︽ᠬᠡᠷ ᠤᠨ ᠢᠶᠠᠨ ᠡᠭᠦᠳᠡᠨ ᠳᠤ ᠠᠵᠢᠯ ᠬᠢᠵᠦ ᠵᠣᠭᠤᠰ ᠣᠯᠵᠤ ᠳᠡᠶᠢᠯᠬᠦ ᠮᠥᠷᠲᠡᠭᠡᠨ ᠪᠠᠭ᠎ᠠ ᠪᠤᠰᠤ ᠵᠣᠭᠤᠰ | ᠣᠯᠵᠤ ᠪᠠᠶᠢᠨ᠎ᠠ᠂ ᠬᠡᠦᠬᠡᠳ ᠲᠤᠰᠴᠤ ᠬᠦᠷᠭᠡᠬᠦ ᠶᠢ ᠴᠦ ᠬᠠᠷᠰᠢᠯᠠᠬᠤ ᠥᠬᠡᠶ᠂ ᠨᠡᠶᠢᠭᠡᠮ ᠲᠣᠭᠤᠷᠢᠭ ᠪᠢᠳᠡᠨ ᠤ | ᠲᠥᠯᠥᠭᠡ ᠮᠠᠰᠢ ᠪᠦᠷᠢᠨ ᠭᠦᠢᠴᠡᠳ ᠪᠣᠳᠣᠯᠬᠢᠯᠠᠵᠠᠶ︾᠃ 11 ᠰᠠᠷ᠎ᠠ ᠶᠢᠨ 5 ᠤ ᠡᠳᠦᠷ᠂ ᠰᠤᠷᠪᠤᠯᠵᠢᠯᠠᠭᠴᠢ | ᠣᠷᠳᠣᠰ ᠬᠤᠲᠠ ᠶᠢᠨ ᠣᠲᠤᠭ ᠤᠨ ᠡᠮᠦᠨᠡᠲᠦ ᠬᠤᠰᠢᠭᠤᠨ ᠤ ᠤᠯᠵᠠᠴᠢ ᠪᠠᠯᠭᠠᠰᠤᠨ ᠤ ᠢᠦᠶ ᠼᠠᠢ ᠨᠡᠶᠢᠭᠡᠮ | ᠲᠣᠭᠤᠷᠢᠭ ᠲᠤ ᠬᠥᠷᠬᠦ ᠳᠤ ᠲᠣᠰ ᠨᠡᠶᠢᠭᠡᠮ ᠲᠣᠭᠤᠷᠢᠭ ᠤᠨ ᠬᠠᠮᠲᠤ ᠶᠢᠨ ᠠᠵᠤ ᠠᠬᠤᠶ ᠶᠢᠨ ᠴᠠᠭᠠᠨ ᠢᠳᠡᠭᠡᠨ | ᠰᠦ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠪᠣᠭᠤᠳᠠᠯᠯᠠᠭᠴᠢ ᠵᠠᠩ ᠠᠪᠠᠭ᠋ᠠᠶ ᠪᠠᠶᠠᠷᠲᠠᠶ ᠪᠠᠷ ᠬᠡᠯᠡᠪᠡ᠃ | 2022 ᠣᠨ ᠤ 8 ᠰᠠᠷ᠎ᠠ ᠳᠤ᠂ ᠢᠦᠶ ᠼᠠᠢ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠶ ᠡᠭᠦᠷ ︽ | ᠪᠠᠯᠭᠠᠰᠤᠨ ᠤ ᠨᠠᠮ ᠤᠨ ᠬᠤᠷᠢᠶ᠎ᠠ + ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠶ ᠡᠭᠦᠷ + ᠬᠠᠮᠲᠤ ᠪᠠᠷ | ᠪᠠᠶᠢᠭᠤᠯᠬᠤ ᠨᠢᠭᠡᠴᠢ + ᠠᠵᠤ ᠠᠬᠤᠶᠢᠯᠠᠯ ᠳᠤ ᠰᠠᠭᠤᠭ᠎ᠠ︾ ᠬᠠᠮᠲᠤᠷᠠᠨ ᠠᠵᠢᠯᠯᠠᠬᠤ ᠵᠠᠭᠪᠤᠷ ᠶᠣᠰᠣᠭᠠᠷ᠂ | ᠣᠲᠤᠭ ᠤᠨ ᠡᠮᠦᠨᠡᠲᠦ ᠬᠤᠰᠢᠭᠤᠨ ᠤ ᠴᠠᠭᠠᠨ ᠢᠳᠡᠭᠡᠨ ᠰᠦ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢ | ᠳᠠᠩᠰᠠᠯᠠᠭᠤᠯᠤᠨ ᠪᠠᠶᠢᠭᠤᠯᠵᠤ᠂ ᠪᠠᠯᠭᠠᠰᠤᠨ ᠤ ᠨᠠᠮ ᠤᠨ ᠬᠤᠷᠢᠶ᠎ᠠ ᠪᠠᠷ ᠳᠠᠮᠵᠢᠭᠤᠯᠤᠨ ᠬᠠᠮᠲᠤ ᠶᠢᠨ ᠠᠵᠤ | ᠠᠬᠤᠶ ᠶᠢᠨ ᠲᠠᠯᠠᠪᠤᠷ ᠭᠠᠵᠠᠷ ᠢ ᠬᠠᠪᠰᠤᠷᠤᠨ ᠰᠢᠢᠳᠪᠦᠷᠢᠯᠡᠵᠦ᠂ ᠬᠠᠮᠲᠤ ᠪᠠᠷ ᠪᠠᠶᠢᠭᠤᠯᠬᠤ ᠨᠢᠭᠡᠴᠢ ᠳᠤ ᠪᠠᠯᠠ | ᠮᠥᠩᠭᠦ ᠶᠢᠨ ᠳᠡᠮᠵᠢᠯᠭᠡ ᠬᠠᠩᠭᠠᠵᠤ᠂ ᠠᠵᠤ ᠠᠬᠤᠶᠢᠯᠠᠯ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ᠨᠡᠶᠢᠲᠡ 150 | ᠲᠦᠮᠡ ᠭᠠᠷᠤᠶ ᠲᠥᠭᠦᠷᠢᠭ ᠣᠷᠣᠭᠤᠯᠵᠤ᠂ 600 ᠲᠡᠭᠰᠢ ᠳᠥᠷᠪᠡᠯᠵᠢᠨ ᠮᠧᠲᠷ ᠤᠨ ᠲᠠᠯᠠᠪᠠᠶ ᠪᠥᠬᠦᠶ ᠴᠠᠭᠠᠨ | ᠢᠳᠡᠭᠡᠨ ᠡᠳ᠋ᠰᠢᠭᠦᠯᠦᠨ ᠦᠢᠯᠡᠳᠬᠦ ᠰᠠᠭᠤᠷᠢᠨ ᠭᠠᠵᠠᠷ ᠢ ᠪᠠᠶᠢᠭᠤᠯᠵᠤ᠂ ᠦᠨᠢᠶᠡᠨ ᠰᠦ ᠴᠤᠭᠯᠠᠭᠤᠯᠬᠤ᠂ | ᠦᠢᠯᠡᠳᠪᠦᠷᠢᠯᠡᠵᠦ ᠪᠣᠯᠪᠠᠰᠤᠷᠠᠭᠤᠯᠬᠤ᠂ ᠬᠠᠳᠠᠭᠠᠯᠠᠵᠤ ᠲᠡᠭᠡᠭᠡᠪᠦᠷᠢᠯᠡᠬᠦ᠂ ᠦᠢᠯᠡᠳᠭᠦᠨ ᠪᠣᠷᠣᠯᠠᠭᠤᠯᠬᠤ ᠬᠡᠯᠬᠢᠶ᠎ᠡ | ᠬᠡᠯᠬᠢᠶᠡᠵᠢᠭᠰᠡᠨ ᠡᠵᠡᠩᠨᠡᠯᠲᠡ ᠶᠢᠨ ᠰᠢᠰᠲ᠋ᠧᠮ ᠢ ᠪᠣᠶ ᠪᠣᠯᠭᠠᠪᠠ᠃ 2023 ᠣᠨ ᠳᠤ᠂ ᠢᠦᠶ ᠼᠠᠢ ᠨᠡᠶᠢᠭᠡᠮ | ᠲᠣᠭᠤᠷᠢᠭ ᠤᠨ ᠬᠠᠮᠲᠤ ᠶᠢᠨ ᠠᠵᠤ ᠠᠬᠤᠶ ᠶᠢᠨ ᠡᠵᠡᠩᠨᠡᠯᠲᠡ ᠶᠢᠨ ᠴᠢᠨᠠᠷᠲᠠᠶ ᠣᠷᠣᠯᠭ᠎ᠠ 88 ᠲᠦᠮᠡᠨ | ᠲᠥᠭᠦᠷᠢᠭ ᠲᠤ ᠬᠥᠷᠪᠡ᠃ | ᠬᠠᠮᠲᠤ ᠳᠤᠨᠢ᠂ ᠠᠵᠤ ᠠᠬᠤᠶᠢᠯᠠᠯ ᠤᠳ ᠬᠠᠷᠢᠶ᠎ᠠ ᠣᠷᠣᠨ ᠤ ᠪᠠᠨ ᠳᠣᠲᠣᠷᠠᠬᠢ ᠴᠠᠭᠠᠨ ᠢᠳᠡᠭᠡ | ᠪᠣᠯᠪᠠᠰᠤᠷᠠᠭᠤᠯᠬᠤ ᠠᠵᠢᠯ ᠬᠢᠭᠰᠡᠳ ᠤᠨ ᠮᠡᠳᠡᠭᠡ ᠵᠠᠩᠭᠢ ᠶᠢ ᠴᠤᠭᠯᠠᠭᠤᠯᠬᠤ ᠬᠡᠷᠡᠭᠲᠡᠶ᠂ ᠨᠤᠲᠤᠭ ᠤᠨ ᠰᠦ | ᠰᠠᠭᠠᠯᠢ ᠶᠢᠨ ᠦᠢᠯᠡᠰ ᠤᠨ ᠴᠢᠳᠠᠪᠤᠷᠢᠲᠠᠨ ᠢ ᠤᠷᠢᠬᠤ᠂ ᠠᠵᠢᠯᠲᠠᠨ ᠤ ᠬᠡᠷᠡᠭᠴᠡᠭᠡ ᠱᠠᠭᠠᠷᠳᠠᠯᠭ᠎ᠠ ᠪᠣᠯᠤᠨ ᠰᠦ | ᠰᠠᠭᠠᠯᠢ ᠶᠢᠨ ᠦᠢᠯᠡᠰ ᠤᠨ ᠴᠢᠳᠠᠪᠤᠷᠢᠲᠠᠨ ᠤ ᠣᠨᠴᠠᠯᠢᠭ ᠢ ᠦᠨᠳᠦᠰᠦᠯᠡᠨ᠎ᠡ᠂ ᠰᠦ ᠰᠠᠭᠠᠯᠢ ᠶᠢᠨ ᠦᠢᠯᠡᠰ ᠤᠨ | ᠴᠢᠳᠠᠪᠤᠷᠢᠲᠠᠨ ᠢ ᠬᠥᠮᠦᠵᠢᠭᠦᠯᠬᠦ ᠲᠥᠯᠥᠪᠯᠡᠭᠡ ᠶᠢ ᠲᠣᠭᠲᠠᠭᠠᠨ᠎ᠠ᠂ ᠨᠡᠶᠢᠭᠡᠮ ᠲᠣᠭᠤᠷᠢᠭ ᠤᠨ ᠲᠣᠭᠲᠠᠮᠠᠯ | ᠬᠤᠭᠤᠴᠠᠭᠠᠲᠤ ᠵᠣᠬᠢᠶᠠᠨ ᠪᠠᠶᠢᠭᠤᠯᠬᠤ ᠠᠵᠢᠯᠲᠠᠨ᠂ ᠴᠠᠭᠠᠨ ᠢᠳᠡᠭᠡᠨ ᠤ ᠠᠳᠠᠯ ᠦᠢᠯᠡᠰ ᠴᠣᠭᠴᠠᠯᠠᠭᠴᠢ ᠵᠡᠷᠭᠡ ᠳᠤ | ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠥᠷᠨᠢᠭᠦᠯᠦᠨ᠎ᠡ᠂ ᠴᠠᠭᠠᠨ ᠢᠳᠡᠭᠡᠨ ᠤ ᠲᠤᠰᠬᠠᠶ ᠮᠡᠷᠭᠡᠵᠢᠯᠲᠡᠨ ᠢ | ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠲᠣᠭᠤᠷᠢᠭ ᠤᠨ ᠲᠤᠬᠠᠶ ᠶᠢᠨ ᠲᠠᠯᠠᠪᠤᠷ ᠲᠤ ᠤᠷᠢᠵᠤ ᠴᠠᠭᠠᠨ ᠢᠳᠡᠭᠡᠨ ᠤ | ᠦᠢᠯᠡᠳᠪᠦᠷᠢᠯᠡᠯ ᠤᠨ ᠶᠠᠪᠤᠴᠠ ᠶᠢ ᠲᠠᠶᠢᠯᠪᠤᠷᠢᠯᠠᠭᠤᠯᠤᠨᠠ᠂ ᠬᠠᠳᠠᠭᠠᠯᠠᠵᠤ ᠲᠡᠭᠡᠭᠡᠪᠦᠷᠢᠯᠡᠬᠦ ᠵᠡᠷᠭᠡ ᠠᠰᠠᠭᠤᠳᠠᠯ᠂ | ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠪᠠᠭ ᠢ ᠠᠭᠠᠵᠢᠮ ᠢᠶᠠᠷ᠂ ᠪᠡᠶ᠎ᠡ ᠪᠠᠨ ᠳᠠᠭᠠᠭᠠᠵᠤ ᠠᠳᠠᠯ | ᠦᠢᠯᠡᠰ ᠴᠣᠭᠴᠠᠯᠠᠬᠤ ᠬᠥᠮᠦᠰ ᠢ ᠬᠥᠮᠦᠵᠢᠭᠦᠯᠵᠦ ᠡᠵᠡᠩᠨᠡᠯᠲᠡ ᠳᠤ ᠴᠢᠳᠠᠮᠠᠭᠠᠶ ᠪᠣᠯᠭᠠᠬᠤ ᠬᠡᠷᠡᠭᠲᠡᠶ᠂ | ᠬᠠᠮᠢᠶᠠᠷᠤᠯᠲᠠ ᠶᠢ ᠮᠡᠳᠡᠬᠦ ᠮᠡᠷᠭᠡᠵᠢᠯᠲᠡᠨ᠂ ᠡᠨᠡ ᠵᠢᠯ ᠨᠢᠭᠡᠨᠲᠡ 4 ᠬᠤᠭᠤᠴᠠᠭ᠎ᠠ 200 ᠭᠠᠷᠤᠶ ᠬᠥᠮᠦᠨ ᠤᠳᠠᠭ᠎ᠠ | ᠪᠣᠯᠪᠠᠰᠤᠷᠠᠯ ᠳᠤ ᠣᠷᠣᠯᠴᠠᠪᠠ᠂ ᠰᠦ ᠰᠠᠭᠠᠯᠢ ᠶᠢᠨ ᠦᠢᠯᠡᠰ ᠤᠨ ᠴᠢᠳᠠᠪᠤᠷᠢᠲᠠᠨ ᠤ ᠬᠡᠯᠬᠢᠶ᠎ᠡ ᠪᠠᠷ ᠠᠵᠤ ᠦᠢᠯᠡᠰ ᠤᠨ | ᠬᠡᠯᠬᠢᠶ᠎ᠡ ᠶᠢ ᠲᠤᠯᠭᠠᠭᠤᠷᠢᠯᠠᠭᠰᠠᠨ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠨ᠎ᠠ᠃ | ᠠᠵᠤ ᠠᠬᠤᠶᠢᠯᠠᠯ ᠨᠢ ᠬᠠᠮᠤᠭ ᠠᠩᠬᠠᠨ ᠤ ᠤᠯᠠᠮᠵᠢᠯᠠᠯᠲᠤ ᠪᠢᠰᠢᠯᠠᠭ ᠠᠴᠠ ᠬᠠᠭᠤᠷᠤᠭᠰᠠᠨ ᠪᠤᠳᠠᠭᠠᠨ ᠰᠢᠬᠢᠷ᠂ | ᠬᠤᠷᠤᠳ᠂ ᠪᠢᠰᠢᠯᠠᠭ ᠤᠨ ᠴᠡᠴᠡᠭ᠂ ᠰᠦ ᠶᠢᠨ ᠶᠧᠪᠡᠩ ᠵᠡᠷᠭᠡ 10 ᠭᠠᠷᠤᠶ ᠵᠦᠢᠯ ᠤᠨ ᠴᠠᠭᠠᠨ ᠢᠳᠡᠭᠡᠨ ᠢ | ᠰᠤᠳᠤᠯᠤᠨ ᠨᠡᠭᠡᠭᠡᠬᠦ ᠶᠢᠨ ᠬᠠᠮᠲᠤ ᠰᠤᠷᠭᠠᠭᠤᠯᠢ᠂ ᠬᠤᠳᠠᠯᠳᠤᠭᠠᠨ ᠤ ᠲᠣᠭᠤᠷᠢᠭ ᠤᠨ ᠡᠷᠬᠢᠨ ᠲᠣᠭᠤᠷᠢᠨ ᠤ ᠨᠠᠮ ᠪᠠ | ᠣᠯᠠᠨ ᠲᠦᠮᠡᠨ ᠤ ᠦᠢᠯᠡᠴᠢᠯᠡᠭᠡᠨ ᠤ ᠥᠷᠲᠡᠭᠡ ᠳᠤ ︽ᠰᠦ ᠶᠢᠨ ᠥᠷᠲᠡᠭᠡ︾ ᠶᠢᠨ ᠴᠠᠭᠠᠨ ᠢᠳᠡᠭᠡᠨ | ᠪᠣᠷᠣᠯᠠᠭᠤᠯᠬᠤ᠂ ︽ᠴᠠᠭᠠᠨ ᠢᠳᠡᠭᠡᠨ ᠤ ᠴᠤᠭᠯᠠᠭᠠᠨ︾ ᠤ ᠨᠠᠷᠠᠲᠤ ᠲᠡᠮᠳᠡᠭᠲᠦ ᠶᠢ ᠪᠤᠶᠢᠵᠢᠭᠤᠯᠬᠤ᠂ ᠢᠦᠶ ᠼᠠᠢ | ᠨᠡᠶᠢᠭᠡᠮ ᠲᠣᠭᠤᠷᠢᠭ ᠤᠨ ᠰᠦ ᠶᠢᠨ ᠦᠢᠯᠡᠰ ᠢ ᠭᠦᠢᠴᠡᠳ ︽ᠦᠨ᠎ᠡ ᠬᠠᠩᠰᠢ︾ ᠲᠠᠢ ᠪᠣᠯᠭᠠᠵᠤ᠂ ᠠᠵᠤ | ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠵᠡᠷᠭᠡ ᠪᠠᠷ ᠳᠡᠭᠡᠭᠰᠢᠯᠡᠭᠰᠡᠨ ᠪᠠᠶᠢᠨ᠎ᠠ᠃ | ︽ᠢᠦᠶ ᠼᠠᠢ ᠨᠡᠶᠢᠭᠡᠮ ᠲᠣᠭᠤᠷᠢᠭ ᠤᠨ ᠬᠠᠮᠲᠤ ᠶᠢᠨ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢᠨ | ᠡᠬᠢᠨ ᠤ ᠬᠤᠭᠤᠴᠠᠭᠠᠨ ᠳᠤ᠂ ᠪᠢᠳᠡ ᠡᠵᠡᠮᠳᠡᠵᠦ ᠪᠣᠯᠬᠤ ᠴᠡᠪᠡᠷ ᠣᠷᠣᠯᠭ᠎ᠠ ᠶᠢᠨ 20 % ᠪᠠᠷ ᠨᠡᠶᠢᠭᠡᠮ | ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠬᠦ ᠳᠤ ᠬᠡᠷᠡᠭᠯᠡᠵᠦ᠂ 20 % ᠪᠠᠷ ᠣᠨᠴᠠ ᠬᠦᠴᠢᠷᠳᠡᠯᠲᠡᠶ ᠬᠡᠷ ᠪᠦᠯᠢ ᠪᠣᠯᠤᠨ 70 | ᠨᠠᠰᠤᠨ ᠠᠴᠠ ᠳᠡᠭᠡᠭᠰᠢᠬᠢ ᠨᠠᠰᠤᠲᠠᠨ ᠢ ᠬᠠᠯᠠᠮᠵᠢᠯᠠᠨ ᠬᠠᠶᠢᠷᠠᠯᠠᠬᠤ ᠪᠠ ᠠᠪᠤᠷᠠᠨ ᠲᠤᠰᠠᠯᠠᠬᠤ ᠳᠤ ᠬᠡᠷᠡᠭᠯᠡᠵᠦ᠂ 60 | % ᠪᠠᠷ ᠬᠠᠮᠲᠤ ᠶᠢᠨ ᠠᠵᠤ ᠠᠬᠤᠶ ᠶᠢ ᠦᠷᠭᠦᠯᠵᠢᠯᠡᠨ ᠬᠥᠭᠵᠢᠭᠦᠯᠦᠨ ᠪᠤᠵᠠᠭᠠᠶᠢᠷᠠᠭᠤᠯᠬᠤ ᠳᠤ ᠬᠡᠷᠡᠭᠯᠡᠵᠦ᠂ ᠣᠲᠣ | ᠪᠢᠳᠡ ᠮᠥᠨ ᠣᠭ ᠰᠠᠨᠠᠭ᠎ᠠ ᠪᠠᠨ ᠪᠠᠷᠢᠮᠲᠠᠯᠠᠨ᠎ᠠ︾ ᠭᠡᠵᠦ ᠢᠦᠢ ᠼᠠᠢ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ | ᠶᠡᠷᠦᠩᠬᠡᠢ ᠱᠦᠵᠢ ᠶᠠᠩ ᠸᠧᠨ ᠯᠸᠢ ᠬᠡᠯᠡᠪᠡ᠃ | ᠢᠦᠶ ᠼᠠᠢ ᠨᠡᠶᠢᠭᠡᠮ ᠲᠣᠭᠤᠷᠢᠭ ᠤᠨ ᠬᠤᠪᠢᠷᠠᠯᠲᠠ ᠪᠣᠯ ᠣᠲᠤᠭ ᠤᠨ ᠡᠮᠦᠨᠡᠲᠦ ᠬᠤᠰᠢᠭᠤᠨ ᠤ ᠨᠠᠮ ᠤᠨ | ᠪᠠᠶᠢᠭᠤᠯᠤᠯᠲᠠ ᠶᠢᠨ ᠨᠡᠶᠢᠭᠡᠮ ᠲᠣᠭᠤᠷᠢᠭ ᠤᠨ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢ ᠬᠥᠲᠥᠯᠥᠨ | ᠳᠠᠭᠠᠭᠤᠯᠤᠭᠰᠠᠨ ᠤ ᠨᠢᠭᠡᠨ ᠬᠤᠷᠢᠶᠠᠩᠭᠤᠶ ᠳᠦᠷᠰᠦ ᠪᠣᠯᠤᠨ᠎ᠠ᠃ ᠡᠨᠡ ᠵᠢᠯ ᠠᠴᠠ ᠨᠠᠭᠠᠰᠢ᠂ ᠣᠲᠤᠭ ᠤᠨ ᠡᠮᠦᠨᠡᠲᠦ | ᠬᠤᠰᠢᠭᠤᠨ ᠤ ᠡᠯ᠎ᠡ ᠨᠡᠶᠢᠭᠡᠮ ᠲᠣᠭᠤᠷᠢᠭ ᠤᠨ ᠬᠠᠮᠲᠤ ᠶᠢᠨ ᠠᠵᠤ ᠠᠬᠤᠶ ᠶᠢᠨ ᠡᠵᠡᠩᠨᠡᠯᠲᠡ ᠶᠢᠨ ᠴᠢᠨᠠᠷᠲᠠᠶ | ᠣᠷᠣᠯᠭ᠎ᠠ 253 . 7 ᠲᠦᠮᠡᠨ ᠲᠥᠭᠦᠷᠢᠭ ᠲᠤ ᠬᠦᠷᠴᠦ᠂ ᠨᠡᠶᠢᠭᠡᠮ ᠲᠣᠭᠤᠷᠢᠭ ᠤᠨ ᠬᠠᠮᠲᠤ ᠶᠢᠨ ᠠᠵᠤ ᠠᠬᠤᠶ | ᠪᠦᠬᠦᠨ ᠢ ᠬᠠᠮᠤᠷᠤᠭᠰᠠᠨ ᠪᠠᠶᠢᠨ᠎ᠠ᠃ ᠡᠯ᠎ᠡ ᠨᠡᠶᠢᠭᠡᠮ ᠲᠣᠭᠤᠷᠢᠭ ᠨᠢ ᠬᠠᠮᠲᠤ ᠶᠢᠨ ᠠᠵᠤ ᠠᠬᠤᠶ ᠶᠢᠨ ᠡᠵᠡᠮᠳᠡᠵᠦ | ᠪᠣᠯᠬᠤ ᠴᠡᠪᠡᠷ ᠣᠷᠣᠯᠭ᠎ᠠ ᠶᠢ ᠠᠳᠠᠯᠢ ᠪᠤᠰᠤ ᠬᠠᠷᠢᠴᠠᠯ ᠢᠶᠠᠷ ᠬᠤᠪᠢᠶᠠᠷᠢᠯᠠᠵᠤ᠂ ᠲᠣᠰ ᠲᠣᠰ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠵᠢᠴᠢ ᠣᠨᠴᠠ | ᠬᠦᠴᠢᠷᠳᠡᠯᠲᠡᠶ ᠬᠡᠷ ᠪᠦᠯᠢ ᠪᠣᠯᠤᠨ 70 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠵᠤ | ᠠᠪᠤᠷᠠᠨ ᠲᠤᠰᠠᠯᠠᠬᠤ ᠳᠤ ᠬᠡᠷᠡᠭᠯᠡᠵᠦ᠂ 182 ᠬᠥᠮᠦᠨ ᠳᠤ ᠠᠵᠢᠯ ᠣᠯᠭᠤᠬᠤ ᠶᠢ ᠳᠠᠶᠢᠴᠢᠯᠠᠨ᠂ ᠣᠷᠣᠯᠭ᠎ᠠ ᠶᠢᠨ | 80 % ᠠᠴᠠ ᠳᠡᠭᠡᠭᠰᠢᠬᠢ ᠶᠢ ᠠᠷᠠᠳ ᠤᠨ ᠠᠮᠢᠳᠤᠷᠠᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠵᠦ᠂ ︽ᠠᠵᠤ | ᠠᠬᠤᠶ ᠶᠢ ᠠᠳᠬᠤᠬᠤ᠂ ᠨᠡᠶᠢᠭᠡᠮ ᠲᠣᠭᠤᠷᠢᠭ ᠢ ᠬᠥᠭᠵᠢᠭᠦᠯᠬᠦ᠂ ᠣᠯᠠᠨ ᠲᠦᠮᠡᠨ ᠢ ᠪᠠᠶᠠᠵᠢᠭᠤᠯᠬᠤ︾ ᠰᠠᠶᠢᠨ | ᠰᠠᠶᠢᠬᠠᠨ ᠪᠠᠶᠢᠷᠢᠰᠢᠯ ᠢ ᠠᠯᠬᠤᠮ ᠠᠯᠬᠤᠮ ᠢᠶᠠᠷ ᠪᠣᠶ ᠪᠣᠯᠭᠠᠪᠠ᠃ |