ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠰᠠᠭᠤᠷᠢ ᠲᠤᠭ᠎ᠠ ᠪᠠᠷᠢᠮᠲᠠ ᠶᠢ ᠰᠢᠨᠡᠳᠬᠡᠨ ᠬᠡᠷᠡᠭᠯᠡᠬᠦ 2024 ᠣᠨ ᠤ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠤᠷᠠᠯ ᠪᠡᠭᠡᠵᠢᠩ ᠳᠤ ᠬᠤᠷᠠᠯᠳᠤᠪᠠ
ᠨᠡᠶᠢᠲᠡᠯᠡᠭᠰᠡᠨ ᠴᠠᠭ᠄
2024/12/16
    12 ᠰᠠᠷ᠎ᠠ ᠶᠢᠨ 6 ᠤ ᠡᠳᠦᠷ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠰᠠᠭᠤᠷᠢ ᠲᠤᠭ᠎ᠠ ᠪᠠᠷᠢᠮᠲᠠ ᠶᠢ ᠰᠢᠨᠡᠳᠬᠡᠨ ᠬᠡᠷᠡᠭᠯᠡᠬᠦ 2024 ᠣᠨ ᠤ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠤᠷᠠᠯ ᠪᠡᠭᠡᠵᠢᠩ ᠳᠤ ᠬᠤᠷᠠᠯᠳᠤᠪᠠ᠃ ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠯᠤᠰ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠵᠥᠪᠯᠡᠯ ᠤᠨ ᠬᠤᠯᠪᠣᠭᠳᠠᠯ ᠪᠥᠬᠦᠶ ᠠᠵᠢᠯ ᠤᠨ ᠪᠠᠶᠢᠷᠢᠯᠠᠭᠤᠯᠤᠯᠲᠠ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠤᠨ ᠲᠤᠭ᠎ᠠ ᠪᠠᠷᠢᠮᠲᠠ ᠶᠢ ᠰᠢᠨᠡᠳᠬᠡᠬᠦ᠂ ᠰᠠᠭᠤᠷᠢ ᠲᠤᠭ᠎ᠠ ᠪᠠᠷᠢᠮᠲᠠ ᠶᠢᠨ ᠬᠥᠮᠥᠷᠭᠡ ᠶᠢ ᠠᠵᠢᠯᠯᠠᠭᠤᠯᠬᠤ᠂ ᠦᠷ᠎ᠡ ᠪᠦᠲᠦᠭᠡᠯ ᠢ ᠬᠡᠷᠡᠭᠯᠡᠬᠦ ᠵᠡᠷᠭᠡ ᠠᠬᠢᠴᠠ ᠶᠢᠨ ᠪᠠᠶᠢᠳᠠᠯ ᠢ ᠪᠥᠬᠦ ᠲᠠᠯ᠎ᠠ ᠪᠠᠷ ᠡᠮᠬᠢᠯᠡᠵᠦ᠂ ᠣᠷᠣᠰᠢᠵᠤ ᠪᠠᠶᠢᠭ᠎ᠠ ᠬᠦᠴᠢᠷᠳᠡᠯ ᠢ ᠵᠠᠳᠠᠯᠵᠤ᠂ 2025 ᠣᠨ ᠤ ᠠᠵᠢᠯ ᠤᠨ ᠭᠤᠤᠯᠳᠠᠯᠭ᠎ᠠ ᠶᠢ ᠰᠤᠳᠤᠯᠪᠠ᠃    ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠶᠡᠷᠦᠩᠬᠡᠶᠢᠯᠡᠭᠰᠡᠨ ᠭᠠᠮᠰᠢᠭ ᠢ ᠪᠠᠭᠠᠰᠬᠠᠬᠤ ᠪᠠ ᠥᠭᠡᠷᠡᠴᠢᠯᠡᠯᠲᠡ ᠶᠢ ᠵᠣᠬᠢᠴᠠᠭᠤᠯᠬᠤ ᠵᠤᠷᠭᠠᠨ ᠨᠢ ᠤᠯᠤᠰ ᠤᠨ ᠭᠠᠮᠰᠢᠭ ᠢ ᠪᠠᠭᠠᠰᠬᠠᠬᠤ ᠲᠥᠪ᠂ ᠲᠣᠮᠣ ᠳ᠋ᠠᠶᠢᠲ᠋ᠠ ᠶᠢᠨ ᠲᠥᠪ ᠲᠠᠢ ᠬᠠᠮᠲᠤᠷᠠᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠰᠠᠭᠤᠷᠢ ᠳ᠋ᠠᠶᠢᠲ᠋ᠠ ᠶᠢ ᠰᠢᠨᠡᠳᠬᠡᠨ ᠬᠡᠷᠡᠭᠯᠡᠬᠦ 2024 ᠣᠨ ᠤ ᠡᠭᠦᠷᠭᠡ ᠶᠢ ᠨᠠᠶᠢᠳᠠᠪᠤᠷᠢᠵᠢᠭᠤᠯᠤᠭᠰᠠᠨ ᠶᠡᠷᠦᠩᠬᠡᠶ ᠪᠠᠶᠢᠳᠠᠯ ᠢ ᠳ᠋ᠦᠩᠨᠡᠵᠦ᠂ ᠡᠯ᠎ᠡ ᠭᠠᠵᠠᠷ ᠤᠨ ᠳ᠋ᠠᠶᠢᠲ᠋ᠠ ᠶᠢᠨ ᠰᠢᠨᠡᠳᠬᠡᠯ ᠪᠠ ᠰᠠᠭᠤᠷᠢ ᠳ᠋ᠠᠶᠢᠲ᠋ᠠ ᠬᠥᠮᠥᠷᠭᠡ ᠶᠢᠨ ᠠᠵᠢᠯᠯᠠᠭᠠᠨ ᠤ ᠪᠠᠶᠢᠳᠠᠯ ᠢ ᠵᠠᠷᠯᠠᠨ ᠮᠡᠳᠡᠭᠳᠡᠪᠡ᠃ ᠾᠧᠪᠧᠶ᠂ ᠵᠧᠵᠢᠶᠠᠩ᠂ ᠬᠤᠪᠧᠶ᠂ ᠰᠧᠴᠦᠧᠠᠨ᠂ ᠨᠢᠩᠰᠢᠶᠠ ᠵᠡᠷᠭᠡ 5 ᠮᠤᠵᠢ ︵ᠣᠷᠣᠨ︶ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠰᠠᠭᠤᠷᠢ ᠲᠤᠭ᠎ᠠ ᠪᠠᠷᠢᠮᠲᠠ ᠶᠢᠨ ᠰᠢᠨᠡᠴᠢᠯᠡᠯᠲᠡ ᠪᠠ ᠬᠡᠷᠡᠭᠯᠡᠭᠡᠨ ᠤ ᠲᠤᠷᠰᠢᠯᠭ᠎ᠠ ᠬᠢᠳᠡᠯ ᠢ ᠬᠤᠪᠢᠶᠠᠯᠴᠠᠵᠤ᠂ ᠬᠤᠷᠠᠯ ᠳᠤ ᠣᠷᠣᠯᠴᠠᠭᠰᠠᠳ ᠰᠠᠭᠤᠷᠢ ᠲᠤᠭ᠎ᠠ ᠪᠠᠷᠢᠮᠲᠠ ᠶᠢ ᠰᠢᠨᠡᠳᠬᠡᠬᠦ᠂ ᠦᠷ᠎ᠡ ᠪᠦᠲᠦᠭᠡᠯ ᠢ ᠬᠡᠷᠡᠭᠯᠡᠬᠦ᠂ ᠶᠡᠷᠦᠩᠬᠡᠶᠢᠯᠡᠭᠰᠡᠨ ᠠᠶᠤᠯ ᠲᠦᠭᠰᠢᠭᠦᠷᠢ ᠪᠠ ᠭᠠᠮᠰᠢᠭ ᠢ ᠪᠠᠭᠠᠰᠬᠠᠬᠤ ᠴᠢᠳᠠᠪᠤᠷᠢ ᠶᠢ ᠦᠨᠡᠯᠡᠨ ᠵᠢᠱᠢᠬᠦ ᠲᠦᠷᠢᠮ ᠤᠨ ᠪᠠᠶᠢᠭᠤᠯᠤᠯᠲᠠ ᠵᠡᠷᠭᠡ ᠠᠵᠢᠯ ᠤᠨ ᠲᠣᠭᠤᠷᠢᠨ ᠳᠤ ᠰᠠᠨᠠᠯ ᠢᠶᠠᠨ ᠭᠦᠢᠴᠡᠳ ᠰᠣᠯᠢᠯᠴᠠᠨ ᠶᠠᠷᠢᠯᠴᠠᠪᠠ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号