠰᠢ ᠣᠯᠠᠨ ᠠᠷᠭ᠎ᠠ ᠨᠢ ᠲᠠᠷᠢᠶᠠᠨ ᠡᠮ ᠤᠨ | ᠦᠯᠡᠳᠡᠭᠳᠡᠯ ᠢ ᠪᠦᠲᠦᠮᠵᠢᠲᠡᠶ ᠠᠷᠢᠯᠭᠠᠵᠤ ᠴᠢᠳᠠᠨ᠎ᠠ᠂ ᠡᠭᠦᠨ ᠳᠤ ᠳᠣᠣᠷᠠᠬᠢ ᠮᠡᠲᠦ ᠠᠷᠭ᠎ᠠ ᠶᠢ ᠲᠠᠨᠢᠯᠴᠠᠭᠤᠯᠤᠶ᠎ᠠ᠄ | ᠴᠡᠪᠡᠷ ᠤᠰᠤᠨ ᠳᠤ ᠳᠡᠪᠲᠦᠭᠡᠬᠦ᠃ ᠨᠣᠭᠤᠭ᠎ᠠ ᠪᠠᠨ ᠬᠠᠭᠤᠷᠬᠤ ᠠᠴᠠ ᠡᠮᠦᠨ᠎ᠡ 20℃~25℃ ᠤᠨ ᠴᠡᠪᠡᠷ | ᠤᠰᠤᠨ ᠳᠤ 10 ᠮᠢᠨᠦ᠋ᠲ ᠳᠡᠪᠲᠦᠭᠡᠵᠦ᠂ ᠲᠠᠷᠠᠭ᠎ᠠ ᠨᠢ ᠴᠡᠪᠡᠷ ᠤᠰᠤ ᠪᠠᠷ 30 ᠰᠧᠺᠦ᠋ᠨ᠋ᠳ᠋ ᠤᠬᠢᠶᠠᠨ᠎ᠠ᠃ | ᠪᠤᠳᠠᠭ᠎ᠠ ᠤᠬᠢᠶᠠᠭᠰᠠᠨ ᠤᠰᠤᠨ ᠳᠤ ᠳᠡᠪᠲᠦᠭᠡᠬᠦ᠃ ᠨᠣᠭᠤᠭ᠎ᠠ ᠪᠠᠨ ᠪᠤᠳᠠᠭ᠎ᠠ ᠤᠬᠢᠶᠠᠭᠰᠠᠨ ᠤᠰᠤ ᠪᠠᠷ 5 ~ | 10 ᠮᠢᠨᠦ᠋ᠲ ᠳᠡᠪᠲᠦᠭᠡᠵᠦ᠂ ᠳᠠᠬᠢᠨ ᠴᠡᠪᠡᠷ ᠤᠰᠤ ᠪᠠᠷ 30 ᠰᠧᠺᠦ᠋ᠨ᠋ᠳ᠋ ᠤᠬᠢᠶᠠᠨ᠎ᠠ᠃ | ᠳᠠᠪᠤᠰᠤ ᠲᠠᠢ ᠤᠰᠤᠨ ᠳᠤ ᠳᠡᠪᠲᠦᠭᠡᠬᠦ᠃ ᠨᠣᠭᠤᠭ᠎ᠠ ᠪᠠᠨ 1 % ᠶᠢᠨ ᠳᠠᠪᠤᠰᠤ ᠲᠠᠢ ᠤᠰᠤ ᠪᠠᠷ ᠳᠡᠪᠲᠦᠭᠡᠵᠦ | 20 ᠮᠢᠨᠦ᠋ᠲ ᠤᠨ ᠳᠠᠷᠠᠭ᠎ᠠ ᠤᠬᠢᠶᠠᠨ᠎ᠠ᠃ ᠳᠠᠪᠤᠰᠤᠨ ᠤ ᠥᠳᠬᠡᠴᠡ ᠶᠢ ᠬᠡᠲᠦᠷᠬᠡᠢ ᠶᠡᠭᠡ ᠪᠠᠶᠢᠯᠭᠠᠵᠤ ᠪᠣᠯᠬᠤ ᠦᠭᠡᠢ | ᠃ | ᠪᠤᠴᠠᠯᠤᠭᠰᠠᠨ ᠤᠰᠤᠨ ᠳᠤ ᠳᠡᠪᠲᠦᠭᠡᠬᠦ᠃ ᠨᠣᠭᠤᠭ᠎ᠠ ᠪᠠᠨ ᠪᠤᠴᠠᠯᠤᠭᠰᠠᠨ ᠣᠰᠣᠨ ᠳᠤ 2 ᠮᠢᠨᠦ᠋ᠲ | ᠳᠡᠪᠲᠦᠭᠡᠨ᠎ᠡ᠃ ᠭᠡᠪᠡᠴᠦ ᠡᠶᠢᠮᠦ ᠠᠷᠭ᠎ᠠ ᠨᠢ ᠢᠳᠡᠰᠢᠨ ᠨᠣᠭᠤᠭ᠎ᠠ ᠶᠢᠨ ᠬᠡᠰᠡᠭ ᠰᠢᠮ᠎ᠡ ᠲᠡᠵᠢᠭᠡᠯ ᠢ | ᠠᠯᠳᠠᠭᠳᠠᠭᠤᠯᠤᠨ᠎ᠠ᠃ | ᠳᠡᠭᠡᠷᠡᠬᠢ ᠠᠷᠭ᠎ᠠ ᠠᠴᠠ ᠭᠠᠳᠠᠨ᠎ᠠ᠂ ᠪᠠᠰᠠ ᠤᠷᠤᠰᠬᠠᠯ ᠤᠰᠤ ᠪᠠᠷ ᠱᠦᠷᠭᠦᠭᠡᠵᠦ ᠤᠬᠢᠶᠠᠬᠤ᠂ ᠬᠠᠯᠢᠰᠤ ᠶᠢ ᠨᠢ | ᠠᠷᠢᠯᠭᠠᠬᠤ᠂ 24 ᠴᠠᠭ ᠲᠠᠯᠪᠢᠬᠤ ᠵᠡᠷᠭᠡ ᠠᠷᠭ᠎ᠠ ᠶᠢ ᠠᠪᠴᠤ ᠪᠣᠯᠣᠨ᠎ᠠ᠂ ᠡᠨᠡ ᠨᠢ ᠨᠣᠭᠤᠭᠠᠨ ᠤ ᠳᠣᠲᠣᠷᠠᠬᠢ | ᠲᠠᠷᠢᠶᠠᠨ ᠡᠮ ᠤᠨ ᠦᠯᠡᠳᠡᠭᠳᠡᠯ ᠢ ᠠᠷᠢᠯᠭᠠᠬᠤ ᠳᠤ ᠪᠠᠰᠠ ᠨᠡᠯᠢᠶᠡᠳ ᠰᠠᠶᠢᠨ ᠦᠢᠯᠡᠳᠦᠯ ᠲᠠᠢ ᠶᠤᠮ᠃ |