ᠨᠢᠭᠡ᠂ ᠪᠢᠴᠢᠭ ᠮᠠᠲ᠋ᠧᠷᠢᠶᠠᠯ ᠢ ᠲᠣᠭᠲᠠᠭᠠᠭᠰᠠᠨ ᠠᠬᠤᠶ ᠪᠠᠶᠢᠳᠠᠯ᠂ ᠴᠢᠬᠤᠯᠠ ᠴᠢᠨᠠᠷ ᠵᠢᠴᠢ ᠪᠣᠯᠤᠮᠵᠢᠲᠤ ᠴᠢᠨᠠᠷ | | | ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢᠨ | ᠨᠢᠭᠡᠳᠦᠯᠲᠡᠶ ᠲᠦᠷᠢᠮ ᠪᠠᠶᠢᠬᠤ ᠥᠬᠡᠶ᠂ ᠡᠮᠬᠢ ᠵᠢᠷᠤᠮ ᠥᠬᠡᠶ ᠦᠷᠢᠰᠦᠯᠳᠦᠬᠦ᠂ ᠬᠢᠨᠠᠯᠲᠠ ᠬᠠᠮᠢᠶᠠᠷᠤᠯᠲᠠ | ᠳᠤᠲᠠᠭᠳᠠᠬᠤ ᠵᠡᠷᠭᠡ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠷᠢᠯᠭ᠎ᠠ ᠶᠢᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠶᠢᠨ | ᠠᠵᠢᠯᠯᠠᠭ᠎ᠠ ᠶᠢ ᠵᠢᠷᠤᠮᠵᠢᠭᠤᠯᠵᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠲᠤᠬᠠᠢ ᠶᠢᠨ ᠬᠥᠮᠦᠨ ᠤ | ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ | ᠳᠤ ᠰᠠᠶᠢᠨ ᠰᠠᠶᠢᠬᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠬᠤ ᠳᠤ ᠰᠠᠶᠢᠲᠤᠷ | ᠲᠤᠯᠭᠠᠭᠤᠷᠢᠯᠠᠬᠤ ᠶᠢᠨ ᠲᠥᠯᠥᠭᠡ ᠶᠤᠮ᠃ | ᠬᠤᠶᠠᠷ᠂ ᠲᠣᠭᠲᠠᠭᠠᠭᠰᠠᠨ ᠦᠨᠳᠦᠰᠦᠯᠡᠯ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠠᠤᠯᠢ ᠶᠢᠨ ᠬᠡᠷᠡᠭᠵᠢᠭᠦᠯᠬᠦ ᠳᠦᠷᠢᠮ︾᠂ ︽ | ᠵᠠᠰᠠᠮᠠᠯ ᠵᠠᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠬᠠᠮᠢᠶᠠᠷᠤᠯᠲᠠ ᠶᠢᠨ ᠠᠷᠭ᠎ᠠ︾᠂ ︽ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ | ᠬᠠᠮᠢᠶᠠᠷᠤᠯᠲᠠ ᠶᠢᠨ ᠠᠷᠭ᠎ᠠ︾᠂ ︽ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠦᠷᠢᠶᠡᠨ ᠤ ᠡᠷᠬᠡ | ᠲᠡᠭᠰᠢ ᠥᠷᠢᠰᠥᠯᠳᠦᠭᠡᠨ ᠢ ᠬᠢᠨᠠᠨ ᠪᠠᠶᠢᠴᠠᠭᠠᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠠᠰᠠᠮᠠᠯ ᠵᠠᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ | ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠠᠮᠢᠶᠠᠷᠤᠯᠲᠠ ᠶᠢᠨ ᠬᠡᠷᠡᠭᠵᠢᠭᠦᠯᠬᠦ ᠳᠦᠷᠢᠮ︾᠂ ︽ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠬᠠᠤᠯᠢ ᠲᠣᠭᠲᠠᠭᠠᠯ ᠤᠨ ᠳᠦᠷᠢᠮ ᠢ ᠴᠢᠩᠭ᠎ᠠ ᠬᠡᠷᠡᠭᠵᠢᠭᠦᠯᠵᠦ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠭᠤᠣᠯ ᠴᠣᠭᠴᠠ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ᠰᠠᠨᠠᠯ ᠤᠳ︾ | ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠲᠥᠷᠢᠮ ᠲᠣᠭᠲᠠᠭᠠᠯ᠂ ᠥᠪᠡᠷᠲᠡᠭᠡᠨ ᠵᠠᠰᠠᠬᠤ ᠣᠷᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ᠲᠣᠰ ︽ᠠᠷᠭ᠎ᠠ︾ ᠶᠢ ᠲᠣᠭᠲᠠᠭᠠᠪᠠ᠃ | ᠭᠤᠷᠪᠠ᠂ ᠠᠷᠭ᠎ᠠ ᠶᠢᠨ ᠭᠤᠣᠯ ᠠᠭᠤᠯᠭ᠎ᠠ ︽ᠠᠷᠭ᠎ᠠ︾ ᠳᠤ ᠨᠡᠶᠢᠲᠡ ᠠᠷᠪᠠᠨ ᠨᠠᠢᠮᠠᠨ ᠵᠦᠢᠯ ᠪᠣᠢ᠂ ᠪᠠᠰᠠ | ᠳᠠᠭᠠᠯᠳᠤᠭᠤᠯᠤᠯ 1᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠶᠢ | ᠣᠷᠤᠯᠠᠬᠤ ᠪᠠᠶᠢᠭᠤᠯᠤᠮᠵᠢ ᠶᠢᠨ ᠢᠲᠡᠭᠡᠮᠵᠢ ᠶᠢ ᠦᠨᠡᠯᠡᠬᠦ ᠬᠡᠷᠡᠭᠵᠢᠭᠦᠯᠬᠦ ᠨᠠᠷᠢᠨ ᠲᠦᠷᠢᠮ︾᠂ ᠳᠠᠭᠠᠯᠳᠤᠭᠤᠯᠤᠯ 2᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠷᠢᠯᠭ᠎ᠠ ᠶᠢᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠶᠢ ᠣᠷᠤᠯᠠᠬᠤ ᠪᠠᠶᠢᠭᠤᠯᠤᠮᠵᠢ ᠶᠢᠨ | ᠢᠲᠡᠭᠡᠮᠵᠢ ᠶᠢᠨ ᠦᠢᠯᠡ ᠠᠵᠢᠯᠯᠠᠭ᠎ᠠ ᠶᠢ ᠦᠨᠡᠯᠡᠨ ᠲᠣᠭᠲᠠᠭᠠᠬᠤ ᠪᠠᠷᠢᠮᠵᠢᠶ᠎ᠠ︾᠂ ᠳᠠᠭᠠᠯᠳᠤᠭᠤᠯᠤᠯ 3᠄ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠷᠢᠯᠭ᠎ᠠ ᠶᠢᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠶᠢ ᠣᠷᠤᠯᠠᠬᠤ ᠪᠠᠶᠢᠭᠤᠯᠤᠮᠵᠢ ᠶᠢᠨ | ᠢᠲᠡᠭᠡᠮᠵᠢ ᠶᠢ ᠦᠨᠡᠯᠡᠨ ᠪᠤᠳᠤᠬᠤ ᠠᠷᠭ᠎ᠠ︾ ᠪᠠᠶᠢᠨ᠎ᠠ᠃ | | 1. ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠤ ᠡᠯ᠎ᠡ ᠱᠠᠲᠤᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠵᠠᠮ ᠬᠠᠷᠢᠯᠴᠠᠭᠠᠨ ᠤ ᠪᠦᠯᠦᠭᠯᠡᠯ ᠤᠨ | ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠬᠢᠭᠡᠳ ᠢᠲᠡᠭᠡᠮᠵᠢ ᠶᠢ ᠦᠨᠡᠯᠡᠬᠦ ᠬᠡᠪᠴᠢᠶ᠎ᠡ ᠶᠢ | ᠲᠣᠳᠣᠷᠬᠠᠶᠢᠯᠠᠪᠠ᠃ | 2. ᠳᠠᠭᠠᠭᠠᠴᠢᠯᠠᠯᠲᠠ ᠵᠠᠷᠯᠠᠭᠴᠢ ᠶᠢᠨ ᠢᠯᠡ ᠪᠠᠷ ᠳᠠᠭᠠᠭᠠᠴᠢᠯᠠᠯᠲᠠ ᠵᠠᠷᠯᠠᠬᠤ᠂ ᠬᠡᠯᠡᠯᠴᠡᠭᠡᠷ ᠬᠢᠬᠦ᠂ ᠯᠠᠪᠯᠠᠨ | ᠠᠳᠠᠯᠢᠳᠬᠠᠬᠤ ᠵᠡᠷᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠭᠠᠭᠠᠴᠢᠯᠠᠯᠲᠠ ᠵᠠᠷᠯᠠᠬᠤ ᠶᠢ ᠣᠷᠤᠯᠠᠬᠤ | ᠪᠠᠶᠢᠭᠤᠯᠤᠮᠵᠢ ᠶᠢᠨ ᠰᠢᠯᠢᠳᠡᠭ ᠠᠴᠠ ᠨᠢ ᠰᠣᠩᠭᠤᠬᠤ ᠶᠢ ᠵᠣᠷᠢᠭᠵᠢᠭᠤᠯᠬᠤ ᠶᠢ ᠲᠣᠳᠣᠷᠬᠠᠶᠢᠯᠠᠪᠠ᠃ | 3. ᠳᠠᠭᠠᠭᠠᠴᠢᠯᠠᠯᠲᠠ ᠵᠠᠷᠯᠠᠬᠤ ᠶᠢ ᠣᠷᠤᠯᠠᠬᠤ ᠪᠠᠶᠢᠭᠤᠯᠤᠮᠵᠢ ᠶᠢᠨ ᠪᠦᠷᠢᠯᠳᠦᠭᠦᠯᠪᠡᠰᠦ ᠵᠣᠬᠢᠬᠤ ᠦᠨᠳᠦᠰᠦᠨ | ᠨᠥᠬᠦᠴᠡᠯ ᠢ ᠲᠣᠳᠣᠷᠬᠠᠶᠢᠯᠠᠪᠠ᠃ | 4. ᠳᠠᠭᠠᠭᠠᠴᠢᠯᠠᠯᠲᠠ ᠵᠠᠷᠯᠠᠬᠤ ᠶᠢ ᠣᠷᠤᠯᠠᠬᠤ ᠪᠠᠶᠢᠭᠤᠯᠤᠮᠵᠢ ᠶᠢᠨ ᠡᠭᠦᠷᠭᠡᠯᠡᠬᠦ ᠴᠢᠬᠤᠯᠠᠲᠠᠶ ᠠᠵᠢᠯ ᠢ | ᠲᠣᠳᠣᠷᠬᠠᠶᠢᠯᠠᠪᠠ᠃ | 5. ᠢᠲᠡᠭᠡᠮᠵᠢ ᠶᠢ ᠦᠨᠡᠯᠡᠬᠦ ᠳᠡᠰ ᠤᠨ ᠬᠤᠪᠢᠶᠠᠷᠢᠯᠠᠯ ᠢ ᠲᠣᠳᠣᠷᠬᠠᠶᠢᠯᠠᠪᠠ᠂ ᠨᠡᠶᠢᠲᠡ ᠲᠠᠪᠤᠨ ᠳᠡᠰ᠄ AA᠂ | A᠂ B᠂ C᠂ D᠃ ᠠᠳᠠᠯᠢ ᠪᠤᠰᠤ ᠲᠡᠰ ᠤᠨ ᠣᠷᠤᠯᠠᠬᠤ ᠪᠠᠶᠢᠭᠤᠯᠤᠮᠵᠢ ᠶᠢ ᠰᠣᠩᠭᠤᠬᠤ ᠳᠤ ᠬᠢᠨᠠᠨ ᠬᠠᠮᠢᠶᠠᠷᠬᠤ | ᠠᠭᠤᠯᠭ᠎ᠠ ᠨᠢ ᠠᠳᠠᠯᠢ ᠦᠭᠡᠢ ᠪᠠᠶᠢᠳᠠᠭ᠃ | 6. ᠳᠠᠭᠠᠭᠠᠴᠢᠯᠠᠯᠲᠠ ᠵᠠᠷᠯᠠᠬᠤ ᠶᠢ ᠣᠷᠤᠯᠠᠬᠤ ᠪᠠᠶᠢᠭᠤᠯᠤᠮᠵᠢ ᠶᠢᠨ ᠢᠲᠡᠭᠡᠮᠵᠢ ᠪᠠᠨ ᠰᠡᠷᠭᠦᠭᠡᠬᠦ ᠬᠤᠭᠤᠴᠠᠭ᠎ᠠ | ᠬᠢᠵᠠᠭᠠᠷ ᠤᠨ ᠠᠷᠭ᠎ᠠ ᠮᠠᠶ᠋ᠢᠭ ᠵᠡᠷᠭᠡ ᠶᠢ ᠲᠣᠳᠣᠷᠬᠠᠶᠢᠯᠠᠪᠠ᠃ | 7. ᠳᠠᠭᠠᠭᠠᠴᠢᠯᠠᠯᠲᠠ ᠵᠠᠷᠯᠠᠬᠤ ᠶᠢ ᠣᠷᠤᠯᠠᠬᠤ ᠪᠠᠶᠢᠭᠤᠯᠤᠮᠵᠢ ᠶᠢ ᠬᠥᠳᠡᠯᠦᠩᠭᠦᠶ ᠪᠠᠷ ᠬᠢᠨᠠᠨ ᠬᠠᠮᠢᠶᠠᠷᠬᠤ ᠠᠷᠭ᠎ᠠ | ᠬᠡᠯᠪᠡᠷᠢ ᠶᠢ ᠲᠣᠳᠣᠷᠬᠠᠶᠢᠯᠠᠪᠠ᠃ | ᠲᠣᠰ ︽ᠠᠷᠭ᠎ᠠ︾ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ |