ᠲᠦᠷᠦᠭᠦᠬᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠨᠡᠭᠦᠷᠡᠰᠦᠨ | ᠠᠭᠤᠷᠬᠠᠶ ᠶᠢᠨ ᠬᠦᠨᠳᠦ ᠶᠡᠭᠡ ᠭᠠᠮᠰᠢᠭ ᠢ ᠰᠡᠷᠭᠡᠶᠢᠯᠡᠨ ᠵᠠᠰᠠᠬᠤ ᠤᠷ᠎ᠠ ᠴᠢᠳᠠᠪᠤᠷᠢ ᠶᠢ ᠳᠡᠭᠡᠭᠰᠢᠯᠡᠭᠦᠯᠬᠦ | ᠪᠣᠯᠪᠠᠰᠤᠷᠠᠯ ᠤᠨ ᠠᠩᠭᠢ ᠬᠢᠶ᠎ᠠ ᠪᠠᠭᠰᠢ ᠲᠣᠭᠤᠷᠢᠭ ᠲᠤ ᠬᠢᠴᠢᠶᠡᠯ ᠡᠬᠢᠯᠡᠵᠦ᠂ ᠣᠷᠳᠣᠰ ᠬᠤᠲᠠ ᠶᠢᠨ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠡᠯ᠎ᠡ ᠬᠤᠰᠢᠭᠤ ︵ᠲᠣᠭᠤᠷᠢᠭ︶ ᠶᠢᠨ ᠠᠭᠤᠷᠬᠠᠶ ᠶᠢᠨ | ᠠᠶᠤᠯ ᠥᠬᠡᠶ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ᠂ ᠠᠶᠤᠯ ᠥᠬᠡᠶ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠠᠰᠤᠭ᠂ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠠᠮᠢᠶ᠎ᠠ | ᠪᠥᠬᠦᠶ ᠬᠥᠮᠦᠰ ᠵᠢᠴᠢ ᠪᠥᠬᠦ ᠬᠤᠲᠠ ᠶᠢᠨ ᠤᠰᠤᠨ ᠤ ᠭᠠᠵᠠᠷ ᠰᠢᠨᠵᠢᠯᠡᠭᠡᠨ ᠤ ᠲᠥᠷᠥᠯ ᠬᠡᠯᠪᠡᠷᠢ ᠶᠢᠨ ᠳᠤᠮᠳᠠ | ᠵᠡᠷᠭᠡ ᠠᠴᠠ ᠳᠡᠭᠡᠭᠰᠢᠬᠢ ᠨᠡᠭᠦᠷᠡᠰᠦᠨ ᠠᠭᠤᠷᠬᠠᠶ ᠪᠣᠯᠤᠨ ᠦᠦ ᠦᠨᠡᠰᠦ ᠶᠢᠨ ᠤᠰᠤᠨ ᠤ ᠰᠦᠷᠳᠡᠭᠦᠯᠦᠯ ᠳᠤ | ᠤᠴᠠᠷᠠᠭᠰᠠᠨ ᠨᠡᠭᠦᠷᠡᠰᠦᠨ ᠠᠭᠤᠷᠬᠠᠶ ᠶᠢᠨ ᠭᠤᠤᠯ ᠬᠠᠷᠢᠭᠤᠴᠠᠯᠭᠠᠲᠠᠨ᠂ ᠶᠡᠷᠦᠩᠬᠡᠶ ᠢᠨᠵᠧᠨᠧᠷ ᠪᠤᠶᠤ ᠬᠠᠮᠢᠶ᠎ᠠ ᠪᠥᠬᠦᠶ | ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠵᠤ᠂ ᠭᠠᠵᠠᠷ ᠤᠨ ᠳᠠᠷᠤᠯᠲᠠᠲᠤ ᠨᠡᠭᠦᠷᠡᠰᠦᠨ ᠠᠭᠤᠷᠬᠠᠶ ᠶᠢ ᠳᠠᠭᠠᠷᠢᠭᠰᠠᠨ | ᠪᠠ ᠭᠠᠵᠠᠷ ᠤᠨ ᠳᠠᠷᠤᠯᠲᠠᠲᠤ ᠨᠡᠭᠦᠷᠡᠰᠦᠨ ᠠᠭᠤᠷᠬᠠᠶ ᠶᠢᠨ ᠬᠠᠮᠢᠶᠠᠷᠤᠯᠲᠠ ᠶᠢ ᠳᠠᠭᠠᠷᠢᠭᠰᠠᠨ ᠨᠡᠭᠦᠷᠡᠰᠦᠨ | ᠠᠭᠤᠷᠬᠠᠶ ᠶᠢᠨ ᠭᠤᠤᠯ ᠬᠠᠷᠢᠭᠤᠴᠠᠯᠭᠠᠲᠠᠨ ᠵᠡᠷᠭᠡ 180 ᠭᠠᠷᠤᠶ ᠬᠥᠮᠦᠨ ᠣᠷᠣᠯᠴᠠᠵᠤ᠂ ᠠᠮᠤᠷ ᠲᠦᠪᠰᠢᠨ ᠤ | ᠣᠶᠢᠯᠠᠭᠠᠭᠳᠠᠬᠤᠨ ᠢ ᠬᠠᠮᠲᠤ ᠪᠠᠷ ᠳᠠᠷᠢᠵᠤ᠂ ᠠᠮᠤᠷ ᠲᠦᠪᠰᠢᠨ ᠤ ᠬᠥᠭᠵᠢᠯᠲᠡ ᠶᠢ ᠠᠬᠢᠭᠤᠯᠪᠠ᠃ | ᠲᠣᠰ ᠤᠳᠠᠭᠠᠨ ᠤ ᠪᠣᠯᠪᠠᠰᠤᠷᠠᠭᠤᠯᠤᠯ ᠨᠢ 3 ᠡᠳᠦᠷ ᠶᠠᠪᠤᠭᠳᠠᠵᠤ᠂ ᠬᠤᠯᠪᠣᠭᠳᠠᠯ ᠪᠥᠬᠦᠶ ᠲᠤᠰᠬᠠᠶ | ᠮᠡᠷᠭᠡᠵᠢᠯᠲᠡᠨ ᠢ ᠤᠷᠢᠵᠤ ᠨᠡᠭᠦᠷᠡᠰᠦᠨ ᠠᠭᠤᠷᠬᠠᠶ ᠶᠢᠨ ᠤᠰᠤ ᠶᠢ ᠰᠡᠷᠭᠡᠶᠢᠯᠡᠨ ᠵᠠᠰᠠᠬᠤ ᠰᠢᠨ᠎ᠡ ᠮᠡᠷᠭᠡᠵᠢᠯ ᠬᠢᠭᠡᠳ | ᠬᠥᠭᠵᠢᠯᠲᠡ ᠶᠢᠨ ᠬᠠᠨᠳᠤᠰᠢ᠂ ᠣᠷᠳᠣᠰ ᠤᠨ ᠨᠡᠭᠦᠷᠡᠰᠦᠨ ᠠᠭᠤᠷᠬᠠᠶ ᠶᠢᠨ ᠤᠰᠤᠨ ᠤ ᠬᠥᠨᠥᠭᠡᠯ ᠢ ᠰᠡᠷᠭᠡᠶᠢᠯᠡᠨ | ᠵᠠᠰᠠᠬᠤ ᠠᠰᠠᠭᠤᠳᠠᠯ ᠬᠢᠭᠡᠳ ᠠᠷᠭ᠎ᠠ ᠪᠣᠳᠣᠯᠭ᠎ᠠ᠂ ᠨᠡᠭᠦᠷᠡᠰᠦᠨ ᠠᠭᠤᠷᠬᠠᠶ ᠶᠢᠨ ᠭᠠᠵᠠᠷ ᠤᠨ ᠳᠠᠷᠤᠯᠲᠠ ᠶᠢ | ᠳᠠᠭᠠᠷᠢᠵᠤ ᠰᠡᠷᠭᠡᠶᠢᠯᠡᠨ ᠵᠠᠰᠠᠬᠤ ᠢᠵᠢ ᠪᠦᠷᠢᠨ ᠮᠡᠷᠭᠡᠵᠢᠯ ᠬᠢᠭᠡᠳ ᠢᠨᠵᠧᠨᠧᠷᠢᠩ ᠤᠨ ᠬᠡᠷᠡᠭᠯᠡᠯᠲᠡ ᠵᠡᠷᠭᠡ | ᠠᠭᠤᠯᠭ᠎ᠠ ᠶᠢᠨ ᠲᠣᠭᠤᠷᠢᠨ ᠳᠤ ᠲᠠᠶᠢᠯᠤᠮᠵᠢ ᠬᠢᠯᠭᠡᠵᠦ᠂ ᠲᠤᠷᠰᠢᠯᠭ᠎ᠠ ᠠᠷᠭ᠎ᠠ ᠪᠠᠷᠢᠯ ᠢ ᠲᠠᠨᠢᠯᠴᠠᠭᠤᠯᠵᠤ᠂ | ᠬᠠᠮᠤᠭ ᠤᠨ ᠡᠮᠦᠨ᠎ᠡ ᠵᠠᠬ᠎ᠠ ᠶᠢᠨ ᠰᠤᠳᠤᠯᠭᠠᠨ ᠤ ᠦᠷ᠎ᠡ ᠪᠦᠲᠦᠭᠡᠯ᠂ ᠮᠡᠷᠭᠡᠵᠢᠯ ᠤᠨ ᠰᠢᠨ᠎ᠡ ᠶᠢ ᠡᠭᠦᠳᠦᠭᠰᠡᠨ | ᠬᠡᠷᠡᠭ ᠤᠨ ᠵᠢᠱᠢᠶ᠎ᠡ ᠶᠢ ᠬᠤᠪᠢᠶᠠᠯᠴᠠᠵᠤ᠂ ᠡᠯᠪᠡᠭ ᠪᠠᠶᠠᠯᠢᠭ ᠣᠨᠣᠯ ᠤᠨ ᠮᠡᠳᠡᠯᠭᠡ ᠶᠢᠨ ᠬᠢᠴᠢᠶᠡᠯ ᠤᠨ ᠲᠢᠩᠬᠢᠮ ᠲᠠᠢ | ᠮᠥᠷᠲᠡᠭᠡᠨ ᠪᠠᠰᠠ ᠰᠣᠯᠢᠯᠴᠠᠭ᠎ᠠ ᠬᠢᠬᠦ ᠦᠢᠯᠡᠳᠦᠯᠭᠡ ᠶᠢᠨ ᠲᠠᠪᠴᠠᠩ ᠲᠠᠢ ᠪᠣᠯᠪᠠ᠃ | ︽ᠲᠣᠰ ᠤᠳᠠᠭᠠᠨ ᠤ ᠪᠣᠯᠪᠠᠰᠤᠷᠠᠯ ᠨᠢ ᠪᠢᠳᠡᠨ ᠳᠤ ᠨᠠᠩ ᠣᠯᠠᠨ ᠬᠦᠨᠳᠦ ᠶᠡᠭᠡ ᠭᠠᠮᠰᠢᠭ ᠢ ᠰᠡᠷᠭᠡᠶᠢᠯᠡᠨ | ᠵᠠᠰᠠᠬᠤ ᠲᠠᠯ᠎ᠠ ᠶᠢᠨ ᠪᠣᠯᠤᠮᠵᠢᠲᠤ ᠲᠤᠷᠰᠢᠯᠭ᠎ᠠ ᠪᠠ ᠲᠥᠰᠦᠯ ᠢ ᠬᠠᠩᠭᠠᠪᠠ᠃︾ ᠭᠡᠵᠦ ᠥᠪᠥᠷ ᠮᠣᠩᠭᠤᠯ ᠤᠨ | ᠢ ᠲᠠᠢ ᠭᠤᠸᠠᠩ ᠯᠢᠶᠠᠨ ᠨᠡᠭᠦᠷᠡᠰᠦ ᠬᠢᠮᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠤᠨᠢᠴᠢᠨ ᠭᠤᠤᠯ | ᠨᠡᠭᠦᠷᠡᠰᠦᠨ ᠠᠭᠤᠷᠬᠠᠶ ᠶᠢᠨ ᠶᠡᠷᠦᠩᠬᠡᠶ ᠢᠨᠵᠧᠨᠧᠷ ᠴᠢᠦ ᠴᠥᠩ ᠬᠡᠯᠡᠪᠡ᠃ | ᠣᠷᠳᠣᠰ ᠬᠤᠲᠠ ᠶᠢᠨ ᠢ ᠬᠤᠸᠠ ᠠᠭᠤᠷᠬᠠᠶ ᠶᠢᠨ ᠡᠬᠢ ᠪᠠᠶᠠᠯᠢᠭ ᠤᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠶᠢᠨ ᠮᠦᠳᠦ᠋ ᠴᠠᠶ ᠳ᠋ᠧᠩ ᠨᠡᠭᠦᠷᠡᠰᠦᠨ ᠠᠭᠤᠷᠬᠠᠶ ᠶᠢᠨ ᠶᠡᠷᠦᠩᠬᠡᠶ ᠢᠨᠵᠧᠨᠧᠷ ᠰᠢᠶᠠᠩ ᠮᠢᠨ | ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ ᠲᠠᠳᠠ ᠭᠠᠮᠰᠢᠭ ᠢ ᠰᠡᠷᠭᠡᠶᠢᠯᠡᠬᠦ ᠤᠷ᠎ᠠ ᠴᠢᠳᠠᠪᠤᠷᠢ ᠪᠠᠨ | ᠲᠠᠰᠤᠷᠠᠯᠲᠠ ᠥᠬᠡᠶ ᠳᠡᠭᠡᠭᠰᠢᠯᠡᠭᠦᠯᠦᠨ᠎ᠡ ᠭᠡᠵᠡᠶ᠃ | ᠣᠷᠳᠣᠰ ᠬᠤᠲᠠ ᠶᠢᠨ ᠠᠭᠤᠷᠬᠠᠶ ᠶᠢᠨ ᠠᠶᠤᠯ ᠥᠬᠡᠶ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ | ᠬᠤᠯᠪᠣᠭᠳᠠᠯ ᠪᠥᠬᠦᠶ ᠬᠠᠷᠢᠭᠤᠴᠠᠯᠭᠠᠲᠠᠨ ᠵᠢᠭᠠᠵᠤ ᠭᠠᠷᠭᠠᠭᠰᠠᠨ ᠨᠢ᠂ ᠡᠯ᠎ᠡ ᠰᠠᠯᠠᠭ᠎ᠠ ᠮᠥᠴᠢᠷ᠂ ᠡᠯ᠎ᠡ ᠠᠭᠤᠷᠬᠠᠶ ᠶᠢᠨ | ᠠᠵᠤ ᠠᠬᠤᠶᠢᠯᠠᠯ ᠤᠯᠠᠭᠠᠨ ᠱᠤᠭᠤᠮ ᠤᠨ ᠤᠬᠠᠮᠰᠠᠷ ᠪᠠ ᠬᠤᠷᠢᠭ᠎ᠠ ᠱᠤᠭᠤᠮ ᠤᠨ ᠰᠡᠳᠬᠢᠬᠦᠶ ᠶᠢ ᠪᠠᠲᠤ ᠪᠠᠬᠢ ᠪᠣᠶ | ᠪᠣᠯᠭᠠᠵᠤ᠂ ᠣᠷᠳᠣᠰ ᠬᠤᠲᠠ ᠶᠢᠨ ᠠᠶᠤᠯ ᠥᠬᠡᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠠᠢ ᠬᠠᠮᠲᠤ ᠪᠠᠷ ᠭᠠᠵᠠᠷ ᠤᠨ ᠳᠠᠷᠤᠯᠲᠠ ᠶᠢᠨ ᠲᠠᠭᠠᠷᠢᠯᠲᠠ ᠶᠢ | ᠰᠡᠷᠭᠡᠶᠢᠯᠡᠨ ᠵᠠᠰᠠᠬᠤ ᠵᠡᠷᠭᠡ ᠮᠡᠷᠭᠡᠵᠢᠯ ᠤᠨ ᠰᠤᠳᠤᠯᠤᠨ ᠨᠡᠭᠡᠭᠡᠯᠲᠡ ᠪᠠ ᠳᠡᠯᠭᠡᠷᠡᠭᠦᠯᠦᠯᠲᠡ ᠶᠢ ᠲᠦᠷᠭᠡᠳᠬᠡᠨ | ᠥᠷᠨᠢᠭᠦᠯᠵᠦ᠂ ᠨᠡᠭᠦᠷᠡᠰᠦᠨ ᠠᠭᠤᠷᠬᠠᠶ ᠶᠢᠨ ᠬᠦᠨᠳᠦ ᠶᠡᠭᠡ ᠭᠠᠶ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ | ᠴᠢᠩᠭᠠᠳᠬᠠᠬᠤ ᠬᠡᠷᠡᠭᠲᠡᠶ᠃ ︵ᠰᠢᠤᠢ ᠰᠢᠶᠤᠤ ᠳ᠋ᠦᠩ ᠬᠤᠤ ᠯᠦ︶᠃ |