ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠪᠢᠴᠢᠭ ᠮᠠᠲ᠋ᠧᠷᠢᠶᠠᠯ ᠥᠪᠥᠷ ᠵᠠᠰᠠᠭ ᠠᠯᠪᠠᠨ ᠲᠠᠷᠬᠠᠭᠠᠭᠰᠠᠨ ﹇2024﹈ 20 ᠳ᠋ᠤᠭᠠᠷ ᠲᠣᠭᠠᠳᠤ | | | | | ᠪᠦᠢᠺᠦ ᠪᠥᠮᠪᠥᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ | | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠪᠡᠶ᠎ᠡ ᠶᠢᠨ ᠲᠠᠮᠢᠷ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠭᠦᠨᠵᠡᠭᠡᠢ | ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠪᠤᠶᠢᠺᠤ ᠪᠥᠮᠪᠥᠭᠡᠨ ᠤ ᠲᠥᠷᠥᠯ ᠵᠦᠢᠯ ᠤᠨ | ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠪᠥᠬᠦ ᠣᠷᠣᠨ ᠤ ᠪᠡᠶ᠎ᠡ ᠶᠢᠨ ᠲᠠᠮᠢᠷ ᠤᠨ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠬᠥᠮᠥᠨ ᠢᠶᠠᠷ ᠦᠨᠳᠦᠰᠦ ᠪᠣᠯᠭᠠᠬᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ | ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ︵ᠳᠣᠷᠣᠭᠰᠢ ᠮᠣᠷᠢᠨᠳᠠᠪᠠᠭ᠎ᠠ ᠬᠤᠰᠢᠭᠤ | ᠭᠡᠵᠦ ᠲᠣᠪᠴᠢᠯᠠᠨ᠎ᠠ︶ ᠤ ᠪᠤᠶᠢᠺᠤ ᠪᠥᠮᠪᠥᠭᠡᠨ ᠤ ᠲᠥᠷᠥᠯ ᠵᠦᠢᠯ ᠤᠨ ᠬᠥᠭᠵᠢᠯᠲᠡ ᠪᠠᠷ ᠵᠢᠱᠢᠶ᠎ᠡ ᠦᠵᠡᠭᠦᠯᠵᠦ᠂ | ᠪᠤᠶᠢᠺᠤ ᠪᠥᠮᠪᠥᠭᠡᠨ ᠤ ᠮᠥᠷᠦ᠋ᠢᠴᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠪᠤᠶᠢᠺᠤ ᠪᠥᠮᠪᠥᠭᠡᠨ ᠤ | ᠬᠥᠳᠡᠯᠭᠡᠭᠡᠨ ᠳᠤ ᠣᠷᠤᠯᠴᠠᠬᠤ ᠬᠥᠮᠥᠨ ᠠᠮᠠ ᠶᠢᠨ ᠬᠡᠪᠴᠢᠶᠡᠵᠢᠯ ᠢ ᠥᠷᠭᠡᠳᠬᠡᠨ᠎ᠡ᠃ 2025 ᠣᠨ ᠪᠣᠯᠬᠤ ᠳᠤ᠂ | ᠠᠷᠪᠠᠨ ᠲᠠᠪᠤᠳᠤᠭᠠᠷ ᠬᠤᠭᠤᠴᠠᠭᠠᠨ ᠤ ᠪᠥᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠢᠳᠡᠪᠬᠢᠲᠡᠢ | ᠪᠡᠯᠡᠳᠬᠡᠯ ᠬᠢᠵᠦ᠂ ᠡᠷᠡᠭᠲᠡᠢ ᠶᠢᠨ ᠪᠤᠶᠢᠺᠤ ᠪᠥᠮᠪᠥᠭᠡᠨ ᠤ ᠲᠥᠷᠥᠯ ᠵᠦᠢᠯ ᠳᠤ ︽ᠬᠤᠶᠠᠳᠤᠭᠠᠷ ᠢᠶᠠᠨ ᠪᠠᠲᠤᠯᠠᠭᠰᠠᠨ | ᠰᠠᠭᠤᠷᠢᠨ ᠳᠤ ᠮᠠᠩᠯᠠᠶᠢᠯᠠᠬᠤ ᠪᠠᠷ ᠮᠡᠷᠡᠶᠢᠨ ᠲᠡᠮᠡᠴᠡᠵᠦ︾᠂ ᠡᠮᠡᠭᠲᠡᠢ ᠶᠢᠨ ᠪᠤᠶᠢᠺᠤ ᠪᠥᠮᠪᠥᠭᠡᠨ ᠤ ᠲᠥᠷᠥᠯ ᠵᠦᠢᠯ ᠳᠤ | ︽ᠳᠤᠮᠳᠠ ᠲᠦᠪᠰᠢᠨ ᠳᠤ ᠳᠠᠪᠰᠢᠨ ᠣᠷᠣᠬᠤ︾ ᠶᠢ ᠪᠡᠶᠡᠯᠡᠭᠦᠯᠵᠦ᠂ ᠱᠠᠲᠤᠯᠢᠭ ᠪᠡᠯᠡᠳᠬᠡᠯ ᠡᠩᠨᠡᠭᠡᠨ ᠤ | ᠪᠠᠶᠢᠭᠤᠯᠤᠯᠲᠠ ᠶᠢ ᠠᠩᠬ᠎ᠠ ᠠᠯᠬᠤᠮ ᠬᠡᠪᠴᠢᠶ᠎ᠡ ᠲᠠᠢ ᠪᠣᠯᠭᠠᠨ᠎ᠠ᠃ 2030 ᠣᠨ ᠪᠣᠯᠬᠤ ᠳᠤ᠂ ᠪᠥᠬᠦ ᠣᠷᠣᠨ ᠳᠤ | ᠪᠤᠶᠢᠺᠤ ᠪᠥᠮᠪᠥᠭᠡᠨ ᠤ ᠪᠡᠯᠡᠳᠬᠡᠯ ᠴᠢᠳᠠᠪᠤᠷᠢᠲᠠᠨ ᠤ ᠪᠣᠯᠪᠠᠰᠤᠷᠠᠯ ᠤᠨ ᠰᠠᠭᠤᠷᠢᠨ ᠭᠠᠵᠠᠷ ᠢ ᠨᠠᠭᠠᠲᠤ ᠵᠠᠬ᠎ᠠ ᠳᠤ ᠪᠠᠨ | 15 ︵ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠰᠠᠭᠤᠷᠢᠨ ᠭᠠᠵᠠᠷ ᠤᠨ ᠶᠡᠷᠦᠩᠬᠡᠢ ᠲᠤᠭ᠎ᠠ ᠬᠡᠮᠵᠢᠶ᠎ᠡ︶ | ᠪᠠᠶᠢᠭᠤᠯᠵᠤ᠂ ᠳᠠᠩᠰᠠᠯᠠᠭᠤᠯᠤᠭᠰᠠᠨ ᠲᠠᠮᠢᠷᠴᠢᠳ ᠢ 2000 ᠬᠥᠮᠥᠨ ᠳᠤ ᠬᠦᠷᠦᠭᠦᠯᠵᠦ᠂ ᠪᠣᠯᠪᠠᠰᠤᠷᠠᠯ ᠳᠤ ᠪᠠᠶᠢᠩᠭᠤ | ᠣᠷᠣᠯᠴᠠᠬᠤ ᠵᠠᠯᠠᠭᠤᠴᠤᠳ ᠪᠠᠭᠠᠴᠤᠳ ᠢ ᠲᠦᠮᠡᠨ ᠬᠥᠮᠥᠨ ᠠᠴᠠ ᠳᠠᠪᠠᠭᠤᠯᠤᠨ᠂ ᠮᠥᠷᠦ᠋ᠢᠴᠡᠭᠡᠨ ᠤ ᠬᠢᠷᠢ ᠲᠦᠪᠰᠢᠨ | ᠲᠡᠷᠢᠭᠦᠯᠡᠭᠰᠡᠨ᠂ ᠤᠷᠤᠯᠳᠤᠭᠠᠨ ᠤ ᠲᠣᠭᠲᠠᠯᠴᠠᠭ᠎ᠠ ᠲᠡᠭᠦᠯᠳᠡᠷ᠂ ᠲᠠᠯᠠᠪᠤᠷ ᠪᠡᠯᠡᠳᠬᠡᠮᠵᠢ ᠶᠢᠨ ᠪᠠᠲᠤᠯᠠᠭ᠎ᠠ ᠬᠦᠴᠦᠲᠡᠢ᠂ | ᠴᠢᠳᠠᠪᠤᠷᠢᠲᠠᠨ ᠬᠥᠮᠥᠵᠢᠭᠦᠯᠬᠦ ᠲᠣᠭᠲᠠᠯᠴᠠᠭ᠎ᠠ ᠪᠦᠷᠢᠨᠰᠢᠭᠰᠡᠨ᠂ ᠲᠠᠮᠢᠷ ᠤᠨ ᠬᠥᠳᠡᠯᠭᠡᠭᠡᠨ ᠤ | ᠲᠦᠭᠡᠮᠡᠯᠵᠢᠭᠦᠯᠦᠯᠲᠡ ᠶᠢᠨ ᠨᠣᠷᠮ᠎ᠠ ᠪᠠᠷ ᠨᠡᠯᠢᠶᠡᠳ ᠥᠨᠳᠥᠷ ᠪᠠᠶᠢᠬᠤ ᠪᠥᠬᠦ ᠤᠯᠤᠰ ᠤᠨ ᠪᠤᠶᠢᠺᠤ ᠪᠥᠮᠪᠥᠭᠡᠨ ᠤ | ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ᠃ | ᠬᠤᠶᠠᠷ᠂ ᠪᠤᠶᠢᠺᠤ ᠪᠥᠮᠪᠥᠭᠡᠨ ᠤ ᠮᠥᠷᠦ᠋ᠢᠴᠡᠭᠡᠨ ᠤ ᠬᠢᠷᠢ ᠲᠦᠪᠰᠢᠨ ᠢ ᠲᠦᠷᠭᠡᠬᠡᠨ ᠳᠡᠭᠡᠭᠰᠢᠯᠡᠭᠦᠯᠦᠨ᠎ᠡ | ᠰᠢᠨᠵᠢᠯᠡᠬᠦ ᠤᠬᠠᠭᠠᠨᠴᠢ ᠪᠥᠭᠡᠳ ᠵᠢᠷᠣᠮᠵᠢᠭᠤᠨ ᠪᠦᠬᠦᠢ ᠲᠠᠮᠢᠷᠴᠢᠨ ᠢ ᠰᠢᠯᠢᠨ ᠰᠣᠩᠭᠤᠬᠤ ᠲᠣᠭᠲᠠᠴᠠ᠂ | ᠰᠢᠯᠭᠠᠨ ᠬᠢᠨᠠᠬᠤ ᠪᠠᠷᠢᠮᠵᠢᠶ᠎ᠠ᠂ ᠡᠳᠦᠷ ᠲᠤᠳᠤᠮ ᠤᠨ ᠬᠠᠮᠢᠶᠠᠷᠤᠯᠲᠠ᠂ ᠱᠠᠩᠨᠠᠵᠤ ᠲᠣᠷᠭᠠᠬᠤ ᠵᠡᠷᠭᠡ ᠳᠦᠷᠢᠮ ᠢ | ᠲᠣᠭᠲᠠᠭᠠᠵᠤ᠂ ᠴᠢᠳᠠᠪᠤᠷᠢᠲᠠᠨ ᠢ ᠢᠯᠡᠷᠡᠭᠦᠯᠵᠦ ᠬᠥᠮᠥᠵᠢᠭᠦᠯᠦᠨ᠎ᠡ᠃ 2025 ᠣᠨ ᠤ ᠰᠡᠭᠦᠯᠴᠢ ᠪᠣᠯᠬᠤ ᠳᠤ᠂ | ᠪᠥᠬᠦ ᠣᠷᠣᠨ ᠤ ᠪᠤᠶᠢᠺᠤ ᠪᠥᠮᠪᠥᠭᠡᠨ ᠤ ᠲᠤᠰᠬᠠᠢ ᠮᠡᠷᠭᠡᠵᠢᠯ ᠤᠨ ᠠᠩᠭᠢ ᠶᠢᠨ ᠪᠦᠲᠦᠴᠡ ᠶᠢ ᠨᠢ ᠨᠠᠩ ᠰᠢᠯᠢᠳᠡᠭ᠂ | ᠪᠣᠳᠠᠲᠤ ᠬᠦᠴᠦᠨ ᠢ ᠨᠢ ᠨᠠᠩ ᠴᠢᠩᠭ᠎ᠠ ᠪᠣᠯᠭᠠᠵᠤ᠂ ᠬᠤᠶᠠᠳᠤᠭᠠᠷ ᠹᠷᠣᠨᠲ ᠤᠨ ᠡᠩᠨᠡᠭᠡᠨ ᠤ ᠲᠤᠭ᠎ᠠ ᠬᠡᠮᠵᠢᠶ᠎ᠡ ᠶᠢ | ᠭᠦᠢᠴᠡᠳ ᠬᠠᠩᠭᠠᠭᠠᠯᠳᠠᠢ᠂ ᠳᠠᠯᠳᠠ ᠬᠦᠴᠦᠨ ᠢ ᠨᠢ ᠲᠣᠪᠤᠶᠢᠮ᠎ᠠ ᠪᠣᠯᠭᠠᠬᠤ ᠪᠠᠷ ᠬᠦᠴᠦᠯᠡᠨ ᠴᠢᠷᠮᠠᠶᠢᠨ᠎ᠠ᠃ ︽ | ᠬᠦᠴᠢᠷ ᠠᠭᠤᠯᠭ᠎ᠠ ᠲᠣᠬᠢᠷᠠᠭᠤᠯᠬᠤ᠂ ᠴᠢᠩᠭ᠎ᠠ ᠱᠠᠭᠠᠷᠳᠠᠬᠤ᠂ ᠪᠣᠳᠠᠲᠤ ᠣᠷᠣᠯᠳᠣᠭᠠᠨ ᠠᠴᠠ ᠡᠭᠦᠰᠴᠦ᠂ ᠪᠡᠶ᠎ᠡ ᠶᠢᠨ | ᠳᠠᠭᠠᠭᠠᠴᠠ ᠳᠤ ᠣᠶᠢᠷᠠᠲᠤᠭᠰᠠᠨ ᠬᠥᠳᠡᠯᠭᠡᠭᠡᠨ ᠤ ᠬᠡᠮᠵᠢᠶ᠎ᠡ ᠶᠢ ᠦᠵᠡᠵᠦ ᠰᠢᠨᠵᠢᠯᠡᠬᠦ ᠤᠬᠠᠭᠠᠨᠴᠢ ᠪᠠᠷ ᠰᠤᠷᠭᠠᠭᠤᠯᠢᠯᠠᠯ | ᠬᠦᠷᠲᠡᠭᠡᠬᠦ︾ ᠵᠠᠷᠴᠢᠮ ᠢ ᠪᠠᠷᠢᠮᠲᠠᠯᠠᠨ᠂ ᠪᠤᠶᠢᠺᠤ ᠪᠥᠮᠪᠥᠭᠡᠨ ᠤ ︽ᠰᠤᠷᠭᠠᠭᠤᠯᠢᠯᠠᠯ᠂ ᠡᠷᠳᠡᠮ ᠰᠢᠨᠵᠢᠯᠡᠭᠡᠨ᠂ | ᠡᠮᠴᠢᠯᠡᠭᠡ᠂ ᠵᠢᠭᠠᠨ ᠰᠤᠷᠭᠠᠯᠲᠠ᠂ ᠦᠢᠯᠡᠴᠢᠯᠡᠭᠡ︾ ᠶᠢᠨ ᠬᠠᠮ ᠬᠡᠯᠪᠡᠷᠢᠲᠦ ᠰᠤᠷᠭᠠᠭᠤᠯᠢᠯᠠᠯ ᠤᠨ ᠪᠦᠯᠬᠦᠮ ᠤᠨ | ᠠᠵᠢᠯᠯᠠᠭᠠᠨ ᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠥᠨᠳᠥᠷ ᠬᠢᠷᠢ ᠲᠦᠪᠰᠢᠨ ᠪᠦᠬᠦᠢ | ᠰᠤᠷᠭᠠᠭᠴᠢ ᠶᠢᠨ ᠪᠦᠯᠬᠦᠮ ᠢ ᠤᠷᠢᠵᠤ᠂ ᠰᠢᠨᠵᠢᠯᠡᠬᠦ ᠤᠬᠠᠭᠠᠨᠴᠢᠯᠠᠭᠰᠠᠨ ᠰᠤᠷᠭᠠᠭᠤᠯᠢᠯᠠᠯ ᠤᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠤᠷᠤᠯᠳᠤᠭᠠᠨ ᠢᠶᠠᠷ ᠰᠤᠷᠭᠠᠭᠤᠯᠢᠯᠠᠯ ᠢ ᠠᠬᠢᠭᠤᠯᠵᠤ᠂ ᠭᠤᠣᠯᠳᠠᠯᠭ᠎ᠠ ᠲᠠᠢ ᠲᠠᠮᠢᠷᠴᠢᠨ ᠢ | ᠰᠣᠩᠭᠤᠨ ᠪᠤᠶᠢᠺᠤ ᠪᠥᠮᠪᠥᠭᠡᠨ ᠤ ᠬᠥᠭᠵᠢᠯᠲᠡ ᠶᠢᠨ ᠬᠢᠷᠢ ᠬᠡᠮᠵᠢᠶ᠎ᠡ ᠪᠠᠷ ᠨᠡᠯᠢᠶᠡᠳ ᠥᠨᠳᠥᠷ ᠤᠯᠤᠰ ᠲᠤ | ᠣᠴᠢᠭᠤᠯᠤᠨ ᠰᠤᠷᠭᠠᠭᠤᠯᠢᠯᠠᠯ ᠬᠦᠷᠲᠡᠭᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠴᠢᠬᠤᠯᠠ ᠶᠡᠭᠡ | ᠤᠷᠤᠯᠳᠤᠭᠠᠨ ᠳᠤ ᠣᠷᠣᠯᠴᠠᠬᠤ ᠶᠢ ᠨᠢ ᠲᠡᠮᠵᠢᠵᠤ᠂ ᠪᠣᠳᠠᠲᠤ ᠣᠷᠣᠯᠳᠣᠭᠠᠨ ᠤ ᠲᠤᠷᠰᠢᠯᠭ᠎ᠠ ᠶᠢ ᠬᠤᠷᠠᠮᠳᠤᠭᠤᠯᠤᠨ᠎ᠠ᠃ | | ᠭᠤᠷᠪᠠ᠂ ᠲᠠᠯᠠᠪᠤᠷ ᠭᠠᠵᠠᠷ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠬᠡᠨ ᠠᠬᠢᠭᠤᠯᠤᠨ᠎ᠠ | ᠮᠣᠷᠢᠨᠳᠠᠪᠠᠭ᠎ᠠ ᠬᠤᠰᠢᠭᠤᠨ ᠤ ᠤᠯᠤᠰ ᠤᠨ ᠲᠠᠰ ᠤᠨ ᠪᠤᠶᠢᠺᠤ ᠪᠥᠮᠪᠥᠭᠡᠨ ᠤ ᠰᠤᠷᠭᠠᠭᠤᠯᠢᠯᠠᠯ ᠤᠨ ᠰᠠᠭᠤᠷᠢᠨ | ᠭᠠᠵᠠᠷ ᠪᠠᠶᠢᠭᠤᠯᠬᠤ ᠳᠤ ᠨᠢ ᠳᠡᠮᠵᠢᠯᠭᠡ ᠦᠵᠡᠭᠦᠯᠵᠦ᠂ ᠣᠯᠠᠨ ᠤᠯᠤᠰ ᠤᠨ ᠤᠷᠤᠯᠳᠤᠭᠠᠨ ᠤ ᠠᠵᠢᠯᠯᠠᠭ᠎ᠠ ᠶᠢ | ᠣᠷᠣᠭᠤᠯᠤᠨ ᠠᠪᠴᠢᠷᠠᠵᠤ᠂ ᠪᠤᠶᠢᠺᠤ ᠪᠥᠮᠪᠥᠭᠡᠨ ᠤ ᠤᠷᠤᠯᠳᠤᠭᠠᠨ ᠤ ᠠᠵᠢᠯᠯᠠᠭ᠎ᠠ ᠶᠢᠨ ᠴᠢᠨᠠᠷ ᠰᠠᠶᠢᠲᠠᠢ | ᠰᠣᠯᠢᠯᠴᠠᠭᠠᠨ ᠤ ᠲᠠᠪᠴᠠᠩ ᠢ ᠪᠠᠶᠢᠭᠤᠯᠤᠨ᠎ᠠ᠃ ᠬᠥᠬᠡᠬᠤᠲᠠ ᠶᠢᠨ ᠣᠲᠣ ᠶᠢᠨ ᠪᠠᠶᠢᠭ᠎ᠠ ᠲᠠᠯᠠᠪᠤᠷ ᠭᠠᠵᠠᠷ | ᠪᠡᠯᠡᠳᠬᠡᠮᠵᠢ ᠶᠢ ᠠᠰᠢᠭᠯᠠᠨ ᠭᠡᠷ ᠤᠨ ᠭᠠᠳᠠᠨᠠᠬᠢ ᠪᠤᠶᠢᠺᠤ ᠪᠥᠮᠪᠥᠭᠡᠨ ᠤ ᠰᠤᠷᠭᠠᠭᠤᠯᠢᠯᠠᠯ ᠤᠷᠤᠯᠳᠤᠭᠠᠨ ᠤ 2 ᠲᠠᠯᠠᠪᠤᠷ | ᠭᠠᠵᠠᠷ ᠢ ᠥᠭᠡᠷᠡᠴᠢᠯᠡᠨ ᠪᠠᠶᠢᠭᠤᠯᠵᠤ᠂ ᠲᠤᠰᠬᠠᠢ ᠮᠡᠷᠭᠡᠵᠢᠯ ᠤᠨ ᠠᠩᠭᠢ ᠶᠢᠨ ᠰᠤᠷᠭᠠᠭᠤᠯᠢᠯᠠᠯ ᠭᠦᠷᠲᠡᠬᠦ ᠶᠢ ᠪᠠᠲᠤᠯᠠᠨ | ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠣᠮᠣ ᠬᠡᠯᠪᠡᠷᠢ ᠶᠢᠨ ᠤᠷᠤᠯᠳᠤᠭᠠᠨ ᠪᠠ ᠰᠤᠷᠭᠠᠭᠤᠯᠢᠯᠠᠯ ᠤᠨ | ᠡᠭᠦᠷᠭᠡ ᠶᠢ ᠳᠠᠭᠠᠭᠠᠵᠤ ᠠᠪᠤᠨ᠎ᠠ᠃ ᠮᠣᠷᠢᠨᠳᠠᠪᠠᠭ᠎ᠠ ᠬᠤᠰᠢᠭᠤᠨ ᠤ ᠡᠬᠢ ᠪᠠᠶᠠᠯᠢᠭ ᠤᠨ ᠪᠠᠶᠢᠷᠢᠰᠢᠭᠤᠯᠤᠯᠲᠠ ᠪᠠᠨ | ᠰᠢᠯᠢᠳᠡᠭᠵᠢᠭᠦᠯᠬᠦ ᠶᠢ ᠨᠢ ᠳᠡᠮᠵᠢᠵᠦ᠂ ᠪᠤᠶᠢᠺᠤ ᠪᠥᠮᠪᠥᠭᠡᠨ ᠤ ᠪᠡᠯᠡᠳᠬᠡᠯ ᠴᠢᠳᠠᠪᠤᠷᠢᠲᠠᠨ ᠤ ᠰᠤᠷᠭᠠᠭᠤᠯᠢ ᠶᠢᠨ ᠲᠠᠯᠠᠪᠤᠷ | ᠭᠠᠵᠠᠷ ᠪᠡᠯᠡᠳᠬᠡᠮᠵᠢ ᠶᠢ ᠵᠠᠰᠠᠵᠤ ᠪᠠᠶᠢᠭᠤᠯᠬᠤ ᠪᠠ ᠥᠭᠡᠷᠡᠴᠢᠯᠡᠵᠦ ᠪᠠᠶᠢᠭᠤᠯᠤᠨ᠎ᠠ᠃ ᠨᠥᠬᠦᠴᠡᠯ ᠲᠠᠢ ᠠᠶᠢᠮᠠᠭ | ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠥᠮᠥᠨ ᠠᠮᠠ ᠶᠢᠨ ᠬᠡᠪᠴᠢᠶ᠎ᠡ᠂ ᠪᠠᠶᠢᠭᠠᠯᠢ ᠶᠢᠨ | ᠨᠥᠬᠦᠴᠡᠯ᠂ ᠪᠦᠢᠺᠦ ᠪᠥᠮᠪᠥᠭᠡᠨ ᠤ ᠬᠥᠭᠵᠢᠯᠲᠡ ᠶᠢᠨ ᠰᠠᠭᠤᠷᠢ ᠪᠠᠨ ᠦᠨᠳᠦᠰᠦᠯᠡᠨ᠂ ᠨᠢᠭᠡ ᠪᠦᠯᠦᠭ ᠪᠦᠢᠺᠦ | ᠪᠥᠮᠪᠥᠭᠡᠨ ᠤ ᠲᠠᠯᠠᠪᠤᠷ ᠭᠠᠵᠠᠷ ᠪᠡᠯᠡᠳᠬᠡᠮᠵᠢ ᠶᠢ ᠲᠥᠯᠥᠪᠯᠡᠭᠡ ᠲᠠᠢ ᠪᠠᠷ ᠰᠢᠨ᠎ᠡ ᠪᠠᠷ ᠪᠠᠶᠢᠭᠤᠯᠬᠤ ᠪᠤᠶᠤ | ᠥᠭᠡᠷᠡᠴᠢᠯᠡᠵᠦ ᠪᠠᠶᠢᠭᠤᠯᠬᠤ ᠶᠢ ᠨᠢ ᠳᠡᠮᠵᠢᠨ᠎ᠡ᠃ 2026 ᠣᠨ ᠪᠣᠯᠬᠤ ᠳᠤ᠂ ᠬᠥᠬᠡᠬᠤᠲᠠ᠂ ᠪᠤᠭᠤᠲᠤ ᠬᠤᠲᠠ᠂ | ᠬᠥᠯᠥᠨ ᠪᠤᠶᠢᠷ ᠬᠤᠲᠠ᠂ ᠲᠦᠩᠯᠢᠶᠣᠣ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ ᠵᠡᠷᠭᠡ ᠠᠶᠢᠮᠠᠭ | ᠬᠤᠲᠠ ᠨᠤᠭᠤᠳ ᠲᠤ ᠰᠤᠷᠭᠠᠭᠤᠯᠢᠯᠠᠯ ᠤᠨ ᠲᠠᠯᠠᠪᠤᠷ ᠣᠷᠳᠣᠨ ᠪᠡᠯᠡᠳᠬᠡᠮᠵᠢ ᠶᠢᠨ ᠪᠠᠷᠢᠮᠵᠢᠶᠠᠵᠢᠭᠤᠯᠤᠭᠰᠠᠨ | ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠣᠯᠠᠨ ᠡᠰᠢᠵᠢᠭᠰᠡᠨ ᠪᠠᠲᠤᠯᠠᠭ᠎ᠠ ᠶᠢᠨ ᠪᠠᠶᠢᠷᠢᠰᠢᠯ ᠢ ᠪᠣᠶ ᠪᠣᠯᠭᠠᠨ᠎ᠠ᠃ | ᠳᠥᠷᠪᠡ᠂ ᠪᠤᠶᠢᠺᠤ ᠪᠥᠮᠪᠥᠭᠡᠨ ᠤ ᠴᠢᠳᠠᠪᠤᠷᠢᠲᠠᠨ ᠬᠥᠮᠥᠵᠢᠭᠦᠯᠬᠦ ᠪᠠᠨ ᠲᠦᠷᠭᠡᠳᠬᠡᠨ᠎ᠡ | ᠡᠯ᠎ᠡ ᠠᠶᠢᠮᠠᠭ ᠬᠤᠲᠠ ᠨᠢ ᠡᠬᠢ ᠪᠠᠶᠠᠯᠢᠭ ᠢᠶᠠᠨ ᠭᠦᠢᠴᠡᠳ ᠠᠭᠤᠳᠠᠯᠵᠤ᠂ ᠬᠥᠭᠵᠢᠯᠲᠡ ᠶᠢᠨ ᠲᠤᠯᠭᠠᠮ | ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠴᠢᠳᠠᠪᠤᠷᠢᠲᠠᠨ ᠬᠥᠮᠥᠵᠢᠭᠦᠯᠬᠦ᠂ ᠣᠷᠣᠭᠤᠯᠵᠤ ᠠᠪᠴᠢᠷᠠᠬᠤ᠂ | ᠦᠨᠡᠯᠡᠬᠦ᠂ ᠤᠷᠮᠠᠰᠢᠭᠤᠯᠵᠤ ᠪᠠᠲᠤᠯᠠᠬᠤ ᠵᠡᠷᠭᠡ ᠲᠣᠭᠲᠠᠴᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠮᠡᠳᠡᠯᠭᠡ ᠪᠠᠨ ᠰᠢᠨᠡᠳᠬᠡᠬᠦ᠂ ᠴᠢᠳᠠᠪᠤᠷᠢ ᠪᠠᠨ | ᠳᠡᠭᠡᠭᠰᠢᠯᠡᠭᠦᠯᠬᠦ ᠠᠵᠢᠯᠯᠠᠭᠠᠨ ᠢ ᠦᠷᠭᠦᠯᠵᠢᠯᠡᠨ ᠬᠡᠷᠡᠭᠵᠢᠭᠦᠯᠵᠦ᠂ ᠪᠤᠶᠢᠺᠤ ᠪᠥᠮᠪᠥᠭᠡᠨ ᠤ ᠴᠢᠳᠠᠪᠤᠷᠢᠲᠠᠨ ᠬᠥᠮᠥᠵᠢᠭᠦᠯᠬᠦ | ᠥᠨᠳᠦᠷᠯᠢᠭ ᠢ ᠪᠣᠢ ᠪᠣᠯᠭᠠᠨ᠎ᠠ᠃ ᠵᠠᠯᠠᠭᠤᠴᠤᠳ ᠪᠠᠭᠠᠴᠤᠳ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ | ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠳᠤ ᠪᠤᠶᠢᠺᠤ ᠪᠥᠮᠪᠦᠭᠡ ᠶᠢ ᠲᠦᠭᠡᠮᠡᠯᠵᠢᠭᠦᠯᠬᠦ ᠬᠡᠪᠴᠢᠶ᠎ᠡ ᠪᠠᠨ | ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ 2026 ᠣᠨ ᠪᠣᠯᠬᠤ ᠳᠤ᠂ ᠠᠶᠢᠮᠠᠭ ᠬᠤᠲᠠ ᠨᠢᠭᠡᠪᠦᠷᠢ ᠳᠤ | ᠠᠳᠠᠭ ᠲᠤ ᠪᠠᠨ 1 ᠪᠤᠶᠢᠺᠤ ᠪᠥᠮᠪᠥᠭᠡᠨ ᠤ ᠵᠠᠯᠠᠭᠤᠴᠤᠳ ᠪᠠᠭᠠᠴᠤᠳ ᠤᠨ ᠠᠩᠭᠢ ᠵᠣᠬᠢᠶᠠᠨ ᠪᠠᠶᠢᠭᠤᠯᠤᠨ᠎ᠠ᠃ | ᠬᠥᠯᠥᠨ ᠪᠤᠶᠢᠷ ᠬᠤᠲᠠ ᠶᠢᠨ ᠴᠢᠨᠠᠷ ᠰᠠᠶᠢᠲᠠᠢ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠪᠤᠶᠢᠺᠤ ᠪᠥᠮᠪᠥᠭᠡᠨ ᠤ ᠲᠥᠷᠥᠯ ᠵᠦᠢᠯ ᠤᠨ ︽ᠰᠤᠷᠭᠠᠭᠤᠯᠢ | ᠳᠡᠪᠰᠢᠬᠦ ᠳᠤ ᠰᠢᠭᠤᠳ ᠨᠡᠪᠲᠡᠷᠡᠬᠦ ᠲᠡᠷᠭᠡ︾ ᠪᠠᠶᠢᠭᠤᠯᠬᠤ ᠶᠢ ᠰᠦᠪᠡᠭᠴᠢᠯᠡᠵᠦ᠂ ᠬᠠᠷᠢᠴᠠᠩᠭᠤᠢ ᠲᠣᠭᠲᠠᠩᠭᠤᠢ᠂ | ᠬᠤᠯᠪᠣᠯᠳᠤᠭᠤᠯᠵᠤ ᠠᠬᠢᠭᠤᠯᠤᠭᠰᠠᠨ ᠵᠠᠯᠠᠭᠤᠴᠤᠳ ᠪᠠᠭᠠᠴᠤᠳ ᠤᠨ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ | ᠲᠣᠭᠲᠠᠯᠴᠠᠭ᠎ᠠ ᠶᠢ ᠪᠣᠶ ᠪᠣᠯᠭᠠᠨ᠎ᠠ᠃ ᠴᠢᠳᠠᠪᠤᠷᠢᠲᠠᠨ ᠰᠣᠩᠭᠤᠬᠤ ᠬᠠᠷᠠᠭ᠎ᠠ ᠪᠠᠨ ᠥᠷᠭᠡᠵᠢᠭᠦᠯᠵᠦ᠂ ᠨᠥᠬᠦᠴᠡᠯ ᠳᠤ | ᠨᠡᠶᠢᠴᠡᠬᠦ ᠪᠤᠶᠢᠺᠤ ᠪᠥᠮᠪᠥᠭᠡᠨ ᠤ ᠲᠠᠮᠢᠷᠴᠢᠳ ᠢ ᠥᠪᠡᠷᠲᠡᠭᠡᠨ ᠵᠠᠰᠠᠬᠤ ᠣᠷᠣᠨ ᠤ ᠰᠢᠯᠢᠳᠡᠭ ᠲᠠᠮᠢᠷᠴᠢᠨ ᠤ ᠣᠷᠣᠨ | ᠲᠤᠭ᠎ᠠ ᠳᠤ ᠣᠷᠣᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠲᠠᠮᠢᠷ ᠤᠨ | ᠬᠥᠳᠡᠯᠭᠡᠭᠡᠨ ᠤ ᠰᠤᠷᠭᠠᠭᠤᠯᠢᠯᠠᠯ ᠤᠨ ᠲᠤᠰᠬᠠᠢ ᠮᠡᠷᠭᠡᠵᠢᠯ ᠳᠤ ᠪᠤᠶᠢᠺᠤ ᠪᠥᠮᠪᠥᠭᠡᠨ ᠤ ᠰᠤᠷᠤᠯᠴᠠᠯᠭ᠎ᠠ ᠶᠢᠨ ᠴᠢᠭᠯᠡᠯ ᠢ | ᠨᠡᠮᠡᠵᠦ ᠲᠣᠬᠢᠷᠠᠭᠤᠯᠬᠤ ᠶᠢ ᠠᠯᠬᠤᠮ ᠠᠯᠬᠤᠮ ᠢᠶᠠᠷ ᠰᠦᠪᠡᠭᠴᠢᠯᠡᠵᠦ᠂ ᠲᠠᠮᠢᠷᠴᠢᠳ ᠤᠨ ᠰᠤᠷᠭᠠᠭᠤᠯᠢ ᠳᠡᠪᠰᠢᠬᠦ ᠵᠠᠮ | ᠮᠥᠷ ᠢ ᠰᠢᠯᠤᠭᠤᠳᠬᠠᠨ᠎ᠠ᠃ | ᠲᠠᠪᠤ᠂ ᠰᠤᠷᠭᠠᠭᠤᠯᠢᠯᠠᠯ ᠤᠷᠤᠯᠳᠤᠭᠠᠨ ᠤ ᠠᠵᠢᠯᠯᠠᠭ᠎ᠠ ᠶᠢᠨ ᠲᠣᠭᠲᠠᠯᠴᠠᠭ᠎ᠠ ᠶᠢ ᠲᠦᠷᠭᠡᠬᠡᠨ ᠪᠠᠶᠢᠭᠤᠯᠤᠨ᠎ᠠ | ᠪᠤᠶᠢᠺᠤ ᠪᠥᠮᠪᠥᠭᠡᠨ ᠤ ᠰᠤᠷᠭᠠᠭᠤᠯᠢᠯᠠᠯ ᠤᠨ ᠬᠥᠲᠥᠯᠪᠦᠷᠢ ᠶᠢ ᠨᠠᠶᠢᠷᠠᠭᠤᠯᠤᠨ ᠵᠣᠬᠢᠶᠠᠵᠤ᠂ ᠨᠠᠰᠤᠨ ᠤ ᠦᠶ᠎ᠡ ᠶᠢ ᠨᠢ | ᠦᠨᠳᠦᠰᠦᠯᠡᠨ ᠬᠥᠭᠵᠢᠯᠲᠡ ᠶᠢᠨ ᠬᠠᠷᠠᠯᠲᠠ᠂ ᠣᠬᠤᠷ ᠬᠤᠭᠤᠴᠠᠭᠠᠨ ᠤ ᠡᠭᠦᠷᠭᠡ᠂ ᠰᠤᠷᠭᠠᠭᠤᠯᠢᠯᠠᠯ ᠤᠨ | ᠠᠭᠤᠯᠭ᠎ᠠ ᠶᠢᠨ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠲᠤᠰᠬᠠᠢ ᠮᠡᠷᠭᠡᠵᠢᠯ ᠤᠨ ᠠᠩᠭᠢ | ᠬᠢᠭᠡᠳ ᠪᠡᠯᠡᠳᠬᠡᠯ ᠴᠢᠳᠠᠪᠤᠷᠢᠲᠠᠨ ᠤ ᠰᠤᠷᠭᠠᠭᠤᠯᠢ ᠶᠢᠨ ᠬᠠᠮᠲᠤᠷᠠᠨ ᠠᠵᠢᠯᠯᠠᠬᠤ ᠬᠡᠪ ᠵᠠᠭᠪᠤᠷ ᠢ ᠲᠡᠭᠦᠯᠳᠡᠷᠵᠢᠭᠦᠯᠵᠦ᠂ | ᠰᠢᠨᠵᠢᠯᠡᠬᠦ ᠤᠬᠠᠭᠠᠨᠴᠢ ᠪᠥᠭᠡᠳ ᠵᠢᠷᠣᠮᠵᠢᠭᠤᠨ᠂ ᠠᠮᠤᠷ ᠲᠦᠪᠰᠢᠨ ᠪᠥᠭᠡᠳ ᠡᠮᠬᠢ ᠵᠢᠷᠤᠮ ᠲᠠᠢ ᠰᠤᠷᠭᠠᠭᠤᠯᠢᠯᠠᠯ ᠤᠨ | ᠲᠣᠭᠲᠠᠯᠴᠠᠭ᠎ᠠ ᠶᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠪᠤᠶᠢᠺᠤ | ᠪᠥᠮᠪᠥᠭᠡᠨ ᠤ ᠱᠠᠩᠨᠠᠯᠲᠤ ᠤᠷᠤᠯᠳᠤᠭᠠᠨ ᠢ ᠰᠠᠶᠢᠲᠤᠷ ᠠᠳᠬᠤᠵᠤ᠂ 12 ᠨᠠᠰᠤ᠂ 14 ᠨᠠᠰᠤ ᠵᠡᠷᠭᠡ ᠨᠠᠰᠤᠨ ᠤ | ᠦᠶ᠎ᠡ ᠶᠢᠨ U ᠰᠢᠷᠢᠰ ᠤᠷᠤᠯᠳᠤᠭᠠᠨ ᠤ ᠠᠵᠢᠯᠯᠠᠭ᠎ᠠ ᠶᠢ ᠨᠡᠮᠡᠨ ᠲᠣᠬᠢᠷᠠᠭᠤᠯᠵᠤ᠂ ᠤᠷᠤᠯᠳᠤᠭᠠᠨ ᠤ | ᠲᠣᠭᠲᠠᠯᠴᠠᠭ᠎ᠠ ᠶᠢᠨ ᠪᠠᠶᠢᠭᠤᠯᠤᠯᠲᠠ ᠶᠢ ᠲᠥᠷᠥᠯ ᠬᠤᠪᠢᠶᠠᠨ ᠠᠬᠢᠭᠤᠯᠤᠨ᠎ᠠ᠃ ᠨᠥᠬᠦᠴᠡᠯ ᠲᠠᠢ ᠠᠶᠢᠮᠠᠭ | ᠬᠤᠲᠠ ᠶᠢᠨ ᠬᠢᠨ ᠤ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠨᠠᠷᠠᠲᠤ ᠲᠡᠮᠳᠡᠭ ᠤᠨ ᠤᠷᠤᠯᠳᠤᠭᠠᠨ ᠤ | ᠠᠵᠢᠯᠯᠠᠭ᠎ᠠ ᠶᠢ ᠢᠳᠡᠪᠬᠢᠲᠡᠢ ᠭᠤᠶᠤᠴᠢᠯᠠᠨ ᠡᠷᠬᠢᠯᠡᠵᠦ ᠳᠠᠭᠠᠭᠠᠨ ᠭᠦᠢᠴᠡᠳᠬᠡᠵᠦ᠂ ᠣᠯᠠᠨ ᠤᠯᠤᠰ ᠤᠨ | ᠵᠠᠯᠠᠭᠤᠴᠤᠳ ᠪᠠᠭᠠᠴᠤᠳ ᠤᠨ ᠪᠤᠶᠢᠺᠤ ᠪᠥᠮᠪᠥᠭᠡᠨ ᠤ ᠵᠤᠨ ︵ᠡᠪᠦᠯ︶ ᠤ ᠠᠮᠠᠷᠠᠯᠲᠠ ᠶᠢᠨ ᠭᠠᠵᠠᠷ᠂ ᠪᠥᠬᠦ ᠤᠯᠤᠰ ᠤᠨ | ᠵᠠᠯᠠᠭᠤᠴᠤᠳ ᠪᠠᠭᠠᠴᠤᠳ ᠤᠨ ᠪᠤᠶᠢᠺᠤ ᠪᠥᠮᠪᠥᠭᠡᠨ ᠤ ᠤᠷᠢᠯᠭ᠎ᠠ ᠶᠢᠨ ᠤᠷᠤᠯᠳᠤᠭᠠᠨ ᠵᠡᠷᠭᠡ ᠶᠢ ᠲᠣᠭᠲᠠᠮᠠᠯ | ᠬᠤᠭᠤᠴᠠᠭ᠎ᠠ ᠲᠠᠢ ᠪᠠᠷ ᠡᠷᠬᠢᠯᠡᠭᠦ ᠶᠢ ᠨᠢ ᠵᠣᠷᠢᠭᠵᠢᠭᠤᠯᠵᠤ᠂ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠶ᠂ | ᠰᠢᠰᠲ᠋ᠧᠮ ᠲᠠᠢ ᠪᠥᠭᠡᠳ ᠪᠦᠷᠢᠨ ᠲᠡᠭᠦᠯᠳᠡᠷ᠂ ᠠᠮᠢᠵᠢᠷᠠᠯ ᠤᠨ ᠬᠦᠴᠦᠨ ᠪᠢᠯᠬᠠᠭᠰᠠᠨ ᠤᠷᠤᠯᠳᠤᠭᠠᠨ ᠤ ᠠᠵᠢᠯᠯᠠᠭᠠᠨ ᠤ | ᠲᠣᠭᠲᠠᠯᠴᠠᠭ᠎ᠠ ᠶᠢ ᠪᠦᠷᠢᠯᠳᠦᠭᠦᠯᠦᠨ᠎ᠡ᠃ | ᠵᠢᠷᠭᠤᠭ᠎ᠠ᠂ ᠪᠤᠶᠢᠺᠤ ᠪᠥᠮᠪᠥᠭᠡᠨ ᠤ ᠠᠵᠤ ᠦᠢᠯᠡᠰ ᠢ ᠲᠦᠷᠭᠡᠬᠡᠨ ᠬᠥᠭᠵᠢᠭᠦᠯᠦᠨ᠎ᠡ | ᠡᠯ᠎ᠡ ᠭᠠᠵᠠᠷ ᠣᠷᠣᠨ ᠤ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠪᠦᠢᠺᠦ ᠪᠥᠮᠪᠦᠭᠡ | ᠮᠥᠷᠦ᠋ᠢᠴᠡᠬᠦ ᠲᠣᠭᠯᠠᠯᠲᠠ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ᠂ ᠪᠡᠶ᠎ᠡ ᠴᠢᠭᠢᠷᠠᠭᠵᠢᠭᠤᠯᠤᠯᠲᠠ ᠰᠡᠯᠡᠭᠦᠴᠡᠯ᠂ | ᠲᠣᠨᠤᠭ ᠲᠥᠬᠦᠭᠡᠷᠦᠮᠵᠢ ᠦᠢᠯᠡᠳᠬᠦ ᠵᠡᠷᠭᠡ ᠠᠵᠤ ᠦᠢᠯᠡᠰ ᠢ ᠬᠥᠭᠵᠢᠭᠦᠯᠬᠦ ᠶᠢ ᠨᠢ ᠵᠣᠷᠢᠭᠵᠢᠭᠤᠯᠵᠤ᠂ ᠦᠢᠯᠡᠳᠬᠦᠨ | ᠪᠠ ᠦᠢᠯᠡᠴᠢᠯᠡᠭᠡᠨ ᠤ ᠬᠠᠩᠭᠠᠯᠭ᠎ᠠ ᠪᠠᠨ ᠪᠠᠶᠠᠯᠢᠭᠵᠢᠭᠤᠯᠤᠨ᠂ ᠤᠷᠤᠯᠳᠤᠭᠠᠨ ᠤ ᠠᠵᠢᠯᠯᠠᠭᠠᠨ ᠤ ᠳᠠᠶᠢᠴᠢᠯᠠᠬᠤ | ᠦᠢᠯᠡᠳᠦᠯ ᠢ ᠨᠢ ᠪᠠᠳᠠᠷᠠᠭᠤᠯᠵᠤ᠂ ᠨᠠᠩ ᠣᠯᠠᠨ ᠰᠢᠭᠢᠣᠡᠭᠡᠯᠳᠣ ᠮᠠᠶ᠋ᠢᠭ ᠤᠨ᠂ ᠪᠡᠶᠡᠴᠢᠯᠡᠨ ᠣᠶᠢᠯᠠᠭᠠᠬᠤ ᠮᠠᠶ᠋ᠢᠭ ᠤᠨ | ᠦᠢᠯᠡᠳᠬᠦᠨ ᠪᠠ ᠦᠢᠯᠡᠴᠢᠯᠡᠭᠡ ᠶᠢ ᠰᠡᠳᠦᠵᠦ᠂ ᠪᠦᠢᠺᠦ ᠪᠥᠮᠪᠥᠭᠡᠨ ᠤ ᠬᠥᠳᠡᠯᠭᠡᠭᠡᠨ ᠬᠢᠭᠡᠳ ᠰᠣᠶᠣᠯ᠂ ᠵᠢᠭᠤᠯᠴᠢᠯᠠᠯ | ᠵᠡᠷᠭᠡ ᠶᠢᠨ ᠠᠭᠤᠰᠤᠯᠴᠠᠨ ᠬᠥᠭᠵᠢᠬᠦ ᠰᠢᠨ᠎ᠡ ᠡᠵᠡᠩᠨᠡᠯᠲᠡ ᠶᠢᠨ ᠪᠠᠶᠢᠳᠠᠯ ᠢ ᠠᠬᠢᠭᠤᠯᠤᠨ᠎ᠠ᠃ ᠮᠣᠷᠢᠨᠳᠠᠪᠠᠭ᠎ᠠ | ᠬᠤᠰᠢᠭᠤᠨ ᠤ ᠪᠤᠶᠢᠺᠤ ᠪᠥᠮᠪᠥᠭᠡᠨ ᠤ ᠠᠵᠤ ᠦᠢᠯᠡᠰ ᠤᠨ ᠬᠥᠭᠵᠢᠯᠲᠡ ᠶᠢᠨ ᠥᠨᠳᠦᠷᠯᠢᠭ ᠪᠠᠶᠢᠭᠤᠯᠬᠤ ᠳᠤ ᠨᠢ | ᠳᠡᠮᠵᠢᠯᠭᠡ ᠦᠵᠡᠭᠦᠯᠦᠨ᠎ᠡ᠃ | ᠳᠣᠯᠤᠭ᠎ᠠ᠂ ᠪᠤᠶᠢᠺᠤ ᠪᠥᠮᠪᠥᠭᠡᠨ ᠤ ᠰᠣᠶᠣᠯ ᠢ ᠲᠦᠷᠭᠡᠬᠡᠨ ᠪᠤᠶᠢᠵᠢᠭᠤᠯᠤᠨ᠎ᠠ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ | ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠪᠦᠢᠺᠦ ᠪᠥᠮᠪᠥᠭᠡᠨ ᠤ ᠰᠣᠶᠣᠯ ᠤᠨ ᠥᠪᠡᠷᠮᠢᠴᠡ ᠡᠭᠦᠰᠦᠯ ᠵᠢᠴᠢ | ᠬᠥᠭᠵᠢᠯᠲᠡ ᠶᠢᠨ ᠶᠠᠪᠤᠴᠠ ᠶᠢ ᠭᠦᠨᠵᠡᠭᠡᠢ ᠠᠭᠤᠳᠠᠯᠤᠨ᠂ ᠪᠦᠢᠺᠦ ᠪᠥᠮᠪᠥᠭᠡᠨ ᠤ ᠰᠣᠶᠣᠯ ᠤᠨ ᠤᠬᠢ ᠰᠣᠳᠣ ᠶᠢ | ᠠᠭᠤᠳᠠᠯᠤᠨ ᠭᠠᠷᠭᠠᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠳᠤ ᠠᠭᠤᠰᠤᠯᠴᠠᠭᠤᠯᠤᠨ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠠᠪᠴᠠᠩ ᠢ ᠴᠣᠭᠴᠠᠯᠠᠨ ᠪᠠᠶᠢᠭᠤᠯᠤᠨ᠎ᠠ᠃ | ᠳᠠᠭᠤᠷ ᠦᠨᠳᠦᠰᠦᠲᠡᠨ ᠤ ᠤᠯᠠᠮᠵᠢᠯᠠᠯᠲᠤ ᠪᠤᠶᠢᠺᠤ ᠪᠥᠮᠪᠥᠭᠡᠨ ᠤ ᠮᠥᠷᠦ᠋ᠢᠴᠡᠭᠡᠨ ᠤ ᠪᠣᠳᠠᠰ ᠤᠨ ᠪᠤᠰᠤ ᠰᠣᠶᠣᠯ ᠤᠨ | ᠥᠪ ᠢ ᠤᠯᠠᠮᠵᠢᠯᠠᠨ ᠬᠠᠮᠠᠭᠠᠯᠠᠬᠤ ᠪᠠᠨ ᠴᠢᠩᠭᠠᠳᠬᠠᠵᠤ᠂ ᠮᠣᠷᠢᠨᠳᠠᠪᠠᠭ᠎ᠠ ᠬᠤᠰᠢᠭᠤᠨ ᠤ ᠪᠤᠶᠢᠺᠤ ᠪᠥᠮᠪᠥᠭᠡᠨ ᠤ | ᠰᠤᠳᠤᠯᠭᠠᠨ ᠰᠤᠷᠭᠠᠯᠲᠠ ᠶᠢᠨ ᠰᠠᠭᠤᠷᠢᠨ ᠭᠠᠵᠠᠷ ᠢ ᠪᠠᠶᠢᠭᠤᠯᠤᠨ᠎ᠠ᠃ ᠪᠤᠶᠢᠺᠤ ᠪᠥᠮᠪᠥᠭᠡᠨ ᠤ ᠰᠣᠶᠣᠯ ᠪᠠ | ᠤᠷᠤᠯᠳᠤᠭᠠᠨ ᠤ ᠠᠵᠢᠯᠯᠠᠭ᠎ᠠ ᠶᠢ ᠤᠬᠠᠭᠤᠯᠤᠨ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠣᠯᠠᠨ ᠲᠦᠮᠡᠨ ᠤ | ᠲᠠᠭᠠᠰᠢᠶᠠᠵᠤ ᠪᠠᠭ᠋ᠠᠰᠢᠶᠠᠬᠤ ᠠᠷᠭ᠎ᠠ ᠮᠠᠶ᠋ᠢᠭ ᠪᠠ ᠠᠷᠭ᠎ᠠ ᠵᠠᠮ ᠢ ᠠᠰᠢᠭᠯᠠᠨ ᠪᠤᠶᠢᠺᠤ ᠪᠥᠮᠪᠥᠭᠡᠨ ᠤ ᠲᠤᠬᠠᠢ ᠰᠠᠶᠢᠲᠤᠷ | ᠦᠯᠢᠭᠡᠷᠯᠡᠨ ᠶᠠᠷᠢᠵᠤ᠂ ᠪᠤᠶᠢᠺᠤ ᠪᠥᠮᠪᠥᠭᠡᠨ ᠤ ᠮᠡᠳᠡᠯᠭᠡ ᠶᠢ ᠲᠦᠭᠡᠮᠡᠯᠵᠢᠭᠦᠯᠦᠨ᠂ ᠪᠤᠶᠢᠺᠤ ᠪᠥᠮᠪᠥᠭᠡᠨ ᠤ ᠲᠤᠬᠠᠢ | ᠣᠯᠠᠨ ᠨᠡᠶᠢᠲᠡ ᠶᠢᠨ ᠲᠠᠨᠢᠨ ᠮᠡᠳᠡᠬᠦ ᠬᠡᠮᠵᠢᠶ᠎ᠡ ᠪᠠ ᠬᠠᠯᠠᠮᠵᠢᠯᠠᠨ ᠠᠩᠬᠠᠷᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠨᠠᠢᠮᠠ᠂ ᠳᠡᠮᠵᠢᠵᠦ ᠪᠠᠲᠤᠯᠠᠬᠤ ᠡᠷᠴᠢᠮ ᠢᠶᠠᠨ ᠴᠢᠩᠭᠠᠷᠠᠭᠤᠯᠤᠨ᠎ᠠ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠵᠢᠯ ᠪᠦᠷᠢ ᠬᠡᠷᠡᠭᠴᠡᠭᠡ ᠪᠠᠨ ᠦᠨᠳᠦᠰᠦᠯᠡᠨ ᠵᠣᠬᠢᠬᠤ | ᠬᠡᠮᠵᠢᠶᠡᠨ ᠤ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠪᠤᠶᠢᠺᠤ ᠪᠥᠮᠪᠥᠭᠡᠨ ᠤ ᠲᠠᠯᠠᠪᠤᠷ ᠣᠷᠳᠣᠨ | ᠲᠠᠯᠠᠪᠤᠷ ᠭᠠᠵᠠᠷ ᠪᠡᠯᠡᠳᠬᠡᠮᠵᠢ ᠶᠢ ᠪᠦᠲᠦᠭᠡᠨ ᠪᠠᠶᠢᠭᠤᠯᠬᠤ᠂ ᠪᠠᠭᠠᠵᠢ ᠬᠡᠷᠡᠭᠰᠡᠯ ᠬᠤᠳᠠᠯᠳᠤᠨ ᠠᠪᠬᠤ᠂ | ᠴᠢᠳᠠᠪᠤᠷᠢᠲᠠᠨ ᠢ ᠣᠷᠣᠭᠤᠯᠵᠤ ᠠᠪᠴᠢᠷᠠᠬᠤ᠂ ᠪᠣᠯᠪᠠᠰᠤᠷᠠᠯ ᠰᠣᠯᠢᠯᠴᠠᠭ᠎ᠠ ᠬᠢᠬᠦ᠂ ᠭᠠᠳᠠᠭᠠᠳᠤ ᠳᠤ ᠭᠠᠷᠴᠤ | ᠰᠤᠷᠭᠠᠭᠤᠯᠢᠯᠠᠯ ᠬᠦᠷᠲᠡᠵᠦ ᠤᠷᠤᠯᠳᠤᠭᠠᠨ ᠳᠤ ᠣᠷᠤᠯᠴᠠᠬᠤ ᠵᠡᠷᠭᠡ ᠶᠢ ᠨᠢ ᠳᠡᠮᠵᠢᠨ᠎ᠡ᠃ ᠪᠤᠶᠢᠺᠤ ᠪᠥᠮᠪᠥᠭᠡᠨ ᠤ | ᠲᠠᠮᠢᠷᠴᠢᠳ ᠤᠨ ᠠᠯᠪᠠᠨ ᠠᠴᠠ ᠪᠠᠭᠤᠬᠤ᠂ ᠠᠵᠢᠯ ᠤᠨ ᠪᠠᠶᠢᠷᠢ ᠰᠣᠯᠢᠬᠤ᠂ ᠠᠵᠢᠯ ᠣᠯᠭᠤᠬᠤ ᠠᠵᠢᠯ ᠤᠳ ᠢ | ᠢᠳᠡᠪᠬᠢᠲᠡᠢ ᠰᠠᠶᠢᠲᠤᠷ ᠬᠢᠵᠦ᠂ ᠡᠯ᠎ᠡ ᠠᠶᠢᠮᠠᠭ ᠬᠤᠲᠠ᠂ ᠡᠯ᠎ᠡ ᠶᠡᠭᠡ ᠳᠡᠭᠡᠳᠦ ᠰᠤᠷᠭᠠᠭᠤᠯᠢ ᠨᠢ ᠶᠡᠭᠡ ᠳᠤᠮᠳᠠᠳᠤ | ᠪᠠᠭ᠎ᠠ ᠰᠤᠷᠭᠠᠭᠤᠯᠢ ᠳᠤ ᠪᠡᠶ᠎ᠡ ᠶᠢᠨ ᠲᠠᠮᠢᠷ ᠤᠨ ᠰᠤᠷᠭᠠᠭᠴᠢ ᠶᠢᠨ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ | ᠲᠣᠬᠢᠷᠠᠭᠤᠯᠬᠤ ᠲᠤᠬᠠᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠰᠠᠨᠠᠯ ᠶᠣᠰᠣᠭᠠᠷ᠂ ᠬᠡᠷᠡᠭᠴᠡᠭᠡ ᠪᠠᠨ ᠦᠨᠳᠦᠰᠦᠯᠡᠨ ᠪᠤᠶᠢᠺᠤ ᠪᠥᠮᠪᠥᠭᠡᠨ ᠤ ᠰᠤᠷᠭᠠᠭᠴᠢ ᠶᠢᠨ ᠠᠵᠢᠯ ᠤᠨ ᠪᠠᠶᠢᠷᠢ ᠶᠢ | ᠲᠣᠬᠢᠷᠠᠭᠤᠯᠵᠤ᠂ ᠮᠡᠷᠭᠡᠵᠢᠯ ᠤᠨ ᠴᠣᠯᠠ ᠰᠢᠯᠭᠠᠷᠠᠭᠤᠯᠬᠤ ᠪᠠ ᠤᠷᠢᠵᠤ ᠬᠡᠷᠡᠭᠯᠡᠬᠦ ᠪᠠᠷᠢᠮᠵᠢᠶ᠎ᠠ ᠪᠠᠨ ᠲᠡᠭᠦᠯᠳᠡᠷᠵᠢᠭᠦᠯᠦᠨ | ᠂ ᠪᠤᠶᠢᠺᠤ ᠪᠥᠮᠪᠥᠭᠡᠨ ᠤ ᠰᠤᠷᠭᠠᠭᠴᠢ ᠶᠢᠨ ᠮᠡᠷᠭᠡᠵᠢᠯ ᠤᠨ ᠴᠣᠯᠠ ᠳᠡᠪᠰᠢᠬᠦ᠂ ᠵᠢᠭᠠᠨ ᠰᠤᠷᠭᠠᠯᠲᠠ ᠶᠢᠨ ᠡᠷᠳᠡᠮ | ᠰᠢᠨᠵᠢᠯᠡᠭᠡᠨ ᠤ ᠦᠷ᠎ᠡ ᠪᠦᠲᠦᠭᠡᠯ ᠢ ᠦᠨᠡᠯᠡᠨ ᠲᠣᠭᠲᠠᠭᠠᠬᠤ ᠵᠡᠷᠭᠡ ᠲᠠᠯ᠎ᠠ ᠳᠤ ᠡᠯ᠎ᠡ ᠬᠢᠴᠢᠶᠡᠯ ᠲᠥᠷᠥᠯ ᠤᠨ | ᠪᠠᠭᠰᠢ ᠯᠤᠭ᠎ᠠ ᠠᠳᠠᠯᠢᠬᠠᠨ ᠣᠯᠭᠤᠮᠵᠢ ᠬᠠᠷᠠᠭᠠᠯᠵᠠᠯ ᠭᠥᠷᠳᠡᠬᠦ ᠶᠢ ᠨᠢ ᠦᠨᠡᠨ ᠬᠦ ᠪᠠᠲᠤᠯᠠᠬᠤ ᠬᠡᠷᠡᠭᠲᠡᠢ᠃ | ᠶᠢᠰᠦ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠨ᠎ᠠ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠤᠶᠢᠺᠤ ᠪᠥᠮᠪᠥᠭᠡᠨ ᠤ ᠬᠥᠭᠵᠢᠯᠲᠡ ᠶᠢ | ᠨᠢᠭᠡᠳᠦᠯᠲᠡᠢ ᠲᠥᠯᠥᠪᠯᠡᠨ ᠠᠬᠢᠭᠤᠯᠵᠤ᠂ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤ ᠨᠢ | ᠰᠤᠳᠤᠯᠤᠨ ᠰᠢᠢᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠨᠢ ᠪᠥᠬᠦ | ᠣᠷᠣᠨ ᠤ ᠪᠤᠶᠢᠺᠤ ᠪᠥᠮᠪᠥᠭᠡᠨ ᠤ ᠡᠩᠨᠡᠭᠡ ᠶᠢᠨ ᠪᠠᠶᠢᠭᠤᠯᠤᠯᠲᠠ᠂ ᠲᠠᠯᠠᠪᠤᠷ ᠭᠠᠵᠠᠷ ᠤᠨ ᠪᠠᠲᠤᠯᠠᠭ᠎ᠠ᠂ | ᠤᠷᠤᠯᠳᠤᠭᠠᠨ ᠤ ᠠᠵᠢᠯᠯᠠᠭ᠎ᠠ ᠵᠡᠷᠭᠡ ᠶᠢ ᠨᠢᠭᠡᠳᠦᠯᠲᠡᠢ ᠲᠥᠯᠥᠪᠵᠢᠭᠦᠯᠵᠦ᠂ ᠰᠢᠨᠵᠢᠯᠡᠬᠦ ᠤᠬᠠᠭᠠᠨᠴᠢ ᠪᠠᠷ | ᠪᠠᠶᠢᠷᠢᠰᠢᠭᠤᠯᠤᠨ᠂ ᠵᠢᠯᠣᠭᠤᠳᠤᠯᠭ᠎ᠠ ᠪᠠᠨ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ᠂ | ᠡᠯ᠎ᠡ ᠵᠦᠢᠯ ᠤᠨ ᠡᠭᠦᠷᠭᠡ ᠪᠠᠨ ᠨᠠᠶᠢᠳᠠᠪᠤᠷᠢᠵᠢᠭᠤᠯᠬᠤ ᠶᠢ ᠵᠣᠬᠢᠴᠠᠭᠤᠯᠤᠨ ᠠᠬᠢᠭᠤᠯᠬᠤ ᠬᠡᠷᠡᠭᠲᠡᠢ᠃ ᠥᠪᠡᠷᠲᠡᠭᠡᠨ | ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠢ ᠪᠦᠢᠺᠦ ᠪᠥᠮᠪᠥᠭᠡᠨ ᠤ ᠲᠥᠷᠥᠯ ᠵᠦᠢᠯ ᠢ ᠰᠤᠷᠭᠠᠭᠤᠯᠢ ᠶᠢᠨ | ᠬᠦᠷᠢᠶᠡᠨ ᠳᠤ ᠣᠷᠣᠭᠤᠯᠬᠤ ᠶᠢ ᠢᠳᠡᠪᠬᠢᠲᠡᠢ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠤ ᠪᠦᠢᠺᠦ ᠪᠥᠮᠪᠥᠭᠡᠨ ᠤ | ᠬᠥᠭᠵᠢᠯᠲᠡ ᠶᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠪᠡᠯᠡ | ᠮᠥᠩᠭᠦᠨ ᠤ ᠪᠠᠲᠤᠯᠠᠭ᠎ᠠ ᠶᠢ ᠨᠢᠭᠡᠳᠦᠯᠲᠡᠢ ᠲᠥᠯᠥᠪᠯᠡᠨ ᠨᠠᠶᠢᠳᠠᠪᠤᠷᠢᠵᠢᠭᠤᠯᠬᠤ ᠬᠡᠷᠡᠭᠲᠡᠢ᠃ ᠬᠥᠯᠥᠨ ᠪᠤᠶᠢᠷ | ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠮᠣᠷᠢᠨᠳᠠᠪᠠᠭ᠎ᠠ ᠬᠤᠰᠢᠭᠤᠨ ᠤ ᠪᠤᠶᠢᠺᠤ ᠪᠥᠮᠪᠥᠭᠡᠨ ᠤ ᠲᠥᠷᠥᠯ | ᠵᠦᠢᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ | ᠦᠢᠯᠡᠳᠦᠯ ᠢ ᠨᠢ ᠪᠠᠳᠠᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠨᠢ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠠᠵᠢᠯ ᠤᠨ ᠵᠣᠯᠭᠠᠭᠤᠯᠤᠯᠲᠠ ᠪᠠᠨ | ᠴᠢᠩᠭᠠᠳᠬᠠᠨ᠂ ᠡᠯ᠎ᠡ ᠵᠦᠢᠯ ᠤᠨ ᠡᠭᠦᠷᠭᠡ ᠪᠠᠨ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ | ᠪᠤᠶᠢᠺᠤ ᠪᠥᠮᠪᠥᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ | 2024 ᠣᠨ ᠤ 5 ᠳ᠋ᠤᠭᠠᠷ ᠰᠠᠷ᠎ᠠ ᠶᠢᠨ 9 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2024 ᠣᠨ ᠤ 5 ᠳ᠋ᠤᠭᠠᠷ ᠰᠠᠷ᠎ᠠ ᠶᠢᠨ 11 ᠤ ᠡᠳᠦᠷ ᠳᠠᠷᠤᠮᠠᠯᠯᠠᠨ ᠲᠠᠷᠬᠠᠭᠠᠪᠠ |