9 ᠳ᠋ᠦ᠋ᠭᠡᠷ ᠰᠠᠷ᠎ᠠ ᠶᠢᠨ 27 ᠤ ᠡᠳᠦᠷ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠬᠥᠬᠢᠭᠦᠯᠦᠨ ᠰᠠᠶᠢᠰᠢᠶᠠᠬᠤ ᠶᠡᠭᠡ ᠬᠤᠷᠠᠯ ᠦᠪᠡᠳᠡᠭᠰᠢ ᠶᠡᠭᠡ ᠪᠠᠷ ᠬᠤᠷᠠᠯᠳᠤᠵᠤ᠂ ᠣᠶᠢᠷ᠎ᠠ ᠶᠢᠨ ᠵᠢᠯ ᠤᠨ ᠲᠤᠷᠰᠢ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠠᠵᠢᠯ ᠤᠨ ᠭᠤᠣᠯ | ᠰᠢᠵᠢᠮ ᠤᠨ ᠲᠣᠭᠤᠷᠢᠨ ᠳᠤ᠂ ᠮᠠᠨ ᠤ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠲᠤ | ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠵᠢᠱᠢᠶᠡᠴᠢ ᠬᠠᠮᠲᠤ ᠨᠡᠶᠢᠲᠡ ᠪᠠ ᠵᠢᠱᠢᠶᠡᠴᠢ ᠬᠤᠪᠢ ᠬᠥᠮᠥᠨ ᠢ | ᠬᠥᠬᠢᠭᠦᠯᠦᠨ ᠰᠠᠶᠢᠰᠢᠶᠠᠪᠠ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠥᠷᠭᠡᠨ ᠣᠯᠠᠨ | ᠨᠠᠮ ᠤᠨ ᠭᠡᠰᠢᠭᠦᠨ ᠺᠠᠳ᠋ᠷᠴᠤᠳ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠢᠳᠡᠪᠬᠢᠲᠡᠢ | ᠰᠤᠷᠤᠯᠴᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠲᠤᠬᠠᠢ ᠭᠦᠨᠵᠡᠭᠡᠢ ᠣᠶᠢᠯᠠᠭᠠᠯᠲᠠ ᠪᠠᠨ | ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠲᠡᠨ ᠨᠦᠭᠦᠳ ᠤᠨ ᠴᠢᠰᠤ ᠮᠢᠬᠠᠨ ᠤ ᠪᠠᠷᠢᠯᠳᠤᠯᠭ᠎ᠠ ᠪᠤᠯ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠦᠷᠢᠯᠳᠦᠯ ᠪᠠ ᠬᠥᠭᠵᠢᠯ ᠤᠨ ᠲᠡᠦᠬᠡᠨ ᠰᠠᠭᠤᠷᠢ | ᠮᠥᠨ ᠭᠡᠳᠡᠭ ᠢ ᠣᠶᠢᠯᠠᠭᠠᠨ ᠮᠡᠳᠡᠷᠡᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠡᠷᠴᠢ ᠵᠣᠷᠢᠭ ᠢᠶᠠᠨ | ᠬᠥᠪᠴᠢᠯᠡᠵᠦ᠂ ᠡᠷᠡᠯᠬᠡᠭᠯᠡᠨ ᠤᠷᠤᠭᠰᠢᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠪᠥᠷ ᠮᠣᠩᠭᠤᠯ ᠤᠨ | ᠰᠢᠨ᠎ᠡ ᠬᠠᠭᠤᠳᠠᠰᠤ ᠶᠢ ᠰᠡᠳᠬᠢᠯ ᠨᠢᠭᠡᠳᠦᠨ ᠪᠢᠴᠢᠭᠯᠡᠬᠦ ᠶᠢ ᠵᠤᠷᠢᠭᠵᠢᠭᠤᠯᠪᠠ᠃ | ᠵᠤ᠋ ᠵᠢᠶᠦ᠋ᠨ ︵ᠠᠯᠪᠠᠨ ᠭᠡᠷ ᠤᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ︶ ᠄ ᠪᠥᠬᠦ | ᠤᠯᠤᠰ ᠢᠶᠠᠷ ᠢᠶᠠᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ | ᠪᠡᠯᠭᠡᠯᠡᠵᠦ ᠪᠠᠶᠢᠭ᠎ᠠ ᠲᠠᠰᠢᠷᠠᠮ ᠢᠶᠠᠷ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ | ᠰᠠᠶᠢᠰᠢᠶᠠᠬᠤ ᠶᠡᠭᠡ ᠬᠤᠷᠠᠯ ᠪᠡᠭᠡᠵᠢᠩ ᠳᠤ ᠦᠪᠡᠳᠡᠭᠰᠢ ᠶᠡᠭᠡ ᠪᠠᠷ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ | ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠤ | ᠤᠷᠤᠯᠴᠠᠵᠦ ᠴᠢᠬᠤᠯᠠ ᠶᠠᠷᠢᠶ᠎ᠠ ᠲᠠᠯᠪᠢᠵᠠᠢ᠃ ᠦᠨᠳᠦᠰᠦᠲᠡᠨ ᠤ ᠠᠵᠢᠯ ᠢ ᠬᠢᠵᠦ ᠪᠠᠶᠢᠭ᠎ᠠ ᠨᠠᠮ ᠤᠨ ᠭᠡᠰᠢᠭᠦᠨ ᠺᠠᠳ᠋ᠷ | ᠪᠣᠯᠤᠭᠰᠠᠨ ᠤ ᠬᠤᠪᠢ ᠳᠤ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠰᠤᠷᠤᠯᠴᠠᠬᠤ ᠪᠠᠷ ᠲᠠᠮᠵᠢᠵᠦ ᠨᠡᠩ ᠢᠯᠡᠭᠦᠦ ᠣᠮᠤᠭᠰᠢᠨ ᠵᠣᠷᠢᠭᠵᠢᠵᠤ᠂ ᠦᠨᠳᠦᠰᠦᠳᠡᠨ ᠤ ᠠᠵᠢᠯ ᠢ ᠰᠠᠶᠢᠳᠦᠷ ᠬᠢᠬᠦ | ᠢᠳᠡᠭᠡᠯ ᠵᠤᠷᠢᠭ ᠢᠶᠠᠨ ᠨᠡᠩ ᠪᠠᠳᠤᠳᠬᠠᠪᠠ᠃ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ | 75 ᠵᠢᠯ ᠤᠨ ᠲᠤᠷᠰᠢ ᠢᠯᠠᠩᠭᠤᠶ᠎ᠠ ᠰᠢᠨ᠎ᠡ ᠴᠠᠭ ᠦᠶ᠎ᠡ ᠠᠴᠠ ᠨᠠᠭᠠᠰᠢᠬᠢ ᠮᠠᠨ ᠤ ᠤᠯᠤᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠦᠢᠯᠡᠰ ᠤᠨ ᠣᠯᠣᠭᠰᠠᠨ ᠠᠭᠤᠤ ᠶᠡᠭᠡ ᠠᠮᠵᠢᠯᠲᠠ ᠪᠦᠲᠦᠮᠵᠢ ᠶᠢ ᠪᠦᠬᠦ ᠲᠠᠯ᠎ᠠ ᠪᠠᠷ | ᠳ᠋ᠦᠩᠨᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠪᠦᠷᠢᠯᠳᠦᠯ | ᠬᠥᠭᠵᠢᠯ ᠤᠨ ᠦᠨᠳᠦᠰᠦ ᠪᠠ ᠰᠦᠭ ᠰᠦᠨᠡᠰᠦ ᠶᠢ ᠭᠦᠨᠵᠡᠭᠡᠢ ᠢᠯᠡᠷᠡᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ | ᠵᠠᠮ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠶᠡᠷᠦᠩᠬᠡᠢ ᠱᠠᠭᠠᠷᠳᠠᠯᠭ᠎ᠠ ᠶᠢ | ᠲᠣᠳᠣᠷᠬᠠᠢ ᠳᠤᠷᠠᠳᠴᠠᠢ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢᠨ ᠦᠵᠡᠯ ᠰᠠᠨᠠᠭ᠎ᠠ ᠨᠢ | ᠭᠦᠨ ᠭᠦᠨᠵᠡᠭᠡᠢ᠂ ᠠᠯᠤᠰ ᠬᠡᠳᠦ ᠶᠢᠨ ᠪᠣᠳᠤᠯᠭ᠎ᠠ ᠲᠠᠢ ᠲᠤᠯᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠬᠥᠲᠥᠯᠪᠦᠷᠢ ᠶᠢᠨ ᠴᠢᠨᠠᠷᠲᠠᠢ ᠲᠤᠯᠭᠤᠷ ᠪᠢᠴᠢᠭ ᠪᠣᠯᠤᠭᠰᠠᠨ ᠪᠠᠶᠢᠨ᠎ᠠ᠃ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ | ᠰᠠᠶᠢᠲᠤᠷ ᠲᠤᠭᠤᠰᠢᠯᠠᠭᠤᠯᠵᠦ᠂ ᠰᠠᠶᠢᠲᠤᠷ ᠨᠠᠶᠢᠳᠠᠪᠤᠷᠢᠵᠢᠭᠤᠯᠬᠤ ᠪᠣᠯ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ | ᠪᠣᠯᠣᠨ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠴᠢᠬᠤᠯᠠ ᠶᠡᠭᠡ ᠤᠯᠤᠰ ᠲᠦᠷᠦ ᠶᠢᠨ | ᠡᠭᠦᠷᠭᠡ ᠮᠥᠨ᠃ ᠦᠨᠳᠦᠰᠦᠲᠡᠨ ᠤ ᠠᠵᠢᠯ ᠤᠨ ᠠᠵᠢᠯᠲᠠᠨ ᠪᠣᠯᠤᠭᠰᠠᠨ ᠤ ᠬᠤᠪᠢ ᠳᠤ ᠪᠢᠳᠡ ᠵᠠᠪᠠᠯ ᠶᠡᠷᠦᠩᠬᠡᠢ | ᠱᠦᠵᠢ ᠶᠢᠨ ᠶᠠᠷᠢᠶᠠᠨ ᠤ ᠭᠦᠨ ᠠᠭᠤᠯᠣᠭᠳᠠᠬᠤᠨ ᠢ ᠭᠦᠨᠵᠡᠭᠡᠢ ᠰᠤᠷᠤᠯᠴᠠᠵᠤ ᠪᠦᠬᠦ ᠲᠠᠯ᠎ᠠ ᠪᠠᠷ ᠤᠶᠢᠯᠠᠭᠠᠵᠦ᠂ | ᠣᠨᠣᠪᠴᠢᠲᠠᠶ ᠡᠵᠡᠮᠰᠢᠵᠦ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠪᠠ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ | ᠤᠶᠠᠯᠳᠤᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠡ ᠶᠢᠨ ᠭᠤᠷᠪᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠰᠠᠶᠢᠲᠤᠷ | ᠪᠡᠶᠡᠯᠡᠭᠦᠯᠬᠦ ᠲᠠᠢ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ᠭᠤᠣᠯ ᠰᠢᠵᠢᠮ ᠤᠨ ᠲᠤᠭᠤᠷᠢᠨ ᠳᠤ ᠲᠤᠬᠠᠶᠢᠯᠠᠭᠰᠠᠨ ᠠᠵᠢᠯ ᠤᠨ ᠪᠠᠶᠢᠷᠢ ᠳᠤ ᠪᠠᠨ ᠰᠠᠭᠤᠷᠢᠯᠠᠵᠤ᠂ | ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ | ᠴᠢᠨᠠᠷ ᠰᠠᠶᠢᠲᠠᠢ ᠬᠥᠭᠵᠢᠯᠲᠡ ᠪᠠ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠲᠠᠰᠤᠷᠠᠯᠳᠡ ᠦᠭᠡᠢ | ᠠᠬᠢᠭᠤᠯᠬᠤ ᠶᠢᠨ ᠲᠦᠯᠦᠭᠡ ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ᠃ | ᠶᠠᠩ ᠹᠠᠩ ︵ᠲᠥᠷᠥ ᠶᠢᠨ ᠪᠣᠳᠣᠯᠭ᠎ᠠ ᠬᠠᠤᠯᠢ ᠳᠥᠷᠢᠮ ᠤᠨ ᠭᠠᠵᠠᠷ ᠤᠨ ᠳᠠᠷᠤᠭ᠎ᠠ︶᠄ 9 ᠳ᠋ᠦ᠋ᠭᠡᠷ ᠰᠠᠷ᠎ᠠ ᠶᠢᠨ | 27 ᠤ ᠡᠳᠦᠷ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ 75 ᠵᠢᠯ ᠤᠨ ᠣᠶ ᠶᠢ ᠪᠠᠶᠠᠷᠯᠠᠨ | ᠤᠭᠲᠤᠬᠤ ᠲᠠᠰᠢᠷᠠᠮ ᠢᠶᠠᠷ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ | ᠰᠠᠶᠢᠰᠢᠶᠠᠬᠤ ᠶᠡᠭᠡ ᠬᠤᠷᠠᠯ ᠠᠮᠵᠢᠯᠲᠠ ᠲᠠᠢ ᠬᠤᠷᠠᠯᠳᠤᠪᠠ᠃ ᠶᠡᠷᠦᠩᠬᠡᠢ ᠱᠦᠵᠢ ᠰᠢ ᠶᠢᠨ ᠫᠢᠩ ᠶᠡᠭᠡ ᠬᠤᠷᠠᠯ | ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢᠬᠢ | ᠢᠯᠠᠩᠭᠤᠶ᠎ᠠ ᠰᠢᠨ᠎ᠡ ᠴᠠᠭ ᠦᠶ᠎ᠡ ᠠᠴᠠ ᠨᠠᠭᠠᠰᠢᠬᠢ ᠮᠠᠨ ᠤ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠦᠢᠯᠡᠰ ᠤᠨ ᠣᠯᠣᠭᠰᠠᠨ ᠠᠭᠤᠤ ᠶᠡᠭᠡ ᠠᠮᠵᠢᠯᠲᠠ ᠪᠦᠲᠦᠮᠵᠢ ᠶᠢ ᠪᠦᠬᠦ ᠲᠠᠯ᠎ᠠ ᠪᠠᠷ ᠳ᠋ᠦᠩᠨᠡᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠪᠦᠷᠢᠯᠳᠦᠯ ᠬᠥᠭᠵᠢᠯ ᠤᠨ ᠦᠨᠳᠦᠰᠦ | ᠪᠠ ᠰᠦᠭ ᠰᠦᠨᠡᠰᠦ ᠶᠢ ᠭᠦᠨᠵᠡᠭᠡᠢ ᠢᠯᠡᠷᠡᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠶᠡᠷᠦᠩᠬᠡᠢ ᠱᠠᠭᠠᠷᠳᠠᠯᠭ᠎ᠠ ᠶᠢ ᠲᠣᠳᠣᠷᠬᠠᠢ ᠳᠤᠷᠠᠳᠴᠤ᠂ | ᠦᠵᠡᠯ ᠰᠠᠨᠠᠭ᠎ᠠ ᠭᠦᠨ ᠭᠦᠨᠵᠡᠭᠡᠢ᠂ ᠠᠯᠤᠰ ᠬᠡᠳᠦ ᠶᠢᠨ ᠪᠣᠳᠤᠯᠭ᠎ᠠ ᠲᠠᠢ ᠲᠤᠯᠠ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠬᠥᠲᠥᠯᠪᠦᠷᠢ ᠶᠢᠨ ᠴᠢᠨᠠᠷᠲᠠᠢ ᠲᠤᠯᠭᠤᠷ ᠪᠢᠴᠢᠭ | ᠪᠣᠯᠤᠭᠰᠠᠨ ᠪᠠᠶᠢᠨ᠎ᠠ᠃ ᠪᠢ ᠦᠨᠳᠦᠰᠦᠲᠡᠨ ᠤ ᠠᠵᠢᠯ ᠢ ᠬᠢᠵᠦ ᠪᠠᠶᠢᠭ᠎ᠠ ᠨᠠᠮ ᠤᠨ ᠭᠡᠰᠢᠭᠦᠨ ᠺᠠᠳ᠋ᠷᠴᠤᠳ ᠤᠨ | ᠳᠣᠲᠣᠷᠠᠬᠢ ᠨᠢᠭᠡ ᠭᠡᠰᠢᠭᠦᠨ ᠪᠣᠯᠤᠭᠰᠠᠨ ᠤ ᠬᠤᠪᠢ ᠳᠤ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠲᠡᠭᠦᠨ ᠤ ᠪᠠᠶᠠᠯᠢᠭ ᠠᠭᠤᠯᠤᠭᠳᠠᠬᠤᠨ | ᠪᠠ ᠵᠣᠷᠢᠭ ᠰᠠᠨᠠᠭᠠᠨ ᠤ ᠮᠥᠨ ᠴᠢᠨᠠᠷ ᠢ ᠣᠨᠣᠪᠴᠢᠲᠠᠶ ᠡᠵᠡᠮᠰᠢᠵᠦ᠂ ᠡᠬᠦᠨ ᠢᠶᠠᠷ ᠤᠶᠤᠨ ᠰᠠᠨᠠᠭ᠎ᠠ ᠪᠠᠨ ᠵᠡᠪᠰᠡᠭᠯᠡᠵᠦ | ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠤᠨ᠎ᠠ᠃ ᠨᠠᠮ ᠤᠨ ᠠᠴᠢ ᠳᠤ ᠲᠠᠯᠠᠷᠬᠠᠵᠦ᠂ ᠨᠠᠮ ᠤᠨ | ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ ᠵᠢᠱᠢᠶᠡᠴᠢ ᠪᠣᠯᠬᠤ ᠪᠠᠷ ᠬᠤᠰᠢᠭᠤᠷᠠᠨ ᠠᠵᠢᠯᠯᠠᠵᠤ᠂ ︽ | ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ︽ | ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ | ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠲᠤᠬᠠᠢ ᠳᠡᠭᠡᠳᠦ ᠬᠡᠮᠵᠢᠶᠡᠨ ᠤ ᠮᠡᠳᠡᠷᠡᠬᠦᠢ ᠪᠠᠨ ᠲᠠᠰᠤᠷᠠᠯᠲᠠ ᠦᠭᠡᠢ ᠴᠢᠩᠭᠠᠳᠬᠠᠨ᠎ᠠ᠃ | ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠵᠤ᠂ ᠮᠠᠨ ᠤ ᠣᠷᠣᠨ ᠤ | ᠦᠨᠳᠦᠰᠦᠲᠡᠨ ᠤ ᠬᠡᠷᠡᠭ ᠶᠠᠪᠤᠳᠠᠯ ᠢ ᠵᠠᠰᠠᠬᠤ ᠴᠢᠳᠠᠪᠤᠷᠢ ᠪᠠ ᠬᠢᠷᠢ ᠲᠥᠪᠰᠢᠨ ᠢᠶᠠᠨ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ |