ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ᠥᠪᠥᠷ ᠵᠠᠰᠠᠭ ᠦᠰᠦᠭ ﹇ 2024﹈ 179 ᠳ᠋ᠦ᠋ᠭᠡᠷ ᠲᠣᠭᠠᠲᠤ | | ᠥᠪᠥᠷ ᠵᠠᠰᠠᠭ ᠲᠠᠷᠬᠠᠭᠠᠭᠰᠠᠨ ﹇ 2014﹈ 65 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ | ᠠᠭᠤᠯᠭ᠎ᠠ ᠳᠤ ᠵᠠᠰᠠᠪᠤᠷᠢ ᠣᠷᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠮᠡᠳᠡᠭᠳᠡᠯ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ︽ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠳᠦᠷᠢᠮ︾ ︵ᠲᠥᠷᠥ ᠶᠢᠨ ᠶᠠᠪᠤᠳᠠᠯ ᠤᠨ | ᠬᠤᠷᠢᠶᠠᠨ ᠤ ᠵᠠᠷᠯᠢᠭ 586 ᠳ᠋ᠤᠭᠠᠷ ᠲᠣᠭᠠᠲᠤ︶ ᠤᠨ ᠲᠣᠭᠲᠠᠭᠠᠯ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠠᠴᠠ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠤᠨ | ᠪᠣᠯᠣᠭᠰᠠᠨ ᠭᠡᠮᠲᠦᠯ ᠤᠨ ᠳᠠᠭᠠᠳᠬᠠᠯ ᠤᠨ ᠳᠦᠷᠢᠮ ᠤᠨ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ | ︵ᠥᠪᠥᠷ ᠵᠠᠰᠠᠭ ᠲᠠᠷᠬᠠᠭᠠᠭᠰᠠᠨ ﹇ 2014﹈ 65 ᠳ᠋ᠤᠭᠠᠷ ᠲᠣᠭᠠᠲᠤ᠂ ᠳᠣᠷᠣᠭᠰᠢ ︽ᠮᠡᠳᠡᠭᠳᠡᠯ︾ ᠭᠡᠵᠦ | ᠲᠣᠪᠴᠢᠯᠠᠨ᠎ᠠ︶ ᠤᠨ ᠬᠠᠮᠢᠶ᠎ᠠ ᠪᠦᠬᠦᠢ ᠠᠭᠤᠯᠭ᠎ᠠ ᠳᠤ ᠵᠠᠰᠠᠪᠤᠷᠢ ᠣᠷᠤᠭᠤᠯᠬᠤ ᠪᠠᠷ ᠲᠣᠭᠲᠠᠪᠠ᠂ ᠡᠳᠦᠭᠡ | ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠃ | ᠨᠢᠭᠡ᠂ ︽ᠮᠡᠳᠡᠭᠳᠡᠯ︾ ᠤᠨ ᠠᠷᠪᠠᠨ ᠭᠤᠷᠪᠠᠳᠤᠭᠠᠷ ᠵᠦᠢᠯ ᠤᠨ ᠨᠢᠭᠡᠳᠦᠭᠡᠷ ᠵᠤᠷᠪᠤᠰ ᠲᠠᠬᠢ ︽ᠠᠵᠢᠯᠲᠠᠨ | ᠠᠵᠢᠯᠴᠢᠨ ᠠᠳᠡᠯ ᠭᠠᠷᠤᠭᠰᠠᠨ ᠠᠴᠠ ᠪᠣᠯᠵᠤ ᠭᠡᠮᠲᠦᠭᠰᠡᠨ ᠪᠤᠶᠤ ᠠᠵᠢᠯ ᠤᠨ ᠨᠥᠯᠥᠭᠡᠨ ᠤ ᠡᠪᠡᠳᠴᠢᠨ ᠤ | ᠬᠥᠨᠥᠭᠡᠯ ᠳᠤ ᠤᠴᠠᠷᠠᠭᠰᠠᠨ ᠤ ᠬᠠᠮᠲᠤ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ ᠶᠢᠨ | ᠲᠣᠭᠲᠠᠭᠠᠯ ᠶᠣᠰᠣᠭᠠᠷ ᠠᠵᠢᠯ ᠤᠨ ᠨᠥᠯᠥᠭᠡᠨ ᠤ ᠡᠪᠡᠳᠴᠢᠨ ᠢᠶᠠᠷ ᠤᠨᠤᠰᠢᠯᠠᠭᠤᠯᠵᠤ᠂ ᠬᠢᠨᠠᠨ | ᠲᠣᠭᠲᠠᠭᠠᠯᠭᠠᠭᠰᠠᠨ ᠢ ᠨᠢ ᠪᠠᠶᠢᠭ᠎ᠠ ᠨᠢᠭᠡᠴᠢ ᠨᠢ ᠠᠳᠡᠯ ᠳᠤ ᠭᠡᠮᠲᠦᠭᠰᠡᠨ ᠡᠳᠦᠷ ᠠᠴᠠ ᠪᠤᠶᠤ ᠠᠵᠢᠯ ᠤᠨ ᠨᠥᠯᠥᠭᠡᠨ ᠤ | ᠡᠪᠡᠳᠴᠢᠨ ᠢᠶᠠᠷ ᠣᠨᠣᠰᠢᠯᠠᠭᠤᠯᠤᠭᠰᠠᠨ᠂ ᠬᠢᠨᠠᠨ ᠲᠣᠭᠲᠠᠭᠠᠯᠭᠠᠭᠰᠠᠨ ᠡᠳᠦᠷ ᠠᠴᠠ ᠡᠬᠢᠯᠡᠨ 30 ᠠᠵᠢᠯᠯᠠᠬᠤ | ᠡᠳᠦᠷ ᠤᠨ ᠳᠣᠲᠣᠷ᠎ᠠ᠂ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠪᠤᠶᠤ ᠬᠠᠷᠢᠶᠠᠯᠠᠨ ᠬᠠᠮᠢᠶᠠᠷᠬᠤ ᠡᠷᠬᠡ ᠲᠠᠢ | ᠨᠡᠶᠢᠭᠡᠮ ᠤᠨ ᠳᠠᠭᠠᠳᠬᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠠᠵᠢᠯ ᠠᠴᠠ ᠪᠣᠯᠣᠭᠰᠠᠨ ᠭᠡᠮᠲᠦᠯ ᠢ | ᠦᠨᠡᠮᠰᠢᠭᠦᠯᠦᠨ ᠲᠣᠭᠲᠠᠭᠠᠯᠭᠠᠬᠤ ᠭᠤᠶᠤᠴᠢᠯᠠᠯ ᠢᠶᠠᠨ ᠳᠤᠷᠠᠳᠤᠨ᠎ᠠ︾ ᠭᠡᠳᠡᠭ ᠢ ︽ᠠᠵᠢᠯᠲᠠᠨ ᠠᠵᠢᠯᠴᠢᠨ ᠠᠳᠡᠯ ᠳᠤ | ᠭᠡᠮᠲᠦᠭᠰᠡᠨ ᠪᠤᠶᠤ ᠠᠵᠢᠯ ᠤᠨ ᠨᠥᠯᠥᠭᠡᠨ ᠤ ᠡᠪᠡᠳᠴᠢᠨ ᠤ ᠬᠥᠨᠥᠭᠡᠯ ᠳᠤ ᠤᠴᠠᠷᠠᠭᠰᠠᠨ ᠤ ᠬᠠᠮᠲᠤ ᠠᠵᠢᠯ ᠤᠨ | ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ ᠶᠢᠨ ᠲᠣᠭᠲᠠᠭᠠᠯ ᠶᠣᠰᠣᠭᠠᠷ ᠠᠵᠢᠯ ᠤᠨ ᠨᠥᠯᠥᠭᠡᠨ ᠤ | ᠡᠪᠡᠳᠴᠢᠨ ᠢᠶᠠᠷ ᠤᠨᠤᠰᠢᠯᠠᠭᠤᠯᠵᠤ᠂ ᠬᠢᠨᠠᠨ ᠲᠣᠭᠲᠠᠭᠠᠯᠭᠠᠭᠰᠠᠨ ᠢ ᠨᠢ ᠪᠠᠶᠢᠭ᠎ᠠ ᠨᠢᠭᠡᠴᠢ ᠨᠢ ᠠᠳᠡᠯ ᠳᠤ ᠭᠡᠮᠲᠦᠭᠰᠡᠨ | ᠡᠳᠦᠷ ᠠᠴᠠ ᠪᠤᠶᠤ ᠠᠵᠢᠯ ᠤᠨ ᠨᠥᠯᠥᠭᠡᠨ ᠤ ᠡᠪᠡᠳᠴᠢᠨ ᠢᠶᠠᠷ ᠣᠨᠣᠰᠢᠯᠠᠭᠤᠯᠤᠭᠰᠠᠨ᠂ ᠬᠢᠨᠠᠨ ᠲᠣᠭᠲᠠᠭᠠᠯᠭᠠᠭᠰᠠᠨ | ᠡᠳᠦᠷ ᠠᠴᠠ ᠡᠬᠢᠯᠡᠨ 30 ᠡᠳᠦᠷ ᠤᠨ ᠳᠣᠲᠣᠷ᠎ᠠ᠂ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠪᠤᠶᠤ ᠬᠠᠷᠢᠶᠠᠯᠠᠨ | ᠬᠠᠮᠢᠶᠠᠷᠬᠤ ᠡᠷᠬᠡ ᠲᠠᠢ ᠨᠡᠶᠢᠭᠡᠮ ᠤᠨ ᠳᠠᠭᠠᠳᠬᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠠᠵᠢᠯ ᠠᠴᠠ | ᠪᠣᠯᠣᠭᠰᠠᠨ ᠭᠡᠮᠲᠦᠯ ᠢ ᠦᠨᠡᠮᠰᠢᠭᠦᠯᠦᠨ ᠲᠣᠭᠲᠠᠭᠠᠯᠭᠠᠬᠤ ᠭᠤᠶᠤᠴᠢᠯᠠᠯ ᠢᠶᠠᠨ ᠳᠤᠷᠠᠳᠤᠨ᠎ᠠ᠃ ᠣᠨᠴᠠᠭᠠᠢ ᠪᠠᠶᠢᠳᠠᠯ | ᠲᠣᠬᠢᠶᠠᠯᠳᠤᠪᠠᠯ᠂ ᠨᠡᠶᠢᠭᠡᠮ ᠤᠨ ᠳᠠᠭᠠᠳᠬᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠵᠦ | ᠵᠥᠪᠰᠢᠶᠡᠷᠡᠭᠦᠯᠦᠭᠡᠳ᠂ ᠭᠤᠶᠤᠴᠢᠯᠠᠬᠤ ᠴᠠᠭ ᠬᠤᠭᠤᠴᠠᠭ᠎ᠠ ᠶᠢ ᠵᠣᠬᠢᠬᠤ ᠬᠡᠮᠵᠢᠶ᠎ᠡ ᠪᠠᠷ ᠤᠷᠲᠤᠳᠬᠠᠵᠤ ᠪᠣᠯᠣᠨ᠎ᠠ︾ | ᠭᠡᠵᠦ ᠵᠠᠰᠠᠪᠤᠷᠢ ᠣᠷᠣᠭᠤᠯᠪᠠ᠃ | ᠬᠤᠶᠠᠷ᠂ ᠲᠤᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ | ᠬᠡᠷᠡᠭᠵᠢᠭᠦᠯᠬᠦ ᠶᠠᠪᠤᠴᠠ ᠳᠤ ᠬᠡᠷᠪᠡ ᠠᠰᠠᠭᠤᠳᠠᠯ ᠲᠤᠯᠭᠠᠷᠠᠪᠠᠯ᠂ ᠥᠪᠡᠷᠲᠡᠭᠡᠨ ᠵᠠᠰᠠᠬᠤ ᠣᠷᠣᠨ ᠤ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠬᠠᠷᠢᠭᠤᠴᠠᠨ ᠲᠠᠶᠢᠯᠪᠤᠷᠢᠯᠠᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | 2024 ᠣᠨ ᠤ 9 ᠳ᠋ᠦ᠋ᠭᠡᠷ ᠰᠠᠷ᠎ᠠ ᠶᠢᠨ 17 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |