ᠰᠦᠯᠵᠢᠶ᠎ᠡ ᠪᠠᠷ ᠪᠠ ᠰᠦᠯᠵᠢᠶᠡᠨ ᠠᠴᠠ ᠭᠠᠳᠠᠭᠤᠷᠬᠢ ᠶᠢ ᠬᠠᠷᠢᠯᠴᠠᠨ ᠤᠶᠠᠯᠳᠤᠭᠤᠯᠤᠨ ᠠᠵᠢᠯᠲᠠᠨ ᠡᠯᠰᠡᠬᠦ ᠠᠵᠢᠯᠯᠠᠭ᠎ᠠ ᠥᠷᠨᠢᠭᠦᠯᠵᠦ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠤᠯ ᠳᠥᠷᠪᠡᠨ ᠭᠠᠵᠠᠷ ᠤᠨ ᠠᠵᠢᠯᠴᠢᠨ ᠤ ᠡᠪᠯᠡᠯ ᠤᠨ ᠬᠢᠨ ᠭᠠᠷ ᠬᠤᠯᠪᠣᠯᠴᠠᠵᠤ ᠪᠠᠶᠢᠭᠠᠳ ᠠᠵᠢᠯ ᠣᠯᠭᠤᠯᠲᠠ ᠶᠢ ᠬᠠᠪᠰᠤᠷᠴᠤ ᠪᠣᠢ
ᠨᠡᠶᠢᠲᠡᠯᠡᠭᠰᠡᠨ ᠴᠠᠭ᠄
2024/11/27
    11 ᠳ᠋ᠦ᠋ᠭᠡᠷ ᠰᠠᠷ᠎ᠠ ᠶᠢᠨ 23 ᠤ ᠡᠳᠦᠷ᠂ 2024 ᠣᠨ ᠤ ︽ᠠᠵᠢᠯᠴᠢᠨ ᠤ ᠡᠪᠯᠡᠯ ᠬᠠᠪᠰᠤᠷᠤᠨ ᠠᠵᠢᠯ ᠣᠯᠭᠤᠬᠤ︾ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠤᠯ ᠤᠨ ᠠᠵᠢᠯᠴᠢᠨ ᠤ ᠡᠪᠯᠡᠯ ᠠᠵᠢᠯ ᠣᠯᠭᠤᠵᠤ ᠦᠢᠯᠡᠰ ᠪᠣᠰᠬᠠᠬᠤ ᠬᠠᠮᠵᠢᠯᠴᠠᠭᠠᠨ ᠤ ᠥᠪᠥᠷ ᠮᠣᠩᠭᠤᠯ ᠤᠨ ᠲᠤᠰᠬᠠᠢ ᠲᠠᠯᠠᠪᠤᠷ ᠠᠵᠢᠯᠲᠠᠨ ᠡᠯᠰᠡᠬᠦ ᠠᠵᠢᠯᠯᠠᠭ᠎ᠠ ᠬᠥᠬᠡᠬᠤᠲᠠ ᠳᠤ ᠡᠬᠢᠯᠡᠪᠡ᠃    ᠲᠣᠰ ᠤᠳᠠᠭᠠᠨ ᠤ ᠠᠵᠢᠯᠲᠠᠨ ᠡᠯᠰᠡᠬᠦ ᠠᠵᠢᠯᠯᠠᠭ᠎ᠠ ᠨᠢ ᠰᠦᠯᠵᠢᠶ᠎ᠡ ᠪᠠᠷ ᠪᠠ ᠰᠦᠯᠵᠢᠶᠡᠨ ᠠᠴᠠ ᠭᠠᠳᠠᠭᠤᠷᠬᠢ ᠶᠢ ᠬᠠᠷᠢᠯᠴᠠᠨ ᠤᠶᠠᠯᠳᠤᠭᠤᠯᠵᠤ᠂ ᠰᠦᠯᠵᠢᠶᠡᠨ ᠠᠴᠠ ᠭᠠᠳᠠᠭᠤᠷᠬᠢ ᠠᠵᠢᠯᠯᠠᠭ᠎ᠠ ᠳᠤ ᠠᠵᠢᠯᠲᠠᠨ ᠡᠯᠰᠡᠬᠦ ᠵᠡᠭᠡᠯᠢ ᠲᠣᠭᠤᠷᠢᠭ᠂ ᠰᠢᠭᠤᠳ ᠨᠡᠪᠲᠡᠷᠡᠭᠦᠯᠬᠦ ᠵᠡᠭᠡᠯᠢ ᠲᠣᠭᠤᠷᠢᠭ᠂ ᠣᠶᠤᠨᠲᠤ ᠵᠡᠭᠡᠯᠢ ᠲᠣᠭᠤᠷᠢᠭ᠂ ᠦᠢᠯᠡᠴᠢᠯᠡᠭᠡᠨ ᠤ ᠵᠡᠭᠡᠯᠢ ᠲᠣᠭᠤᠷᠢᠭ᠂ ᠰᠢᠨ᠎ᠡ ᠶᠢ ᠡᠭᠦᠳᠴᠦ ᠦᠢᠯᠡᠰ ᠪᠣᠰᠬᠠᠬᠤ ᠵᠡᠭᠡᠯᠢ ᠲᠣᠭᠤᠷᠢᠭ᠂ ᠠᠮᠢᠳᠤᠯᠢᠭ ᠢᠶᠠᠷ ᠠᠵᠢᠯ ᠣᠯᠭᠤᠬᠤ ᠵᠡᠭᠡᠯᠢ ᠲᠣᠭᠤᠷᠢᠭ ᠵᠡᠷᠭᠡ ᠵᠢᠷᠭᠤᠭᠠᠨ ᠶᠡᠭᠡ ᠵᠡᠭᠡᠯᠢ ᠲᠣᠭᠤᠷᠢᠭ ᠢ ᠲᠣᠬᠢᠷᠠᠭᠤᠯᠵᠤ᠂ ︽ᠠᠬᠤᠢ ᠲᠠᠯᠠᠪᠠᠢ ᠳᠤ ᠠᠵᠢᠯᠲᠠᠨ ᠡᠯᠰᠡᠬᠦ + ᠡᠭᠦᠯᠡᠨ ᠦᠵᠦᠭᠦᠷ ᠢᠶᠠᠷ ᠰᠢᠭᠤᠳ ᠨᠡᠪᠲᠡᠷᠡᠭᠦᠯᠬᠦ + ᠳ᠋ᠢᠭᠢᠲᠴᠢᠯᠡᠯᠲᠡ ᠪᠠᠷ ᠠᠵᠢᠯ ᠣᠯᠭᠤᠬᠤ + ᠵᠠᠬᠢᠶᠠᠯᠠᠭ᠎ᠠ ᠪᠠᠷ ᠦᠢᠯᠡᠴᠢᠯᠡᠬᠦ + ᠦᠢᠯᠡᠰ ᠪᠣᠰᠬᠠᠬᠤ ᠪᠠᠷ ᠲᠠᠨᠢᠯᠴᠠᠭᠤᠯᠬᠤ︾ ᠶᠢ ᠬᠠᠷᠢᠯᠴᠠᠨ ᠠᠭᠤᠰᠤᠯᠴᠠᠭᠤᠯᠬᠤ ᠬᠡᠯᠪᠡᠷᠢ ᠪᠠᠷ ᠥᠷᠨᠢᠭᠦᠯᠪᠡ᠃    ᠪᠡᠭᠡᠵᠢᠩ ᠲᠢᠶᠠᠨᠵᠢᠨ ᠾᠧᠪᠧᠢ ᠥᠪᠥᠷ ᠮᠣᠩᠭᠤᠯ ᠳᠥᠷᠪᠡᠨ ᠭᠠᠵᠠᠷ ᠠᠴᠠ ᠢᠷᠡᠭᠰᠡᠨ 585 ᠡᠷᠦᠬᠡ ᠠᠵᠤ ᠠᠬᠤᠶᠢᠯᠠᠯ ᠨᠡᠶᠢᠲᠡ 1900 ᠭᠠᠷᠤᠢ ᠠᠵᠢᠯ ᠤᠨ ᠪᠠᠶᠢᠷᠢ ᠬᠠᠩᠭᠠᠵᠤ᠂ ᠡᠯᠰᠡᠬᠦ ᠬᠥᠮᠥᠨ ᠤ ᠲᠤᠭ᠎ᠠ ᠨᠢ 11000 ᠰᠢᠬᠠᠮ ᠬᠥᠮᠥᠨ ᠳᠤ ᠬᠦᠷᠪᠡ᠃ ᠡᠨᠧᠷᠭᠢ ᠬᠢᠮᠢ ᠶᠢᠨ ᠠᠵᠤ ᠦᠢᠯᠡᠳᠪᠦᠷᠢ᠂ ᠦᠢᠯᠡᠳᠪᠦᠷᠢᠯᠡᠯ ᠤᠨ ᠠᠵᠢᠯᠯᠠᠭ᠎ᠠ᠂ ᠰᠤᠷᠭᠠᠨ ᠬᠥᠮᠦᠵᠢᠯ ᠤᠨ ᠪᠣᠯᠪᠠᠰᠤᠷᠠᠯ᠂ ᠮᠥᠩᠭᠦᠨ ᠭᠦᠢᠯᠭᠡᠭᠡ ᠳᠠᠭᠠᠳᠬᠠᠯ᠂ ᠦᠢᠯᠡᠴᠢᠯᠡᠭᠡᠨ ᠤ ᠦᠢᠯᠡᠰ᠂ ᠰᠣᠶᠣᠯ ᠤᠷᠠᠯᠢᠭ᠂ ᠵᠠᠮ ᠬᠠᠷᠢᠯᠴᠠᠭ᠎ᠠ ᠲᠡᠭᠡᠭᠡᠪᠦᠷᠢ᠂ ᠡᠮᠴᠢᠯᠡᠭᠡ᠂ ᠮᠠᠯ ᠲᠠᠷᠢᠶᠠᠯᠠᠩ ᠣᠢ ᠰᠢᠭᠤᠢ᠂ ᠲᠤᠰᠠᠯᠠᠬᠤ ᠵᠢᠭᠠᠰᠤᠨ ᠤ ᠠᠵᠤ ᠠᠬᠤᠢ ᠵᠡᠷᠭᠡ ᠠᠵᠢᠯ ᠲᠦᠷᠦᠯ ᠤᠳ ᠢ ᠬᠠᠮᠤᠷᠴᠤ᠂ ᠠᠵᠢᠯ ᠤᠨ ᠪᠠᠶᠢᠷᠢ ᠰᠢᠯᠵᠢᠭᠰᠡᠨ ᠪᠠ ᠠᠵᠢᠯ ᠤᠨ ᠪᠠᠶᠢᠷᠢ ᠬᠦᠯᠢᠶᠡᠵᠦ ᠪᠠᠶᠢᠭ᠎ᠠ ᠠᠵᠢᠯᠲᠠᠨ ᠠᠵᠢᠯᠴᠢᠨ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠴᠢᠷᠳᠡᠯᠲᠡᠢ ᠠᠵᠢᠯᠲᠠᠨ ᠠᠵᠢᠯᠴᠢᠳ ᠤᠨ ᠭᠡᠷ ᠪᠦᠯᠢ ᠶᠢᠨ ᠭᠡᠰᠢᠭᠦᠳ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠠᠵᠢᠯ ᠡᠷᠢᠭᠰᠡᠳ ᠲᠤ ᠴᠢᠨᠠᠷ ᠰᠠᠶᠢᠲᠠᠢ ᠠᠵᠢᠯ ᠣᠯᠭᠤᠯᠲᠠ ᠳᠤ ᠬᠦᠴᠦᠨ ᠨᠡᠮᠡᠷᠢᠯᠡᠪᠡ᠃    ᠠᠵᠢᠯᠲᠠᠨ ᠡᠯᠰᠡᠬᠦ ᠬᠤᠷᠠᠯ ᠤᠨ ᠠᠬᠤᠢ ᠲᠠᠯᠠᠪᠠᠢ ᠳᠤ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠤᠯ ᠳᠥᠷᠪᠡᠨ ᠭᠠᠵᠠᠷ ᠠᠴᠠ ᠢᠷᠡᠭᠰᠡᠨ ᠠᠵᠢᠯ ᠣᠯᠭᠤᠬᠤ ᠦᠢᠯᠡᠰ ᠪᠣᠰᠬᠠᠬᠤ ᠵᠢᠯᠣᠭᠤᠳᠤᠭᠴᠢ ᠪᠠᠭᠰᠢ ᠶᠢ ᠤᠷᠢᠵᠤ ᠠᠵᠢᠯ ᠣᠯᠭᠤᠬᠤ ᠦᠢᠯᠡᠰ ᠪᠣᠰᠬᠠᠬᠤ ᠲᠠᠯ᠎ᠠ ᠶᠢᠨ ᠬᠤᠪᠢᠶᠠᠯᠴᠠᠯᠭ᠎ᠠ ᠬᠢᠯᠭᠡᠵᠦ᠂ ᠪᠠᠰᠠ ︽ᠠᠵᠢᠯ ᠣᠯᠬᠤ ᠳᠤ ᠨᠢ ᠬᠦᠷᠭᠡᠬᠦ ᠤᠯᠠᠭ᠎ᠠ ᠥᠷᠲᠡᠭᠡ︾ ᠲᠣᠬᠢᠷᠠᠭᠤᠯᠵᠤ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠪᠠ ᠠᠵᠢᠯ ᠡᠷᠢᠭᠰᠡᠳ ᠲᠤ ᠪᠦᠬᠦ ᠲᠠᠯ᠎ᠠ ᠶᠢᠨ ᠠᠵᠢᠯ ᠣᠯᠭᠤᠬᠤ ᠦᠢᠯᠡᠴᠢᠯᠡᠭᠡ ᠬᠠᠩᠭᠠᠪᠠ᠃ ᠲᠤᠬᠠᠢ ᠶᠢᠨ ᠡᠳᠦᠷ ᠲᠤ᠂ ᠰᠦᠯᠵᠢᠶᠡᠨ ᠠᠴᠠ ᠭᠠᠳᠠᠭᠤᠷᠬᠢ ᠠᠵᠢᠯᠲᠠᠨ ᠡᠯᠰᠡᠯᠲᠡ ᠳᠤ ᠨᠡᠶᠢᠲᠡ 9000 ᠭᠠᠷᠤᠢ ᠬᠥᠮᠥᠨ ᠠᠬᠤᠢ ᠲᠠᠯᠠᠪᠠᠶ ᠳᠤ ᠬᠦᠷᠦᠯᠴᠡᠨ ᠢᠷᠡᠵᠦ᠂ 1.4 ᠲᠦᠮᠡ ᠭᠠᠷᠤᠢ ᠲᠣᠪᠴᠢ ᠨᠠᠮᠲᠠᠷ ᠢ ᠬᠦᠯᠢᠶᠡᠨ ᠠᠪᠴᠤ᠂ ᠰᠦᠯᠵᠢᠶ᠎ᠡ ᠪᠠᠷ ᠠᠵᠢᠯᠲᠠᠨ ᠡᠯᠰᠡᠭᠰᠡᠨ ᠠᠵᠢᠯᠯᠠᠭ᠎ᠠ ᠲᠠᠢ ᠪᠠᠨ ᠨᠡᠶᠢᠯᠡᠭᠡᠳ ᠨᠡᠶᠢᠲᠡ 4.7 ᠲᠦᠮᠡᠨ ᠬᠥᠮᠥᠨ ᠤᠳᠠᠭ᠎ᠠ ᠣᠷᠣᠯᠴᠠᠪᠠ᠃    ᠲᠣᠰ ᠤᠳᠠᠭᠠᠨ ᠤ ᠠᠵᠢᠯᠲᠠᠨ ᠡᠯᠰᠡᠬᠦ ᠠᠵᠢᠯᠯᠠᠭ᠎ᠠ ᠪᠣᠯ ᠳᠤᠮᠳᠠᠳᠤ ᠶᠢᠨ ᠪᠥᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠵᠢᠯᠣᠭᠤᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ  ᠨᠢ ᠪᠡᠭᠡᠵᠢᠩ ᠲᠢᠶᠠᠨᠵᠢᠨ ᠾᠧᠪᠧᠢ ᠭᠤᠷᠪᠠᠨ ᠭᠠᠵᠠᠷ ᠤᠨ ᠠᠵᠢᠯᠴᠢᠨ ᠤ ᠡᠪᠯᠡᠯ ᠯᠦᠭᠡ ᠭᠠᠷ ᠬᠤᠯᠪᠣᠯᠴᠠᠵᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠵᠡᠷᠭᠡ ᠨᠢᠭᠡᠴᠢ ᠨᠦᠭᠦᠳ ᠲᠠᠢ ᠬᠠᠮᠲᠤᠷᠠᠨ ᠬᠠᠮᠲᠤ ᠪᠠᠷ ᠵᠣᠬᠢᠶᠠᠨ ᠪᠠᠶᠢᠭᠤᠯᠤᠨ ᠥᠷᠨᠢᠭᠦᠯᠪᠡ᠂ ᠲᠤᠰ ᠤᠳᠠᠭᠠᠨ ᠤ ᠠᠵᠢᠯᠯᠠᠭ᠎ᠠ ᠨᠢ 12 ᠳ᠋ᠤᠭᠠᠷ ᠰᠠᠷ᠎ᠠ ᠶᠢᠨ 23 ᠤ ᠡᠳᠦᠷ ᠪᠣᠯᠲᠠᠯ᠎ᠠ ᠶᠠᠪᠤᠭᠳᠠᠬᠤ ᠪᠣᠯᠣᠨ᠎ᠠ᠃ ᠡᠨᠡ ᠬᠦ ᠬᠤᠭᠤᠴᠠᠭᠠᠨ ᠳᠤ᠂ ᠳᠤᠮᠳᠠᠳᠤ ᠶᠢᠨ ᠪᠥᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ︽ᠠᠵᠢᠯᠲᠠᠨ ᠠᠵᠢᠯᠴᠢᠨ ᠤ ᠭᠡᠷ︾ APP᠂ ᠥᠪᠥᠷ ᠮᠣᠩᠭᠤᠯ ᠤᠨ ᠠᠵᠢᠯᠴᠢᠨ ᠤ ᠶᠡᠷᠦᠩᠬᠡᠢ ᠡᠪᠯᠡᠯ ᠤᠨ ᠣᠯᠠᠨ ᠨᠡᠶᠢᠲᠡ ᠶᠢᠨ ᠸᠢᠴᠠᠲ ᠲᠠᠪᠴᠠᠩ ᠤᠨ ︽ᠡᠭᠦᠯᠡᠨ ᠠᠵᠢᠯᠲᠠᠨ ᠡᠯᠰᠡᠬᠦ︾ ᠵᠢᠴᠢ ᠪᠡᠭᠡᠵᠢᠩ ᠲᠢᠶᠠᠨᠵᠢᠨ ᠾᠧᠪᠧᠢ ᠭᠤᠷᠪᠠᠨ ᠭᠠᠵᠠᠷ ᠤᠨ ᠠᠵᠢᠯᠴᠢᠨ ᠤ ᠡᠪᠯᠡᠯ ᠤᠨ ᠠᠵᠢᠯ ᠣᠯᠭᠤᠯᠲᠠ ᠶᠢᠨ ᠲᠠᠪᠴᠠᠩ᠂ ᠥᠪᠥᠷ ᠮᠣᠩᠭᠤᠯ ᠤᠨ 24365 ᠣᠶᠤᠲᠠᠳ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠤᠳ ᠲᠤ ᠵᠡᠷᠭᠡ ᠳᠤ ᠨᠢ ᠲᠤᠰᠬᠠᠢ ᠲᠠᠯᠠᠪᠤᠷ ᠲᠣᠬᠢᠷᠠᠭᠤᠯᠤᠨ ᠠᠵᠢᠯᠲᠠᠨ ᠡᠯᠰᠡᠬᠦ ᠠᠵᠢᠯ ᠢ ᠥᠷᠨᠢᠭᠦᠯᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号