ᠬᠥᠬᠡᠬᠤᠲᠠ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠢᠯᠤᠭᠤᠳᠬᠤ ᠭᠠᠵᠠᠷ ᠤᠨ ᠠᠯᠪᠠᠨ ᠭᠡᠷ ᠬᠥᠬᠡᠬᠤᠲᠠ ᠶᠢᠨ 2024 - 2025 ᠣᠨ ᠤ ᠳᠣᠣᠷ᠎ᠠ ᠳᠤᠯᠠᠭᠠᠨ ᠪᠣᠷᠣᠭᠠᠨ ᠴᠠᠰᠤ ᠮᠥᠰᠥᠲᠦᠯ ᠤᠨ ᠭᠠᠮᠰᠢᠭ ᠢ ᠰᠡᠷᠭᠡᠶᠢᠯᠡᠨ ᠠᠷᠭᠠᠴᠠᠭᠠᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/27
    ᠶᠡᠷᠦᠩᠬᠡᠢ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠳᠣᠣᠷ᠎ᠠ ᠳᠤᠯᠠᠭᠠᠨ ᠪᠣᠷᠣᠭᠠᠨ ᠴᠠᠰᠤ ᠮᠥᠰᠥᠲᠦᠯ ᠤᠨ ᠭᠠᠮᠰᠢᠭ ᠢ ᠰᠡᠷᠭᠡᠶᠢᠯᠡᠨ ᠠᠷᠭᠠᠴᠠᠭᠠᠬᠤ ᠠᠵᠢᠯ ᠤᠨ ᠲᠤᠬᠠᠢ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠣᠣᠷ᠎ᠠ ᠳᠤᠯᠠᠭᠠᠨ ᠪᠣᠷᠣᠭᠠᠨ ᠴᠠᠰᠤ ᠮᠥᠰᠥᠲᠦᠯ ᠤᠨ ᠭᠠᠮᠰᠢᠭ ᠢ ᠰᠡᠷᠭᠡᠶᠢᠯᠡᠨ ᠠᠷᠭᠠᠴᠠᠭᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ 2024 - 2025 ᠣᠨ ᠤ ᠰᠡᠷᠭᠡᠶᠢᠯᠡᠨ ᠠᠷᠭᠠᠴᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠯ᠎ᠡ ᠲᠥᠷᠥᠯ ᠤᠨ ᠭᠡᠨᠡᠳᠲᠡ ᠶᠢᠨ ᠠᠶᠤᠯᠲᠤ ᠪᠠᠶᠢᠳᠠᠯ ᠢ ᠪᠠᠴᠢᠮ ᠠᠷᠭᠠᠴᠠᠭᠠᠨ ᠰᠢᠢᠳᠪᠦᠷᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠷᠠᠳ ᠣᠯᠠᠨ ᠤ ᠳᠤᠯᠠᠭᠠᠨ ᠡᠪᠦᠯᠵᠢᠬᠦ ᠶᠢ ᠪᠠᠲᠤᠯᠠᠬᠤ ᠶᠢᠨ ᠲᠥᠯᠥᠭᠡ᠂ ᠬᠤᠲᠠ ᠶᠢᠨ ᠵᠠᠰᠠᠭ ᠤᠨ ᠣᠷᠳᠣᠨ ᠵᠢᠴᠢ ᠬᠤᠲᠠ ᠶᠢᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠥᠪᠯᠡᠯ ᠤᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ 2024 - 2025 ᠣᠨ ᠤ ᠳᠣᠣᠷ᠎ᠠ ᠳᠤᠯᠠᠭᠠᠨ ᠪᠣᠷᠣᠭᠠᠨ ᠴᠠᠰᠤ ᠮᠥᠰᠥᠲᠦᠯ ᠤᠨ ᠭᠠᠮᠰᠢᠭ ᠢ ᠰᠡᠷᠭᠡᠶᠢᠯᠡᠨ ᠠᠷᠭᠠᠴᠠᠭᠠᠬᠤ ᠠᠵᠢᠯ ᠤᠨ ᠬᠤᠷᠠᠯ ᠬᠤᠷᠠᠯᠳᠤᠭᠤᠯᠪᠠ᠃
1.jpg
    ᠡᠯ᠎ᠡ ᠬᠤᠰᠢᠭᠤ ᠰᠢᠶᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ᠂ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ᠂ ᠬᠤᠲᠠ ᠶᠢᠨ ᠣᠶ ᠰᠢᠭᠤᠢ ᠶᠢᠨ ᠭᠠᠯ ᠤᠨᠲᠠᠷᠠᠭᠠᠬᠤ ᠶᠡᠭᠡ ᠠᠩᠭᠢ ᠬᠤᠷᠠᠯ ᠳᠤ ᠣᠷᠣᠯᠴᠠᠪᠠ᠃    ᠬᠤᠷᠠᠯ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠥᠪᠯᠡᠯ ᠤᠨ ᠠᠯᠪᠠᠨ ᠭᠡᠷ ᠠᠴᠠ ᠳᠠᠷᠤᠮᠠᠯᠯᠠᠨ ᠲᠠᠷᠬᠠᠭᠠᠭᠰᠠᠨ ︽2024 - 2025 ᠣᠨ ᠤ ᠬᠦᠢᠲᠡᠨ ᠠᠭᠤᠷ ᠠᠮᠢᠰᠬᠤᠯ ᠪᠣᠯᠣᠨ ᠪᠣᠷᠣᠭᠠᠨ ᠴᠠᠰᠤ ᠮᠥᠰᠥᠲᠦᠯ ᠤᠨ ᠭᠠᠮᠰᠢᠭ ᠢ ᠰᠡᠷᠭᠡᠶᠢᠯᠡᠨ ᠠᠷᠭᠠᠴᠠᠭᠠᠬᠤ ᠠᠵᠢᠯ ᠢ ᠰᠠᠶᠢᠲᠤᠷ ᠬᠢᠬᠦ ᠲᠤᠬᠠᠢ ᠰᠠᠨᠠᠭᠤᠯᠭ᠎ᠠ ᠶᠢᠨ ᠪᠢᠴᠢᠭ︾  ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠠᠷᠠᠭᠠᠴᠢ ᠶᠢᠨ ᠠᠯᠬᠤᠮ ᠤᠨ ᠰᠡᠷᠭᠡᠶᠢᠯᠡᠨ ᠠᠷᠭᠠᠴᠠᠭᠠᠬᠤ ᠠᠵᠢᠯ ᠤᠨ ᠲᠤᠬᠠᠢ ᠪᠠᠶᠢᠷᠢᠯᠠᠭᠤᠯᠤᠯᠲᠠ ᠬᠢᠵᠦ᠂ ᠡᠯ᠎ᠡ ᠭᠠᠵᠠᠷ ᠣᠷᠣᠨ᠂ ᠰᠠᠯᠠᠭ᠎ᠠ ᠮᠥᠴᠢᠷ ᠤᠨ ᠬᠢᠨ ᠬᠦᠢᠲᠡᠨ ᠠᠭᠤᠷ ᠠᠮᠢᠰᠬᠤᠯ ᠪᠣᠯᠣᠨ ᠪᠣᠷᠣᠭᠠᠨ ᠴᠠᠰᠤ ᠮᠥᠰᠥᠲᠦᠯ ᠤᠨ ᠭᠠᠮᠰᠢᠭ ᠢ ᠰᠡᠷᠭᠡᠶᠢᠯᠡᠨ ᠠᠷᠭᠠᠴᠠᠭᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ ᠠᠳᠬᠤᠵᠤ᠂ ᠡᠯ᠎ᠡ ᠲᠥᠷᠥᠯ ᠤᠨ ᠭᠡᠨᠡᠳᠲᠡ ᠶᠢᠨ ᠲᠦᠭᠰᠢᠭᠦᠷᠢᠲᠦ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠷᠠᠳ ᠣᠯᠠᠨ ᠤ ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃    ᠬᠤᠳᠠᠯᠳᠤᠭᠠᠨ ᠤ ᠡᠪᠯᠡᠯ ᠳᠤ ᠣᠷᠣᠯᠴᠠᠭᠰᠠᠨ ᠬᠤᠰᠢᠭᠤ ᠰᠢᠶᠠᠨ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ 2024 - 2025 ᠣᠨ ᠤ ᠬᠦᠢᠲᠡᠨ ᠪᠣᠷᠣᠭᠠᠨ ᠴᠠᠰᠤ ᠮᠥᠰᠥᠲᠦᠯ ᠤᠨ ᠭᠠᠮᠰᠢᠭ ᠢ ᠰᠡᠷᠭᠡᠶᠢᠯᠡᠨ ᠠᠷᠭᠠᠴᠠᠭᠠᠬᠤ ᠠᠵᠢᠯ ᠤᠨ ᠲᠤᠬᠠᠢ ᠰᠠᠨᠠᠯ ᠢᠶᠠᠨ ᠰᠣᠯᠢᠯᠴᠠᠵᠤ ᠦᠭᠡ ᠬᠡᠯᠡᠪᠡ᠃
2.jpg
    ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠯᠢᠦ ᠶᠦᠨ 2024 - 2025 ᠣᠨ ᠤ ᠳᠣᠣᠷ᠎ᠠ ᠳᠤᠯᠠᠭᠠᠨ ᠤ ᠪᠣᠷᠣᠭᠠᠨ ᠴᠠᠰᠤ ᠮᠥᠰᠥᠲᠦᠯ ᠤᠨ ᠭᠠᠮᠰᠢᠭ ᠢ ᠰᠡᠷᠭᠡᠶᠢᠯᠡᠨ ᠠᠷᠭᠠᠴᠠᠭᠠᠬᠤ ᠠᠵᠢᠯ ᠳᠤ ᠬᠡᠳᠦᠨ ᠱᠠᠭᠠᠷᠳᠠᠯᠭ᠎ᠠ ᠳᠤᠷᠠᠳᠪᠠ᠄ ᠨᠢᠭᠡ ᠳᠤ ᠴᠠᠭ ᠠᠭᠤᠷ ᠤᠨ ᠰᠠᠯᠠᠭ᠎ᠠ ᠮᠥᠴᠢᠷ ᠤᠳ ᠴᠠᠭ ᠠᠭᠤᠷ ᠢ ᠬᠢᠨᠠᠨ ᠬᠡᠮᠵᠢᠵᠦ ᠰᠡᠷᠡᠮᠵᠢᠯᠡᠭᠦᠯᠬᠦ ᠤᠷᠢᠳᠴᠢᠯᠠᠨ ᠮᠡᠳᠡᠭᠡᠯᠡᠬᠦ ᠠᠵᠢᠯ ᠢᠶᠠᠨ ᠴᠢᠩᠭᠠᠳᠬᠠᠵᠤ᠂ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠬᠦ ᠶᠢᠨ ᠬᠠᠮᠲᠤ ᠴᠠᠭ ᠠᠭᠤᠷ ᠤᠨ ᠪᠠᠶᠢᠳᠠᠯ ᠢ ᠦᠨᠳᠦᠰᠦᠯᠡᠨ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠶᠢᠨ ᠳᠠᠭᠠᠬᠤ ᠲᠠᠰ ᠢ ᠴᠠᠭ ᠲᠤᠨᠢ ᠵᠣᠬᠢᠴᠠᠭᠤᠯᠤᠨ ᠲᠣᠬᠢᠷᠠᠭᠤᠯᠬᠤ ᠬᠡᠷᠡᠭᠲᠡᠢ︔ ᠬᠤᠶᠠᠷ ᠲᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ ᠨᠢ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ ᠬᠦᠢᠲᠡᠨ ᠤᠷᠤᠰᠬᠠᠯ ᠤᠨ ᠴᠠᠭ ᠠᠭᠤᠷ ᠰᠦᠩ ᠬᠠᠯᠢᠶ᠎ᠠ ᠦᠶᠡᠷ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠰᠦᠩ ᠬᠠᠯᠢᠶ᠎ᠠ ᠶᠢ ᠰᠡᠷᠭᠡᠶᠢᠯᠡᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠴᠠᠭ ᠢᠮᠠᠭᠲᠠ ᠠᠩᠬᠠᠷᠬᠤ ᠬᠡᠷᠡᠭᠲᠡᠢ︔ ᠭᠤᠷᠪᠠ ᠳᠤ ᠵᠠᠮ ᠬᠠᠷᠢᠯᠴᠠᠭᠠᠨ ᠤ ᠰᠠᠯᠠᠭ᠎ᠠ ᠮᠥᠴᠢᠷ ᠤᠳ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠨ ᠵᠠᠰᠠᠬᠤ ᠠᠵᠢᠯ ᠢ ᠴᠢᠩᠭᠠᠳᠬᠠᠬᠤ ᠬᠡᠷᠡᠭᠲᠡᠢ᠂ ᠢᠯᠠᠩᠭᠤᠶ᠎ᠠ ᠬᠥᠭᠦᠷᠭᠡ᠂ ᠨᠦᠬᠡᠨ ᠵᠠᠮ ᠵᠡᠷᠭᠡ ᠵᠠᠷᠢᠮ ᠲᠦᠭᠰᠢᠭᠦᠷᠢ ᠶᠡᠬᠡᠲᠡᠢ ᠵᠠᠮ ᠤᠨ ᠬᠡᠰᠡᠭ︔ ᠳᠥᠷᠪᠡ ᠳᠤ ᠬᠤᠲᠠ ᠶᠢᠨ ᠶᠠᠪᠤᠳᠠᠯ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠤᠳ ᠬᠤᠷᠠᠭᠰᠠᠨ ᠴᠠᠰᠤ ᠶᠢ ᠴᠠᠭ ᠲᠤᠬᠠᠢ ᠳᠤᠨᠢ ᠠᠷᠢᠯᠭᠠᠵᠤ᠂ ᠬᠤᠲᠠ ᠶᠢᠨ ᠠᠷᠠᠳ ᠤᠨ ᠬᠡᠪ ᠤᠨ ᠶᠣᠰᠣᠭᠠᠷ ᠶᠠᠪᠤᠵᠤ ᠰᠠᠭᠤᠬᠤ ᠶᠢ ᠦᠨᠡᠨᠬᠦ ᠪᠠᠲᠤᠯᠠᠬᠤ ᠬᠡᠷᠡᠭᠲᠡᠢ︔ ᠤᠰᠤᠨ ᠤ ᠶᠠᠪᠤᠳᠠᠯ᠂ ᠴᠠᠬᠢᠯᠭᠠᠨ ᠬᠠᠩᠭᠠᠬᠤ᠂ ᠴᠢᠮᠡᠭᠡ ᠬᠤᠯᠪᠣᠭ᠎ᠠ᠂ ᠰᠢᠲᠠᠮᠠᠬᠠᠢ ᠬᠡᠢ᠂ ᠢᠯᠴᠢ ᠬᠠᠩᠭᠠᠬᠤ ᠰᠠᠯᠠᠭ᠎ᠠ ᠮᠥᠴᠢᠷ ᠤᠳ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠬᠤᠲᠠ ᠶᠢᠨ ᠠᠶᠤᠯ ᠦᠭᠡᠢ ᠠᠵᠢᠯᠯᠠᠭᠠᠨ ᠢ ᠪᠠᠲᠤᠯᠠᠬᠤ ᠬᠡᠷᠡᠭᠲᠡᠢ︔ ᠲᠠᠪᠤ ᠳᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠳᠤᠯᠠᠭᠠᠨ ᠪᠠᠭᠤᠷᠠᠵᠤ ᠴᠠᠰᠤ ᠣᠷᠣᠬᠤ ᠶᠢᠨ ᠲᠠᠷᠢᠶᠠᠯᠠᠩ ᠪᠣᠯᠣᠨ ᠮᠠᠯ ᠠᠵᠤ ᠠᠬᠤᠢ ᠳᠤ ᠦᠵᠡᠭᠦᠯᠬᠦ ᠠᠰᠢᠭ ᠦᠭᠡᠢ ᠪᠠᠶᠢᠳᠠᠯ ᠢ ᠰᠡᠷᠡᠮᠵᠢᠯᠡᠵᠦ᠂ ᠳᠤᠯᠠᠭᠠᠨ ᠢ ᠬᠠᠳᠠᠭᠠᠯᠠᠵᠤ ᠰᠠᠯᠬᠢ ᠶᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ︔ ᠵᠢᠷᠭᠤᠭ᠎ᠠ ᠳᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠢᠯᠤᠭᠤᠳᠬᠤ ᠭᠠᠵᠠᠷ ᠤᠨ ᠠᠯᠪᠠᠨ ᠭᠡᠷ ᠤᠨ ᠡᠭᠦᠷᠭᠡ ᠴᠢᠳᠠᠪᠤᠷᠢ ᠪᠠᠨ ᠪᠠᠳᠠᠷᠠᠭᠤᠯᠵᠤ᠂ ᠵᠢᠯᠤᠭᠤᠳᠬᠤ ᠭᠠᠵᠠᠷ ᠤᠨ ᠡᠯ᠎ᠡ ᠪᠦᠷᠢᠯᠳᠦᠭᠦᠨ ᠨᠢᠭᠡᠴᠡ ᠶᠢ ᠢᠳᠡᠪᠬᠢᠲᠡᠢ ᠪᠠᠷ ᠵᠣᠬᠢᠴᠠᠭᠤᠯᠤᠨ ᠵᠥᠪᠳᠡᠯᠴᠡᠵᠦ ᠰᠤᠳᠤᠯᠤᠨ ᠮᠠᠭᠠᠳᠯᠠᠵᠤ᠂ ᠬᠠᠮᠤᠭ ᠤᠨ ᠰᠢᠨ᠎ᠡ ᠴᠠᠭ ᠠᠭᠤᠷ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠢᠭᠲᠠ ᠠᠩᠬᠠᠷᠴᠤ᠂ ᠠᠵᠢᠯᠲᠠᠨ ᠤ ᠡᠩᠨᠡᠭᠡ᠂ ᠲᠣᠨᠤᠭ ᠲᠥᠬᠦᠭᠡᠷᠦᠮᠵᠢ᠂ ᠭᠠᠮᠰᠢᠭ ᠠᠴᠠ ᠠᠪᠤᠷᠠᠬᠤ ᠡᠳ᠋ ᠪᠠᠷᠠᠭ᠎ᠠ ᠶᠢ ᠵᠣᠬᠢᠶᠠᠨ ᠪᠠᠶᠢᠭᠤᠯᠵᠤ᠂ ᠰᠡᠷᠭᠡᠶᠢᠯᠡᠨ ᠠᠷᠭᠠᠴᠠᠭᠠᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号