ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠠᠵᠢᠯᠯᠠᠬᠤ ᠳᠤᠭᠤᠶᠢᠯᠠᠩ ᠲᠣᠮᠢᠯᠠᠨ ᠲᠣᠭᠲᠠᠬᠤ ᠰᠢᠶᠠᠨ᠂ ᠲᠦᠮᠡᠳ ᠵᠡᠭᠦᠨ ᠬᠤᠰᠢᠭᠤᠨ ᠳᠤ ᠣᠴᠢᠭᠤᠯᠵᠤ ᠭᠠᠮᠰᠢᠭ ᠤᠨ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠠᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/11/5
    2024 ᠣᠨ ᠤ 10 ᠳ᠋ᠤᠭᠠᠷ ᠰᠠᠷ᠎ᠠ ᠶᠢᠨ 30 ᠤ ᠡᠳᠦᠷ ᠤᠨ 19 ᠴᠠᠭ 18 ᠮᠢᠨᠦ᠋ᠲ ᠲᠤ᠂ ᠥᠪᠥᠷ ᠮᠣᠩᠭᠤᠯ ᠤᠨ ᠬᠥᠬᠡᠬᠤᠲᠠ ᠶᠢᠨ ᠲᠣᠭᠲᠠᠬᠤ ᠰᠢᠶᠠᠨ ︵ᠤᠮᠠᠷᠠᠲᠤ ᠥᠷᠭᠡᠷᠢᠭ ᠤᠨ 40 . 53 ᠭᠷᠠᠳᠦ᠋ᠰ᠂ ᠵᠡᠭᠦᠨ ᠤᠷᠲᠤᠷᠢᠭ ᠤᠨ 111 . 23 ᠭᠷᠠᠳᠦ᠋ᠰ︶ ᠳᠤ 4 . 1 ᠲᠠᠰ ᠤᠨ ᠭᠠᠵᠠᠷ ᠬᠥᠳᠡᠯᠵᠦ᠂ ᠭᠠᠵᠠᠷ ᠬᠥᠳᠡᠯᠦᠯᠲᠡ ᠶᠢᠨ ᠭᠤᠯᠣᠮᠲᠠ ᠶᠢᠨ ᠭᠦᠨ ᠨᠢ 18 ᠺᠢᠯᠣᠮᠧᠲᠷ ᠪᠠᠶᠢᠪᠠ᠃    ᠭᠠᠵᠠᠷ ᠬᠥᠳᠡᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠠᠯᠭᠠᠭ᠎ᠠ ᠪᠠᠷ ᠵᠢᠭᠠᠪᠤᠷᠢ ᠴᠣᠬᠤᠯᠠᠪᠤᠷᠢ ᠭᠠᠷᠭᠠᠪᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠭᠤᠤᠯ ᠤᠳᠤᠷᠢᠳᠤᠯᠭ᠎ᠠ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠨᠢ ᠲᠡᠷᠡ ᠳᠠᠷᠤᠶ ᠳᠤᠨᠢ ᠲᠢᠩᠬᠢᠮ ᠤᠨ ᠵᠢᠯᠣᠭᠤᠳᠬᠤ ᠲᠥᠪ ᠲᠤ ᠬᠦᠷᠴᠦ᠂ ᠥᠪᠥᠷ ᠮᠣᠩᠭᠤᠯ ᠤᠨ ᠭᠠᠵᠠᠷ ᠬᠥᠳᠡᠯᠦᠯᠲᠡ ᠶᠢᠨ ᠲᠣᠪᠴᠢᠶ᠎ᠠ ᠲᠠᠢ ᠬᠠᠮᠲᠤᠷᠠᠨ ᠭᠠᠵᠠᠷ ᠬᠥᠳᠡᠯᠦᠯᠲᠡ ᠶᠢᠨ ᠪᠠᠶᠢᠳᠠᠯ ᠢ ᠰᠢᠢᠳᠪᠦᠷᠢᠯᠡᠬᠦ ᠠᠵᠢᠯ ᠢ ᠥᠷᠨᠢᠭᠦᠯᠵᠦ᠂ ᠭᠠᠵᠠᠷ ᠬᠥᠳᠡᠯᠦᠯᠲᠡ ᠶᠢᠨ ᠮᠡᠳᠡᠭᠡ ᠵᠠᠩᠭᠢ ᠶᠢ ᠵᠥᠪᠳᠡᠯᠴᠡᠨ ᠰᠤᠳᠤᠯᠤᠨ ᠮᠠᠭᠠᠳᠯᠠᠵᠤ᠂ ᠬᠥᠬᠡᠬᠤᠲᠠ ᠵᠢᠴᠢ ᠲᠣᠭᠲᠠᠬᠤ ᠰᠢᠶᠠᠨ᠂ ᠲᠦᠮᠡᠳ ᠵᠡᠭᠦᠨ ᠬᠤᠰᠢᠭᠤᠨ ᠤ ᠭᠠᠮᠰᠢᠭᠳᠠᠭᠰᠠᠨ ᠪᠠᠶᠢᠳᠠᠯ ᠢ ᠲᠣᠬᠢᠷᠠᠭᠤᠯᠵᠤ᠂ ᠭᠠᠵᠠᠷ ᠬᠥᠳᠡᠯᠦᠯᠲᠡ ᠶᠢᠨ ᠪᠠᠶᠢᠳᠠᠯ᠂ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠲᠠᠢ ᠲᠡᠮᠡᠴᠡᠨ ᠭᠠᠮᠰᠢᠭ ᠠᠴᠠ ᠠᠪᠤᠷᠠᠬᠤ ᠵᠢᠯᠣᠭᠤᠳᠬᠤ ᠭᠠᠵᠠᠷ ᠤᠨ ᠠᠯᠪᠠᠨ ᠭᠡᠷ ᠠᠴᠠ ᠠᠵᠢᠯᠯᠠᠬᠤ ᠳᠤᠭᠤᠶᠢᠯᠠᠩ ᠲᠣᠮᠢᠯᠠᠨ ᠲᠤᠬᠠᠶ ᠶᠢᠨ ᠭᠠᠵᠠᠷ ᠲᠤᠨᠢ ᠣᠴᠢᠭᠤᠯᠵᠤ ᠭᠠᠮᠰᠢᠭ ᠤᠨ ᠪᠠᠶᠢᠳᠠᠯ ᠢ ᠬᠢᠨᠠᠨ ᠪᠠᠶᠢᠴᠠᠭᠠᠬᠤ ᠠᠵᠢᠯ ᠢ ᠵᠢᠯᠣᠭᠤᠳᠣᠭᠤᠯᠬᠤ ᠬᠡᠷᠡᠭᠲᠡᠶ᠃
W020241031724955718553_ORIGIN_proc.jpg
    ᠣᠳᠣᠬᠠᠨ ᠪᠣᠯᠲᠠᠯ᠎ᠠ᠂ ᠬᠥᠮᠦᠨ ᠬᠠᠷ᠎ᠠ ᠠᠳᠡᠵᠦ ᠰᠢᠷᠬᠠᠲᠤᠭᠰᠠᠨ ᠦᠭᠡᠶ ᠪᠠ ᠭᠡᠷ ᠪᠠᠶᠢᠰᠢᠩ ᠨᠤᠷᠠᠭᠰᠠᠨ ᠪᠠᠶᠢᠳᠠᠯ᠂ ᠨᠠᠷᠢᠨ ᠪᠠᠶᠢᠳᠠᠯ ᠢ ᠤᠯᠠᠮ ᠨᠢᠭᠡ ᠠᠯᠬᠤᠮ ᠬᠢᠨᠠᠨ ᠬᠠᠷᠭᠤᠭᠤᠯᠵᠤ ᠪᠠᠶᠢᠨ᠎ᠠ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号