ᠥᠪᠥᠷ ᠮᠣᠩᠭᠤᠯ ᠤᠨ ᠪᠠᠶᠠᠨᠨᠠᠭᠤᠷ ᠬᠤᠲᠠ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠶᠡᠭᠡ ᠠᠯᠭᠠᠰᠠᠯ ᠲᠠᠢ ᠦᠢᠯᠡᠳᠪᠦᠷᠢ ᠶᠢᠨ ᠲᠠᠰᠤᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠣᠳᠠᠲᠤ ᠪᠠᠶᠢᠯᠳᠤᠭᠠᠨ ᠤ ᠰᠣᠷᠢᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/11/18
    ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠲᠣᠮᠣ ᠠᠯᠭᠠᠰᠠᠯ ᠦᠢᠯᠡᠳᠪᠦᠷᠢ ᠶᠢᠨ ᠬᠡᠷ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠡᠩᠨᠡᠭᠡ ᠶᠢᠨ ᠰᠢᠨᠵᠢᠯᠡᠬᠦ ᠤᠬᠠᠭᠠᠨᠴᠢ ᠪᠠᠷ ᠵᠢᠯᠣᠭᠤᠳᠬᠤ᠂ ᠲᠤᠰᠬᠠᠶ ᠰᠢᠢᠳᠪᠦᠷᠢᠯᠡᠬᠦ᠂ ᠠᠮᠤᠷ ᠲᠦᠪᠰᠢᠨ ᠢᠶᠠᠷ ᠠᠪᠤᠷᠠᠨ ᠲᠤᠰᠠᠯᠠᠬᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ 11 ᠳ᠋ᠦ᠋ᠭᠡᠷ ᠰᠠᠷ᠎ᠠ ᠶᠢᠨ 14 ᠤ ᠡᠳᠦᠷ᠂ ᠥᠪᠥᠷ ᠮᠣᠩᠭᠤᠯ ᠤᠨ ᠪᠠᠶᠠᠨᠨᠠᠭᠤᠷ ᠬᠤᠲᠠ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠰᠠᠨ ᠢ ᠬᠦᠨᠳᠦ ᠡᠨᠧᠷᠭᠢ ︵ᠪᠠᠶᠠᠨᠨᠠᠭᠤᠷ︶ ᠶᠢᠨ ᠰᠠᠯᠬᠢᠨ ᠬᠦᠴᠦᠨ ᠤ ᠴᠠᠬᠢᠯᠭᠠᠨ ᠤ ᠲᠣᠨᠣᠭᠯᠠᠯ ᠤᠨ ᠬᠢᠵᠠᠭᠠᠷᠲᠤ ᠺᠣᠮᠫᠠᠨᠢ ᠳᠤ ᠲᠣᠮᠣ ᠠᠯᠭᠠᠰᠠᠯ ᠦᠢᠯᠡᠳᠪᠦᠷᠢ ᠶᠢᠨ ᠬᠡᠷ ᠤᠨ ︽ᠵᠢᠷᠭᠤᠭ᠎ᠠ ᠶᠢ ᠰᠠᠶᠢᠨ ᠮᠡᠳᠡᠬᠦ︾ ᠵᠢᠴᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠣᠳᠠᠲᠤ ᠰᠣᠷᠢᠯᠲᠠ ᠬᠢᠪᠠ᠃    ᠰᠣᠷᠢᠯᠲᠠ ᠬᠢᠬᠦ ᠠᠴᠠ ᠡᠮᠦᠨ᠎ᠡ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠤᠨ ᠵᠢᠯᠣᠭᠤᠳᠬᠤ ᠭᠠᠵᠠᠷ ᠠᠩᠭᠢ ᠳᠠᠭᠠᠭᠤᠯᠤᠨ ᠲᠤᠰ ᠺᠣᠮᠫᠠᠨᠢ ᠳᠤ ᠭᠦᠨᠵᠡᠭᠡᠶᠢᠷᠡᠨ ᠪᠠᠷᠢᠯᠭ᠎ᠠ ᠶᠢᠨ ᠳᠣᠲᠣᠭᠠᠳᠤ ᠪᠦᠲᠦᠴᠡ ᠪᠣᠯᠤᠨ ᠭᠠᠯ ᠤᠨᠲᠠᠷᠠᠭᠠᠬᠤ ᠪᠡᠯᠡᠳᠬᠡᠮᠵᠢ ᠶᠢ ᠣᠶᠢᠯᠠᠭᠠᠵᠤ᠂ ᠠᠮᠤᠷ ᠲᠦᠪᠰᠢᠨ ᠭᠠᠷᠬᠤ ᠡᠭᠦᠳᠡ᠂ ᠭᠠᠯ ᠤᠨᠲᠠᠷᠠᠭᠠᠬᠤ ᠲᠡᠷᠭᠡ ᠨᠡᠪᠲᠡᠷᠡᠬᠦ ᠵᠠᠮ᠂ ᠤᠰᠤᠨ ᠬᠥᠭᠡᠷᠭᠡ ᠶᠢᠨ ᠠᠭᠤᠯᠵᠠᠷ ᠪᠠᠭᠠᠵᠢ᠂ ᠭᠠᠯ ᠤᠨᠲᠠᠷᠠᠭᠠᠬᠤ ᠡᠵᠡᠮᠳᠡᠯ ᠤᠨ ᠭᠡᠷ᠂ ᠭᠡᠷ ᠳᠣᠲᠣᠷᠠᠬᠢ ᠭᠠᠯ ᠤᠨᠲᠠᠷᠠᠭᠠᠭᠤᠯ ᠤᠨ ᠰᠢᠰᠲ ᠧᠮ᠂ ᠠᠮᠤᠷ ᠲᠦᠪᠰᠢᠨ ᠲᠠᠷᠬᠠᠭᠠᠬᠤ ᠪᠡᠯᠡᠳᠬᠡᠮᠵᠢ᠂ ᠭᠠᠯ ᠤᠨ ᠠᠶᠤᠯ ᠤᠨ ᠠᠦ᠋ᠲ᠋ᠣ᠋ ᠲᠦᠭᠰᠢᠭᠦᠷᠢ ᠮᠡᠳᠡᠭᠡᠯᠡᠬᠦ  ᠰᠢᠰᠲ᠋ᠧᠮ ᠵᠡᠷᠭᠡ ᠪᠡᠯᠡᠳᠬᠡᠮᠵᠢ ᠶᠢᠨ ᠠᠵᠢᠯᠯᠠᠭᠠᠨ ᠤ ᠪᠦᠷᠢᠨ ᠪᠦᠲᠦᠨ ᠪᠠᠶᠢᠳᠠᠯ ᠢ ᠭᠤᠣᠯᠳᠠᠯᠭ᠎ᠠ ᠲᠠᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠶᠢᠨ ᠬᠠᠮᠲᠤ ᠭᠠᠯ ᠤᠨ ᠠᠶᠤᠯ ᠭᠠᠷᠴᠤ ᠮᠡᠳᠡᠬᠦ ᠴᠢᠬᠤᠯᠠ ᠣᠷᠣᠨ ᠪᠠᠶᠢᠷᠢ ᠵᠢᠴᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠲᠤᠬᠠᠶ ᠶᠢᠨ ᠭᠠᠵᠠᠷ ᠲᠤᠨᠢ ᠣᠶᠢᠯᠠᠭᠠᠬᠤ ᠬᠡᠷᠡᠭᠲᠡᠶ᠃    ᠰᠣᠷᠢᠯᠲᠠ ᠳᠤ ᠲᠣᠰ ᠺᠣᠮᠫᠠᠨᠢ ᠳᠤ ᠭᠠᠯ ᠤᠨ ᠠᠶᠤᠯ ᠭᠠᠷᠴᠤ᠂ ᠭᠠᠯ ᠭᠠᠷᠤᠭᠰᠠᠨ ᠭᠠᠵᠠᠷ ᠨᠢ ᠨᠢᠭᠡᠳᠦᠭᠡᠷ ᠨᠣᠮᠧᠷᠲᠤ ᠰᠢᠷ ᠰᠦᠷᠴᠢᠬᠦ ᠲᠠᠰᠤᠭ ᠪᠠᠶᠢᠵᠤ᠂ ᠭᠠᠯ ᠭᠠᠷᠤᠭᠰᠠᠨ ᠲᠠᠯᠠᠪᠠᠶ ᠨᠢ ᠪᠠᠷᠤᠭ 1000 ᠪᠠᠶᠢᠵᠤ᠂ ᠲᠤᠬᠠᠶ ᠶᠢᠨ ᠲᠠᠯᠠᠪᠠᠶ ᠶᠢᠨ ᠭᠠᠯ ᠤᠨ ᠪᠠᠶᠢᠳᠠᠯ ᠦᠳᠲᠡᠷ ᠲᠦᠷᠭᠡᠨ ᠬᠥᠭᠵᠢᠵᠦ᠂ ᠣᠲᠤᠭ᠎ᠠ ᠤᠨᠢᠶᠠᠷ ᠨᠡᠯᠢᠶᠡᠳ ᠥᠳᠬᠡᠨ᠂ ᠭᠠᠯ ᠭᠠᠷᠤᠭᠰᠠᠨ ᠪᠠᠷᠢᠯᠭ᠎ᠠ ᠳᠤ ᠶᠡᠭᠡ ᠬᠡᠮᠵᠢᠶᠡᠨ ᠤ ᠬᠠᠰᠢᠭᠳᠠᠭᠰᠠᠨ ᠬᠥᠮᠦᠰ ᠪᠠᠶᠢᠵᠤ᠂ ᠭᠠᠯ ᠭᠠᠷᠤᠭᠰᠠᠨ ᠭᠠᠵᠠᠷ ᠤᠨ ᠪᠠᠶᠢᠳᠠᠯ ᠲᠦᠢᠯ ᠤᠨ ᠠᠶᠤᠯᠲᠠᠶ ᠪᠠᠶᠢᠨ᠎ᠠ᠃ ᠨᠢᠭᠡᠴᠡ ᠶᠢᠨ ᠵᠢᠵᠢᠭᠦᠷᠯᠡᠭᠴᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠦᠯ ᠢ ᠳᠠᠷᠤᠶ ᠲᠦᠷᠭᠡᠨ ᠡᠬᠢᠯᠡᠭᠦᠯᠵᠦ᠂ ᠬᠥᠮᠦᠰ ᠢ ᠵᠣᠬᠢᠶᠠᠨ ᠪᠠᠶᠢᠭᠤᠯᠤᠨ ᠲᠠᠷᠬᠠᠭᠠᠬᠤ ᠪᠠ ᠭᠠᠯ ᠤᠨ ᠠᠶᠤᠯ ᠠᠴᠠ ᠠᠪᠤᠷᠠᠵᠤ ᠡᠬᠢᠯᠡᠬᠦ ᠶᠢᠨ ᠬᠠᠮᠲᠤ ᠤᠲᠠᠰᠤᠳᠠᠵᠤ ᠲᠦᠭᠰᠢᠭᠦᠷᠢ ᠮᠡᠳᠡᠭᠦᠯᠬᠦ ᠬᠡᠷᠡᠭᠲᠡᠶ᠃ ᠰᠠᠯᠪᠤᠷᠢ ᠠᠩᠬᠢ ᠶᠢᠨ ᠵᠢᠯᠣᠭᠤᠳᠬᠤ ᠲᠥᠪ ᠨᠢ ᠲᠦᠭᠰᠢᠭᠦᠷᠢ ᠶᠢᠨ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ᠂ ᠲᠡᠷᠡ ᠳᠠᠷᠤᠢ ᠳᠤᠨᠢ ᠯᠢᠨ ᠾᠧ ᠶᠡᠭᠡ ᠠᠩᠬᠢ᠂ ᠰᠢᠨᠬᠤᠸᠠ ᠵᠡᠭᠦᠨ ᠵᠡᠭᠡᠯᠢ ᠶᠢᠨ ᠣᠨᠴᠠ ᠡᠭᠦᠷᠭᠡ ᠭᠦᠢᠴᠡᠳᠬᠡᠬᠦ ᠦᠷᠳᠡᠭᠡ᠂ ᠰᠢᠨᠬᠤᠸᠠ ᠵᠡᠭᠡᠯᠢ ᠶᠢᠨ ᠭᠠᠯ ᠤᠨᠲᠠᠷᠠᠭᠠᠬᠤ ᠦᠷᠳᠡᠭᠡ᠂ ᠯᠢ ᠮᠢᠨ ᠵᠡᠭᠡᠯᠢ ᠶᠢᠨ ᠭᠠᠯ ᠤᠨᠲᠠᠷᠠᠭᠠᠬᠤ ᠦᠷᠳᠡᠭᠡ ᠶᠢᠨ ᠨᠡᠶᠢᠳᠡ 13 ᠭᠠᠯ ᠤᠨᠲᠠᠷᠠᠭᠠᠬᠤ ᠲᠡᠷᠭᠡ ᠶᠢᠨ 50 ᠵᠢᠯᠤᠭᠤᠳᠤᠬᠴᠢ ᠪᠠᠶᠢᠯᠳᠤᠭᠴᠢ ᠶᠢ ᠲᠤᠬᠠᠢ ᠶᠢᠨ ᠳᠠᠯᠠᠪᠠᠢ ᠳᠤ ᠲᠣᠮᠢᠯᠠᠨ ᠰᠢᠢᠳᠪᠦᠷᠢᠯᠡᠭᠦᠯᠵᠦ᠂ ᠰᠠᠯᠪᠤᠷᠢ ᠠᠩᠬᠢ ᠶᠢᠨ ᠨᠢᠭᠡᠳᠦᠭᠡᠷ ᠬᠡᠯᠲᠡᠰ ᠤᠨ ᠵᠢᠷᠭᠤᠳᠤᠭᠠᠷ ᠳᠤᠭᠤᠶᠢᠯᠠᠩ ᠳᠠᠷᠤᠢ ᠬᠥᠳᠡᠯᠦᠯᠴᠡᠪᠡ᠃    ᠲᠣᠰ ᠤᠳᠠᠭᠠᠨ ᠤ ᠪᠣᠳᠠᠲᠤ ᠲᠡᠶᠢᠨ ᠤ ᠰᠣᠷᠢᠯᠲᠠ ᠨᠢ ᠪᠥᠬᠦ ᠶᠠᠪᠤᠴᠠ᠂ ᠪᠥᠬᠦ ᠡᠯᠧᠮᠧᠨ᠋ᠲ ᠤᠨ ᠱᠠᠭᠠᠷᠳᠠᠯᠭ᠎ᠠ ᠶᠣᠰᠣᠭᠠᠷ᠂ ᠶᠡᠭᠡ ᠠᠯᠭᠠᠰᠠᠯ ᠲᠠᠢ ᠦᠢᠯᠡᠳᠪᠦᠷᠢ ᠶᠢᠨ ᠬᠡᠷ ᠤᠨ ᠭᠠᠯ ᠤᠨ ᠠᠶᠤᠯ ᠤᠨ ᠣᠨᠴᠠᠯᠢᠭ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠯᠳᠤᠬᠤ ᠠᠷᠭ᠎ᠠ ᠶᠢᠨ ᠠᠷᠭ᠎ᠠ ᠶᠢ ᠦᠨᠳᠦᠰᠦᠯᠡᠨ᠂ ᠭᠤᠤᠯᠳᠠᠭᠤ ᠭᠠᠯ  ᠲᠦᠢᠮᠡᠷ ᠤᠨ ᠪᠠᠶᠢᠳᠠᠯ ᠢ ᠲᠠᠩᠨᠠᠬᠤ᠂ ᠬᠥᠮᠦᠰ ᠢ ᠲᠠᠷᠬᠠᠭᠠᠬᠤ᠂ ᠬᠦᠴᠦᠨ ᠢ ᠰᠢᠯᠵᠢᠭᠦᠯᠦᠨ ᠴᠤᠭᠯᠠᠭᠤᠯᠬᠤ᠂ ᠠᠩᠬ᠎ᠠ ᠤᠳᠠᠭ᠎ᠠ ᠲᠡᠶᠢᠨ ᠬᠢᠵᠦ ᠭᠠᠯ ᠡᠵᠡᠮᠳᠡᠬᠦ᠂ ᠬᠦᠴᠦᠯᠡᠨ ᠳᠠᠭᠠᠷᠢᠵᠤ ᠣᠶᠢᠷ᠎ᠠ ᠠᠴᠠ ᠲᠡᠶᠢᠨ ᠬᠢᠬᠦ᠂ ᠣᠲᠤᠭ᠎ᠠ ᠭᠠᠳᠠᠭᠰᠢᠯᠠᠭᠤᠯᠬᠤ ᠭᠡᠷᠡᠯᠲᠦᠭᠦᠯᠭᠡ᠂ ᠲᠡᠶᠢᠨ ᠤ ᠦᠢᠯᠡᠴᠢᠯᠡᠭᠡᠨ ᠤ ᠪᠠᠲᠤᠯᠠᠭ᠎ᠠ ᠪᠠ ᠴᠢᠮᠡᠭᠡ ᠬᠤᠯᠪᠣᠭ᠎ᠠ ᠬᠤᠯᠪᠣᠭ᠎ᠠ ᠠᠪᠴᠤ ᠬᠠᠮᠵᠢᠯᠴᠠᠨ ᠪᠠᠶᠢᠯᠳᠤᠬᠤ ᠵᠡᠷᠭᠡ 8 ᠲᠠᠯ᠎ᠠ ᠶᠢᠨ ᠲᠣᠭᠤᠷᠢᠨ ᠳᠤ ᠶᠠᠪᠤᠭᠳᠠᠵᠠᠶ᠃ ᠲᠡᠶᠢᠨ ᠳᠤ ᠣᠷᠣᠯᠴᠠᠭᠰᠠᠨ ᠡᠯ᠎ᠡ ᠨᠢᠭᠡᠴᠢ ᠲᠤᠬᠠᠶ ᠶᠢᠨ ᠲᠠᠯᠠᠪᠠᠶ ᠳᠤ ᠬᠦᠷᠦᠭᠰᠡᠨ ᠤ ᠳᠠᠷᠠᠭ᠎ᠠ᠂ ᠲᠤᠬᠠᠶ ᠶᠢᠨ ᠲᠠᠯᠠᠪᠠᠶ ᠶᠢᠨ ᠵᠢᠯᠣᠭᠤᠳᠬᠤ ᠭᠠᠵᠠᠷ ᠤᠨ ᠡᠭᠦᠷᠭᠡ ᠶᠢᠨ ᠪᠠᠶᠢᠷᠢᠯᠠᠭᠤᠯᠤᠯᠲᠠ ᠶᠣᠰᠣᠭᠠᠷ᠂ ᠠᠮᠤᠷ ᠲᠦᠪᠰᠢᠨ ᠤ ᠰᠡᠷᠭᠡᠶᠢᠯᠡᠯᠲᠡ᠂ ᠡᠷᠢᠵᠦ ᠠᠪᠤᠷᠬᠠᠤ ᠲᠠᠷᠬᠠᠭᠠᠬᠤ᠂ ᠣᠲᠤᠭ᠎ᠠ ᠭᠠᠳᠠᠭᠰᠢᠯᠠᠭᠤᠯᠬᠤ ᠭᠡᠷᠡᠯᠲᠦᠭᠦᠯᠭᠡ᠂ ᠥᠨᠳᠥᠷ ᠰᠦᠷᠴᠢᠯᠲᠡ ᠪᠠᠷ ᠭᠠᠯ ᠢ ᠡᠵᠡᠮᠳᠡᠬᠦ᠂ ᠭᠠᠯ ᠭᠠᠷᠤᠭᠰᠠᠨ ᠭᠠᠵᠠᠷ ᠲᠤ ᠤᠰᠤ ᠬᠠᠩᠭᠠᠬᠤ ᠵᠡᠷᠭᠡ ᠪᠠᠶᠢᠯᠳᠤᠭᠠᠨ ᠤ ᠳᠤᠭᠤᠶᠢᠯᠠᠩ ᠪᠠᠶᠢᠭᠤᠯᠵᠤ᠂ ᠡᠯ᠎ᠡ ᠳᠤᠭᠤᠶᠢᠯᠠᠩ ᠡᠭᠦᠷᠭᠡ ᠬᠠᠷᠢᠭᠤᠴᠠᠯᠭ᠎ᠠ ᠶᠣᠰᠣᠭᠠᠷ ᠦᠳᠲᠡᠷ ᠲᠦᠷᠭᠡᠨ ᠠᠵᠢᠯᠯᠠᠭ᠎ᠠ ᠥᠷᠨᠢᠭᠦᠯᠵᠦ᠂ ᠭᠠᠯ ᠤᠨᠲᠠᠷᠠᠭᠠᠬᠤ ᠲᠣᠭᠲᠠᠮᠠᠯ ᠲᠥᠬᠦᠭᠡᠷᠦᠮᠵᠢ ᠶᠢ ᠡᠬᠢᠯᠡᠭᠦᠯᠵᠦ᠂ ᠲᠤᠬᠠᠶ ᠶᠢᠨ ᠲᠠᠯᠠᠪᠠᠶ ᠶᠢᠨ ᠬᠥᠮᠦᠰ ᠤᠨ ᠣᠷᠣᠵᠤ ᠭᠠᠷᠬᠤ ᠶᠢ ᠬᠠᠮᠢᠶᠠᠷᠤᠨ ᠡᠵᠡᠮᠳᠡᠵᠦ᠂ ᠬᠠᠰᠢᠭᠳᠠᠭᠰᠠᠨ ᠬᠥᠮᠦᠰ ᠢ ᠲᠠᠷᠬᠠᠭᠠᠨ ᠠᠪᠤᠷᠠᠨ ᠲᠤᠰᠠᠯᠠᠵᠤ᠂ ᠳᠣᠲᠣᠭᠠᠳᠤ ᠭᠠᠳᠠᠭᠠᠳᠤ ᠭᠠᠯ ᠤᠨ ᠦᠷᠪᠢᠰᠦᠨ ᠳᠡᠯᠭᠡᠷᠡᠬᠦ ᠶᠢ ᠬᠢᠵᠠᠭᠠᠷᠯᠠᠵᠤ᠂ ᠤᠰᠤ ᠬᠠᠩᠭᠠᠬᠤ᠂ ᠴᠢᠮᠡᠭᠡ ᠬᠤᠯᠪᠣᠭ᠎ᠠ ᠲᠠᠰᠤᠯᠳᠠᠬᠤ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯᠯᠠᠭ᠎ᠠ ᠥᠷᠨᠢᠭᠦᠯᠬᠦ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃ ᠠᠪᠤᠷᠠᠨ ᠲᠤᠰᠠᠯᠠᠵᠤ ᠰᠢᠢᠳᠪᠦᠷᠢᠯᠡᠬᠦ ᠬᠤᠭᠤᠴᠠᠭᠠᠨ ᠳᠤ᠂ ᠡᠯ᠎ᠡ ᠳᠤᠭᠤᠶᠢᠯᠠᠩ ᠤᠨ ᠬᠢᠨ ᠦᠳᠲᠡᠷ ᠲᠦᠷᠭᠡᠨ ᠬᠥᠳᠡᠯᠦᠯᠴᠡᠨ ᠨᠢᠭᠲᠠ ᠬᠠᠮᠵᠢᠯᠴᠠᠵᠤ᠂ ᠲᠤᠰ ᠲᠤᠰ ᠤᠨ ᠠᠵᠢᠯ ᠤᠨ ᠪᠠᠶᠢᠷᠢ ᠪᠣᠯᠤᠨ ᠪᠠᠶᠢᠯᠳᠤᠭᠠᠨ ᠤ ᠨᠢᠭᠡᠴᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠣᠷᠢᠯᠲᠠ ᠶᠢᠨ ᠠᠵᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃
W020241118359989904242_ORIGIN.jpg
    ᠰᠣᠷᠢᠯᠲᠠ ᠳᠠᠭᠤᠰᠤᠭᠰᠠᠨ ᠤ ᠳᠠᠷᠠᠭ᠎ᠠ᠂ ᠲᠤᠬᠠᠶ ᠶᠢᠨ ᠲᠠᠯᠠᠪᠠᠶ ᠶᠢᠨ ᠵᠢᠯᠣᠭᠤᠳᠬᠤ ᠭᠠᠵᠠᠷ ᠠᠴᠠ ᠳᠠᠬᠢᠨ ᠳᠠᠪᠲᠠᠨ ᠰᠤᠳᠤᠯᠤᠨ ᠶᠠᠷᠢᠯᠴᠠᠵᠤ᠂ ᠰᠣᠷᠢᠯᠲᠠ ᠶᠢᠨ ᠳᠤᠮᠳᠠᠬᠢ ᠬᠢᠯᠠᠰ ᠴᠡᠭ ᠪᠣᠯᠤᠨ ᠬᠦᠷᠦᠯᠴᠡᠬᠦ ᠥᠬᠡᠶ ᠲᠠᠯ᠎ᠠ ᠳᠤ ᠪᠥᠬᠦ ᠲᠠᠯ᠎ᠠ ᠶᠢᠨ ᠵᠠᠳᠠᠯᠤᠯᠲᠠ ᠬᠢᠪᠠ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号