ᠬᠥᠯᠥᠨ ᠪᠤᠶᠢᠷ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠤᠨ ᠠᠵᠤ ᠦᠢᠯᠡᠳᠪᠦᠷᠢ ᠠᠷᠠᠯᠵᠢᠶᠠᠨ ᠤ ᠬᠦᠷᠢᠶᠡᠨ ᠤ ᠠᠶᠤᠯ ᠥᠬᠡᠶ ᠦᠢᠯᠡᠳᠪᠦᠷᠢᠯᠡᠯ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠤᠨ ᠲᠤᠰᠬᠠᠶ ᠰᠡᠳᠦᠪᠲᠦ ᠸᠢᠳᠢᠣ᠋ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/22
1.jpg
    11 ᠰᠠᠷ᠎ᠠ ᠶᠢᠨ 19 ᠤ ᠡᠳᠦᠷ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠤᠨ ᠠᠵᠤ ᠦᠶ᠋ᠯᠡᠳᠪᠦᠷᠢ ᠠᠷᠠᠯᠵᠢᠶᠠᠨ ᠤ ᠬᠦᠷᠢᠶᠡᠨ ᠤ ᠠᠶᠤᠯ ᠥᠬᠡᠶ ᠦᠢᠯᠡᠳᠪᠦᠷᠢᠯᠡᠯ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠤᠨ ᠲᠤᠰᠬᠠᠶ ᠰᠡᠳᠦᠪᠲᠦ ᠸᠢᠳᠢᠣ᠋ ᠬᠤᠷᠠᠯ ᠬᠤᠷᠠᠯᠳᠤᠭᠤᠯᠪᠠ᠃ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠣᠣ ᠶᠦᠩ ᠵᠥᠩ ᠬᠤᠷᠠᠯ ᠢ ᠡᠷᠭᠢᠯᠡᠪᠡ᠃ ᠡᠯ᠎ᠡ ᠬᠤᠰᠢᠭᠤ ᠬᠤᠲᠠ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠨᠥᠬᠦᠳ᠂ ᠬᠠᠮᠢᠶ᠎ᠠ ᠪᠥᠬᠦᠶ ᠲᠠᠰᠤᠭ ᠤᠨ ᠬᠠᠷᠢᠭᠤᠴᠠᠯᠭᠠᠲᠠᠨ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠶ᠃
2.jpg
    ᠬᠤᠷᠠᠯ ᠳᠡᠭᠡᠷ᠎ᠡ ᠪᠥᠬᠦ ᠬᠤᠲᠠ ᠶᠢᠨ ᠠᠵᠤ ᠦᠢᠯᠡᠳᠪᠦᠷᠢ ᠠᠷᠠᠯᠵᠢᠶᠠᠨ ᠤ ᠬᠦᠷᠢᠶᠡᠨ ᠳᠠᠬᠢ ᠠᠶᠤᠯ ᠥᠬᠡᠶ ᠦᠢᠯᠡᠳᠪᠦᠷᠢᠯᠡᠯ ᠤᠨ ᠠᠵᠢᠯ ᠪᠠ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠭᠰᠡᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ 14 ᠬᠤᠰᠢᠭᠤ ᠬᠤᠲᠠ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠵᠤ᠂ 2025 ᠣᠨ ᠤ ᠠᠵᠤ ᠦᠢᠯᠡᠳᠪᠦᠷᠢ ᠠᠷᠠᠯᠵᠢᠶᠠᠨ ᠤ ᠬᠦᠷᠢᠶᠡᠨ ᠳᠠᠬᠢ ᠠᠶᠤᠯ ᠥᠬᠡᠶ ᠦᠢᠯᠡᠳᠪᠦᠷᠢᠯᠡᠯ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃    ᠬᠤᠷᠠᠯ ᠠᠴᠠ ᠤᠯᠤᠰ᠂ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠪᠣᠯᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠬᠠᠮᠢᠶ᠎ᠠ ᠪᠦᠬᠦᠢ ᠪᠢᠴᠢᠭ  ᠮᠠᠲ᠋ᠧᠷᠢᠶᠠᠯ ᠤᠨ ᠬᠤᠷᠠᠯ ᠤᠨ ᠵᠣᠷᠢᠭ ᠰᠠᠨᠠᠭ᠎ᠠ ᠵᠢᠴᠢ ᠬᠤᠳᠠ ᠶᠢᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠠᠵᠤ ᠦᠢᠯᠡᠳᠪᠦᠷᠢ ᠠᠷᠠᠯᠵᠢᠶᠠᠨ ᠤ ᠬᠦᠷᠢᠶᠡᠨ ᠤ ᠠᠶᠤᠯᠭᠦᠢ ᠦᠢᠯᠡᠳᠪᠦᠷᠢᠯᠡᠯ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠰᠠᠶᠢᠲᠤᠷ ᠠᠳᠬᠤᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠪᠦᠬᠦ ᠬᠦᠴᠦ ᠪᠠᠷ ᠢᠶᠠᠨ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠤᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠵᠦ᠂ ᠠᠵᠤ ᠦᠢᠯᠡᠳᠪᠦᠷᠢ ᠠᠷᠠᠯᠵᠢᠶᠠᠨ ᠤ ᠬᠦᠷᠢᠶᠡᠨ ᠤ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠡᠯ᠎ᠡ ᠵᠦᠢᠯ ᠤᠨ ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠢᠨᠲ᠋ᠧᠷ ᠰᠦᠯᠵᠢᠶ᠎ᠡ + ᠬᠠᠤᠯᠢ ᠬᠡᠷᠡᠭᠵᠢᠭᠦᠯᠬᠦ︾ ᠰᠢᠰᠲ᠋ᠧᠮ ᠤᠨ ᠬᠡᠷᠡᠭᠯᠡᠭᠡ ᠶᠢ ᠴᠢᠩᠭᠠᠳᠬᠠᠵᠤ᠂ ᠬᠠᠤᠯᠢ ᠬᠡᠷᠡᠭᠵᠢᠭᠦᠯᠵᠦ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠳᠤ ᠬᠦᠴᠦᠨ ᠨᠡᠮᠡᠷᠢᠯᠡᠬᠦ ᠬᠡᠷᠡᠭᠲᠡᠢ᠃ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠤᠷᠢᠳᠴᠢᠯᠠᠨ ᠲᠥᠯᠥᠪᠵᠢᠭᠦᠯᠵᠦ᠂ ᠭᠤᠣᠯ ᠮᠥᠷᠡᠨ᠂ ᠤᠰᠤᠨ ᠴᠥᠭᠦᠷᠥᠮ᠂ ᠠᠭᠤᠯᠠᠨ ᠦᠶᠡᠷ ᠤᠨ ᠭᠤᠤ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠰᠠᠭᠤᠷᠢ ᠲᠤᠭ᠎ᠠ ᠶᠢ ᠡᠮᠬᠢᠯᠡᠨ ᠡᠵᠡᠮᠰᠢᠵᠦ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠡᠯ᠎ᠡ ᠲᠦᠷᠦᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠪᠦᠷᠢᠨᠰᠢᠬᠦᠯᠤᠨ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠲᠣᠨᠣᠭᠯᠠᠯ ᠢ ᠭᠦᠢᠴᠡᠳ ᠪᠡᠯᠡᠳᠬᠡᠬᠦ ᠬᠡᠷᠡᠭᠲᠡᠢ᠃ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠣᠷᠠᠬᠤ ᠬᠡᠷᠡᠭ ᠵᠥᠪᠯᠡᠬᠦ ᠪᠠᠶᠢᠭᠤᠯᠤᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠵᠠᠶᠢᠯᠠᠬᠤ ᠲᠠᠯᠠᠪᠤᠷ ᠤᠨ ᠪᠥᠳᠥᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠭᠠᠵᠠᠷ ᠬᠥᠳᠡᠯᠦᠯᠲᠡ ᠶᠢᠨ ᠠᠶᠤᠯᠭᠦᠢ ᠴᠢᠨᠠᠷ ᠢ ᠦᠨᠡᠯᠡᠬᠦ ᠠᠵᠢᠯ ᠢ ᠵᠣᠬᠢᠴᠠᠭᠤᠯᠤᠨ ᠰᠠᠶᠢᠲᠤᠷ ᠬᠢᠵᠦ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢ ᠴᠢᠩᠭᠠᠳᠬᠠᠵᠤ᠂ ᠠᠷᠠᠳ ᠣᠯᠠᠨ ᠤ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠠᠶᠤᠯ ᠠᠴᠠ ᠵᠠᠶᠢᠯᠠᠬᠤ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠢ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号