2024 ᠣᠨ ᠤ ᠬᠤᠶᠠᠳᠤᠭᠠᠷ ᠪᠦᠯᠦᠭ ᠤᠨ ᠠᠶᠤᠯᠭᠦᠶ ᠦᠢᠯᠡᠳᠪᠦᠷᠢᠯᠡᠯ ᠤᠨ ᠬᠤᠶᠠᠳᠤᠭᠠᠷ ᠳᠡᠰ ᠤᠨ ᠪᠠᠷᠢᠮᠵᠢᠶᠠᠵᠢᠭᠤᠯᠤᠭᠰᠠᠨ ᠠᠶᠤᠯᠲᠠᠶ ᠬᠢᠮᠢ ᠶᠢᠨ ᠪᠣᠳᠠᠰ ᠪᠠ ᠬᠠᠭᠤᠷᠠᠶ ᠳᠡᠭᠡᠷᠡᠬᠢ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠨᠡᠭᠡᠭᠡᠨ ᠮᠠᠯᠲᠠᠬᠤ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠵᠠᠷᠯᠠᠯ
ᠨᠡᠶᠢᠲᠡᠯᠡᠭᠰᠡᠨ ᠴᠠᠭ᠄
2024/11/20
    ︽ᠠᠵᠤ ᠠᠬᠤᠶᠢᠯᠠᠯ ᠤᠨ ᠠᠶᠤᠯ ᠥᠬᠡᠶ ᠦᠢᠯᠡᠳᠪᠦᠷᠢᠯᠡᠯ  ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠲᠠᠰ ᠲᠣᠭᠲᠠᠭᠠᠬᠤ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠮᠡᠳᠡᠭᠳᠡᠯ︾ ︵ᠪᠠᠴᠢᠮ ᠪᠠᠶᠢᠳᠠᠯ ᠢ ᠠᠷᠭᠠᠴᠠᠭᠠᠬᠤ  ﹇2021﹈ 83 ᠳ᠋ᠤᠭᠠᠷ ᠲᠣᠭᠠᠲᠤ︶ ᠵᠡᠷᠭᠡ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠠᠵᠤ ᠠᠬᠤᠶᠢᠯᠠᠯ ᠤᠨ ᠥᠪᠡᠷ ᠢ ᠪᠠᠨ ᠦᠨᠡᠯᠡᠬᠦ ᠪᠠᠷ ᠳᠠᠮᠵᠢᠨ᠂ ᠭᠤᠶᠤᠴᠢᠯᠠᠬᠤ᠂ ᠲᠤᠬᠠᠶ ᠶᠢᠨ ᠭᠠᠵᠠᠷ ᠲᠤᠨᠢ ᠬᠢᠨᠠᠨ ᠲᠣᠭᠲᠠᠭᠠᠬᠤ ᠵᠡᠷᠭᠡ ᠭᠤᠭᠴᠤᠭ᠎ᠠ᠂ ᠳᠤᠮᠳᠠᠳᠤ ᠤᠯᠤᠰ ᠤᠨ ᠱᠧᠨ ᠬᠤᠸᠠ ᠨᠡᠭᠦᠷᠡᠰᠦ ᠪᠠᠷ ᠲᠣᠰᠣ ᠦᠢᠯᠡᠳᠬᠦ ᠬᠢᠮᠢ ᠶᠢᠨ ᠠᠵᠤ  ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠣᠷᠳᠣᠰ ᠤᠨ ᠨᠡᠭᠦᠷᠡᠰᠦ ᠪᠠᠷ ᠲᠣᠰᠣ ᠦᠢᠯᠡᠳᠬᠦ ᠬᠤᠪᠢᠶᠠᠷᠢ ᠺᠣᠮᠫᠠᠨᠢ ᠶᠢ ᠮᠠᠭᠠᠳᠯᠠᠨ ᠲᠣᠭᠲᠠᠭᠠᠬᠤ ᠪᠠᠷ ᠪᠣᠶ᠂ ᠥᠪᠥᠷ ᠮᠣᠩᠭᠤᠯ ᠤᠨ ᠵᠢᠦ ᠲᠠᠢ ᠰᠢᠨ᠎ᠡ ᠮᠠᠲ᠋ᠧᠷᠢᠶᠠᠯ ᠤᠨ ᠰᠢᠨᠵᠢᠯᠡᠭᠡ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠬᠤᠯ ᠤᠨ ᠳ᠋ᠡ ᠲᠠᠩ ᠣᠯᠠᠨ ᠤᠯᠤᠰ ᠤᠨ ᠬᠡᠰᠢᠭᠲᠡᠨ ᠤ ᠨᠡᠭᠦᠷᠡᠰᠦ ᠪᠠᠷ ᠪᠠᠶᠢᠭᠠᠯᠢ ᠶᠢᠨ ᠰᠢᠲᠠᠮᠠᠬᠠᠢ ᠬᠡᠢ ᠦᠢᠯᠡᠳᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠴᠠᠩ ᠴᠢᠩ ᠴᠢᠯᠠᠭᠤᠨ ᠲᠣᠰᠣᠨ ᠤ ᠠᠭᠤᠷᠬᠠᠶ ᠶᠢᠨ ᠬᠤᠪᠢᠶᠠᠷᠢ ᠺᠣᠮᠫᠠᠨᠢ ᠶᠢᠨ ᠳᠥᠷᠪᠡᠳᠦᠭᠡᠷ ᠬᠡᠶ ᠭᠠᠷᠭᠠᠬᠤ ᠦᠢᠯᠡᠳᠪᠦᠷᠢ  ᠶᠢᠨ 4 ᠠᠵᠤ ᠠᠬᠤᠶᠢᠯᠠᠯ ᠪᠣᠯ ᠠᠶᠤᠯᠭᠦᠶ ᠦᠢᠯᠡᠳᠪᠦᠷᠢᠯᠡᠯ ᠤᠨ ᠬᠤᠶᠠᠳᠤᠭᠠᠷ ᠳᠡᠰ ᠤᠨ ᠪᠠᠷᠢᠮᠵᠢᠶᠠᠵᠢᠭᠤᠯᠤᠭᠰᠠᠨ ᠠᠵᠤ ᠠᠬᠤᠶᠢᠯᠠᠯ ᠪᠣᠯᠤᠨ᠎ᠠ᠂ ᠣᠳᠣ ᠵᠠᠷᠯᠠᠨ ᠨᠡᠶᠢᠲᠡᠯᠡᠶ᠎ᠡ᠃    ᠬᠤᠯᠪᠣᠭᠳᠠᠯ ᠪᠦᠬᠦᠢ ᠨᠢᠭᠡᠴᠡ᠂ ᠪᠦᠯᠬᠦᠮ ᠪᠣᠯᠤᠨ ᠬᠤᠪᠢ ᠬᠥᠮᠦᠨ ᠬᠡᠷᠪᠡ ᠣᠨᠳᠣᠣ ᠰᠠᠨᠠᠯ ᠲᠠᠢ ᠪᠣᠯ ᠨᠡᠶᠢᠲᠡᠯᠡᠭᠰᠡᠨ ᠡᠳᠦᠷ ᠠᠴᠠ ᠡᠬᠢᠯᠡᠨ 7 ᠠᠵᠢᠯᠯᠠᠬᠤ ᠡᠳᠦᠷ ᠤᠨ ᠳᠣᠲᠣᠷ᠎ᠠ ᠪᠢᠴᠢᠭᠯᠡᠭᠰᠡᠨ ᠬᠡᠯᠪᠡᠷᠢ ᠪᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠳᠤ ᠳᠤᠷᠠᠳᠬᠤ ᠪᠣᠯᠪᠠᠤ᠃ ᠨᠢᠭᠡᠴᠡ ᠶᠢᠨ ᠨᠡᠷ᠎ᠡ ᠪᠠᠷ ᠪᠠᠶᠢᠳᠠᠯ ᠢ ᠲᠤᠰᠬᠠᠭᠰᠠᠨ ᠪᠣᠯ ᠠᠯᠪᠠᠨ ᠲᠠᠮᠠᠭ᠎ᠠ ᠳᠠᠷᠤᠭᠠᠷᠠᠶ︔ ᠬᠤᠪᠢ ᠬᠥᠮᠦᠨ ᠤ ᠨᠡᠷ᠎ᠡ ᠪᠠᠷ ᠪᠠᠶᠢᠳᠠᠯ ᠢ ᠲᠤᠰᠬᠠᠭᠰᠠᠨ ᠪᠣᠯ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ ᠪᠠ ᠬᠠᠷᠢᠯᠴᠠᠬᠤ ᠤᠲᠠᠰᠤ ᠪᠠᠨ ᠪᠢᠴᠢᠭᠡᠷᠡᠶ᠃    ᠢᠯᠡ ᠨᠡᠶᠢᠲᠡᠯᠡᠬᠦ ᠡᠳᠦᠷ ᠬᠤᠭᠤᠴᠠᠭ᠎ᠠ᠄ 2024 ᠣᠨ ᠤ 11 ᠳ᠋ᠦ᠋ᠭᠡᠷ ᠰᠠᠷ᠎ᠠ ᠶᠢᠨ 20 ᠤ ᠡᠳᠦᠷ ᠠᠴᠠ 11 ᠳ᠋ᠦ᠋ᠭᠡᠷ ᠰᠠᠷ᠎ᠠ ᠶᠢᠨ 29 ᠤ ᠡᠳᠦᠷ ᠪᠣᠯᠲᠠᠯ᠎ᠠ     ᠬᠠᠷᠢᠯᠴᠠᠬᠤ ᠤᠲᠠᠰᠤ᠄ 13051583015᠂ 0471 - 4824537    ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠲᠸᠡᠭ ᠹᠸᠢ ᠡᠮᠦᠨ᠎ᠡ ᠵᠠᠮ ᠤᠨ 40 ᠳ᠋ᠦ᠋ᠭᠡᠷ ᠨᠣᠮᠧᠷᠲᠤ ᠪᠠᠷᠠᠭᠤᠨ ᠳᠡᠳ᠋ ᠠᠰᠠᠷ ᠤᠨ 3 ᠳ᠋ᠤᠭᠠᠷ ᠠᠰᠠᠷ ᠤᠨ 324 ᠳ᠋ᠦ᠋ᠭᠡᠷ ᠲᠠᠰᠤᠭ     ᠳᠠᠭᠠᠯᠳᠤᠭᠤᠯᠤᠯ᠄ 2024 ᠣᠨ ᠤ ᠬᠤᠶᠠᠳᠤᠭᠠᠷ ᠪᠦᠯᠦᠭ ᠠᠶᠤᠯ ᠥᠬᠡᠶ  ᠦᠢᠯᠡᠳᠪᠦᠷᠢᠯᠡᠯ ᠤᠨ ᠬᠤᠶᠠᠳᠤᠭᠠᠷ ᠪᠦᠯᠦᠭ ᠪᠠᠷᠢᠮᠵᠢᠶᠠᠵᠢᠭᠤᠯᠤᠭᠰᠠᠨ ᠠᠶᠤᠯᠲᠠᠶ ᠬᠢᠮᠢ ᠶᠢᠨ ᠪᠣᠳᠠᠰ ᠪᠠ ᠬᠠᠭᠤᠷᠠᠶ ᠳᠡᠭᠡᠷᠡᠬᠢ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢ ᠨᠡᠭᠡᠭᠡᠨ ᠮᠠᠯᠲᠠᠬᠤ ᠠᠵᠤ ᠠᠬᠤᠶᠢᠯᠠᠯ ᠤᠨ ᠨᠡᠷᠡᠰ ᠢ ᠮᠠᠭᠠᠳᠯᠠᠨ ᠲᠣᠭᠲᠠᠭᠠᠬᠤ ᠪᠠᠷ ᠪᠣᠶ᠃    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ    2024 ᠣᠨ ᠤ 11 ᠳ᠋ᠦ᠋ᠭᠡᠷ ᠰᠠᠷ᠎ᠠ ᠶᠢᠨ 19 ᠤ ᠡᠳᠦᠷhttps://yjglt.nmg.gov.cn/yjt_index/tzgg/202411/t20241119_2611291.html
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号