ᠥᠨᠳᠥᠷ ᠪᠠᠷᠢᠯᠭ᠎ᠠ ᠶᠢᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ | ᠦᠨᠡᠨᠬᠦ ᠳᠡᠭᠡᠭᠰᠢᠯᠡᠭᠦᠯᠦᠨ᠂ ᠥᠨᠳᠥᠷ ᠪᠠᠷᠢᠯᠭ᠎ᠠ ᠶᠢᠨ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠰᠠᠭᠤᠷᠢ ᠶᠢ | ᠪᠠᠬᠢᠵᠢᠭᠦᠯᠬᠦ ᠶᠢᠨ ᠲᠤᠰᠠᠳᠠ᠂ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠭᠠᠯ ᠤᠨᠲᠠᠷᠠᠭᠠᠵᠤ ᠠᠪᠤᠷᠠᠨ | ᠲᠤᠰᠠᠯᠠᠬᠤ ᠰᠠᠯᠪᠤᠷᠢ ᠠᠩᠭᠢ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠬᠦᠴᠦᠲᠡᠶ ᠠᠷᠭ᠎ᠠ | ᠬᠡᠮᠵᠢᠶ᠎ᠡ ᠠᠪᠴᠤ᠂ ᠥᠨᠳᠥᠷ ᠪᠠᠷᠢᠯᠭ᠎ᠠ ᠶᠢᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠯᠬᠠᠪᠴᠢ ᠶᠢ ᠪᠦᠬᠦ | ᠲᠠᠯ᠎ᠠ ᠪᠠᠷ ᠪᠠᠬᠢᠵᠢᠭᠦᠯᠪᠡ᠃ | ᠦᠵᠦᠭᠦᠷ ᠤᠨ ᠬᠠᠮᠢᠶᠠᠷᠤᠯᠲᠠ ᠶᠢ ᠴᠢᠩᠭᠠᠳᠬᠠᠬᠤ᠃ ᠰᠠᠯᠪᠤᠷᠢ ᠠᠩᠭᠢ ᠨᠢ ᠠᠳᠠᠯ ᠠᠬᠤᠶ ᠶᠢᠨ | ᠦᠢᠯᠡᠴᠢᠯᠡᠭᠡᠨ ᠤ ᠠᠵᠤ ᠠᠬᠤᠶᠢᠯᠠᠯ ᠢ ᠢᠳᠡᠪᠬᠢᠲᠡᠶ ᠪᠠᠷ ᠰᠢᠮᠳᠠᠭᠤᠯᠬᠤ ᠪᠠ ᠵᠢᠯᠣᠭᠤᠳᠴᠤ ᠪᠠᠶᠢᠭᠠᠳ ᠭᠠᠯ | ᠰᠡᠷᠭᠡᠶᠢᠯᠡᠯᠲᠡ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ ᠪᠦᠷᠢᠨᠰᠢᠭᠦᠯᠵᠦ᠂ ᠭᠠᠯ | ᠰᠡᠷᠭᠡᠶᠢᠯᠡᠯᠲᠡ ᠶᠢᠨ ᠠᠮᠤᠷ ᠲᠦᠪᠰᠢᠨ ᠤ ᠥᠪᠡᠰᠦᠪᠡᠨ ᠪᠠᠶᠢᠴᠠᠭᠠᠵᠤ ᠥᠪᠡᠰᠦᠪᠡᠨ ᠪᠠᠶᠢᠴᠠᠭᠠᠬᠤ ᠪᠠᠷᠢᠮᠵᠢᠶ᠎ᠠ ᠲᠠᠢ | ᠬᠠᠷᠢᠴᠠᠭᠤᠯᠵᠤ᠂ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠭᠰᠠᠨ ᠡᠰᠡᠬᠦ᠂ ᠪᠠᠷᠢᠯᠭ᠎ᠠ ᠶᠢᠨ ᠢᠯᠡ ᠭᠠᠯ ᠢᠶᠠᠷ ᠵᠠᠰᠠᠵᠤ ᠴᠢᠮᠡᠭᠯᠡᠬᠦ ᠠᠵᠢᠯ ᠨᠢ ᠲᠣᠭᠲᠠᠭᠠᠯ ᠠᠴᠠ | ᠵᠥᠷᠢᠴᠡᠭᠰᠡᠨ ᠡᠰᠡᠬᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠨᠢ ᠲᠣᠭᠲᠠᠭᠠᠯ ᠠᠴᠠ ᠵᠥᠷᠢᠴᠡᠨ ᠪᠠᠷᠢᠯᠭ᠎ᠠ ᠶᠢᠨ | ᠳᠣᠲᠣᠷ᠎ᠠ ᠴᠠᠬᠢᠯᠭᠠᠨ ᠴᠡᠨᠡᠭᠯᠡᠬᠦ ᠪᠠᠨ ᠵᠣᠭᠰᠣᠭᠠᠭᠰᠠᠨ ᠡᠰᠡᠬᠦ᠂ ᠡᠵᠡᠯᠡᠨ ᠬᠡᠷᠡᠭᠯᠡᠭᠰᠡᠨ᠂ ᠪᠥᠭᠯᠡᠭᠰᠡᠨ᠂ | ᠪᠢᠲᠡᠭᠦᠮᠵᠢᠯᠡᠭᠰᠡᠨ ᠲᠠᠷᠬᠠᠭᠠᠬᠤ ᠵᠠᠮ ᠵᠢᠴᠢ ᠠᠮᠤᠷ ᠲᠦᠪᠰᠢᠨ ᠢᠶᠠᠷ ᠭᠠᠷᠬᠤ ᠡᠭᠦᠳᠡ ᠶᠢᠨ ᠦᠵᠡᠭᠳᠡᠯ ᠪᠠᠶᠢᠬᠤ ᠡᠰᠡᠬᠦ | ᠵᠡᠷᠭᠡ ᠲᠠᠯ᠎ᠠ ᠪᠠᠷ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ | ᠪᠠᠶᠢᠴᠠᠭᠠᠨ᠎ᠠ᠃ ᠡᠭᠦᠨ ᠤ ᠬᠠᠮᠲᠤ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠢᠨ ᠡᠵᠡᠨ ᠮᠡᠳᠡᠨ | ᠬᠠᠮᠢᠶᠠᠷᠬᠤ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠠᠷᠭ᠎ᠠ ᠮᠠᠶ᠋ᠢᠭ ᠪᠠ ᠠᠷᠭ᠎ᠠ ᠶᠢ ᠢᠳᠡᠪᠬᠢᠲᠡᠶ ᠪᠠᠷ | ᠨᠡᠪᠲᠡᠷᠡᠯᠴᠡᠨ ᠰᠦᠪᠡᠭᠴᠢᠯᠡᠵᠦ᠂ ᠥᠨᠳᠥᠷ ᠪᠠᠷᠢᠯᠭ᠎ᠠ ᠶᠢᠨ ᠨᠢᠭᠡᠴᠡ ᠶᠢᠨ ︽ᠠᠶᠤᠯ ᠦᠭᠡᠶ ᠶᠢ ᠥᠪᠡᠷ ᠲᠡᠭᠡᠨ | ᠪᠠᠶᠢᠴᠠᠭᠠᠬᠤ᠂ ᠳᠠᠯᠳᠠ ᠭᠡᠮ ᠢ ᠥᠪᠡᠷ ᠲᠡᠭᠡᠨ ᠠᠷᠢᠯᠭᠠᠬᠤ᠂ ᠬᠠᠷᠢᠭᠤᠴᠠᠯᠭ᠎ᠠ ᠶᠢ ᠥᠪᠡᠷ ᠲᠡᠭᠡᠨ ᠬᠠᠷᠢᠭᠤᠴᠠᠬᠤ︾ | ᠥᠪᠡᠷ ᠲᠡᠭᠡᠨ ᠬᠠᠮᠢᠶᠠᠷᠬᠤ ᠲᠣᠭᠲᠠᠴᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ ᠲᠡᠭᠦᠯᠳᠡᠷᠵᠢᠭᠦᠯᠬᠦ | ᠬᠡᠷᠡᠭᠲᠡᠶ᠃ | ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠃ ᠰᠠᠯᠪᠤᠷᠢ ᠠᠩᠭᠢ ᠨᠢ ᠪᠠᠴᠢᠮ ᠪᠠᠶᠢᠳᠠᠯ ᠢ ᠠᠷᠭᠠᠴᠠᠭᠠᠬᠤ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠦᠯᠲᠡ ᠵᠡᠷᠭᠡ ᠰᠠᠯᠠᠭ᠎ᠠ ᠮᠥᠴᠢᠷ ᠲᠠᠢ ᠢᠳᠡᠪᠬᠢᠲᠡᠶ ᠬᠤᠯᠪᠣᠭᠠᠯᠠᠨ ᠲᠤᠰᠬᠠᠶ ᠪᠠᠶᠢᠴᠠᠭᠠᠬᠤ ᠳᠤᠭᠤᠶᠢᠯᠠᠩ | ᠪᠠᠶᠢᠭᠤᠯᠵᠤ᠂ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠤᠬᠠᠶ ᠶᠢᠨ ᠲᠠᠯᠠᠪᠤᠷ ᠲᠤ ᠠᠰᠠᠭᠤᠯᠲᠠ ᠠᠰᠠᠭᠤᠬᠤ᠂ | ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠥᠨᠳᠥᠷ | ᠪᠠᠷᠢᠯᠭ᠎ᠠ ᠶᠢᠨ ᠨᠡᠶᠢᠲᠡᠯᠢᠭ ᠴᠢᠨᠠᠷᠲᠠᠶ ᠠᠰᠠᠭᠤᠳᠠᠯ᠂ ᠲᠣᠪᠤᠶᠢᠮ᠎ᠠ ᠠᠶᠤᠯ ᠲᠦᠭᠰᠢᠭᠦᠷᠢ ᠶᠢ ᠪᠥᠬᠦ ᠲᠠᠯ᠎ᠠ ᠪᠠᠷ | ᠪᠠᠶᠢᠴᠠᠭᠠᠪᠠ᠃ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ ᠳᠤᠭᠤᠶᠢᠯᠠᠩ ᠨᠢ ᠠᠰᠠᠭᠤᠳᠠᠯ ᠤᠨ | ᠨᠠᠷᠢᠨ ᠲᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠴᠡᠭᠴᠡᠯᠡᠨ ᠰᠠᠶᠢᠵᠢᠷᠠᠭᠤᠯᠬᠤ | ᠴᠠᠭ ᠤᠨ ᠬᠢᠵᠠᠭᠠᠷ ᠪᠣᠯᠤᠨ ᠬᠠᠷᠢᠭᠤᠴᠠᠯᠭᠠᠲᠠᠨ ᠢ ᠲᠣᠳᠣᠷᠬᠠᠶᠢᠯᠠᠬᠤ ᠶᠢᠨ ᠬᠠᠮᠲᠤ᠂ ᠴᠠᠭ ᠲᠤᠬᠠᠶ ᠳᠤᠨᠢ ᠴᠡᠭᠴᠡᠯᠡᠨ | ᠰᠠᠶᠢᠵᠢᠷᠠᠭᠤᠯᠬᠤ ᠪᠠᠷ ᠰᠢᠮᠳᠠᠭᠤᠯᠵᠤ᠂ ᠠᠵᠢᠯ ᠤᠨ ᠪᠢᠲᠡᠭᠦᠦ ᠭᠤᠭᠴᠤᠭ᠎ᠠ ᠶᠢ ᠦᠨᠡᠨ ᠬᠦ ᠪᠦᠷᠢᠯᠳᠦᠭᠦᠯᠬᠦ ᠶᠢ | ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠪᠠᠶᠢᠴᠠᠭᠠᠬᠤ ᠳᠤᠭᠤᠶᠢᠯᠠᠩ ᠪᠠᠰᠠ ᠥᠨᠳᠥᠷ ᠪᠠᠷᠢᠯᠭ᠎ᠠ ᠶᠢᠨ | ᠬᠠᠮᠢᠶᠠᠷᠤᠭᠴᠢ᠂ ᠬᠠᠷᠢᠭᠤᠴᠠᠯᠭᠠᠲᠠᠨ ᠲᠠᠢ ᠨᠢᠭᠤᠷᠳᠠᠨ ᠶᠠᠷᠢᠯᠴᠠᠵᠤ᠂ ᠲᠡᠳᠡᠨ ᠤ ᠭᠠᠯ ᠤᠨᠲᠠᠷᠠᠭᠠᠬᠤ ᠠᠮᠤᠷ | ᠲᠦᠪᠰᠢᠨ ᠤ ᠤᠬᠠᠮᠰᠠᠷ ᠪᠠ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠤᠬᠠᠮᠰᠠᠷ ᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠪᠣᠳᠠᠲᠠᠶ ᠳᠤ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ | ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠬᠦ᠃ ᠰᠠᠯᠪᠤᠷᠢ ᠠᠩᠭᠢ ᠨᠢ ᠡᠯ᠎ᠡ ᠠᠩᠭᠢ | ᠥᠷᠲᠡᠭᠡ ᠶᠢ ᠵᠣᠬᠢᠶᠠᠨ ᠪᠠᠶᠢᠭᠤᠯᠵᠤ ᠥᠨᠳᠥᠷ ᠪᠠᠷᠢᠯᠭ᠎ᠠ ᠶᠢᠨ ᠪᠦᠲᠦᠴᠡ᠂ ᠭᠠᠯ ᠤᠨᠲᠠᠷᠠᠭᠠᠬᠤ ᠪᠡᠯᠡᠳᠬᠡᠮᠵᠢ᠂ | ᠴᠢᠳᠠᠮᠵᠢ ᠶᠢᠨ ᠪᠠᠶᠢᠷᠢᠰᠢᠭᠤᠯᠤᠯᠲᠠ ᠵᠡᠷᠭᠡ ᠶᠢ ᠪᠣᠯᠪᠠᠰᠤᠷᠠᠩᠭᠤᠶ ᠰᠣᠷᠢᠯᠲᠠ ᠬᠢᠵᠦ᠂ ᠬᠠᠮᠤᠭ ᠤᠨ ᠬᠦᠴᠢᠷᠲᠡᠶ᠂ | ᠬᠠᠮᠤᠭ ᠤᠨ ᠴᠢᠩᠭ᠎ᠠ᠂ ᠬᠠᠮᠤᠭ ᠤᠨ ᠠᠰᠢᠭ ᠦᠭᠡᠶ ᠨᠥᠬᠦᠴᠡᠯ ᠳᠣᠣᠷ᠎ᠠ ᠭᠠᠯ ᠤᠨᠲᠠᠷᠠᠭᠠᠵᠤ ᠠᠪᠤᠷᠠᠨ ᠲᠤᠰᠠᠯᠠᠬᠤ | ᠬᠡᠷᠡᠭᠴᠡᠭᠡ ᠠᠴᠠ ᠪᠣᠯᠵᠤ ᠭᠠᠮᠰᠢᠭ ᠤᠨ ᠪᠠᠶᠢᠳᠠᠯ ᠢ ᠲᠣᠭᠲᠠᠭᠠᠨ᠂ ︽ᠵᠢᠩᠬᠢᠨᠢ ᠪᠣᠯᠪᠠᠰᠤᠷᠠᠯ᠂ ᠪᠣᠳᠠᠲᠤ ᠰᠣᠷᠢᠯᠲᠠ︾ | ᠶᠢᠨ ᠱᠠᠭᠠᠷᠳᠠᠯᠭ᠎ᠠ ᠶᠣᠰᠣᠭᠠᠷ᠂ ᠪᠣᠳᠠᠲᠤ ᠭᠠᠵᠠᠷ ᠲᠤᠨᠢ ᠪᠣᠳᠠᠲᠠᠶ ᠰᠣᠷᠢᠯᠲᠠ ᠬᠢᠬᠦ ᠬᠡᠷᠡᠭᠲᠡᠶ᠃ ᠡᠭᠦᠨ ᠤ ᠬᠠᠮᠲᠤ᠂ | ᠪᠠᠰᠠ ᠥᠨᠳᠥᠷ ᠪᠠᠷᠢᠯᠭ᠎ᠠ ᠶᠢᠨ ᠬᠠᠮᠢᠶ᠎ᠠ ᠪᠥᠬᠦᠶ ᠪᠦᠲᠦᠴᠡ᠂ ᠳᠣᠲᠣᠭᠠᠳᠤ ᠶᠢᠨ ᠲᠣᠭᠲᠠᠮᠠᠯ ᠭᠠᠯ ᠤᠨᠲᠠᠷᠠᠭᠠᠬᠤ | ᠪᠡᠯᠡᠳᠬᠡᠮᠵᠢ᠂ ᠠᠶᠤᠯ ᠲᠦᠭᠰᠢᠭᠦᠷᠢ ᠶᠢᠨ ᠬᠤᠤᠷ ᠬᠥᠨᠥᠭᠡᠯ ᠵᠢᠴᠢ ᠭᠠᠯ ᠲᠦᠢᠮᠡᠷ ᠢ ᠤᠨᠲᠠᠷᠠᠭᠠᠬᠤ ᠳᠤᠮᠳᠠᠬᠢ | ᠰᠢᠢᠳᠪᠦᠷᠢᠯᠡᠬᠦ ᠳᠤ ᠬᠦᠴᠢᠷ ᠪᠠ ᠬᠠᠮᠢᠶᠠᠷᠤᠨ ᠡᠵᠡᠮᠳᠡᠬᠦ ᠴᠢᠬᠤᠯᠠ ᠲᠦᠷᠢᠮ ᠢ ᠵᠣᠬᠢᠶᠠᠨ ᠪᠠᠶᠢᠭᠤᠯᠤᠨ | ᠰᠤᠷᠤᠯᠴᠠᠬᠤ ᠶᠢᠨ ᠬᠠᠮᠲᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠴᠡᠷᠢᠭ ᠤᠨ | ᠬᠤᠸᠠᠷᠠᠨ ᠤ ᠪᠣᠯᠪᠠᠰᠤᠷᠠᠯ ᠤᠨ ᠰᠤᠪᠤᠷᠭ᠎ᠠ ᠪᠠᠷ ᠳᠠᠭᠤᠷᠢᠶᠠᠮᠠᠯ ᠡᠲᠡᠭᠡᠳ ᠪᠣᠯᠭᠠᠵᠤ᠂ ᠥᠨᠳᠥᠷ ᠪᠠᠷᠢᠯᠭ᠎ᠠ ᠶᠢᠨ ᠭᠠᠯ | ᠲᠦᠢᠮᠡᠷ ᠢ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠨ ᠡᠵᠡᠮᠳᠡᠬᠦ ᠪᠣᠯᠪᠠᠰᠤᠷᠠᠯ ᠢ ᠥᠷᠨᠢᠭᠦᠯᠪᠡ᠃ | ᠤᠬᠠᠭᠤᠯᠭ᠎ᠠ ᠶᠢᠨ ᠳᠠᠭᠠᠷᠢᠯᠲᠠ ᠶᠢ ᠴᠢᠩᠭᠠᠳᠬᠠᠬᠤ᠃ ᠰᠠᠯᠪᠤᠷᠢ ᠠᠩᠭᠢ ᠨᠢ ᠲᠧᠯᠸᠢᠰ᠂ ᠷᠠᠳᠢᠣ᠋ ᠨᠡᠪᠲᠡᠷᠡᠭᠦᠯᠭᠡ | ᠂ ᠰᠢᠨ᠎ᠡ ᠵᠠᠭᠤᠴᠢᠯᠠᠭᠤᠷ ᠤᠨ ᠲᠠᠪᠴᠠᠩ ᠵᠢᠴᠢ ᠠᠰᠠᠷ ᠠᠰᠠᠷ ᠤᠨ ᠲᠧᠯᠸᠢᠰ᠂ ᠴᠠᠬᠢᠯᠭᠠᠨ ᠱᠠᠲᠤ ᠶᠢᠨ ᠵᠠᠷ | ᠮᠡᠳᠡᠭᠡ ᠶᠢᠨ ᠫᠠᠶᠢᠰᠠ᠂ ᠨᠡᠶᠢᠭᠡᠮ ᠲᠣᠭᠤᠷᠢᠭ ᠤᠨ ᠤᠬᠠᠭᠤᠯᠭ᠎ᠠ ᠶᠢᠨ ᠪᠤᠯᠤᠩ ᠵᠡᠷᠭᠡ ᠡᠯ᠎ᠡ ᠲᠥᠷᠥᠯ ᠤᠨ | ᠵᠠᠭᠤᠴᠢᠯᠠᠭᠤᠷ ᠪᠣᠯᠤᠨ ᠵᠢᠭᠰᠠᠭᠠᠯ ᠤᠨ ᠭᠠᠵᠠᠷ ᠢ ᠭᠦᠢᠴᠡᠳ ᠠᠰᠢᠭᠯᠠᠨ᠂ ᠭᠠᠯ ᠤᠨᠲᠠᠷᠠᠭᠠᠵᠤ ᠠᠶᠤᠯ ᠠᠴᠠ | ᠬᠠᠮᠠᠭᠠᠯᠠᠬᠤ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠨᠡᠶᠢᠲᠡ ᠣᠯᠠᠨ ᠢ ᠬᠥᠮᠦᠵᠢᠭᠦᠯᠦᠨ ᠬᠥᠲᠥᠯᠥᠨ | ᠵᠢᠯᠣᠭᠤᠳᠴᠤ ᠪᠠᠶᠢᠭᠠᠳ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠳᠦᠷᠢᠮ ᠲᠣᠭᠲᠠᠭᠠᠯ ᠢ ᠤᠬᠠᠮᠰᠠᠷ ᠠᠴᠠ ᠨᠢ | ᠵᠢᠷᠤᠮᠯᠠᠭᠤᠯᠬᠤ ᠬᠡᠷᠡᠭᠲᠡᠶ᠃ ᠡᠭᠦᠨ ᠤ ᠵᠡᠷᠭᠡᠴᠡᠪᠡᠷ᠂ ᠲᠤᠤᠷᠴᠢᠯᠠᠯ ᠤᠨ ᠠᠵᠢᠯᠳᠠᠨ᠂ ᠨᠡᠶᠢᠭᠡᠮ ᠲᠣᠭᠤᠷᠢᠭ᠂ ᠭᠠᠯ | ᠤᠨᠲᠠᠷᠠᠭᠠᠬᠤ ᠰᠠᠶᠢᠨ ᠳᠤᠷ᠎ᠠ ᠶᠢᠨ ᠠᠵᠢᠯᠯᠠᠭᠰᠠᠳ ᠵᠢᠴᠢ ᠦᠨᠳᠦᠰᠦᠨ ᠱᠠᠲᠤᠨ ᠤ ᠲᠣᠮᠢᠯᠠᠭᠰᠠᠨ ᠰᠠᠯᠪᠤᠷᠢ ᠵᠡᠷᠭᠡ | ᠬᠦᠴᠦᠨ ᠢ ᠲᠠᠶᠢᠴᠢᠯᠠᠵᠤ᠂ ᠡᠷᠥᠭᠡ ᠲᠤ ᠣᠷᠣᠬᠤ ᠮᠠᠶ᠋ᠢᠭ ᠤᠨ ᠭᠠᠯ ᠤᠨᠲᠠᠷᠠᠭᠠᠬᠤ ᠤᠬᠠᠭᠤᠯᠭ᠎ᠠ ᠶᠢ ᠥᠷᠨᠢᠭᠦᠯᠦᠨ᠂ | ᠤᠯᠠᠨ ᠨᠡᠶᠢᠳᠡ ᠲᠤ ᠪᠠᠶᠢᠭ᠎ᠠ ᠪᠠᠷᠢᠯᠭ᠎ᠠ ᠶᠢᠨ ᠢᠶᠠᠨ ᠭᠠᠯ ᠤᠨ ᠠᠶᠤᠯ ᠤᠨ ᠲᠦᠭᠰᠢᠭᠦᠷᠢᠲᠦ ᠴᠢᠨᠠᠷ᠂ ᠲᠠᠷᠬᠠᠭᠠᠬᠤ | ᠵᠠᠮ ᠱᠤᠭᠤᠮ ᠪᠣᠯᠤᠨ ᠠᠮᠤᠷ ᠲᠦᠪᠰᠢᠨ ᠭᠠᠷᠬᠤ ᠭᠠᠵᠠᠷ ᠵᠢᠴᠢ ᠭᠠᠯ ᠤᠨᠲᠠᠷᠠᠭᠠᠬᠤ ᠪᠠᠭᠠᠵᠢ ᠮᠠᠲ᠋ᠧᠷᠢᠶᠠᠯ ᠪᠣᠯᠤᠨ | ᠠᠮᠢ ᠵᠢᠭᠤᠲᠠᠬᠤ ᠲᠥᠬᠦᠭᠡᠷᠦᠮᠵᠢ ᠶᠢᠨ ᠬᠡᠷᠡᠭᠯᠡᠬᠦ ᠠᠷᠭ᠎ᠠ ᠶᠢ ᠣᠶᠢᠯᠠᠭᠠᠬᠤ ᠶᠢ ᠰᠠᠨᠠᠭᠤᠯᠬᠤ ᠬᠡᠷᠡᠭᠲᠡᠢ᠃ ᠡᠭᠦᠨ ᠠᠴᠠ | ᠭᠠᠳᠠᠨ᠎ᠠ᠂ ᠰᠠᠯᠪᠤᠷᠢ ᠠᠩᠭᠢ ᠪᠠᠰᠠ ᠰᠠᠭᠤᠭᠠᠯᠢ ᠠᠷᠠᠳ ᠢ ᠵᠣᠬᠢᠶᠠᠨ ᠪᠠᠶᠢᠭᠤᠯᠵᠤ ᠳᠡᠷᠭᠡᠳᠡᠬᠢ ᠭᠠᠯ ᠤᠨ ᠠᠶᠤᠯ ᠤᠨ | ᠬᠡᠮ ᠰᠣᠭᠤᠭ ᠢ ᠢᠳᠡᠪᠬᠢᠲᠡᠶ ᠪᠠᠶᠢᠴᠠᠭᠠᠨ ᠥᠭᠡᠷᠡᠴᠢᠯᠡᠵᠦ᠂ ᠥᠨᠳᠥᠷ ᠪᠠᠷᠢᠯᠭ᠎ᠠ ᠶᠢᠨ ᠠᠮᠤᠷ ᠲᠦᠪᠰᠢᠨ ᠢ | ᠬᠠᠮᠲᠤ ᠪᠠᠷ ᠬᠠᠮᠠᠭᠠᠯᠠᠪᠠ᠃ |