12 ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠳᠥᠷᠪᠡᠳᠦᠭᠡᠷ ᠤᠳᠠᠭ᠎ᠠ ᠶᠢᠨ ︽ᠨᠢᠭᠡ | ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ | ᠶᠠᠷᠢᠶ᠎ᠠ ᠪᠣᠯᠣᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠭᠠᠳᠠᠭᠠᠳᠤ ᠨᠡᠭᠡᠭᠡᠯᠲᠡ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠴᠢᠨᠠᠷ ᠰᠠᠶᠢᠲᠠᠢ | ᠬᠥᠭᠵᠢᠯᠲᠡ ᠳᠤ ᠨᠠᠩ ᠰᠠᠶᠢᠲᠤᠷ ᠦᠢᠯᠡᠴᠢᠯᠡᠬᠦ ᠪᠠ ᠠᠭᠤᠰᠤᠯᠴᠠᠬᠤ ᠬᠡᠷᠡᠭᠲᠡᠢ᠃ ︽ᠰᠢᠨ᠎ᠡ ᠡᠨᠧᠷᠭᠢ ᠶᠢᠨ ᠮᠠᠰᠢᠨ | ᠲᠡᠷᠭᠡ᠂ ᠯᠢᠲ᠋ᠢ ᠳ᠋ᠢᠶᠠᠨ ᡂᠢ᠂ ᠭᠡᠷᠡᠯᠴᠢ ᠴᠡᠨᠡᠭ ᠤᠨ ᠦᠢᠯᠡᠳᠬᠦᠨ︾᠂ ᠭᠠᠷ ᠳᠠᠮᠵᠢᠭᠰᠠᠨ ᠮᠠᠰᠢᠨ ᠲᠡᠷᠭᠡ ᠶᠢ | ᠭᠠᠳᠠᠭᠠᠳᠤ ᠳᠤ ᠭᠠᠷᠭᠠᠬᠤ ᠪᠠ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠬᠡᠪᠴᠢᠶ᠎ᠡ ᠶᠢ ᠦᠷᠭᠦᠯᠵᠢᠯᠡᠨ | ᠥᠷᠭᠡᠳᠬᠡᠵᠦ᠂ ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ ᠴᠢᠷᠮᠠᠶᠢᠨ ᠪᠤᠵᠠᠭᠠᠶᠢᠷᠠᠭᠤᠯᠬᠤ ᠬᠡᠷᠡᠭᠲᠡᠢ᠃ ᠣᠷᠣᠰ | ᠮᠣᠩᠭᠤᠯ ᠤᠨ ᠬᠤᠯᠪᠣᠭᠳᠠᠯ ᠪᠦᠬᠦᠢ ᠲᠠᠯ᠎ᠠ ᠯᠤᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ | ᠬᠠᠮᠲᠤᠷᠠᠯᠴᠠᠭᠠᠨ ᠤ ᠰᠢᠨ᠎ᠡ ᠣᠷᠣᠨ ᠵᠠᠢ ᠶᠢ ᠬᠦᠴᠦᠯᠡᠨ ᠥᠷᠭᠡᠳᠬᠡᠬᠦ ᠬᠡᠷᠡᠭᠲᠡᠢ᠃ ᠳᠤᠮᠳᠠᠳᠤ ᠡᠸᠦ᠋ᠷᠦᠫᠡ ᠶᠢᠨ | ᠵᠢᠰᠢᠶᠠᠨ ᠤ ᠭᠠᠯᠲᠤ ᠲᠡᠷᠭᠡ ᠶᠢᠨ ᠪᠠᠭᠲᠠᠭᠠᠮᠵᠢ ᠶᠢ ᠥᠷᠭᠡᠳᠬᠡᠨ ᠴᠢᠨᠠᠷ ᠢ ᠳᠡᠭᠡᠭᠰᠢᠯᠡᠭᠦᠯᠭᠦ ᠶᠢ ᠢᠳᠡᠪᠬᠢᠲᠡᠢ | ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠡᠳ᠋ᠰᠢᠭᠦᠯᠦᠨ ᠪᠤᠯᠪᠠᠰᠤᠷᠠᠭᠤᠯᠬᠤ ᠠᠵᠤ | ᠦᠢᠯᠡᠰ ᠢ ᠪᠠᠶᠢᠷᠢᠰᠢᠭᠤᠯᠤᠨ ᠪᠣᠳᠠᠲᠠᠶᠢᠵᠢᠭᠤᠯᠬᠤ ᠬᠡᠷᠡᠭᠲᠡᠢ᠃ ᠣᠷᠣᠨ ᠪᠦᠰᠡ ᠶᠢᠨ ᠬᠠᠮᠲᠤᠷᠠᠯᠴᠠᠭ᠎ᠠ ᠶᠢ | ᠴᠢᠩᠭᠠᠳᠬᠠᠨ᠂ ᠳᠣᠲᠣᠭᠠᠳᠤ ᠨᠡᠭᠡᠭᠡᠯᠲᠡ ᠬᠢᠬᠦ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠵᠠᠮ ᠬᠠᠷᠢᠯᠴᠠᠭ᠎ᠠ ᠶᠢᠨ | ᠪᠠᠷᠠᠭᠠᠨ ᠤ ᠭᠦᠢᠯᠭᠡᠭᠡ ᠶᠢ ᠤᠯᠠᠮ ᠨᠢᠭᠡ ᠠᠯᠬᠤᠮ ᠰᠠᠭᠠᠳ ᠦᠭᠡᠢ ᠨᠠᠪᠲᠠᠷᠡᠭᠦᠯᠵᠦ᠂ ᠠᠷᠭ᠎ᠠ ᠪᠦᠭᠦᠨ ᠢ | ᠰᠦᠪᠡᠭᠴᠢᠯᠡᠨ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠲᠤᠬᠠᠢ ᠶᠢᠨ ᠭᠠᠵᠠᠷ ᠤᠨ | ᠪᠠᠷᠠᠭᠠᠨ ᠤ ᠭᠦᠢᠯᠭᠡᠭᠡ ᠶᠢᠨ ᠠᠵᠤ ᠦᠢᠯᠡᠰ ᠢ ᠪᠤᠵᠠᠭᠠᠶᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠦᠨᠡᠨ︾ ᠰᠡᠳᠬᠦᠯ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠡᠷᠬᠡᠪᠰᠢ | ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ | ᠤᠯᠠᠮᠵᠢᠯᠠᠨ ᠰᠤᠷᠤᠯᠴᠠᠵᠤ᠂ ᠵᠣᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠲᠥᠪ | ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠭᠡᠬᠦ ᠡᠨᠡ ᠬᠦ ᠴᠢᠬᠤᠯᠠ ᠶᠡᠭᠡ ᠵᠠᠷᠴᠢᠮ ᠢ ᠡᠯ᠎ᠡ ᠵᠦᠢᠯ ᠤᠨ ᠠᠵᠢᠯ | ᠦᠢᠯᠡᠰ ᠤᠨ ᠬᠥᠭᠵᠢᠯᠲᠡ ᠶᠢ ᠠᠬᠢᠭᠤᠯᠬᠤ ᠪᠦᠭᠦ ᠶᠠᠪᠤᠴᠠ ᠳᠤ ᠤᠬᠠᠮᠰᠠᠷ ᠠᠴᠠ ᠪᠠᠨ ᠲᠤᠭᠤᠰᠢᠯᠠᠭᠤᠯᠬᠤ ᠬᠡᠷᠡᠭᠲᠡᠢ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠲᠥᠪ ᠶᠣᠰᠣ ᠶᠢ | ᠪᠠᠷᠢᠮᠲᠠᠯᠠᠬᠤ ᠶᠢᠨ ᠴᠢᠬᠤᠯᠠ ᠠᠭᠤᠯᠭ᠎ᠠ ᠪᠤᠯᠭᠠᠬᠤ ᠶᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠢ ᠡᠨᠡ ᠬᠦ ᠭᠤᠣᠯ | ᠰᠢᠵᠢᠮ ᠲᠠᠢ ᠨᠢᠭᠲᠠ ᠤᠶᠠᠯᠳᠤᠭᠤᠯᠵᠤ᠂ ᠥᠴᠥᠬᠡᠨ ᠴᠦ ᠬᠡᠯᠪᠠᠶᠢᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ | ᠬᠡᠷᠡᠭᠲᠡᠢ᠃ ᠲᠥᠪ ᠶᠣᠰᠣ ᠶᠢ ᠪᠠᠷᠢᠮᠲᠠᠯᠠᠭᠰᠠᠨ ᠤᠷᠢᠲᠠᠯ ᠳᠣᠣᠷ᠎ᠠ ᠢᠳᠡᠪᠬᠢᠲᠡᠢ ᠪᠠᠷ ᠰᠢᠨ᠎ᠡ ᠶᠢ ᠡᠭᠦᠳᠬᠦ ᠶᠢ | ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠭᠦᠨ ᠵᠤᠵᠠᠭᠠᠨ ᠠᠭᠤᠷ ᠠᠮᠢᠰᠬᠤᠯ ᠢ ᠶᠡᠭᠡ ᠪᠠᠷ ᠪᠤᠢ | ᠪᠤᠯᠭᠠᠵᠤ᠂ ᠥᠷᠭᠡᠨ ᠣᠯᠠᠨ ᠺᠠᠳ᠋ᠷ ᠤᠨ ᠴᠤᠴᠠᠯᠲᠠ ᠦᠭᠡᠢ ᠤᠷᠤᠭᠰᠢᠯᠠᠬᠤ ᠡᠷᠡᠰ ᠵᠣᠷᠢᠭ ᠪᠠ ᠰᠥᠰᠥ ᠵᠣᠷᠢᠭ ᠢᠶᠠᠷ | ᠥᠭᠡᠷᠡᠴᠢᠯᠡᠯᠲᠡ ᠶᠢ ᠠᠳᠬᠤᠵᠤ᠂ ᠬᠥᠭᠵᠢᠯᠲᠡ ᠶᠢ ᠠᠬᠢᠭᠤᠯᠬᠤ ᠶᠢ ᠬᠥᠲᠥᠯᠥᠨ ᠵᠢᠯᠤᠭᠤᠳᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠮᠠᠷᠺᠰ ᠤᠨ ᠦᠵᠡᠯ ᠤᠨ | ᠣᠨᠣᠯ ᠤᠨ ᠰᠤᠳᠤᠯᠭᠠᠨ ᠪᠣᠯᠣᠨ ᠪᠠᠶᠢᠭᠤᠯᠤᠯᠲᠠ ᠶᠢᠨ ᠢᠨᠵᠧᠨᠧᠷᠢᠩ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠮᠠᠷᠺᠰ ᠤᠨ ᠦᠵᠡᠯ ᠤᠨ ᠣᠨᠣᠯ ᠤᠨ ᠰᠤᠳᠤᠯᠭᠠᠨ ᠪᠣᠯᠣᠨ | ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠰᠤᠳᠤᠯᠵᠤ ᠤᠬᠠᠭᠤᠯᠬᠤ ᠪᠠᠷ ᠦᠨᠳᠦᠰᠦᠨ ᠡᠭᠦᠷᠭᠡ | ᠪᠤᠯᠭᠠᠵᠤ᠂ ᠰᠢᠰᠲ᠋ᠧᠮᠵᠢᠭᠰᠡᠨ ᠣᠨᠣᠯᠵᠢᠨ ᠶᠣᠰᠣᠵᠢᠭᠰᠠᠨ ᠰᠤᠳᠤᠯᠭᠠᠨ ᠪᠠ ᠲᠠᠶᠢᠯᠪᠤᠷᠢᠯᠠᠯᠲᠠ ᠶᠢ ᠲᠠᠰᠤᠷᠠᠯᠲᠠ ᠦᠭᠡᠢ | ᠭᠦᠨᠵᠡᠭᠡᠶᠢᠷᠡᠭᠦᠯᠵᠦ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠣᠨᠴᠠᠯᠢᠭ ᠲᠠᠢ ᠴᠠᠭ ᠦᠶ᠎ᠡ ᠶᠢᠨ | ᠠᠰᠠᠭᠤᠳᠠᠯ ᠳᠤ ᠴᠠᠭ ᠲᠤᠬᠠᠢ ᠳᠤᠨᠢ ᠰᠢᠨᠵᠢᠯᠡᠬᠦ ᠤᠬᠠᠭᠠᠨᠴᠢ ᠪᠠᠷ ᠬᠠᠷᠢᠭᠤᠯᠲᠠ ᠥᠭᠴᠦ᠂ ᠮᠠᠷᠺᠰ ᠤᠨ ᠦᠵᠡᠯ ᠢ | ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠠᠬᠢᠭᠤᠯᠬᠤ ᠳᠤ ᠥᠪᠥᠷ ᠮᠣᠩᠭᠤᠯ ᠤᠨ ᠬᠤᠪᠢ ᠨᠡᠮᠡᠷᠢ ᠶᠢ | ᠦᠵᠡᠭᠦᠯᠭᠦ ᠪᠠᠷ ᠴᠢᠷᠮᠠᠶᠢᠬᠤ ᠬᠡᠷᠡᠭᠲᠡᠢ᠃ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠣᠨᠣᠯ ᠢ | ᠠᠮᠢᠳᠤᠯᠢᠭ ᠶᠠᠷᠢᠵᠤ᠂ ᠣᠨᠣᠯ ᠢ ᠠᠷᠠᠳ ᠲᠦᠮᠡᠨ ᠤ ᠳᠡᠷᠭᠡᠳᠡ ᠬᠦᠷᠭᠡᠵᠦ᠂ ᠠᠷᠠᠳ ᠣᠯᠠᠨ ᠢ ᠰᠣᠨᠣᠰᠬᠤ ᠳᠤᠷᠠᠲᠠᠢ | ᠪᠥᠭᠡᠳ ᠣᠶᠢᠯᠠᠭᠠᠵᠤ ᠲᠡᠶᠢᠯᠭᠦ ᠪᠤᠯᠭᠠᠵᠤ᠂ ᠰᠤᠷᠤᠯᠴᠠᠯᠭ᠎ᠠ ᠤᠬᠠᠭᠤᠯᠭ᠎ᠠ ᠶᠢᠨ ᠲᠠᠲᠠᠬᠤ ᠬᠦᠴᠦᠨ ᠪᠠ ᠨᠥᠯᠥᠭᠡᠯᠡᠬᠦ | ᠬᠦᠴᠦᠨ ᠢ ᠦᠨᠡᠨ ᠬᠦ ᠴᠢᠩᠭᠠᠷᠠᠭᠤᠯᠬᠤ ᠬᠡᠷᠡᠭᠲᠡᠢ᠃ ᠡᠯ᠎ᠡ ᠲᠦᠷᠦᠯ ᠤᠨ ᠤᠨᠤᠯ ᠤᠨ ᠰᠤᠳᠤᠯᠭᠠᠨ ᠤ ᠲᠠᠪᠴᠠᠩ ᠢ | ᠰᠠᠶᠢᠲᠤᠷ ᠠᠰᠢᠭᠯᠠᠵᠤ᠂ ︽ᠮᠠᠷᠺᠰ ᠤᠨ ᠦᠵᠡᠯ ᠤᠨ ᠣᠨᠣᠯ ᠤᠨ ᠰᠤᠳᠤᠯᠭᠠᠨ ᠪᠣᠯᠣᠨ ᠪᠠᠶᠢᠭᠤᠯᠤᠯᠲᠠ ᠶᠢᠨ | ᠢᠨᠵᠧᠨᠧᠷᠢᠩ︾ ᠤᠨ ᠰᠤᠳᠤᠯᠭᠠᠨ ᠤ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠤᠮᠠᠷᠠᠲᠤ ᠬᠢᠯᠢ ᠶᠢᠨ | ᠰᠣᠶᠣᠯ ᠤᠨ ᠤᠨᠤᠯ ᠤᠨ ᠰᠤᠳᠤᠯᠭᠠᠨ ᠢ ᠭᠦᠨᠵᠡᠭᠡᠶᠢᠷᠡᠭᠦᠯᠵᠦ᠂ ᠨᠡᠩ ᠤᠯᠠᠨ ᠴᠢᠨᠠᠷ ᠰᠠᠶᠢᠲᠠᠢ ᠰᠤᠳᠤᠯᠭᠠᠨ ᠤ ᠦᠷ᠎ᠡ | ᠪᠦᠲᠦᠭᠡᠯ ᠢ ᠡᠭᠦᠳᠬᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ | ᠴᠢᠬᠤᠯᠠ ᠪᠠᠶᠠᠷ ᠤᠨ ᠵᠠᠬᠢᠳᠠᠯ ᠤᠨ ᠲᠤᠬᠠᠢ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠣᠳᠠᠲᠠᠢ | ᠪᠠᠶᠢᠳᠠᠯ ᠲᠠᠢ ᠪᠠᠨ ᠤᠶᠠᠯᠳᠤᠭᠤᠯᠤᠨ ᠬᠢᠲᠠᠳ ᠮᠣᠩᠭᠤᠯ ᠡᠮ ᠡᠮᠨᠡᠯᠭᠡ ᠶᠢᠨ ᠬᠥᠭᠵᠢᠯᠲᠡ ᠶᠢ ᠠᠬᠢᠭᠤᠯᠬᠤ᠂ ᠥᠪᠥᠷ | ᠮᠣᠩᠭᠤᠯ ᠤᠨ ᠳᠦᠷᠢ ᠲᠥᠷᠬᠦ ᠶᠢ ᠤᠬᠠᠭᠤᠯᠤᠨ ᠳᠡᠯᠭᠡᠨ ᠦᠵᠡᠭᠦᠯᠭᠦ ᠵᠡᠷᠭᠡ ᠲᠠᠯ᠎ᠠ ᠪᠠᠷ ᠱᠠᠭᠠᠷᠳᠠᠯᠭ᠎ᠠ ᠳᠤᠷᠠᠳᠴᠠᠢ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ | |