ᠥᠪᠥᠷ ᠮᠣᠩᠭᠤᠯ ᠤᠨ ᠡᠯ᠎ᠡ ᠭᠠᠵᠠᠷ ᠤᠨ ᠬᠢᠨ ᠬᠦᠢᠲᠡᠨ ᠠᠭᠤᠷ ᠠᠮᠢᠰᠬᠤᠯ ᠪᠣᠯᠤᠨ ᠪᠣᠷᠣᠭᠠᠨ ᠴᠠᠰᠤ ᠮᠥᠰᠥᠲᠦᠯ ᠤᠨ ᠭᠠᠮᠰᠢᠭ ᠢ ᠰᠡᠷᠭᠡᠶᠢᠯᠡᠨ ᠠᠷᠭᠠᠴᠠᠭᠠᠬᠤ ᠠᠵᠢᠯ ᠢ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2024/11/29
    11 ᠰᠠᠷ᠎ᠠ ᠶᠢᠨ 26 ᠤ ᠡᠳᠦᠷ᠂ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 11 ᠰᠠᠷ᠎ᠠ ᠶᠢᠨ 25 ᠤ ᠡᠳᠦᠷ ᠤᠨ 07 ᠴᠠᠭ ᠠᠴᠠ 26 ᠤ ᠡᠳᠦᠷ ᠤᠨ 07 ᠴᠠᠭ ᠪᠣᠯᠲᠠᠯ᠎ᠠ᠂ ᠥᠪᠥᠷ ᠮᠣᠩᠭᠤᠯ ᠤᠨ ᠪᠥᠬᠦ ᠣᠷᠣᠨ ᠤ 9 ᠠᠶᠢᠮᠠᠭ ᠬᠤᠲᠠ ᠶᠢᠨ 65 ᠬᠤᠰᠢᠭᠤ ᠰᠢᠶᠠᠨ ᠤ 487 ᠥᠷᠲᠡᠭᠡ ᠴᠡᠭ ᠲᠤ ᠲᠤᠨᠳᠠᠰᠤ ᠭᠠᠷᠴᠤ᠂ ᠲᠤᠨᠳᠠᠰᠤ ᠨᠢ ᠭᠤᠤᠯᠳᠠᠭᠤ ᠲᠦᠩᠯᠢᠶᠣᠤ ᠬᠤᠲᠠ᠂ ᠰᠢᠯᠢ ᠶᠢᠨ ᠭᠤᠤᠯ ᠠᠶᠢᠮᠠᠭ᠂ ᠬᠥᠯᠥᠨ ᠪᠤᠶᠢᠷ ᠬᠤᠲᠠ ᠳᠤ ᠢᠯᠡᠷᠡᠵᠦ᠂ ᠬᠠᠮᠤᠭ ᠤᠨ ᠶᠡᠭᠡ ᠲᠤᠨᠳᠠᠰᠤᠨ ᠤ ᠬᠡᠮᠵᠢᠶ᠎ᠡ ᠨᠢ ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠴᠠᠷᠠᠰᠤᠨ 22 . 6 ᠮᠢᠯᠢᠮᠧᠲᠷ ᠪᠣᠯᠤᠨ᠎ᠠ᠃    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠵᠥᠪᠯᠡᠯ ᠮᠡᠳᠡᠭᠳᠡᠯ ᠳᠠᠷᠤᠮᠠᠯᠯᠠᠨ ᠲᠠᠷᠬᠠᠭᠠᠵᠤ᠂ ᠪᠥᠬᠦ ᠣᠷᠣᠨ ᠤ ᠳᠤᠤᠷ᠎ᠠ ᠳᠤᠯᠠᠭᠠᠨ ᠪᠣᠷᠣᠭᠠᠨ ᠴᠠᠰᠤ ᠮᠥᠰᠥᠲᠦᠯ ᠤᠨ ᠭᠠᠮᠰᠢᠭ ᠢ ᠰᠡᠷᠭᠡᠶᠢᠯᠡᠨ  ᠠᠷᠭᠠᠴᠠᠭᠠᠬᠤ ᠠᠵᠢᠯ ᠢ ᠰᠠᠶᠢᠲᠤᠷ ᠬᠢᠬᠦ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠲᠣᠭᠲᠠᠭᠠᠪᠠ᠃    ᠡᠭᠦᠨ ᠳᠤ᠂ ᠵᠡᠭᠦᠨ ᠬᠤᠶᠢᠲᠤ ᠶᠢᠨ  ᠬᠦᠢᠲᠡᠨ ᠣᠶᠢᠯ ᠪᠣᠯᠤᠨ ᠭᠠᠵᠠᠷ ᠤᠨ ᠭᠠᠳᠠᠷᠭᠤ ᠶᠢᠨ ᠬᠤᠶᠢᠯᠠᠷᠠᠭ᠎ᠠ ᠶᠢᠨ ᠬᠠᠮᠲᠤ ᠶᠢᠨ ᠨᠥᠯᠥᠭᠡ ᠪᠠᠷ᠂ 11  ᠳ᠋ᠦ᠋ᠭᠡᠷ ᠰᠠᠷ᠎ᠠ ᠶᠢᠨ 24 ᠤ ᠰᠥᠨᠢ ᠠᠴᠠ ᠡᠬᠢᠯᠡᠨ᠂ ᠥᠪᠥᠷ ᠮᠣᠩᠭᠤᠯ ᠤᠨ ᠬᠥᠯᠥᠨ ᠪᠤᠶᠢᠷ ᠬᠤᠲᠠ ᠳᠤ ᠡᠪᠦᠯ ᠤᠷᠤᠭᠰᠠᠨ ᠠᠴᠠ ᠨᠠᠰᠢᠬᠢ ᠠᠩᠬᠠᠳᠠᠭᠴᠢ ᠤᠳᠠᠭᠠᠨ ᠤ ᠶᠡᠭᠡ ᠴᠠᠰᠤ ᠣᠷᠣᠬᠤ ᠶᠢᠨ ᠬᠠᠮᠲᠤ ᠶᠡᠭᠡ ᠰᠠᠯᠬᠢ ᠰᠠᠯᠬᠢᠯᠠᠵᠤ ᠳᠤᠯᠠᠭᠠᠨ ᠤ ᠬᠡᠮᠵᠢᠶ᠎ᠡ ᠪᠠᠭᠤᠷᠠᠪᠠ᠃ ᠴᠠᠰᠤᠨ ᠯᠠᠪᠰᠠ ᠤᠩᠭᠠᠷᠢᠯ ᠮᠡᠲᠦ ᠪᠥᠭᠡᠮᠨᠡᠷᠡᠨ ᠠᠰᠬᠠᠷᠠᠵᠤ᠂ ᠣᠬᠤᠷᠬᠠᠨ ᠬᠤᠭᠤᠴᠠᠭᠠᠨ ᠳᠤ ᠬᠤᠳᠠ ᠶᠢᠨ ᠲᠣᠭᠤᠷᠢᠭ ᠪᠣᠯᠤᠨ ᠡᠷᠬᠢᠨ ᠲᠣᠭᠤᠷᠢᠨ ᠤ ᠵᠠᠮ ᠨᠢ ᠭᠦᠨ ᠵᠤᠵᠠᠭᠠᠨ ᠴᠠᠰᠤᠨ ᠳᠤ ᠬᠤᠴᠢᠭᠳᠠᠵᠤ᠂ ᠮᠥᠩᠭᠦᠨ ᠴᠠᠭᠠᠨ ᠦᠩᠬᠡ ᠪᠠᠷ ᠬᠤᠴᠢᠭᠳᠠᠭᠰᠠᠨ ᠪᠣᠯᠪᠠᠴᠤ ᠰᠠᠭᠤᠭᠠᠯᠢ ᠠᠷᠠᠳ ᠤᠨ ᠠᠮᠢᠳᠤᠷᠠᠯ᠂ ᠵᠠᠮ ᠬᠠᠷᠢᠯᠴᠠᠭ᠎ᠠ ᠶᠠᠪᠤᠵᠤ ᠰᠠᠭᠤᠬᠤ ᠳᠤ ᠬᠦᠨᠳᠦ ᠨᠣᠴᠢᠲᠠᠢ ᠥᠷᠢᠰᠥᠯᠳᠦᠭᠡᠨ ᠲᠤᠯᠭᠠᠷᠠᠭᠤᠯᠪᠠ᠃ ᠲᠤᠬᠠᠶ ᠶᠢᠨ ᠭᠠᠵᠠᠷ ᠤᠨ ᠵᠠᠰᠠᠮᠠᠯ ᠵᠠᠮ ᠤᠨ ᠰᠠᠯᠠᠭ᠎ᠠ ᠮᠥᠴᠢᠷ ᠬᠥᠮᠦᠨ ᠤ ᠬᠦᠴᠦᠨ ᠢᠶᠠᠨ ᠴᠠᠭ ᠲᠤᠬᠠᠶ ᠳᠤᠨᠢ ᠨᠡᠮᠡᠭᠳᠡᠭᠦᠯᠵᠦ᠂ ᠡᠯ᠎ᠡ ᠤᠯᠤᠰ ᠮᠤᠵᠢ ᠶᠢᠨ ᠭᠤᠣᠯ ᠱᠤᠭᠤᠮ ᠤᠨ ᠵᠠᠰᠠᠮᠠᠯ ᠵᠠᠮ ᠳᠤ ᠴᠥᠮ ᠲᠡᠷᠭᠡ ᠬᠥᠰᠬᠡ ᠠᠷᠠᠴᠢᠯᠠᠨ ᠬᠠᠮᠠᠭᠠᠯᠠᠬᠤ ᠲᠥᠬᠦᠭᠡᠷᠦᠮᠵᠢ ᠲᠠᠢ ᠪᠠᠶᠢᠵᠤ᠂ ᠴᠠᠰᠤ ᠮᠥᠰᠥ ᠶᠢ ᠠᠷᠢᠯᠭᠠᠨ ᠰᠢᠯᠵᠢᠭᠦᠯᠬᠦ ᠠᠵᠢᠯ ᠬᠢᠵᠦ᠂ ᠨᠠᠰᠢ ᠴᠠᠰᠢ ᠶᠠᠪᠤᠬᠤ ᠲᠡᠷᠭᠡ ᠬᠥᠰᠬᠡ ᠶᠢᠨ ᠠᠶᠤᠯ ᠦᠭᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃    25 ᠤ ᠦᠳᠡ ᠶᠢᠨ ᠬᠤᠶᠢᠨ᠎ᠠ ᠠᠴᠠ ᠡᠬᠢᠯᠡᠨ᠂ ᠬᠥᠯᠥᠨ ᠪᠤᠶᠢᠷ ᠬᠤᠳᠠ ᠶᠢᠨ ᠮᠤᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠳᠤ ᠮᠡᠳᠡᠭᠳᠡᠮ᠎ᠡ ᠴᠠᠰᠤ ᠤᠷᠤᠬᠰᠠᠨ ᠪᠠᠶᠢᠨ᠎ᠠ᠃ ᠴᠠᠭ ᠠᠭᠤᠷ ᠤᠨ ᠲᠤᠭ᠎ᠠ ᠪᠠᠷᠢᠮᠲᠠ ᠠᠴᠠ ᠦᠵᠡᠪᠡᠯ᠂ ᠴᠠᠰᠤᠨ ᠤ ᠬᠡᠮᠵᠢᠶ᠎ᠡ 10  ᠮᠢᠯᠢᠮᠧᠲᠷ ᠢ ᠳᠠᠪᠠᠵᠤ᠂ ᠨᠢᠭᠡᠨᠲᠡ ᠴᠠᠰᠤᠨ ᠰᠢᠭᠤᠷᠭ᠎ᠠ ᠶᠢᠨ ᠳᠡᠰ ᠲᠤ ᠬᠦᠷᠴᠦ᠂ ᠬᠡᠰᠡᠭ ᠭᠠᠵᠠᠷ ᠣᠷᠣᠨ ᠤ ᠬᠤᠷᠠᠭᠰᠠᠨ ᠴᠠᠰᠤᠨ ᠤ ᠬᠡᠮᠵᠢᠶ᠎ᠡ ᠨᠢᠭᠡᠨᠲᠡ 15  ᠰᠠᠨᠲ᠋ᠢᠮᠧᠲᠷ ᠢ ᠳᠠᠪᠠᠵᠠᠢ᠃ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠳᠠᠷᠦ᠋ᠢᠬᠠᠨ ᠡᠬᠢᠯᠡᠭᠦᠯᠵᠦ᠂ ᠲᠤᠰᠬᠠᠶ ᠠᠵᠢᠯ ᠤᠨ ᠡᠩᠨᠡᠭᠡ ᠶᠢ ᠵᠣᠬᠢᠶᠠᠨ ᠪᠠᠶᠢᠭᠤᠯᠤᠨ ᠵᠠᠮ ᠴᠡᠪᠡᠷᠯᠡᠬᠦ ᠪᠠ ᠬᠤᠷᠠᠭᠰᠠᠨ ᠴᠠᠰᠤ ᠶᠢ ᠴᠡᠪᠡᠷᠯᠡᠬᠦ ᠠᠵᠢᠯ ᠢ ᠥᠷᠨᠢᠭᠦᠯᠪᠡ᠃ ᠴᠠᠰᠤᠨ ᠤ ᠬᠡᠮᠵᠢᠶ᠎ᠡ ᠲᠤᠩ ᠶᠡᠭᠡ᠂ ᠬᠡᠰᠡᠭ ᠵᠠᠮ ᠮᠥᠨ ᠨᠡᠪᠲᠡᠷᠡᠬᠦ ᠳᠤ ᠬᠦᠴᠢᠷ ᠪᠣᠯᠬᠤᠷ ᠲᠤᠬᠠᠶ ᠶᠢᠨ ᠭᠠᠵᠠᠷ ᠲᠦᠷ ᠴᠠᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠵᠠᠷᠯᠠᠯ ᠨᠡᠶᠢᠲᠡᠯᠡᠵᠡᠶ᠃ ᠡᠭᠦᠨ ᠠᠴᠠ ᠭᠠᠳᠠᠨ᠎ᠠ᠂ ᠴᠠᠰᠤ ᠰᠢᠭᠤᠷᠭ᠎ᠠ ᠨᠢ ᠲᠤᠬᠠᠶ ᠶᠢᠨ ᠭᠠᠵᠠᠷ ᠤᠨ ᠰᠤᠷᠭᠠᠨ ᠬᠥᠮᠦᠵᠢᠯ ᠤᠨ ᠡᠮᠬᠢ ᠵᠢᠷᠤᠮ ᠳᠤ ᠨᠥᠯᠥᠭᠡ ᠦᠵᠡᠭᠦᠯᠦᠭᠰᠡᠨ ᠪᠠᠶᠢᠨ᠎ᠠ᠃ ᠰᠤᠷᠤᠭᠴᠢ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠲᠤᠬᠠᠶ ᠶᠢᠨ ᠭᠠᠵᠠᠷ ᠤᠨ ᠰᠢᠶᠠᠩ ᠪᠠᠯᠭᠠᠰᠤᠨ ᠤ ᠰᠤᠷᠭᠠᠭᠤᠯᠢ ᠲᠦᠷ ᠴᠠᠭ ᠬᠢᠴᠢᠶᠡᠯ ᠵᠣᠭᠰᠣᠨ᠎ᠠ᠃    ᠪᠤᠭᠤᠲᠤ ᠬᠤᠲᠠ ᠶᠢᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠬᠠᠤ ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠬᠥᠭᠵᠢᠭᠦᠯᠦᠯᠲᠡ ᠥᠭᠡᠷᠡᠴᠢᠯᠡᠯᠲᠡ᠂ ᠰᠤᠷᠭᠠᠨ ᠬᠥᠮᠦᠵᠢᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠂ ᠵᠠᠮ ᠬᠠᠷᠢᠯᠴᠠᠭ᠎ᠠ᠂ ᠤᠰᠤᠨ ᠤ ᠶᠠᠪᠤᠳᠠᠯ᠂ ᠲᠠᠷᠢᠶᠠᠯᠠᠩ ᠮᠠᠯ ᠠᠵᠤ ᠠᠬᠤᠶ᠂ ᠰᠣᠶᠣᠯ ᠵᠢᠭᠤᠯᠴᠢᠯᠠᠯ᠂ ᠪᠠᠴᠢᠮ ᠪᠠᠶᠢᠳᠠᠯ ᠢ ᠠᠷᠭᠠᠴᠠᠭᠠᠬᠤ᠂ ᠬᠤᠲᠠ ᠶᠢᠨ ᠬᠠᠮᠢᠶᠠᠷᠤᠯᠲᠠ᠂ ᠴᠠᠭ ᠠᠭᠤᠷ᠂ ᠵᠠᠮ ᠬᠠᠷᠢᠯᠴᠠᠭᠠᠨ ᠤ ᠬᠠᠮᠢᠶᠠᠷᠤᠯᠲᠠ ᠵᠡᠷᠭᠡ 12 ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠳᠤᠤᠷ᠎ᠠ ᠳᠤᠯᠠᠭᠠᠨ ᠪᠣᠷᠣᠭᠠᠨ ᠴᠠᠰᠤ ᠮᠥᠰᠥᠲᠦᠯ ᠤᠨ ᠲᠦᠢᠯ ᠤᠨ ᠠᠭᠤᠷ ᠠᠮᠢᠰᠬᠤᠯ ᠢ ᠠᠷᠭᠠᠴᠠᠭᠠᠬᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠡᠰᠡᠭ ᠵᠠᠮ ᠤᠨ ᠬᠡᠰᠡᠭ ᠲᠤ ᠪᠣᠷᠣᠭᠠᠨ ᠴᠠᠰᠤ ᠲᠠᠢ ᠴᠠᠭ ᠠᠭᠤᠷ ᠤᠨ ᠨᠥᠯᠥᠭᠡ ᠪᠠᠷ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠵᠦ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠵᠠᠮ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠪᠲᠡᠷᠡᠭᠦᠯᠵᠦ᠂ ᠪᠤᠭᠤᠲᠤ ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ ᠠᠷᠭ᠎ᠠ ᠬᠡᠮᠵᠢᠶ᠎ᠡ ᠠᠪᠴᠤ ᠪᠠᠶᠢᠭᠠᠳ ᠮᠥᠰᠥ ᠴᠠᠰᠤ ᠶᠢ ᠠᠷᠢᠯᠭᠠᠬᠤ ᠠᠵᠢᠯ ᠬᠢᠵᠦ ᠪᠠᠶᠢᠨ᠎ᠠ᠃    ᠪᠠᠶᠠᠨᠨᠠᠭᠤᠷ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ︽ᠳᠤᠤᠷ᠎ᠠ ᠳᠤᠯᠠᠭᠠᠨ ᠪᠣᠷᠣᠭᠠᠨ ᠴᠠᠰᠤ ᠮᠥᠰᠥᠲᠦᠯ ᠴᠠᠭ ᠠᠭᠤᠷ ᠵᠢᠴᠢ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠤᠨ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯ︾ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠢᠷᠡᠭᠡᠳᠦᠶ ᠶᠢᠨ ᠣᠯᠠᠨ ᠤᠳᠠᠭᠠᠨ ᠤ ᠬᠦᠶ᠋ᠲᠡᠷᠡᠬᠦ ᠶᠠᠪᠤᠴᠠ ᠶᠢᠨ ᠲᠣᠭᠤᠷᠢᠨ ᠳᠤ ᠰᠥᠩ ᠬᠠᠯᠢᠶ᠎ᠠ ᠶᠢ ᠰᠡᠷᠭᠡᠶᠢᠯᠡᠬᠦ ᠨᠥᠯᠥᠭᠡ ᠶᠢ ᠶᠠᠷᠢᠯᠴᠠᠬᠤ ᠶᠢᠨ ᠬᠠᠮᠲᠤ ᠰᠥᠩ ᠬᠠᠯᠢᠶ᠎ᠠ ᠶᠢ ᠰᠡᠷᠭᠡᠶᠢᠯᠡᠬᠦ ᠪᠡᠯᠡᠳᠬᠡᠯ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号