12 ᠰᠠᠷ᠎ᠠ ᠶᠢᠨ 13 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠯ ᠪᠣᠯᠣᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠦ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠪᠣᠯ ᠠᠵᠤ ᠠᠬᠤᠢ ᠶᠢᠨ | ᠠᠵᠢᠯ ᠢ ᠰᠠᠶᠢᠲᠤᠷ ᠬᠢᠬᠦ ᠶᠢᠨ ᠦᠨᠳᠦᠰᠦᠨ ᠪᠠᠲᠤᠯᠠᠭ᠎ᠠ ᠮᠥᠨ᠂ ᠤᠬᠠᠮᠰᠠᠷ ᠠᠴᠠ ᠪᠠᠨ ᠪᠠᠶᠢᠳᠠᠯ ᠬᠠᠨᠳᠤᠰᠢ ᠶᠢᠨ | ᠲᠤᠬᠠᠢ ᠨᠠᠮ ᠤᠨ ᠲᠥᠪ ᠬᠤᠷᠢᠶ᠎ᠠ ᠶᠢᠨ ᠰᠢᠨᠵᠢᠯᠡᠬᠦ ᠤᠬᠠᠭᠠᠨᠴᠢ ᠮᠠᠭᠠᠳᠯᠠᠯᠲᠠ ᠪᠠᠷ ᠦᠵᠡᠯ ᠰᠠᠨᠠᠭ᠎ᠠ ᠪᠠᠨ | ᠨᠢᠭᠡᠳᠬᠡᠵᠦ᠂ ᠵᠣᠷᠢᠭ ᠰᠠᠨᠠᠭ᠎ᠠ ᠪᠠᠨ ᠨᠢᠭᠡᠳᠬᠡᠵᠦ᠂ ᠦᠢᠯᠡ ᠠᠵᠢᠯᠯᠠᠭ᠎ᠠ ᠪᠠᠨ ᠨᠢᠭᠡᠳᠬᠡᠵᠦ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠬᠥᠭᠵᠢᠯᠲᠡ ᠶᠢᠨ ᠢᠲᠡᠭᠡᠯ | ᠵᠣᠷᠢᠭ ᠢᠶᠠᠨ ᠬᠥᠪᠴᠢᠯᠡᠵᠦ᠂ ᠪᠣᠳᠠᠲᠠᠢ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠤᠷᠠᠯ ᠤᠨ ᠵᠣᠷᠢᠭ | ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ᠃ ᠡᠨᠡ | ᠵᠢᠯ ᠤᠨ ᠠᠵᠤ ᠠᠬᠤᠢ ᠶᠢᠨ ᠬᠥᠭᠵᠢᠯᠲᠡ ᠶᠢᠨ ᠠᠵᠢᠯ ᠢ ᠪᠦᠭᠦ ᠲᠠᠯ᠎ᠠ ᠪᠠᠷ ᠳ᠋ᠦᠩᠨᠡᠵᠦ᠂ ᠠᠰᠠᠭᠤᠳᠠᠯ ᠢᠶᠠᠷ | ᠤᠳᠤᠷᠢᠳᠤᠮᠵᠢ ᠪᠤᠯᠭᠠᠬᠤ ᠶᠢ ᠪᠠᠷᠢᠮᠲᠠᠯᠠᠨ ᠢᠷᠡᠬᠦ ᠵᠢᠯ ᠤᠨ ᠡᠯ᠎ᠡ ᠵᠦᠢᠯ ᠤᠨ ᠡᠭᠦᠷᠭᠡ ᠶᠢ ᠰᠠᠶᠢᠲᠤᠷ | ᠲᠥᠯᠥᠪᠵᠢᠭᠦᠯᠵᠦ᠂ ᠬᠦᠴᠢᠷ ᠢ ᠰᠥᠷᠦᠨ ᠤᠷᠤᠭᠰᠢᠯᠠᠵᠤ᠂ ᠬᠦᠴᠦᠯᠡᠨ ᠴᠢᠷᠮᠠᠶᠢᠵᠤ ᠵᠢᠳᠬᠦᠯ ᠴᠢᠷᠮᠠᠶᠢᠯᠭ᠎ᠠ ᠭᠠᠷᠭᠠᠵᠤ᠂ | ᠡᠷᠡᠰ ᠭᠤᠶᠢᠪᠢᠰᠢ ᠦᠭᠡᠢ ᠪᠠᠷ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠥᠷᠪᠡᠳᠦᠭᠡᠷ ᠤᠳᠠᠭ᠎ᠠ ᠶᠢᠨ ︽ᠨᠢᠭᠡ ᠪᠦᠰᠡ ᠨᠢᠭᠡ ᠵᠠᠮ︾ | ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠶᠢ | ᠲᠦᠷᠭᠡᠳᠬᠡᠵᠦ᠂ ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ ᠴᠢᠷᠮᠠᠶᠢᠨ ᠪᠤᠵᠠᠭᠠᠶᠢᠷᠠᠭᠤᠯᠵᠤ᠂ ᠨᠡᠭᠡᠭᠡᠯᠲᠡ ᠶᠢᠨ | ᠲᠠᠪᠴᠠᠩ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠠᠳᠠᠭᠠᠳᠤ ᠪᠡᠯᠡ ᠶᠢ ᠬᠡᠷᠡᠭᠯᠡᠬᠦ ᠡᠷᠴᠢᠮ ᠢᠶᠠᠨ | ᠴᠢᠩᠭᠠᠷᠠᠭᠤᠯᠵᠤ᠂ ᠥᠨᠳᠥᠷ ᠲᠦᠪᠰᠢᠨ ᠪᠦᠬᠦᠢ ᠭᠠᠳᠠᠭᠠᠳᠤ ᠬᠠᠮᠲᠤᠷᠠᠯᠴᠠᠭ᠎ᠠ ᠰᠣᠯᠢᠯᠴᠠᠭ᠎ᠠ ᠥᠷᠨᠢᠭᠦᠯᠵᠦ᠂ ︽ᠭᠠᠷ | ᠳᠠᠮᠵᠢᠪᠠᠴᠤ ᠠᠰᠢᠭ ᠭᠦᠷᠳᠡᠭᠦ ᠦᠭᠡᠢ︾ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠮᠠᠨ ᠤ ᠤᠯᠤᠰ ᠤᠨ ᠤᠮᠠᠷᠠᠰᠢ | ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠰᠢᠨ᠎ᠡ ᠶᠢ ᠡᠭᠦᠳᠬᠦ ᠬᠤᠯᠪᠣᠭᠠᠲᠤ | ᠴᠣᠭᠴᠠ ᠶᠢᠨ ᠪᠠᠶᠢᠭᠤᠯᠤᠯᠲᠠ᠂ ᠲᠠᠷᠢᠶᠠᠯᠠᠩ ᠤᠨ ᠲᠤᠰᠠᠯᠠᠬᠤ ᠢᠳᠡᠭᠡᠨ ᠤ ᠡᠳ᠋ᠰᠢᠭᠦᠯᠦᠨ ᠪᠤᠯᠪᠠᠰᠤᠷᠠᠭᠤᠯᠬᠤ | ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ᠂ ᠳ᠋ᠠᠶᠢᠲ᠋ᠠ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ᠂ | ᠳᠠᠪᠠᠭᠤᠯᠢᠭᠲᠤ ᠥᠷᠢᠰᠦᠯᠳᠦᠭᠡᠨ ᠤ ᠪᠡᠶ᠎ᠡ ᠶᠢᠨ ᠲᠠᠮᠢᠷ ᠤᠨ ᠥᠭᠡᠷᠡᠴᠢᠯᠡᠯᠲᠡ ᠪᠣᠯᠣᠨ ᠥᠷᠢᠰᠦᠯᠳᠦᠭᠡᠨ ᠤ ᠪᠡᠶ᠎ᠡ ᠶᠢᠨ | ᠲᠠᠮᠢᠷ ᠤᠨ ᠰᠢᠯᠢᠳᠡᠭ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠡᠷᠭᠡ ᠲᠠᠪᠤᠨ ᠥᠭᠡᠷᠡᠴᠢᠯᠡᠯᠲᠡ ᠶᠢᠨ ᠲᠥᠰᠥᠯ ᠢ | ᠬᠢᠨᠠᠨ ᠵᠥᠪᠯᠡᠵᠦ ᠪᠠᠲᠤᠯᠠᠪᠠ᠃ ᠠᠵᠤ ᠦᠢᠯᠡᠰ ᠤᠨ ᠬᠥᠭᠵᠢᠯᠲᠡ ᠶᠢᠨ ᠰᠡᠳᠬᠢᠮᠵᠢ ᠶᠢ ᠤᠯᠠᠮ ᠨᠢᠭᠡ ᠠᠯᠬᠤᠮ | ᠲᠣᠳᠣᠷᠬᠠᠢ ᠪᠤᠯᠭᠠᠵᠤ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ | ᠪᠣᠯᠪᠠᠰᠤᠷᠠᠩᠭᠤᠢ ᠪᠣᠯᠤᠭᠰᠠᠨ ᠢ ᠨᠢ ᠤᠷᠢᠳ ᠢᠶᠠᠷ ᠬᠢᠵᠦ᠂ ᠠᠵᠤ ᠦᠢᠯᠡᠰ ᠤᠨ ᠬᠡᠯᠬᠢᠶ᠎ᠡ ᠪᠣᠯᠣᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠭᠡᠷᠡᠭᠲᠡᠶ︔ ᠵᠠᠬ᠎ᠠ | ᠳᠡᠯᠭᠡᠭᠦᠷ ᠤᠨ ᠦᠢᠯᠡᠳᠦᠯ ᠢ ᠴᠢᠩᠭᠠᠳᠬᠠᠵᠤ᠂ ᠮᠠᠨ ᠤ ᠣᠷᠣᠨ ᠤ ᠣᠨᠴᠠᠯᠢᠭ ᠢ ᠲᠣᠪᠤᠶᠢᠯᠭᠠᠨ᠂ ᠲᠠᠷᠢᠶᠠᠯᠠᠩ ᠤᠨ | ᠲᠤᠰᠠᠯᠠᠬᠤ ᠢᠳᠡᠭᠡᠨ ᠢ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ ᠲᠦᠪᠰᠢᠨ ᠢ ᠤᠯᠠᠮ ᠨᠢᠭᠡ ᠠᠯᠬᠤᠮ | ᠳᠡᠭᠡᠭᠰᠢᠯᠡᠭᠦᠯᠭᠦ ᠭᠡᠷᠡᠭᠲᠡᠶ︔ ᠪᠠᠶᠢᠭᠤᠯᠤᠯ ᠲᠣᠭᠲᠠᠴᠠ ᠶᠢ ᠰᠢᠯᠤᠭᠤᠳᠬᠠᠵᠤ᠂ ᠳ᠋ᠠᠶᠢᠲ᠋ᠠ ᠶᠢᠨ ︽ᠥᠨᠥᠴᠢᠨ ᠠᠷᠠᠯ︾ | ᠢ ᠡᠪᠳᠡᠵᠦ᠂ ᠲᠣᠭᠠᠴᠢᠯᠠᠯᠳᠠ ᠶᠢ ᠠᠵᠤ ᠦᠢᠯᠡᠰᠵᠢᠭᠦᠯᠬᠦ ᠪᠠ ᠠᠵᠤ ᠦᠢᠯᠡᠰ ᠢ ᠲᠣᠭᠠᠴᠢᠯᠠᠬᠤ ᠶᠢ ᠵᠡᠷᠭᠡ ᠪᠠᠷ | ᠠᠳᠬᠤᠬᠤ ᠶᠢ ᠪᠠᠷᠢᠮᠲᠠᠯᠠᠵᠤ᠂ ᠨᠡᠩ ᠤᠯᠠᠨ ᠳ᠋ᠠᠶᠢᠲ᠋ᠠ ᠶᠢᠨ ᠠᠵᠤ ᠦᠢᠯᠡᠰ ᠤᠨ ᠡᠵᠡᠩᠨᠡᠯᠲᠡ ᠶᠢᠨ ᠭᠡᠯᠪᠡᠷᠢ ᠶᠢ | ᠪᠤᠶᠢᠵᠢᠭᠤᠯᠬᠤ ᠭᠡᠷᠡᠭᠲᠡᠢ︔ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ | ᠠᠭᠤᠰᠤᠯᠴᠠᠯ ᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ | ᠥᠷᠢᠰᠦᠯᠳᠦᠭᠡᠨ ᠤ ᠪᠡᠶ᠎ᠡ ᠶᠢᠨ ᠲᠠᠮᠢᠷ ᠤᠨ ᠲᠦᠪᠰᠢᠨ ᠢ ᠳᠡᠭᠡᠭᠰᠢᠯᠡᠭᠦᠯᠭᠦ ᠶᠢ ᠴᠢᠬᠤᠯᠠᠴᠢᠯᠠᠨ᠂ ᠳᠠᠰᠬᠠᠯᠵᠢᠭᠤᠯᠤᠭᠴᠢ᠂ | ᠲᠠᠮᠢᠷᠴᠢᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠠᠨ ᠤ ᠣᠷᠣᠨ ᠤ ᠥᠷᠢᠰᠦᠯᠳᠦᠭᠡᠨ ᠤ ᠪᠡᠶ᠎ᠡ ᠶᠢᠨ | ᠲᠠᠮᠢᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠬᠤᠷᠠᠯ ᠠᠴᠠ 2024 ᠣᠨ ᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠦᠷᠢᠮ | ᠲᠣᠭᠲᠠᠭᠠᠯ ᠬᠠᠤᠯᠢ ᠲᠣᠭᠲᠠᠭᠠᠬᠤ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠢ ᠰᠣᠨᠣᠰᠴᠤ᠂ 2025 ᠣᠨ ᠤ | ᠵᠠᠰᠠᠭ ᠤᠨ ᠣᠷᠳᠣᠨ ᠤ ᠳᠦᠷᠢᠮ ᠲᠣᠭᠲᠠᠭᠠᠯ ᠬᠠᠤᠯᠢ ᠲᠣᠭᠲᠠᠭᠠᠬᠤ ᠲᠥᠯᠥᠪᠯᠡᠭᠡ ᠶᠢ ᠰᠤᠳᠤᠯᠪᠠ᠃ | ᠬᠤᠷᠠᠯ ᠠᠴᠠ ᠪᠠᠰᠠ ᠨᠡᠭᠦᠷᠡᠰᠦᠨ ᠤ ᠬᠠᠶᠠᠭᠳᠠᠮᠠᠯ ᠡᠬᠢ ᠪᠠᠶᠠᠯᠢᠭ ᠢ ᠠᠰᠢᠭᠯᠠᠬᠤ ᠠᠵᠢᠯ ᠢ ᠰᠤᠳᠤᠯᠪᠠ᠃ | |