ᠶᠡᠷᠦᠩᠬᠡᠢ ᠱᠦᠵᠢ ᠰᠢ ᠶᠢᠨ ᠫᠢᠩ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ | ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ᠄ ︽ᠳᠤᠮᠳᠠᠳᠤ ᠶᠢᠨ ᠦᠨᠳᠦᠰᠦᠲᠡᠨ ᠪᠣᠯ ᠲᠠᠪᠤᠨ ᠮᠢᠩᠭ᠎ᠠ ᠭᠠᠷᠤᠢ | ᠵᠢᠯ ᠤᠨ ᠪᠣᠯᠪᠠᠰᠤᠨ ᠲᠡᠦᠬᠡ ᠲᠠᠢ ᠠᠭᠤᠤ ᠶᠡᠭᠡ ᠦᠨᠳᠦᠰᠦᠲᠡᠨ ᠮᠥᠨ᠃ ᠮᠠᠨ ᠤ ᠤᠯᠤᠰ ᠤᠨ | ᠦᠨᠳᠦᠰᠦᠲᠡᠨ ᠨᠦᠭᠦᠳ ᠡᠬᠡ ᠣᠷᠣᠨ ᠤ ᠥᠷᠭᠡᠨ ᠠᠭᠤᠳᠠᠮ ᠨᠤᠲᠤᠭ ᠳᠡᠪᠢᠰᠬᠡᠷ ᠢ ᠬᠠᠮᠲᠤ ᠪᠠᠷ ᠨᠡᠭᠡᠭᠡᠵᠦ᠂ ᠤᠯᠠᠨ | ᠦᠨᠳᠦᠰᠦᠲᠡᠨ ᠪᠦᠬᠦᠢ ᠨᠢᠭᠡᠳᠦᠭᠰᠡᠨ ᠤᠯᠤᠰ ᠢ ᠬᠠᠮᠲᠤ ᠪᠠᠷ ᠴᠣᠭᠴᠠᠯᠠᠨ ᠪᠠᠶᠢᠭᠤᠯᠵᠤ᠂ ᠭᠡᠷᠡᠯ ᠰᠠᠴᠤᠷᠠᠩᠭᠤᠢ | ᠳᠤᠮᠳᠠᠳᠤ ᠤᠯᠤᠰ ᠤᠨ ᠲᠡᠦᠬᠡ ᠶᠢ ᠬᠠᠮᠲᠤ ᠪᠠᠷ ᠪᠢᠴᠢᠭᠯᠡᠵᠦ᠂ ᠭᠡᠷᠡᠯ ᠰᠠᠴᠤᠷᠠᠩᠭᠤᠢ ᠳᠤᠮᠳᠠᠳᠤ ᠶᠢᠨ ᠰᠣᠶᠣᠯ ᠢ | ᠬᠠᠮᠲᠤ ᠪᠠᠷ ᠡᠭᠦᠳᠦᠨ ᠪᠦᠲᠦᠭᠡᠵᠦ᠂ ᠠᠭᠤᠤ ᠶᠡᠭᠡ ᠦᠨᠳᠦᠰᠦᠲᠡᠨ ᠤ ᠵᠣᠷᠢᠭ ᠰᠠᠨᠠᠭ᠎ᠠ ᠶᠢ ᠬᠠᠮᠲᠤ ᠪᠠᠷ | ᠪᠤᠶᠢᠵᠢᠭᠤᠯᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠦᠷᠢᠯᠳᠦᠯ ᠪᠠ ᠬᠥᠭᠵᠢᠯᠲᠡ ᠪᠣᠯ | ᠬᠥᠮᠦᠰ ᠤᠨ ᠰᠡᠳᠬᠢᠯ ᠤᠨ ᠬᠠᠨᠳᠤᠰᠢ᠂ ᠶᠡᠭᠡ ᠬᠠᠨᠳᠤᠰᠢ᠂ ᠲᠡᠦᠬᠡ ᠶᠢᠨ ᠵᠠᠶᠢᠯᠠᠰᠢ ᠦᠭᠡᠢ ᠬᠠᠨᠳᠤᠰᠢ ᠮᠥᠨ ︾᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ | ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠮᠥᠨ᠂ ᠪᠠᠰᠠ ᠴᠤ ᠦᠨᠳᠦᠰᠦᠲᠡᠨ ᠤ | ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠮᠥᠨ᠃ 2023 ᠣᠨ ᠤ 10 ᠰᠠᠷ᠎ᠠ ᠳᠤ᠂ | ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠶᠢᠰᠦᠳᠦᠭᠡᠷ | ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢ ᠡᠷᠬᠢᠯᠡᠬᠦ ᠳᠡᠭᠡᠨ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠤ ᠬᠠᠮᠲᠤ ᠶᠢᠨ ᠡᠭᠦᠷᠭᠡ ᠮᠥᠨ︾ ᠭᠡᠵᠦ ᠴᠢᠬᠤᠯᠠᠴᠢᠯᠠᠪᠠ᠃ ᠬᠠᠤᠯᠢᠵᠢᠯ ᠤᠨ ᠰᠠᠭᠤᠷᠢ ᠶᠢ | ᠪᠠᠬᠢᠵᠢᠭᠦᠯᠵᠦ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠬᠠᠤᠯᠢᠵᠢᠯ ᠤᠨ ᠲᠦᠪᠰᠢᠨ ᠢ | ᠳᠡᠭᠡᠭᠰᠢᠯᠡᠭᠦᠯᠵᠦ᠂ ᠬᠠᠤᠯᠢᠵᠢᠯ ᠤᠨ ᠵᠠᠮ ᠳᠡᠭᠡᠷ᠎ᠡ ᠦᠨᠳᠦᠰᠦᠲᠡᠨ ᠤ ᠬᠡᠷᠡᠭ ᠶᠠᠪᠤᠳᠠᠯ ᠢ ᠵᠠᠰᠠᠵᠤ᠂ ᠦᠨᠳᠦᠰᠦᠲᠡᠨ ᠤ | ᠪᠦᠯᠬᠦᠮᠳᠡᠯ ᠢ ᠪᠠᠲᠤᠯᠠᠬᠤ ᠳᠤ ᠠᠰᠢᠭᠲᠠᠶ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ | ᠵᠢᠯᠣᠭᠤᠳᠴᠤ ᠪᠠᠶᠢᠭᠠᠳ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ | ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠶ | ᠬᠠᠮᠲᠤ ᠶᠢᠨ ᠲᠠᠨᠢᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ | ᠣᠳᠣᠬᠢᠴᠢᠯᠠᠯᠲᠠ ᠶᠢ ᠠᠬᠢᠭᠤᠯᠬᠤ ᠳᠤ ᠦᠨᠳᠦᠰᠦᠲᠡᠨ ᠤ ᠪᠦᠯᠬᠦᠮᠳᠡᠯ ᠤᠨ ᠰᠦᠷ ᠳᠠᠯᠠᠶᠢᠴᠠᠲᠠᠶ ᠬᠦᠴᠦᠨ ᠢ | ᠨᠢᠭᠲᠠᠷᠠᠭᠤᠯᠬᠤ ᠳᠤ ᠠᠰᠢᠭᠲᠠᠶ ᠶᠤᠮ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ | ᠭᠤᠣᠯ ᠰᠢᠵᠢᠮ ᠲᠠᠢ ᠤᠶᠠᠯᠳᠤᠭᠤᠯᠤᠨ᠂ ᠦᠨᠳᠦᠰᠦᠲᠡᠨ ᠤ ᠠᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ | ᠰᠢᠰᠲ᠋ᠧᠮ ︵br /︶ ᠢ ᠲᠡᠭᠦᠯᠳᠡᠷᠵᠢᠭᠦᠯᠦᠨ᠎ᠡ᠃ ᠬᠠᠤᠯᠢ ᠴᠠᠭᠠᠵᠠ ᠪᠣᠯ ᠤᠯᠤᠰ ᠢ ᠵᠠᠰᠠᠬᠤ ᠴᠢᠬᠤᠯᠠ ᠵᠡᠪᠰᠡᠭ | ᠮᠥᠨ᠂ ᠰᠠᠶᠢᠨ ᠬᠠᠤᠯᠢ ᠪᠣᠯ ᠴᠢᠳᠠᠮᠠᠭᠠᠢ ᠵᠠᠰᠠᠬᠤ ᠶᠢᠨ ᠤᠷᠢᠲᠠᠯ ᠮᠥᠨ᠃ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠠᠴᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ | ᠶᠢ ᠨᠠᠮ ᠤᠨ ᠲᠦᠷᠢᠮ ᠳᠤ ᠪᠢᠴᠢᠨ ᠣᠷᠣᠭᠤᠯᠵᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠤ ᠦᠨᠳᠦᠰᠦᠨ ᠵᠢᠷᠤᠮᠯᠠᠯ ᠪᠣᠯᠭᠠᠪᠠ᠃ 2018 ᠣᠨ ᠳᠤ᠂ ᠠᠷᠪᠠᠨ ᠭᠤᠷᠪᠠᠳᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ | ᠬᠤᠷᠠᠯ ᠠᠴᠠ ᠪᠠᠲᠤᠯᠠᠭᠰᠠᠨ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠳᠤ | ᠵᠠᠰᠠᠪᠤᠷᠢ ᠣᠷᠣᠭᠤᠯᠬᠤ ᠲᠥᠰᠦᠯ︾ ᠳᠤ ︽ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ︾ | ᠭᠡᠬᠦ ᠠᠭᠤᠯᠭ᠎ᠠ ᠶᠢ ᠨᠡᠮᠡᠵᠦ ᠣᠷᠣᠭᠤᠯᠪᠠ᠂ ᠡᠨᠡ ᠪᠣᠯ ︽ᠳᠤᠮᠳᠠᠳᠤ ᠶᠢᠨ ᠦᠨᠳᠦᠰᠦᠲᠡᠨ︾ ᠭᠡᠬᠦ ᠦᠭᠡ ᠶᠢ ᠠᠩᠬ᠎ᠠ | ᠤᠳᠠᠭ᠎ᠠ ᠤᠯᠤᠰ ᠤᠨ ᠦᠨᠳᠦᠰᠦ ᠪᠣᠯᠬᠤ ᠬᠠᠤᠯᠢ ᠳᠤ ᠪᠢᠴᠢᠵᠦ ᠣᠷᠣᠭᠤᠯᠤᠭᠰᠠᠨ ᠶᠠᠪᠤᠳᠠᠯ ᠪᠣᠯᠤᠨ᠎ᠠ᠃ 2023 | ᠣᠨ ᠳᠤ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ | ᠲᠣᠭᠲᠠᠭᠠᠬᠤ ᠬᠠᠤᠯᠢ︾ ᠳᠤ᠂ ᠬᠠᠤᠯᠢ ᠲᠣᠭᠲᠠᠭᠠᠬᠤ ᠳᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠬᠡᠷᠡᠭᠲᠡᠶ ᠭᠡᠵᠦ ᠲᠣᠳᠣᠷᠬᠠᠶ ᠲᠣᠭᠲᠠᠭᠠᠵᠤ᠂ ᠬᠠᠮᠢᠶ᠎ᠠ ᠪᠥᠬᠦᠶ | ᠬᠠᠤᠯᠢ ᠲᠣᠭᠲᠠᠭᠠᠬᠤ ᠳᠤ ᠲᠣᠳᠣᠷᠬᠠᠶ ᠬᠠᠤᠯᠢ ᠴᠠᠭᠠᠵᠠ ᠶᠢᠨ ᠦᠨᠳᠦᠰᠦᠯᠡᠯ ᠬᠠᠩᠭᠠᠪᠠ᠃ | ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠪᠣᠯ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠦᠨᠳᠦᠰᠦ | ᠰᠠᠭᠤᠷᠢ ᠮᠥᠨ᠂ ᠪᠠᠰᠠ ᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠶᠢᠨ ᠤᠯᠤᠰ ᠲᠦᠷᠦ ᠶᠢᠨ ᠲᠠᠯ᠎ᠠ ᠪᠠᠷ ᠬᠢ ᠪᠣᠳᠠᠲᠠᠢ ᠢᠯᠡᠷᠡᠯ ᠮᠥᠨ᠃ ᠦᠨᠳᠦᠰᠦᠨ ᠬᠠᠤᠯᠢ ᠪᠠ | ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠳᠤ ᠡᠯ᠎ᠡ ᠴᠥᠭᠡᠨ ᠲᠣᠭᠠᠲᠤ ᠦᠨᠳᠦᠰᠦᠲᠡᠨ ᠳᠤ ᠲᠤᠰ | ᠦᠨᠳᠦᠰᠦᠲᠡᠨ ᠤ ᠪᠠᠨ ᠳᠣᠲᠣᠭᠠᠳᠤ ᠶᠢᠨ ᠬᠡᠷᠡᠭ ᠶᠠᠪᠤᠳᠠᠯ ᠤᠨ ᠲᠤᠬᠠᠢ ᠥᠪᠡᠷᠲᠡᠭᠡᠨ ᠵᠠᠰᠠᠬᠤ ᠡᠷᠬᠡ ᠣᠯᠭᠤᠵᠤ᠂ | ᠴᠥᠭᠡᠨ ᠲᠣᠭᠠᠲᠤ ᠦᠨᠳᠦᠰᠦᠲᠡᠨ ᠤ ᠤᠯᠠᠨ ᠲᠦᠮᠡᠨ ᠳᠤ ᠭᠦᠨ ᠭᠦᠨᠵᠡᠭᠡᠢ ᠪᠠᠶᠢᠭᠤᠯᠤᠯ ᠤᠨ ᠬᠠᠷᠠᠭᠠᠯᠵᠠᠯ ᠪᠠ | ᠬᠠᠤᠯᠢ ᠴᠠᠭᠠᠵᠠ ᠶᠢᠨ ᠭᠦᠢᠴᠡᠳ ᠪᠠᠲᠤᠯᠠᠭ᠎ᠠ ᠶᠢ ᠭᠦᠢᠴᠡᠳ ᠢᠯᠡᠷᠡᠭᠦᠯᠵᠡᠢ᠃ 2023 ᠣᠨ ᠤ 10 ᠰᠠᠷ᠎ᠠ ᠳᠤ | ᠪᠠᠲᠤᠯᠠᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠢᠶᠠᠨ ᠬᠠᠶᠢᠷᠠᠯᠠᠬᠤ ᠦᠵᠡᠯ ᠤᠨ | ᠬᠥᠮᠦᠵᠢᠯ ᠤᠨ ᠬᠠᠤᠯᠢ︾ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠬᠥᠮᠦᠵᠢᠯ ᠢ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠴᠢᠬᠤᠯᠠ ᠪᠦᠷᠢᠯᠳᠦᠬᠦᠨ ᠬᠡᠰᠡᠭ | ᠪᠣᠯᠭᠠᠪᠠ᠃ ᠡᠳᠡᠭᠡᠷ ᠨᠢ ᠴᠥᠮ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠳᠤ ᠬᠠᠤᠯᠢ ᠪᠠᠷ ᠵᠠᠰᠠᠬᠤ ᠰᠠᠭᠤᠷᠢ ᠶᠢ ᠪᠠᠲᠤ ᠪᠠᠬᠢ ᠲᠠᠯᠪᠢᠵᠤ ᠥᠭᠭᠦᠭᠰᠡᠨ ᠪᠠᠶᠢᠨ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢ᠊ ᠡᠶ᠎ᠡ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ | ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ | ᠲᠥᠯᠥᠪᠵᠢᠭᠦᠯᠦᠨ ᠪᠠᠶᠢᠷᠢᠯᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ | ᠰᠢᠢᠳᠪᠦᠷᠢᠯᠡᠬᠦ ᠵᠥᠪ ᠵᠠᠮ ᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ | ᠰᠢᠨ᠎ᠡ ᠲᠡᠦᠬᠡᠲᠦ ᠴᠢᠨᠠᠷᠲᠠᠢ ᠠᠮᠵᠢᠯᠲᠠ ᠤᠯᠬᠤ ᠶᠢ ᠵᠢᠯᠣᠭᠤᠳᠤᠨ ᠠᠬᠢᠭᠤᠯᠪᠠ᠃ ᠭᠡᠲᠡᠯ᠎ᠡ᠂ ᠣᠳᠣᠬᠠᠨ ᠳᠤ ᠬᠡᠰᠡᠭ | ᠦᠨᠳᠦᠰᠦᠲᠡᠨ ᠤ ᠠᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮ ᠨᠢ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠡᠬᠦ ᠡᠨᠡ ᠬᠦ ᠱᠠᠭᠠᠷᠳᠠᠯᠭ᠎ᠠ ᠲᠠᠢ | ᠵᠣᠬᠢᠬᠤ ᠬᠡᠮᠵᠢᠶ᠎ᠡ ᠪᠠᠷ ᠵᠣᠬᠢᠴᠠᠬᠤ ᠥᠬᠡᠶ᠂ ᠵᠣᠬᠢᠴᠠᠬᠤ ᠥᠬᠡᠶ ᠪᠠᠶᠢᠳᠠᠯ ᠣᠷᠣᠰᠢᠵᠤ ᠪᠠᠶᠢᠨ᠎ᠠ᠂ ᠡᠨᠡ ᠨᠢ ᠰᠢᠨ᠎ᠡ | ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠭᠤᠤᠯ ᠱᠤᠭᠤᠮ ᠲᠠᠢ ᠵᠣᠬᠢᠴᠠᠬᠤ ᠥᠬᠡᠶ ᠦᠨᠳᠦᠰᠦᠲᠡᠨ ᠤ | ᠲᠥᠷᠥ ᠶᠢᠨ ᠪᠣᠳᠣᠯᠭ᠎ᠠ ᠳᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠬᠦ ᠴᠢᠬᠤᠯᠠᠲᠠᠶ ᠪᠠᠶᠢᠨ᠎ᠠ᠃ ᠦᠨᠳᠦᠰᠦᠲᠡᠨ ᠤ | ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠬᠤᠯᠪᠣᠭᠳᠠᠯ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠪᠣᠯᠤᠨ ᠵᠥᠷᠢᠶᠡᠲᠦ ᠣᠷᠣᠨ ᠪᠦᠰᠡ ᠶᠢᠨ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ | ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠡᠯ᠎ᠡ ᠭᠠᠵᠠᠷ ᠣᠷᠣᠨ᠂ ᠡᠯ᠎ᠡ ᠬᠦᠷᠢᠶᠡᠨ ᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢ ᠠᠬᠢᠭᠤᠯᠬᠤ ᠵᠡᠷᠭᠡ ᠲᠠᠯ᠎ᠠ ᠶᠢᠨ ᠠᠮᠵᠢᠯᠲᠠ ᠲᠠᠢ ᠲᠤᠷᠰᠢᠯᠭ᠎ᠠ ᠶᠢ ᠳ᠋ᠦᠩᠨᠡᠵᠦ᠂ ᠲᠡᠭᠦᠨ ᠢ ᠤᠯᠤᠰ ᠤᠨ | ᠬᠠᠤᠯᠢ ᠴᠠᠭᠠᠵᠠ ᠬᠠᠤᠯᠢ ᠲᠣᠭᠲᠠᠭᠠᠯ ᠪᠣᠯᠭᠠᠨ ᠪᠣᠯᠪᠠᠰᠤᠷᠠᠭᠤᠯᠵᠤ᠂ ᠬᠠᠤᠯᠢ ᠲᠣᠭᠲᠠᠭᠠᠯᠲᠠ ᠶᠢᠨ ᠳᠤᠲᠠᠭᠤᠳᠠᠯ ᠢ | ᠲᠦᠷᠭᠡᠨ ᠨᠥᠬᠦᠪᠥᠷᠢᠯᠡᠬᠦ ᠬᠡᠷᠡᠭᠲᠡᠢ᠃ | ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠦᠨᠳᠦᠰᠦᠲᠡᠨ ᠤ | ᠠᠰᠠᠭᠤᠳᠠᠯ ᠢ ᠰᠢᠶ᠋ᠳᠪᠦᠷᠢᠯᠡᠵᠦ᠂ ᠦᠨᠳᠦᠰᠦᠲᠡᠨ ᠤ ᠬᠠᠷᠢᠴᠠᠭ᠎ᠠ ᠶᠢ ᠵᠥᠪ ᠢᠶᠠᠷ ᠰᠢᠶ᠋ᠳᠪᠦᠷᠢᠯᠡᠨ᠂ ᠦᠨᠳᠦᠰᠦᠲᠡᠨ ᠤ | ᠬᠡᠷᠡᠭ ᠶᠠᠪᠤᠳᠠᠯ ᠢ ᠵᠠᠰᠠᠬᠤ ᠴᠢᠳᠠᠪᠤᠷᠢ ᠪᠠ ᠬᠢᠷᠢ ᠬᠡᠮᠵᠢᠶ᠎ᠡ | ᠶᠢ ᠳᠡᠭᠡᠭᠰᠢᠯᠡᠭᠦᠯᠦᠨ᠎ᠡ᠃ ︽ᠬᠠᠤᠯᠢ ᠵᠠᠷᠯᠠᠯ ᠬᠡᠷᠡᠭᠵᠢᠭᠦᠯᠦᠪᠡᠰᠦ ᠤᠯᠤᠰ ᠬᠦᠷᠦᠨ ᠲᠦᠪᠰᠢᠷᠡᠵᠦ᠂ ᠬᠠᠤᠯᠢ | ᠵᠠᠷᠯᠠᠯ ᠰᠤᠯᠠᠷᠠᠪᠠᠰᠤ ᠤᠯᠤᠰ ᠬᠦᠷᠦᠨ ᠰᠠᠮᠠᠭᠤᠷᠠᠮᠤᠢ᠃ ᠬᠠᠤᠯᠢ ᠪᠠᠷ ᠵᠠᠰᠠᠬᠤ ᠰᠡᠳᠬᠢᠬᠦᠢ ᠪᠣᠯ ᠬᠠᠤᠯᠢ ᠴᠠᠭᠠᠵᠠ ᠶᠢ | ᠵᠥᠪ ᠪᠤᠷᠤᠭᠤ ᠶᠢ ᠮᠠᠭᠠᠳᠯᠠᠬᠤ ᠪᠠ ᠬᠡᠷᠡᠭ ᠶᠠᠪᠤᠳᠠᠯ ᠢ ᠰᠢᠢᠳᠪᠦᠷᠢᠯᠡᠬᠦ ᠪᠠᠷᠢᠮᠵᠢᠶ᠎ᠠ ᠪᠣᠯᠭᠠᠬᠤ ᠰᠡᠳᠬᠢᠬᠦᠢ ᠶᠢᠨ | ᠠᠷᠭ᠎ᠠ ᠮᠠᠶ᠋ᠢᠭ ᠮᠥᠨ᠃ ᠬᠠᠤᠯᠢ ᠪᠠᠷ ᠵᠠᠰᠠᠬᠤ ᠰᠡᠳᠬᠢᠬᠦᠶ ᠪᠣᠯᠤᠨ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ | ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠨ᠂ ᠦᠨᠳᠦᠰᠦᠲᠡᠨ ᠤ ᠠᠵᠢᠯ ᠢ ᠰᠠᠶᠢᠲᠤᠷ ᠬᠢᠵᠦ᠂ | ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠵᠥᠪ ᠪᠤᠷᠤᠭᠤ ᠶᠢ ᠮᠠᠭᠠᠳᠯᠠᠬᠤ ᠪᠠᠷᠢᠮᠵᠢᠶ᠎ᠠ ᠪᠣᠯᠭᠠᠵᠤ᠂ ᠨᠡᠶᠢᠭᠡᠮ ᠤᠨ | ᠬᠠᠷᠢᠴᠠᠭ᠎ᠠ ᠶᠢ ᠲᠣᠬᠢᠷᠠᠭᠤᠯᠬᠤ᠂ ᠨᠡᠶᠢᠭᠡᠮ ᠤᠨ ᠡᠮᠬᠢ ᠳᠢᠭᠯᠢᠮ ᠢ ᠳᠠᠬᠢᠨ ᠪᠣᠶ ᠪᠣᠯᠭᠠᠬᠤ ᠪᠠᠷᠢᠮᠵᠢᠶ᠎ᠠ ᠪᠣᠯᠭᠠᠵᠤ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠬᠤ | ᠬᠡᠷᠡᠭᠲᠡᠶ᠃ | ᠬᠥᠮᠦᠨ ᠢᠶᠠᠷ ᠦᠨᠳᠦᠰᠦ ᠪᠣᠯᠭᠠᠬᠤ᠂ ᠠᠷᠠᠳ ᠤᠨ ᠲᠥᠯᠥᠭᠡ ᠬᠠᠤᠯᠢ ᠲᠣᠭᠲᠠᠭᠠᠬᠤ ᠣᠶᠢᠯᠠᠭᠠᠭᠳᠠᠬᠤᠨ ᠢ | ᠪᠠᠷᠢᠮᠲᠠᠯᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ | ᠱᠤᠭᠤᠮ ᠪᠣᠯᠤᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠡᠭᠦᠷᠭᠡ ᠶᠢᠨ ᠲᠣᠭᠤᠷᠢᠨ ᠳᠤ᠂ ᠪᠣᠳᠠᠲᠠᠢ ᠠᠴᠠ ᠡᠭᠦᠰᠬᠦ ᠶᠢ | ᠪᠠᠷᠢᠮᠲᠠᠯᠠᠵᠤ᠂ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠤᠲᠤᠭ ᠤᠨ ᠬᠠᠤᠯᠢ ᠲᠣᠭᠲᠠᠭᠠᠬᠤ ᠡᠷᠬᠡ ᠶᠢ | ᠬᠠᠤᠯᠢ ᠶᠣᠰᠣᠭᠠᠷ ᠰᠠᠶᠢᠲᠤᠷ ᠬᠡᠷᠡᠭᠯᠡᠵᠦ᠂ ᠬᠠᠤᠯᠢᠵᠢᠯ ᠤᠨ ᠬᠦᠴᠦᠨ ᠢᠶᠠᠷ ᠦᠨᠳᠦᠰᠦᠲᠡᠨ ᠨᠦᠭᠦᠳ ᠤᠨ ᠠᠷᠠᠳ | ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ | ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠪᠠᠲᠤᠯᠠᠭ᠎ᠠ ᠬᠠᠩᠭᠠᠬᠤ | ᠬᠡᠷᠡᠭᠲᠡᠢ᠃ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢ ᠬᠠᠤᠯᠢᠵᠢᠭᠤᠯᠬᠤ ᠬᠢᠷᠢ ᠲᠦᠪᠰᠢᠨ ᠢ | ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠤᠯᠢ ᠴᠠᠭᠠᠵᠠ ᠶᠢᠨ ᠡᠮᠦᠨ᠎ᠡ ᠬᠥᠮᠦᠨ ᠪᠦᠬᠦᠨ | ᠡᠷᠬᠡ ᠲᠡᠭᠰᠢ ᠪᠠᠶᠢᠬᠤ ᠶᠢ ᠦᠨᠡᠨ ᠬᠦ ᠪᠠᠲᠤᠯᠠᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢ ᠢᠮᠠᠭᠲᠠ | ᠬᠠᠤᠯᠢ ᠪᠠᠷ ᠵᠠᠰᠠᠬᠤ ᠵᠠᠮ ᠢᠶᠠᠷ ᠶᠠᠪᠤᠭᠳᠠᠭᠤᠯᠬᠤ ᠶᠢ ᠦᠨᠡᠨ ᠬᠦ ᠪᠠᠲᠤᠯᠠᠵᠤ᠂ ᠦᠨᠳᠦᠰᠦᠲᠡᠨ ᠤ ᠬᠡᠷᠡᠭ ᠶᠠᠪᠤᠳᠠᠯ ᠤᠨ | ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠬᠠᠤᠯᠢ ᠪᠠᠷ | ᠵᠠᠰᠠᠬᠤ ᠪᠠᠷ ᠬᠦᠲᠦᠯᠦᠨ ᠳᠠᠭᠠᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠵᠤ᠂ ᠤᠯᠤᠰ ᠤᠨ ᠠᠮᠤᠷ ᠲᠦᠪᠰᠢᠨ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ | ᠪᠠᠶᠢᠳᠠᠯ ᠢ ᠬᠠᠮᠠᠭᠠᠯᠠᠨ᠎ᠠ᠃ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ᠂ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠬᠠᠤᠯᠢ ᠶᠢ ᠲᠣᠭᠲᠠᠭᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠦᠷᠢᠮ ᠲᠣᠭᠲᠠᠴᠠ ᠶᠢ | ᠪᠦᠷᠢᠨᠰᠢᠬᠦᠯᠵᠤ᠂ ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ ᠬᠦᠴᠦᠨ ᠢ ᠴᠢᠩᠭᠠᠳᠬᠠᠨ᠎ᠠ᠃ ᠣᠳᠣᠬᠠᠨ ᠳᠤ᠂ | ᠵᠠᠷᠢᠮ ᠭᠠᠵᠠᠷ ᠣᠷᠣᠨ ᠤ ᠬᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠣᠷᠣᠨ ᠨᠤᠲᠤᠭ ᠤᠨ | ᠴᠢᠨᠠᠷᠲᠠᠢ ᠬᠠᠤᠯᠢ ᠲᠣᠭᠲᠠᠭᠠᠯ ᠢ ᠵᠠᠯᠭᠠᠭ᠎ᠠ ᠪᠠᠷ ᠲᠣᠭᠲᠠᠭᠠᠵᠤ᠂ ᠬᠤᠯᠪᠣᠭᠳᠠᠯ ᠪᠦᠬᠦᠢ ᠬᠠᠤᠯᠢ ᠲᠣᠭᠲᠠᠭᠠᠯ ᠳᠤ | ᠵᠠᠰᠠᠪᠤᠷᠢ ᠣᠷᠣᠭᠤᠯᠬᠤ᠂ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠳᠤ ᠲᠤᠬᠢᠷᠠᠭᠤᠯᠤᠯᠳᠠ ᠬᠢᠬᠦ ᠪᠠᠷ | ᠳᠠᠮᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠳᠤ ᠬᠠᠤᠯᠢ | ᠴᠠᠭᠠᠵᠠ ᠶᠢᠨ ᠠᠯᠪᠠᠳᠠᠯᠭ᠎ᠠ ᠶᠢᠨ ᠬᠦᠴᠦᠨ ᠣᠯᠭᠤᠵᠤ᠂ ᠦᠨᠳᠦᠰᠦᠲᠡᠨ ᠤ ᠠᠰᠠᠭᠤᠳᠠᠯ ᠢ ᠵᠥᠪ ᠰᠢᠢᠳᠪᠦᠷᠢᠯᠡᠬᠦ | ᠬᠠᠤᠯᠢ ᠪᠠᠷ ᠵᠠᠰᠠᠬᠤ ᠰᠠᠭᠤᠷᠢ ᠶᠢ ᠪᠠᠲᠤᠳᠬᠠᠪᠠ᠃ ᠰᠣᠶᠣᠯ ᠤᠨ ᠮᠡᠳᠡᠷᠡᠮᠵᠢ ᠶᠢ ᠴᠢᠩᠭᠠᠳᠬᠠᠬᠤ ᠣᠷᠣᠨ | ᠨᠤᠲᠤᠭ ᠤᠨ ᠬᠠᠤᠯᠢ ᠲᠣᠭᠲᠠᠭᠠᠯᠲᠠ ᠶᠢ ᠤᠯᠠᠮ ᠴᠢᠨᠠᠭᠰᠢᠳᠠ ᠲᠣᠭᠲᠠᠭᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢ ᠪᠠᠶᠢᠭᠤᠯᠬᠤ ᠳᠤ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠪᠠᠯ ᠵᠣᠬᠢᠨ᠎ᠠ᠃ ᠣᠷᠣᠨ | ᠨᠤᠲᠤᠭ ᠤᠨ ᠬᠠᠤᠯᠢ ᠲᠣᠭᠲᠠᠭᠠᠬᠤ ᠪᠠᠶᠢᠭᠤᠯᠭ᠎ᠠ ᠨᠢ ᠦᠨᠳᠦᠰᠦᠲᠡᠨ ᠤ ᠬᠠᠤᠯᠢ ᠲᠣᠭᠲᠠᠭᠠᠯ ᠢ ᠦᠨᠡᠯᠡᠨ ᠵᠢᠱᠢᠬᠦ | ᠬᠡᠪᠰᠢᠭᠰᠡᠨ ᠠᠵᠢᠯ ᠤᠨ ᠲᠣᠭᠲᠠᠴᠠ ᠶᠢ ᠪᠠᠶᠢᠭᠤᠯᠵᠤ᠂ ᠳᠡᠭᠡᠳᠦ ᠪᠠᠶᠢᠷᠢ ᠶᠢᠨ ᠬᠠᠤᠯᠢ ᠯᠤᠭ᠎ᠠ ᠬᠠᠷᠰᠢᠯᠳᠤᠬᠤ᠂ | ᠠᠳᠠᠯᠢ ᠪᠠᠶᠢᠷᠢ ᠶᠢᠨ ᠬᠠᠤᠯᠢ ᠯᠤᠭ᠎ᠠ ᠵᠣᠬᠢᠴᠠᠯᠳᠤᠬᠤ ᠥᠬᠡᠶ᠂ ᠨᠡᠶᠢᠭᠡᠮ ᠤᠨ ᠠᠵᠤ ᠠᠬᠤᠶ ᠶᠢᠨ ᠬᠥᠭᠵᠢᠯᠲᠡ ᠯᠦᠭᠡ | ᠵᠣᠬᠢᠴᠠᠯᠳᠤᠬᠤ ᠥᠬᠡᠶ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠢ ᠴᠠᠭ ᠲᠤᠬᠠᠶ ᠳᠤᠨᠢ ᠢᠯᠭᠠᠷᠠᠭᠤᠯᠤᠨ | ᠳᠢᠭᠯᠡᠬᠦ ᠬᠡᠷᠡᠭᠲᠡᠶ᠃ | ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠬᠢᠭᠤᠯᠤᠨ᠎ᠠ᠃ ᠦᠨᠳᠦᠰᠦᠲᠡᠨ ᠤ ᠠᠵᠢᠯ ᠪᠣᠯ ᠬᠥᠮᠦᠰ ᠤᠨ | ᠰᠡᠳᠬᠢᠯ ᠢ ᠨᠢᠭᠲᠠᠷᠠᠭᠤᠯᠬᠤ᠂ ᠬᠦᠴᠦᠨ ᠴᠢᠳᠠᠯ ᠢ ᠨᠢᠭᠲᠠᠷᠠᠭᠤᠯᠬᠤ ᠠᠵᠢᠯ ᠮᠥᠨ᠂ ᠦᠨᠳᠦᠰᠦᠲᠡᠨ ᠤ | ᠤᠬᠠᠭᠤᠯᠭ᠎ᠠ ᠪᠠᠨ ᠰᠠᠶᠢᠨ ᠬᠢᠬᠦ ᠡᠰᠡᠬᠦ ᠨᠢ ᠬᠥᠮᠦᠨ ᠤ ᠰᠡᠳᠬᠢᠯ ᠤᠨ ᠬᠠᠨᠳᠤᠰᠢ᠂ ᠬᠠᠷᠢᠴᠠᠭ᠎ᠠ ᠲᠠᠢ ᠬᠤᠯᠪᠣᠭᠳᠠᠵᠤ | ᠪᠠᠶᠢᠳᠠᠭ᠃ |