ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ︽ᠨᠡᠭᠦᠷᠡᠰᠦᠨ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ ᠤᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠪᠠ ᠠᠮᠤᠷ ᠲᠦᠪᠰᠢᠨ ᠤ ᠪᠡᠯᠡᠳᠬᠡᠮᠵᠢ ᠶᠢᠨ ᠵᠢᠷᠤᠭ | ᠲᠥᠯᠥᠪᠯᠡᠭᠡ ᠶᠢ ᠬᠢᠨᠠᠨ ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠮᠡᠳᠡᠭᠳᠡᠯ ︵ᠰᠠᠨᠠᠯ ᠬᠤᠷᠢᠶᠠᠬᠤ | ᠨᠤᠤᠷᠠᠭ︶︾ ᠤᠨ ᠲᠤᠬᠠᠶ ᠰᠠᠨᠠᠯ ᠰᠣᠨᠣᠰᠬᠤ ᠬᠤᠷᠠᠯ ᠬᠤᠷᠠᠯᠳᠤᠭᠤᠯᠬᠤ ᠪᠠᠷ ᠪᠠᠶᠢᠨ᠎ᠠ᠂ ᠡᠳᠦᠭᠡ ᠬᠤᠯᠪᠣᠭᠳᠠᠯ | ᠪᠥᠬᠦᠶ ᠤᠴᠢᠷ ᠢ ᠳᠤᠤᠷᠠᠬᠢ ᠮᠡᠲᠦ ᠵᠠᠷᠯᠠᠪᠠ᠄ | ᠨᠢᠭᠡ᠂ ᠬᠤᠷᠠᠯ ᠤᠨ ᠴᠠᠭ | 2024 ᠣᠨ ᠤ 12 ᠰᠠᠷ᠎ᠠ ᠶᠢᠨ ᠳᠤᠮᠳᠠᠴᠢ ᠪᠠᠷ᠂ ᠪᠣᠳᠠᠲᠠᠶ ᠴᠠᠭ ᠢ ᠠᠰ ᠲᠤᠨᠢ ᠮᠡᠳᠡᠭᠳᠡᠨ᠎ᠡ᠃ | ᠬᠤᠶᠠᠷ᠂ ᠬᠤᠷᠠᠯ ᠤᠨ ᠭᠠᠵᠠᠷ | ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ︵ᠬᠥᠬᠡᠬᠤᠲᠠ ᠶᠢᠨ ᠰᠠᠶᠢᠬᠠᠨ ᠲᠣᠭᠤᠷᠢᠭ ᠤᠨ ᠲᠤᠩ ᠹᠸᠢ ᠡᠮᠦᠨ᠎ᠡ ᠵᠠᠮ ᠤᠨ 40 ᠳ᠋ᠦ᠋ᠭᠡᠷ | ᠨᠣᠮᠧᠷ ᠲᠠᠬᠢ ᠥᠪᠥᠷ ᠮᠣᠩᠭᠤᠯ ᠤᠨ ᠭᠠᠵᠠᠷ ᠠᠭᠤᠷᠬᠠᠶ ᠲᠣᠮᠣ ᠠᠰᠠᠷ ᠤᠨ ᠪᠠᠷᠠᠭᠤᠨ ᠳᠡᠳ᠋ ᠠᠰᠠᠷ︶᠃ | ᠭᠤᠷᠪᠠ᠂ ᠨᠡᠷ᠎ᠡ ᠮᠡᠳᠡᠭᠦᠯᠬᠦ ᠱᠠᠭᠠᠷᠳᠠᠯᠭ᠎ᠠ | ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ︾ ︵ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 25 ᠳ᠋ᠤᠭᠠᠷ | ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠪᠠ︶ ᠶᠢᠨ ᠠᠷᠪᠠᠨ ᠳᠣᠯᠣᠳᠤᠭᠠᠷ ᠵᠦᠢᠯ ᠤᠨ | ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠴᠥᠮ ᠲᠣᠰ ᠭᠡᠷᠡᠴᠢᠯᠡᠭᠡ | ᠰᠣᠨᠣᠰᠬᠤ ᠬᠤᠷᠠᠯ ᠳᠤ ᠨᠡᠷ᠎ᠡ ᠮᠡᠳᠡᠭᠦᠯᠵᠦ ᠣᠷᠣᠯᠴᠠᠬᠤ ᠪᠠᠷ ᠭᠤᠶᠤᠴᠢᠯᠠᠵᠤ ᠪᠣᠯᠤᠨ᠎ᠠ᠃ ᠬᠤᠯᠪᠣᠭᠳᠠᠯ ᠪᠦᠬᠦᠢ | ᠱᠠᠭᠠᠷᠳᠠᠯᠭ᠎ᠠ ᠨᠢ ᠳᠣᠣᠷᠠᠬᠢ ᠮᠡᠲᠦ᠄ | ︵ᠨᠢᠭᠡ︶ ᠣᠨᠴᠠᠭᠠᠢ ᠪᠠᠶᠢᠳᠠᠯ ᠳᠤ ᠭᠡᠷᠡᠴᠢᠯᠡᠭᠡ ᠰᠣᠨᠣᠰᠬᠤ ᠳᠤ ᠪᠡᠶ᠎ᠡ ᠪᠠᠷ ᠢᠶᠠᠨ ᠣᠷᠣᠯᠴᠠᠵᠤ ᠳᠡᠶᠢᠯᠬᠦ ᠦᠭᠡᠢ | ᠪᠣᠯ ᠪᠤᠰᠤᠳ ᠬᠥᠮᠦᠨ ᠳᠤ ᠨᠠᠶᠢᠳᠠᠵᠤ ᠣᠷᠣᠯᠴᠠᠭᠤᠯᠵᠤ ᠪᠣᠯᠤᠨ᠎ᠠ︔ | ︵ᠬᠤᠶᠠᠷ︶ ᠰᠠᠨᠠᠯ ᠰᠣᠨᠣᠰᠬᠤ ᠬᠤᠷᠠᠯ ᠳᠤ ᠣᠷᠣᠯᠴᠠᠭᠰᠠᠳ ᠨᠢ ᠪᠣᠳᠠᠲᠤ ᠬᠡᠷᠡᠭ ᠲᠤ ᠦᠨᠡᠨᠴᠢ ᠪᠠᠶᠢᠵᠤ᠂ | ᠲᠥᠯᠥᠭᠡᠯᠡᠵᠦ ᠪᠠᠶᠢᠭ᠎ᠠ ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ | ᠰᠠᠨᠠᠯ ᠢ ᠪᠤᠰᠤᠳᠴᠢ ᠪᠠᠷ ᠲᠤᠰᠬᠠᠬᠤ ᠬᠡᠷᠡᠭᠲᠡᠢ︔ | ︵ᠭᠤᠷᠪᠠ︶ ᠰᠠᠨᠠᠯ ᠰᠣᠨᠣᠰᠬᠤ ᠬᠤᠷᠠᠯ ᠳᠡᠭᠡᠷ᠎ᠡ ᠬᠠᠩᠭᠠᠭᠰᠠᠨ ᠮᠠᠲ᠋ᠧᠷᠢᠶᠠᠯ ᠢ ᠵᠥᠪᠬᠡᠨ ᠰᠠᠨᠠᠯ ᠰᠣᠨᠣᠰᠬᠤ ᠳᠤ | ᠣᠷᠣᠯᠴᠠᠭᠰᠠᠳ ᠤᠨ ᠰᠠᠨᠠᠯ ᠢᠶᠠᠨ ᠢᠯᠡᠳᠬᠡᠬᠦ ᠦᠶ᠎ᠡ ᠳᠤ ᠯᠠᠪᠯᠠᠯᠲᠠ ᠪᠣᠯᠭᠠᠵᠤ᠂ ᠬᠤᠷᠠᠯ ᠤᠨ ᠳᠠᠷᠠᠭ᠎ᠠ ᠬᠤᠷᠢᠶᠠᠨ | ᠠᠪᠬᠤ ᠳᠤ ᠬᠡᠷᠡᠭᠯᠡᠨ᠎ᠡ︔ | ︵ᠲᠦᠷᠪᠡ︶ ᠭᠡᠷᠡᠴᠢᠯᠡᠭᠡ ᠰᠣᠨᠣᠰᠬᠤ ᠳᠤ ᠣᠷᠣᠯᠴᠠᠭᠰᠠᠳ ᠭᠡᠷᠡᠴᠢᠯᠡᠭᠡ ᠰᠣᠨᠣᠰᠬᠤ ᠬᠤᠷᠠᠯ ᠤᠨ ᠰᠠᠬᠢᠯᠭ᠎ᠠ | ᠪᠠᠲᠤ ᠶᠢ ᠵᠢᠷᠤᠮᠯᠠᠨ ᠰᠠᠬᠢᠵᠤ᠂ ᠤᠯᠤᠰ ᠤᠨ ᠨᠢᠭᠤᠴᠠ ᠶᠢ ᠬᠠᠮᠠᠭᠠᠯᠠᠬᠤ ᠬᠡᠷᠡᠭᠲᠡᠢ᠂ ᠦᠢᠮᠡᠯᠳᠦᠨ ᠱᠤᠤᠭᠢᠯᠳᠤᠵᠤ | ᠪᠣᠯᠬᠤ ᠦᠭᠡᠢ᠂ ᠵᠠᠮ ᠵᠠᠭᠤᠷ᠎ᠠ ᠪᠠᠨ ᠰᠢᠯᠲᠠᠭᠠᠨ ᠦᠭᠡᠢ ᠪᠠᠷ ᠲᠠᠯᠠᠪᠤᠷ ᠠᠴᠠ ᠭᠠᠷᠴᠤ ᠪᠣᠯᠬᠤ ᠦᠭᠡᠢ᠃ ᠲᠤᠬᠠᠢ ᠶᠢᠨ | ᠴᠠᠭ ᠲᠤᠨᠢ ᠴᠠᠭ ᠲᠠᠭᠠᠨ ᠣᠷᠣᠯᠴᠠᠬᠤ ᠬᠡᠷᠡᠭᠲᠡᠢ᠂ ᠬᠤᠭᠤᠴᠠᠭ᠎ᠠ ᠬᠡᠲᠦᠷᠡᠲᠡᠯ᠎ᠡ ᠲᠤᠬᠠᠢ ᠶᠢᠨ ᠲᠠᠯᠠᠪᠤᠷ ᠲᠤ ᠢᠷᠡᠭᠰᠡᠨ | ᠦᠭᠡᠢ ᠪᠥᠭᠡᠳ ᠵᠦᠢ ᠶᠣᠰᠣᠨ ᠤ ᠰᠢᠯᠲᠠᠭᠠᠨ ᠦᠭᠡᠢ ᠪᠠᠶᠢᠪᠠᠯ᠂ ᠲᠤᠰ ᠤᠳᠠᠭᠠᠨ ᠤ ᠰᠠᠨᠠᠯ ᠰᠣᠨᠣᠰᠤᠯᠲᠠ ᠶᠢ | ᠬᠠᠶᠠᠭᠰᠠᠨ ᠢᠶᠠᠷ ᠦᠵᠡᠨ᠎ᠡ᠃ | ᠳᠥᠷᠪᠡ᠂ ᠨᠡᠷ᠎ᠡ ᠮᠡᠳᠡᠭᠦᠯᠬᠦ ᠠᠷᠭ᠎ᠠ ᠮᠠᠶ᠋ᠢᠭ | ᠨᠡᠷ᠎ᠡ ᠮᠡᠳᠡᠭᠦᠯᠬᠦ ᠳᠤ ᠡᠯᠧᠺᠲᠷᠣᠨ ᠢᠶᠠᠷ ᠨᠡᠷ᠎ᠡ ᠮᠡᠳᠡᠭᠦᠯᠬᠦ ᠠᠷᠭ᠎ᠠ ᠮᠠᠶ᠋ᠢᠭ ᠢ ᠬᠡᠷᠡᠭᠯᠡᠨ᠎ᠡ᠂ ᠨᠡᠷ᠎ᠡ | ᠮᠡᠳᠡᠭᠦᠯᠦᠭᠴᠢ ᠠᠴᠠ ᠪᠦᠷᠢᠨ ᠪᠦᠲᠦᠨ ᠲᠠᠭᠯᠠᠭᠰᠠᠨ ︽ᠭᠡᠷᠡᠴᠢ ᠰᠣᠨᠣᠰᠬᠤ ᠬᠤᠷᠠᠯ ᠳᠤ ᠣᠷᠣᠯᠴᠠᠭᠰᠠᠳ ᠤᠨ ᠨᠡᠷ᠎ᠡ | ᠮᠡᠳᠡᠭᠦᠯᠬᠦ ᠬᠦᠰᠦᠨᠦᠭᠲᠦ︾ ︵ᠳᠠᠭᠠᠯᠳᠤᠭᠤᠯᠤᠯ ᠢ ᠦᠵᠡ︶ ᠪᠣᠯᠤᠨ ᠲᠣᠰ ᠬᠥᠮᠦᠨ ᠤ ᠪᠡᠶ᠎ᠡ ᠶᠢᠨ ᠦᠨᠡᠮᠯᠡᠯ ᠤᠨ | ᠰᠢᠷᠪᠢᠬᠦ ᠮᠠᠲ᠋ᠧᠷᠢᠶᠠᠯ ᠢ ᠢᠮᠧᠯ ᠢᠶᠠᠷ ᠲᠣᠭᠲᠠᠭᠰᠠᠨ ᠢᠮᠧᠯ ᠳᠤ ᠢᠯᠡᠭᠡᠭᠡᠷᠡᠶ᠃ | ᠨᠡᠷ᠎ᠡ ᠮᠡᠳᠡᠭᠦᠯᠬᠦ ᠴᠠᠭ᠄ 2024 ᠣᠨ ᠤ 12 ᠰᠠᠷ᠎ᠠ ᠶᠢᠨ 9 ᠤ ᠡᠳᠦᠷ | ᠬᠠᠷᠢᠯᠴᠠᠬᠤ ᠬᠥᠮᠦᠨ᠄ ᠬᠡᠦ ᠵᠥᠩ ᠬᠤᠸᠠ | ᠬᠠᠷᠢᠯᠴᠠᠬᠤ ᠤᠲᠠᠰᠤ᠄ 0471 - 4821029 | ᠢᠮᠧᠯ᠄ 897763762 @ qq . com | ᠳᠠᠭᠠᠯᠳᠤᠭᠤᠯᠤᠯ᠄ | 2 . ᠭᠡᠷᠡᠴᠢᠯᠡᠭᠡ ᠰᠣᠨᠣᠰᠬᠤ ᠬᠤᠷᠠᠯ ᠳᠤ ᠣᠷᠣᠯᠴᠠᠭᠰᠠᠳ ᠤᠨ ᠨᠡᠷ᠎ᠡ ᠮᠡᠳᠡᠭᠦᠯᠬᠦ ᠬᠦᠰᠦᠨᠦᠭᠲᠦ᠃ | ᠳᠠᠭᠠᠯᠳᠤᠭᠤᠯᠤᠯ᠄ | 1 . ᠨᠡᠭᠦᠷᠡᠰᠦᠨ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠩᠬ᠎ᠠ ᠠᠯᠬᠤᠮ ᠤᠨ | ᠵᠢᠷᠤᠭ ᠲᠥᠯᠥᠪᠯᠡᠭᠡ ᠪᠠ ᠠᠶᠤᠯ ᠦᠭᠡᠶ ᠶᠢᠨ ᠪᠡᠯᠡᠳᠬᠡᠮᠵᠢ ᠶᠢᠨ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ | ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠭᠤᠷᠬᠠᠶ ᠶᠢᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠭᠳᠡᠯ ︵ᠰᠠᠨᠠᠯ ᠬᠤᠷᠢᠶᠠᠬᠤ | ᠡᠬᠡ ᠨᠤᠤᠷᠠᠭ︶ pdf | 2 . ᠭᠡᠷᠡᠴᠢᠯᠡᠭᠡ ᠰᠣᠨᠣᠰᠬᠤ ᠬᠤᠷᠠᠯ ᠳᠤ ᠣᠷᠣᠯᠴᠠᠭᠰᠠᠳ ᠤᠨ ᠨᠡᠷ᠎ᠡ ᠮᠡᠳᠡᠭᠦᠯᠬᠦ ᠬᠦᠰᠦᠨᠦᠭᠲᠦ docx | https://yjglt.nmg.gov.cn/yjt_index/tzgg/202412/t20241205_2619994. | html | | |