ᠥᠪᠥᠷ ᠮᠣᠩᠭᠤᠯ ᠤᠨ ᠤᠯᠠᠭᠠᠨᠴᠠᠪ  ᠤᠨ ᠮᠥᠰᠥ ᠴᠠᠰᠤᠨ ᠤ ᠵᠢᠭᠤᠯᠴᠢᠯᠠᠯ ᠤᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/11/20
     ᠥᠪᠥᠷ ᠮᠣᠩᠭᠤᠯ  ᠳᠤ ᠪᠠᠰᠠ ᠬᠡᠳᠦᠢ ᠣᠯᠠᠨ ᠭᠡᠨᠡᠳᠲᠡ ᠶᠢᠨ ᠪᠠᠶᠠᠷ ᠪᠠᠶᠢᠬᠤ ᠶᠢ ᠣᠯᠠᠨ ᠢᠶᠠᠷ ᠢᠶᠠᠨ ᠮᠡᠳᠡᠬᠦ ᠦᠭᠡᠢ    11 ᠳ᠋ᠦ᠋ᠭᠡᠷ ᠰᠠᠷ᠎ᠠ ᠳᠤ ᠣᠷᠣᠬᠤ  ᠳᠤ ᠥᠪᠥᠷ ᠮᠣᠩᠭᠤᠯ ᠤᠨ ᠡᠯ᠎ᠡ ᠭᠠᠵᠠᠷ ᠤᠨ ᠮᠥᠰᠥ ᠴᠠᠰᠤᠨ ᠤ ᠵᠢᠭᠤᠯᠴᠢᠯᠠᠯ ᠤᠨ ᠠᠵᠢᠯᠯᠠᠭ᠎ᠠ ᠵᠠᠯᠭᠠᠭ᠎ᠠ ᠪᠠᠷ ᠡᠬᠢᠯᠡᠪᠡ᠃ ᠠᠯᠢ ᠣᠯᠠᠨ ᠮᠥᠰᠥ ᠴᠠᠰᠤᠨ ᠤ ᠵᠢᠭᠤᠯᠴᠢᠯᠠᠯ ᠤᠨ ᠪᠦᠲᠦᠭᠡᠭᠳᠡᠬᠦᠨ ᠪᠠ ᠦᠨᠡᠨᠴᠢ ᠬᠠᠨᠤᠮᠵᠢᠲᠠᠶ ᠬᠠᠷᠠᠭᠠᠯᠵᠠᠯ  ᠨᠢ ᠡᠯ᠎ᠡ ᠭᠠᠵᠠᠷ ᠤᠨ ᠵᠢᠭᠤᠯᠴᠢᠯᠠᠭᠴᠢᠳ ᠤᠨ ᠠᠩᠬᠠᠷᠤᠯ ᠢ ᠲᠠᠲᠠᠨ᠎ᠠ᠃    ᠡᠨᠡ ᠬᠡᠳᠦᠨ ᠡᠳᠦᠷ ᠤᠨ ᠤᠯᠠᠭᠠᠨᠴᠠᠪ ᠬᠤᠲᠠ ᠦᠨᠡᠬᠡᠷ ᠬᠥᠭᠵᠢᠶᠡᠨ ᠲᠠᠢ︕ ᠢᠯᠠᠩᠭᠤᠶ᠎ᠠ ᠤᠯᠠᠭᠠᠨᠬᠠᠳᠠ ᠭᠠᠯᠲᠤ ᠠᠭᠤᠯᠠ᠂ ᠬᠤᠸᠠᠷ ᠫᠤᠤᠵᠢᠩ ᠰᠣᠯᠣᠩᠭᠠᠷᠠᠨ ᠭᠡᠷᠡᠯᠲᠦᠵᠦ᠂ ᠬᠥᠮᠦᠰ ᠠᠳᠡ ᠳᠠᠭᠤᠯᠠᠨ ᠪᠥᠵᠢᠭᠯᠡᠵᠦ᠂ ᠪᠠᠶᠠᠷ ᠪᠠᠶᠠᠰᠦᠯ ᠤᠨ ᠠᠭᠤᠷ ᠠᠮᠢᠰᠬᠤᠯ ᠢᠶᠠᠷ ᠪᠢᠯᠬᠠᠨ᠎ᠠ᠃ 
0ECEF3AF3D4EC86B60EF0D88075AA656.jpg
    11 ᠳ᠋ᠦ᠋ᠭᠡᠷ ᠰᠠᠷ᠎ᠠ ᠶᠢᠨ 16 ᠤ ᠡᠳᠦᠷ᠂ ︽ᠥᠪᠥᠷ ᠮᠣᠩᠭᠤᠯ ᠤᠨ ᠮᠥᠰᠥ ᠴᠠᠰᠤᠨ ᠤ ᠤᠷᠢᠯᠭ᠎ᠠ ᠪᠠᠷ ᠭᠠᠯᠲᠤ ᠠᠭᠤᠯᠠᠨ ᠳᠤ ᠭᠠᠷᠴᠤ ᠴᠠᠰᠤᠨ ᠳᠤ ᠭᠤᠯᠭᠤᠬᠤ︾ ᠵᠢᠴᠢ 2024 ᠣᠨ ᠤ ᠤᠯᠠᠭᠠᠨᠴᠠᠪ ᠬᠤᠲᠠ ᠶᠢᠨ ᠬᠤᠶᠠᠳᠤᠭᠠᠷ ᠬᠤᠭᠤᠴᠠᠭᠠᠨ ᠤ ︽ᠮᠥᠰᠥ ᠴᠠᠰᠤᠨ ᠤ ᠢᠨᠠᠭ ᠳᠤᠷᠠᠯᠠᠯ︾ ᠵᠢᠭᠤᠯᠴᠢᠯᠠᠯ ᠤᠨ ᠤᠯᠠᠷᠢᠯ ᠡᠬᠢᠯᠡᠪᠡ᠃    ︽ᠠᠭᠤᠯᠠᠨ ᠳᠤ ᠭᠠᠷᠴᠤ ᠰᠢᠷᠠᠭᠰᠠᠨ ᠲᠥᠮᠥᠰᠥ ᠢᠳᠡᠵᠦ᠂ ᠠᠭᠤᠯᠠᠨ ᠠᠴᠠ ᠪᠠᠭᠤᠵᠤ ᠬᠤᠨᠢᠨ ᠮᠢᠬ᠎ᠠ ᠢᠳᠡᠨ᠎ᠡ ︾᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠤᠯᠠᠭᠠᠨᠬᠠᠳᠠ ᠶᠢᠨ ᠭᠠᠯᠲᠤ ᠠᠭᠤᠯᠠᠨ ᠤ ᠬᠤᠷᠮᠣᠶ ᠳᠤ ᠬᠠᠯᠠᠭᠤᠨ ᠠᠭᠤᠷ ᠪᠠᠭᠠᠭᠢᠵᠤ ᠪᠠᠶᠢᠭ᠎ᠠ ᠬᠠᠯᠠᠭᠤᠨ ᠲᠣᠭᠤᠭ᠎ᠠ᠂ ᠴᠠᠭᠠᠨ ᠲᠤᠭᠤᠯᠭᠠᠨ ᠴᠠᠭᠠᠰᠤ ᠶᠢ ᠵᠠᠳᠠᠯᠬᠤ ᠳᠤ ︽ᠬᠤᠶᠢᠲᠤ ᠲᠤᠭ ᠤᠨ ᠤᠯᠠᠭᠠᠨ︾ ᠲᠥᠮᠥᠰᠥ ᠪᠠᠶᠢᠵᠤ᠂ ︽ᠪᠢᠴᠢᠬᠠᠨ ᠠᠬ᠎ᠠ︾  ᠲᠤᠬᠠᠶ ᠶᠢᠨ ᠲᠠᠯᠠᠪᠠᠶ ᠶᠢᠨ ᠦᠵᠡᠭᠴᠢᠳ  ᠢ ᠳᠠᠭᠠᠭᠤᠯᠤᠨ ᠪᠦᠵᠢᠭᠯᠡᠵᠦ᠂ ᠰᠠᠨᠰᠠᠷ ᠤᠨ ᠠᠶᠠᠯᠠᠯ ᠤᠨ ᠬᠤᠪᠴᠠᠰᠤ ᠡᠮᠦᠰᠦᠭᠰᠡᠨ ᠵᠠᠭᠤᠨ ︽ᠰᠠᠨᠰᠠᠷᠴᠢᠨ︾ ᠨᠢ ︽ᠨᠡᠭᠦᠳᠡᠯ ᠠᠷᠠᠳ ᠤᠨ ᠭᠠᠯ ᠭᠠᠷᠠᠭ︾ ᠤᠨ ᠲᠣᠮᠣ ᠵᠦᠴᠦᠭᠡ ᠶᠢ ᠲᠣᠭᠯᠠᠵᠤ᠂  ᠬᠥᠮᠥᠰ ᠤᠨ ᠰᠡᠳᠬᠢᠯ ᠢ  ᠳᠣᠭᠳᠣᠯᠤᠭᠤᠯᠤᠨ᠎ᠠ᠃    
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号