11 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠪᠠᠷ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠤᠯᠭᠠᠭᠤᠷᠢᠯᠠᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ | ᠤᠯᠠᠮᠵᠢᠯᠠᠨ ᠰᠤᠷᠤᠯᠴᠠᠵᠤ᠂ ᠠᠵᠤ ᠦᠢᠯᠡᠰ ᠤᠨ ᠬᠡᠪᠴᠢᠶ᠎ᠡ ᠶᠢ ᠤᠯᠠᠮ ᠪᠤᠵᠠᠭᠠᠶᠢᠷᠠᠭᠤᠯᠵᠤ᠂ ᠤᠷ᠎ᠠ ᠴᠢᠳᠠᠪᠤᠷᠢ ᠶᠢᠨ | ᠪᠣᠯᠪᠠᠰᠤᠷᠠᠯ ᠢ ᠴᠢᠩᠭᠠᠳᠬᠠᠵᠤ᠂ ᠨᠠᠩ ᠣᠯᠠᠨ ᠬᠥᠮᠥᠰ ᠤᠨ ᠥᠪᠥᠷ ᠮᠣᠩᠭᠤᠯ ᠳᠤ ᠢᠷᠡᠵᠦ ᠠᠵᠢᠯ ᠣᠯᠵᠤ ᠦᠢᠯᠡᠰ | ᠪᠣᠰᠬᠠᠵᠤ ᠦᠢᠯᠡᠰ ᠢᠶᠠᠨ ᠬᠥᠭᠵᠢᠭᠦᠯᠬᠦ ᠶᠢ ᠲᠠᠲᠠᠬᠤ ᠬᠡᠷᠡᠭᠲᠡᠢ᠃ ᠦᠷᠡᠵᠢᠯ ᠤᠨ ᠳᠡᠮᠵᠢᠯᠭᠡ ᠶᠢᠨ ᠲᠦᠷᠦ ᠶᠢᠨ | ᠪᠣᠳᠣᠯᠭ᠎ᠠ ᠶᠢ ᠲᠡᠭᠦᠯᠳᠡᠷᠵᠢᠭᠦᠯᠵᠦ᠂ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ ᠵᠡᠷᠭᠡ ᠤᠯᠠᠨ | ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠤᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡ ᠶᠢ ᠬᠥᠮᠥᠨ ᠠᠮᠠ ᠶᠢᠨ ᠬᠤᠪᠢᠷᠠᠯᠲᠠ ᠲᠠᠢ ᠵᠣᠬᠢᠴᠠᠭᠤᠯᠬᠤ ᠶᠢ ᠠᠬᠢᠭᠤᠯᠵᠤ᠂ ᠬᠥᠮᠥᠰ ᠢ ᠢᠷᠡᠬᠦ | ᠳᠤᠷᠠᠲᠠᠢ᠂ ᠦᠯᠡᠳᠡᠵᠦ ᠳᠡᠶᠢᠯᠭᠦ ᠪᠤᠯᠭᠠᠬᠤ ᠬᠡᠷᠡᠭᠲᠡᠢ᠃ ᠬᠥᠮᠥᠨ ᠠᠮᠠ ᠶᠢᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠵᠦ᠂ ᠬᠥᠮᠥᠨ ᠠᠮᠠ ᠶᠢᠨ ᠭᠤᠣᠯᠳᠠᠯᠭ᠎ᠠ ᠲᠠᠢ ᠣᠷᠣᠨ ᠪᠦᠰᠡ ᠲᠡᠶᠢᠰᠢ ᠲᠥᠪᠯᠡᠷᠡᠬᠦ ᠶᠢ ᠬᠥᠲᠥᠯᠥᠨ | ᠵᠢᠯᠤᠭᠤᠳᠴᠤ᠂ ᠬᠢᠯᠢ ᠬᠢᠵᠠᠭᠠᠷ ᠣᠷᠣᠨ ᠤ ︽ᠡᠵᠡᠭᠦ᠋ᠢᠷᠡᠬᠦ︾ ᠠᠰᠠᠭᠤᠳᠠᠯ ᠢ ᠯᠠᠪᠳᠠᠭᠤᠨ ᠰᠢᠢᠳᠪᠦᠷᠢᠯᠡᠬᠦ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ | ᠪᠢᠴᠢᠭ ᠮᠠᠲ᠋ᠧᠷᠢᠶᠠᠯ ᠪᠣᠯᠣᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠠᠮᠤᠷ ᠲᠦᠪᠰᠢᠨ | ᠲᠣᠭᠲᠠᠭᠤᠨ ᠤ ᠠᠵᠢᠯ ᠳᠤ ᠲᠠᠭᠢᠨ ᠪᠠᠶᠢᠷᠢᠯᠠᠭᠤᠯᠤᠯᠲᠠ ᠬᠢᠵᠦ᠂ ᠰᠤᠷᠭᠠᠨ ᠬᠥᠮᠦᠵᠢᠯ᠂ ᠳᠣᠲᠣᠭᠠᠳᠤ ᠶᠢ ᠬᠠᠮᠠᠭᠠᠯᠠᠬᠤ | ᠂ ᠠᠷᠠᠳ ᠤᠨ ᠶᠠᠪᠤᠳᠠᠯ᠂ ᠰᠣᠶᠣᠯ ᠵᠢᠭᠤᠯᠴᠢᠯᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠪᠠᠴᠢᠮ ᠪᠠᠶᠢᠳᠠᠯ ᠢ | ᠠᠷᠭᠠᠴᠠᠭᠠᠬᠤ᠂ ᠪᠡᠶ᠎ᠡ ᠶᠢᠨ ᠲᠠᠮᠢᠷ᠂ ᠵᠠᠬᠢᠳᠠᠯ ᠰᠤᠷᠪᠤᠯᠵᠢᠯᠠᠯ ᠵᠡᠷᠭᠡ 8 ᠰᠠᠯᠠᠭ᠎ᠠ ᠮᠥᠴᠢᠷ ᠤᠨ ᠬᠢᠨ ᠬᠠᠷᠢᠭᠤ | ᠮᠡᠳᠡᠭᠦᠯᠦᠯᠲᠡ ᠬᠢᠵᠦ᠂ ᠳᠡᠳ᠋ ᠲᠡᠷᠢᠭᠦᠯᠡᠭᠴᠢ ᠨᠠᠷ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠪᠠᠨ ᠠᠵᠢᠯ ᠳᠤ | ᠨᠢᠭᠡᠳ ᠨᠢᠭᠡ ᠪᠠᠷ ᠪᠣᠳᠠᠲᠠᠢ ᠰᠠᠨᠠᠯ ᠳᠤᠷᠠᠳᠴᠠᠢ᠃ ᠬᠤᠷᠠᠯ ᠠᠴᠠ᠂ ︽ᠵᠥᠷᠢᠴᠡᠯ ᠠᠶᠤᠯ ᠲᠦᠭᠰᠢᠭᠦᠷᠢ ᠶᠢ | ᠠᠷᠢᠯᠭᠠᠵᠤ ᠨᠡᠶᠢᠭᠡᠮ ᠤᠨ ᠲᠣᠭᠲᠠᠭᠤᠨ ᠢ ᠬᠠᠮᠠᠭᠠᠯᠠᠬᠤ︾᠂ ︽ᠠᠶᠤᠯᠭᠦᠢ ᠦᠢᠯᠡᠳᠪᠦᠷᠢᠯᠡᠯ ᠪᠣᠯᠣᠨ ᠪᠠᠶᠢᠭᠠᠯᠢ ᠶᠢᠨ | ᠭᠠᠮᠰᠢᠭ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ︾ ᠲᠤᠰᠬᠠᠢ | ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠵᠤᠷᠪᠤᠰ ᠱᠤᠭᠤᠮ ᠶᠣᠰᠣᠭᠠᠷ ᠡᠴᠦᠰ ᠲᠤᠨᠢ ᠲᠤᠯᠲᠠᠯ᠎ᠠ | ᠴᠢᠩᠭ᠎ᠠ ᠠᠩᠬᠠᠷᠴᠤ᠂ ᠡᠯ᠎ᠡ ᠬᠦᠷᠢᠶᠡᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠭᠦ ᠲᠠᠯ᠎ᠠ ᠪᠠᠷ ᠨᠠᠷᠢᠯᠢᠭ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠬᠡᠲᠦᠷᠡᠮᠡᠬᠡᠢ ᠬᠡᠷᠡᠭ ᠪᠠ ᠬᠦᠨᠳᠦ ᠣᠨᠴᠠ ᠶᠡᠭᠡ ᠠᠮᠤᠷ ᠲᠦᠪᠰᠢᠨ ᠤ | ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠠᠵᠢᠯ ᠤᠨ ᠭᠤᠣᠯᠳᠠᠯᠭ᠎ᠠ ᠪᠠᠨ ᠠᠬᠢᠭᠤᠯᠬᠤ ᠶᠢ ᠪᠠᠷᠢᠮᠲᠠᠯᠠᠵᠤ᠂ | ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ ᠶᠢ ᠴᠢᠩᠭᠠᠳᠬᠠᠵᠤ᠂ ᠵᠠᠬᠢᠳᠠᠯ | ᠰᠤᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠢ ᠰᠠᠶᠢᠲᠤᠷ ᠬᠡᠷᠡᠭᠯᠡᠵᠦ᠂ ᠵᠥᠷᠢᠴᠡᠯ ᠵᠠᠭᠤᠷᠠᠯᠳᠤᠭᠠᠨ ᠢ | ᠠᠷᠢᠯᠭᠠᠬᠤ ᠶᠢ ᠪᠣᠳᠠᠲᠠᠢ ᠠᠳᠬᠤᠬᠤ ᠬᠡᠷᠡᠭᠲᠡᠢ᠃ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ | ᠬᠠᠮᠵᠢᠯᠴᠠᠨ ᠬᠦᠴᠦᠯᠡᠬᠦ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠶᠢ ᠠᠬᠢᠭᠤᠯᠵᠤ᠂ ᠪᠦᠳᠦᠮᠵᠢᠳᠡᠢ | ᠨᠠᠶᠢᠳᠠᠪᠤᠷᠢᠵᠢᠭᠤᠯᠬᠤ ᠲᠣᠭᠲᠠᠴᠠ ᠶᠢ ᠪᠦᠷᠢᠨᠰᠢᠭᠦᠯᠦᠨ᠂ ᠣᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ | ᠵᠠᠭᠪᠤᠷ ᠤᠨ ᠬᠡᠷᠡᠭ ᠠᠴᠠ ᠡᠮᠦᠨ᠎ᠡ ᠤᠷᠢᠳᠴᠢᠯᠠᠨ ᠰᠡᠷᠭᠡᠶᠢᠯᠡᠬᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ | ᠠᠬᠢᠭᠤᠯᠬᠤ ᠬᠡᠷᠡᠭᠲᠡᠢ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ | ᠣᠨ ᠤ ᠰᠢᠯᠭᠠᠨ ᠪᠠᠶᠢᠴᠠᠭᠠᠯᠲᠠ ᠲᠣᠭᠤᠷᠢᠨ ᠪᠠᠶᠢᠴᠠᠭᠠᠯᠲᠠ ᠪᠠᠷ ᠠᠵᠠ ᠲᠣᠭᠢᠶᠠᠯ ᠪᠤᠯᠭᠠᠵᠤ᠂ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠦᠭᠡᠢ᠂ ᠨᠠᠶᠢᠳᠠᠪᠤᠷᠢᠵᠢᠭᠤᠯᠤᠭᠰᠠᠨ ᠢᠶᠠᠷ ᠪᠣᠳᠠᠲᠠᠢ ᠪᠢᠰᠢ ᠵᠡᠷᠭᠡ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠢ᠃ ᠠᠵᠢᠯ ᠤᠨ | ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠡᠨᠡ | ᠵᠢᠯ ᠤᠨ ᠰᠡᠭᠦᠯᠴᠢ ᠢᠷᠡᠬᠦ ᠵᠢᠯ ᠤᠨ ᠡᠬᠢ ᠢᠯᠠᠩᠭᠤᠶ᠎ᠠ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠮᠤᠷ | ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠡᠪᠦᠯ ᠤᠨ | ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ᠂ ᠳᠣᠣᠷ᠎ᠠ ᠳᠤᠯᠠᠭᠠᠨ | ᠪᠣᠷᠣᠭᠠᠨ ᠴᠠᠰᠤ ᠮᠥᠰᠥᠲᠦᠯ ᠤᠨ ᠭᠠᠮᠰᠢᠭ ᠢ ᠰᠡᠷᠭᠡᠶᠢᠯᠡᠨ ᠠᠷᠭᠠᠴᠠᠭᠠᠬᠤ ᠵᠡᠷᠭᠡ ᠠᠵᠢᠯ ᠢ ᠪᠦᠭᠦ ᠬᠦᠴᠦᠨ ᠢᠶᠠᠷ ᠢᠶᠠᠨ | ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠦᠭᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠪᠦᠭᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠲᠦᠷᠦ ᠪᠠᠷ ᠴᠠᠭᠳᠠᠭ᠎ᠠ ᠪᠠᠨ ᠪᠠᠶᠢᠭᠤᠯᠬᠤ᠂ | ᠥᠭᠡᠷᠡᠴᠢᠯᠡᠯᠲᠡ ᠪᠠᠷ ᠴᠠᠭᠳᠠᠭ᠎ᠠ ᠪᠠᠨ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ | ᠴᠠᠭᠳᠠᠭ᠎ᠠ ᠪᠠᠨ ᠮᠠᠨᠳᠤᠭᠤᠯᠬᠤ᠂ ᠴᠠᠭᠳᠠᠭ᠎ᠠ ᠶᠢ ᠴᠢᠩᠭ᠎ᠠ ᠵᠠᠰᠠᠬᠤ᠂ ᠴᠠᠭᠳᠠᠭ᠎ᠠ ᠶᠢ ᠰᠠᠶᠢᠲᠤᠷ ᠬᠠᠷᠠᠭᠠᠯᠵᠠᠬᠤ ᠠᠵᠢᠯ ᠢ | ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠮᠤᠷ ᠲᠦᠪᠰᠢᠨ ᠲᠣᠭᠲᠠᠭᠤᠨ ᠬᠥᠭᠵᠢᠯᠲᠡ ᠶᠢᠨ ᠣᠷᠴᠢᠨ | ᠨᠥᠬᠦᠴᠡᠯ ᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ |