ᠪᠠᠶᠠᠨᠨᠠᠭᠤᠷ ᠬᠤᠲᠠ᠄ ᠪᠠᠶᠠᠨᠨᠠᠭᠤᠷ ᠬᠤᠲᠠ ᠬᠠᠲᠤᠨ ᠭᠤᠤᠯ ᠤᠨ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2024/12/2
    11 ᠳ᠋ᠦ᠋ᠭᠡᠷ ᠰᠠᠷ᠎ᠠ ᠶᠢᠨ 27 ᠤ ᠡᠳᠦᠷ ᠤᠨ 9 ᠴᠠᠭ ᠲᠤ᠂ ᠬᠠᠲᠤᠨ ᠭᠤᠤᠯ ᠤᠨ ᠤᠷᠠᠳ ᠤᠨ ᠡᠮᠦᠨᠡᠲᠦ ᠬᠤᠰᠢᠭᠤᠨ ᠤ ᠭᠤᠷᠪᠠᠨ ᠨᠠᠭᠤᠷ ᠤᠨ ᠭᠤᠤᠯ ᠤᠨ ᠠᠮᠠᠰᠠᠷ ᠤᠨ ᠬᠡᠰᠡᠭ ᠲᠠᠬᠢ ᠬᠠᠯᠢᠶ᠎ᠠ ᠨᠢ ᠬᠠᠲᠤᠨ ᠭᠤᠤᠯ ᠤᠨ ᠪᠠᠶᠠᠨᠨᠠᠭᠤᠷ ᠤᠨ ᠬᠡᠰᠡᠭ 2024 - 2025 ᠣᠨ ᠤ ᠬᠠᠯᠢᠶ᠎ᠠ ᠦᠶᠡᠷ ᠤᠨ ᠬᠤᠭᠤᠴᠠᠭᠠᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃ 11 ᠳ᠋ᠦ᠋ᠭᠡᠷ ᠰᠠᠷ᠎ᠠ ᠶᠢᠨ 29 ᠤ ᠡᠳᠦᠷ ᠤᠨ 8 ᠴᠠᠭ ᠪᠣᠯᠲᠠᠯ᠎ᠠ᠂ ᠬᠠᠲᠤᠨ ᠭᠤᠤᠯ ᠤᠨ ᠤᠷᠠᠳ ᠤᠨ ᠡᠮᠦᠨᠡᠲᠦ ᠬᠤᠰᠢᠭᠤᠨ ᠤ ᠬᠤᠰᠢᠭᠤᠴᠢ ᠬᠡᠰᠡᠭ᠂ ᠰᠠᠨ ᠬᠤ ᠭᠤᠤᠯ ᠤᠨ ᠠᠳᠠᠭ ᠤᠨ ᠬᠡᠰᠡᠭ ᠤᠨ ᠰᠥᠩ ᠬᠠᠯᠢᠶ᠎ᠠ ᠶᠢᠨ ᠨᠢᠭᠲᠠᠴᠠ 30 %᠂ ᠪᠠᠷᠠᠭᠤᠨ ᠠᠭᠤᠯᠠ ᠶᠢᠨ ᠬᠡᠰᠡᠭ ᠤᠨ ᠰᠥᠩ ᠬᠠᠯᠢᠶ᠎ᠠ 10 %᠂ ᠪᠠᠶ ᠲᠤ ᠭᠧ ᠪᠥᠸᠧ ᠶᠢᠨ ᠬᠡᠰᠡᠭ ᠤᠨ ᠰᠥᠩ ᠬᠠᠯᠢᠶ᠎ᠠ 5 %᠂ ᠪᠢᠲᠡᠭᠦᠮᠵᠢᠯᠡᠭᠰᠡᠨ ᠤᠰᠤᠨ ᠤ ᠪᠠᠶᠢᠳᠠᠯ ᠲᠣᠭᠲᠠᠭᠤᠨ ᠪᠠᠶᠢᠨ᠎ᠠ᠃    ᠪᠠᠶᠠᠨᠨᠠᠭᠤᠷ ᠬᠤᠲᠠ ᠶᠢᠨ ᠬᠠᠲᠤᠨ ᠭᠤᠤᠯ ᠤᠨ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢᠨ ᠲᠤᠰᠠᠳᠠ᠂ ᠬᠤᠲᠠ᠂ ᠬᠤᠰᠢᠭᠤ ︵ᠰᠢᠶᠠᠨ᠂ ᠲᠣᠭᠤᠷᠢᠭ︶ ᠬᠤᠶᠠᠷ ᠱᠠᠲᠤ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠠᠷᠭᠠᠴᠠᠭᠠᠬᠤ ︽ᠵᠢᠷᠭᠤᠭᠠᠨ ᠰᠢᠰᠲ᠋ᠧᠮᠵᠢ︾ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠤᠷᠢᠳᠴᠢᠯᠠᠨ ᠲᠥᠯᠥᠪᠯᠡᠵᠦ᠂ ᠨᠠᠷᠢᠨ ᠨᠢᠮᠪᠠᠶ ᠪᠠᠶᠢᠷᠢᠯᠠᠭᠤᠯᠪᠠ᠃ ᠬᠤᠲᠠ ᠶᠢᠨ ᠦᠶᠡᠷ ᠢ ᠰᠡᠷᠭᠡᠶᠢᠯᠡᠬᠦ ᠠᠵᠢᠯ ᠤᠨ ᠠᠯᠪᠠᠨ ᠬᠡᠷ ︽2014 —2025 ᠣᠨ ᠤ ᠬᠠᠲᠤᠨ ᠭᠤᠤᠯ ᠤᠨ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠲᠤᠬᠠᠶ ᠪᠠᠶᠠᠨᠨᠠᠭᠤᠷ ᠬᠤᠲᠠ ᠶᠢᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠤᠨ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠬᠠᠲᠤᠨ ᠭᠤᠤᠯ ᠳᠠᠭᠠᠤ ᠶᠢᠨ ᠬᠤᠰᠢᠭᠤ ᠰᠢᠶᠠᠨ ᠲᠣᠭᠤᠷᠢᠭ ᠤᠨ ᠰᠥᠩ ᠬᠠᠯᠢᠶ᠎ᠠ ᠶᠢ ᠰᠡᠷᠭᠡᠶᠢᠯᠡᠬᠦ ᠬᠠᠷᠢᠭᠤᠴᠠᠯᠭ᠎ᠠ᠂ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠬᠤ᠂ ᠳᠠᠯᠳᠠ ᠬᠡᠮ ᠢ ᠴᠡᠭᠴᠡᠯᠡᠨ ᠵᠠᠰᠠᠬᠤ᠂ ᠡᠳ᠋ ᠪᠣᠳᠠᠰ ᠪᠣᠯᠤᠨ ᠡᠩᠨᠡᠭᠡ ᠶᠢᠨ ᠪᠡᠯᠡᠳᠬᠡᠯ ᠵᠡᠷᠭᠡ ᠡᠯ᠎ᠡ  ᠵᠦᠢᠯ ᠤᠨ ᠰᠥᠩ ᠬᠠᠯᠢᠶ᠎ᠠ ᠶᠢ ᠰᠡᠷᠭᠡᠶᠢᠯᠡᠬᠦ ᠪᠡᠯᠡᠳᠬᠡᠯ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠵᠢᠯᠣᠭᠤᠳᠴᠤ᠂ ᠳᠤᠤᠷ᠎ᠠ ᠳᠤᠯᠠᠭᠠᠨ ᠪᠣᠷᠣᠭᠠᠨ ᠴᠠᠰᠤ ᠮᠥᠰᠥᠲᠦᠯ ᠤᠨ ᠴᠠᠭ ᠠᠭᠤᠷ ᠵᠢᠴᠢ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠤᠨ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠰᠥᠩ ᠬᠠᠯᠢᠶ᠎ᠠ ᠶᠢ ᠰᠡᠷᠭᠡᠶᠢᠯᠡᠵᠦ ᠠᠷᠭᠠᠴᠠᠭᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ︔ ᠬᠠᠲᠤᠨ ᠭᠤᠤᠯ ᠳᠠᠭᠠᠤ ᠶᠢᠨ ᠡᠯ᠎ᠡ ᠭᠠᠵᠠᠷ ᠪᠣᠯᠤᠨ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠰᠥᠩ ᠬᠠᠯᠢᠶ᠎ᠠ ᠶᠢ ᠰᠣᠨᠣᠰᠤᠮᠠᠭᠴᠠ ᠪᠠᠨ ᠬᠥᠳᠡᠯᠦᠯᠴᠡᠵᠦ᠂ ᠡᠯ᠎ᠡ  ᠵᠦᠢᠯ ᠤᠨ ᠰᠡᠷᠭᠡᠶᠢᠯᠡᠨ ᠠᠷᠭᠠᠴᠠᠭᠠᠬᠤ ᠠᠵᠢᠯ ᠢ ᠥᠨᠳᠥᠷ ᠪᠦᠲᠦᠮᠵᠢᠲᠡᠶ ᠡᠮᠬᠢ ᠵᠢᠷᠤᠮ ᠲᠠᠢ ᠥᠷᠨᠢᠭᠦᠯᠵᠦ᠂ ᠰᠥᠩ ᠬᠠᠯᠢᠶ᠎ᠠ ᠦᠶᠡᠷ ᠤᠨ ᠭᠠᠮᠰᠢᠭ ᠢ ᠰᠡᠷᠭᠡᠶᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠠ᠃    ᠡᠨᠡ ᠵᠢᠯ ᠠᠴᠠ ᠨᠠᠭᠠᠰᠢ᠂ ᠪᠠᠶᠠᠨᠨᠠᠭᠤᠷ ᠬᠤᠲᠠ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠠᠷᠭᠠᠴᠠᠭᠠᠬᠤ ︽ᠵᠢᠷᠭᠤᠭᠠᠨ ᠰᠢᠰᠲ᠋ᠧᠮ︾ ᠢ ᠰᠢᠨ᠎ᠡ ᠪᠠᠷ ᠡᠭᠦᠳᠦᠨ ᠪᠠᠶᠢᠭᠤᠯᠤᠨ ᠪᠦᠷᠢᠨᠰᠢᠭᠦᠯᠵᠦ᠂ ᠬᠤᠷᠴᠠ ᠱᠠᠯᠠᠮᠠᠭᠠᠶ ᠥᠨᠳᠥᠷ ᠪᠦᠲᠦᠮᠵᠢᠲᠡᠶ ᠵᠣᠬᠢᠶᠠᠨ ᠪᠠᠶᠢᠭᠤᠯᠵᠤ ᠵᠢᠯᠣᠭᠤᠳᠬᠤ ᠰᠢᠰᠲ᠋ᠧᠮ᠂ ᠲᠣᠳᠣᠷᠬᠠᠶ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠰᠢᠰᠲ᠋ᠧᠮ᠂ ᠤᠷᠤᠭᠰᠢᠲᠠᠶ ᠪᠥᠭᠡᠳ ᠨᠠᠶᠢᠳᠠᠪᠤᠷᠢᠲᠠᠶ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ᠂ ᠪᠠᠶᠢᠷᠢᠰᠢᠭᠤᠯᠤᠭᠰᠠᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠰᠢᠰᠲ᠋ᠧᠮ᠂ ᠪᠠᠲᠤ ᠴᠢᠩᠭ᠎ᠠ ᠪᠥᠭᠡᠳ ᠬᠦᠴᠦᠲᠡᠶ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠰᠢᠰᠲ᠋ᠧᠮ᠂ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠦᠨᠡᠯᠡᠨ ᠵᠢᠱᠢᠬᠦ ᠳᠠᠪᠲᠠᠯᠲᠠ ᠶᠢᠨ ᠰᠢᠰᠲ᠋ᠧᠮ ᠳᠤ ᠠᠩᠬᠠᠷᠤᠯ ᠢᠶᠠᠨ ᠲᠥᠪᠯᠡᠷᠡᠭᠦᠯᠵᠦ ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠰᠠᠨᠠᠭᠠᠴᠢᠯᠠᠭᠠᠲᠤ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠠ᠃ 11 ᠳ᠋ᠦ᠋ᠭᠡᠷ ᠰᠠᠷ᠎ᠠ ᠶᠢᠨ 15 ᠤ ᠡᠳᠦᠷ᠂ ︽ᠳᠤᠮᠳᠠᠳᠤ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠣᠨᠢᠨ︾ ︽ᠥᠪᠥᠷ ᠮᠣᠩᠭᠤᠯ ᠤᠨ ᠪᠠᠶᠠᠨᠨᠠᠭᠤᠷ ᠬᠤᠲᠠ ᠶᠢᠨ ︿ᠵᠢᠷᠭᠤᠭᠠᠨ ᠰᠢᠰᠲ᠋ᠧᠮ﹀ ᠤᠨ ᠥᠨᠳᠥᠷ ᠪᠦᠲᠦᠮᠵᠢᠲᠡᠶ ᠭᠠᠮᠰᠢᠭᠲᠤ ᠴᠠᠭ ᠠᠭᠤᠷ ᠢ ᠠᠷᠭᠠᠴᠠᠭᠠᠨ᠎ᠠ︾ ᠭᠡᠬᠦ ᠨᠣᠮ ᠢ ᠨᠡᠶᠢᠲᠡᠯᠡᠪᠡ᠃ 11 ᠳ᠋ᠦ᠋ᠭᠡᠷ ᠰᠠᠷ᠎ᠠ ᠶᠢᠨ 26 ᠤ ᠡᠳᠦᠷ᠂ ᠠᠷᠠᠳ ᠤᠨ ᠡᠳᠦᠷ ᠤᠨ ᠰᠣᠨᠢᠨ ᠪᠠᠶᠠᠨᠨᠠᠭᠤᠷ ᠬᠤᠲᠠ ᠶᠢᠨ ᠳᠤᠤᠷ᠎ᠠ ᠳᠤᠯᠠᠭᠠᠨ ᠪᠣᠷᠣᠭᠠᠨ ᠴᠠᠰᠤ ᠮᠥᠰᠥᠲᠦᠯ ᠤᠨ ᠴᠠᠭ ᠠᠭᠤᠷ ᠵᠢᠴᠢ ᠰᠥᠩ ᠬᠠᠯᠢᠶ᠎ᠠ ᠶᠢ ᠰᠡᠷᠭᠡᠶᠢᠯᠡᠬᠦ ᠲᠤᠰᠬᠠᠶ ᠠᠵᠢᠯ ᠢ ᠮᠡᠳᠡᠭᠡᠯᠡᠪᠡ᠃  ᠦᠢᠯᠡᠳᠦᠯᠭᠡ ᠶᠢᠨ ᠬᠡᠷᠡᠭᠯᠡᠯᠲᠡ ᠪᠠᠷ ᠳᠠᠮᠵᠢᠭᠤᠯᠤᠨ᠂ ᠪᠠᠶᠠᠨᠨᠠᠭᠤᠷ ᠬᠤᠲᠠ ᠶᠢᠨ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠠᠷᠭᠠᠴᠠᠬᠤ ︽ᠵᠢᠷᠭᠤᠭᠠᠨ ᠰᠢᠰᠲ᠋ᠧᠮᠵᠢ︾ ᠢᠯᠡᠳᠲᠡ ᠪᠣᠳᠠᠲᠤ ᠦᠷ᠎ᠡ ᠪᠦᠲᠦᠮᠵᠢ ᠣᠯᠵᠤ᠂ ᠳᠡᠭᠡᠳᠦ ᠱᠠᠲᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠦᠢᠴᠡᠳ ᠨᠤᠲᠠᠯᠠᠯᠲᠠ ᠶᠢ ᠣᠯᠤᠭᠰᠠᠨ ᠪᠥᠭᠡᠳ ᠡᠯ᠎ᠡ ᠭᠠᠵᠠᠷ ᠤᠨ ᠰᠤᠷᠤᠯᠴᠠᠨ ᠲᠣᠯᠢᠳᠠᠬᠤ ᠳᠤ ᠳᠡᠯᠭᠡᠷᠡᠭᠦᠯᠦᠨ ᠬᠠᠩᠭᠠᠪᠠ᠃    ᠲᠠᠷᠠᠭᠠᠴᠢ ᠶᠢᠨ ᠠᠯᠬᠤᠮ ᠳᠤ᠂ ᠪᠠᠶᠠᠨᠨᠠᠭᠤᠷ ᠬᠤᠲᠠ ᠶᠢᠨ ᠦᠶᠡᠷ ᠢ ᠰᠡᠷᠭᠡᠶᠢᠯᠡᠬᠦ ᠠᠵᠢᠯ ᠤᠨ ᠠᠯᠪᠠᠨ ᠬᠡᠷ ᠦᠷᠭᠦᠯᠵᠢᠯᠡᠨ ᠬᠦᠴᠦᠯᠡᠵᠦ᠂ ︽ᠵᠢᠷᠭᠤᠭᠠᠨ ᠰᠢᠰᠲ᠋ᠧᠮ︾ ᠤᠨ ᠶᠣᠰᠣᠭᠠᠷ ᠰᠥᠩ ᠬᠠᠯᠢᠶ᠎ᠠ ᠶᠢ ᠰᠡᠷᠭᠡᠶᠢᠯᠡᠬᠦ ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠠᠲᠤᠨ ᠭᠤᠤᠯ ᠳᠠᠭᠠᠤ ᠶᠢᠨ ᠡᠯ᠎ᠡ ᠭᠠᠵᠠᠷ ᠪᠣᠯᠤᠨ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠱᠠᠯᠠᠪᠳᠠᠭᠤᠯᠤᠨ ᠵᠢᠯᠣᠭᠤᠳᠴᠤ ᠪᠠᠶᠢᠭᠠᠳ ᠴᠠᠭ ᠠᠭᠤᠷ ᠤᠨ ᠪᠠᠶᠢᠳᠠᠯ ᠪᠣᠯᠤᠨ ᠰᠥᠩ ᠬᠠᠯᠢᠶ᠎ᠠ ᠶᠢᠨ ᠬᠤᠪᠢᠷᠠᠯᠲᠠ ᠶᠢ ᠨᠢᠭᠲᠠ ᠠᠩᠬᠠᠷᠴᠤ᠂ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠪᠠ ᠬᠡᠮ ᠰᠣᠭᠤᠭ ᠢ ᠴᠡᠭᠴᠡᠯᠡᠨ ᠵᠠᠰᠠᠬᠤ ᠶᠢ ᠦᠷᠭᠦᠯᠵᠢᠯᠡᠨ ᠥᠷᠨᠢᠭᠦᠯᠵᠦ ᠂ ᠲᠣᠭᠤᠷᠢᠨ ᠪᠠᠶᠢᠴᠠᠭᠠᠵᠤ ᠵᠢᠵᠢᠭᠦᠷᠯᠡᠬᠦ ᠪᠠ ᠬᠠᠮᠲᠤᠷᠠᠨ ᠵᠥᠪᠳᠡᠯᠴᠡᠵᠦ ᠰᠤᠳᠤᠯᠤᠨ ᠮᠠᠭᠠᠳᠯᠠᠬᠤ ᠶᠢ ᠲᠠᠰᠤᠷᠠᠯᠲᠠ ᠥᠬᠡᠶ ᠴᠢᠩᠭᠠᠳᠬᠠᠵᠤ᠂ ᠰᠥᠩ ᠬᠠᠯᠢᠶ᠎ᠠ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠪᠣᠯᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠢ ᠥᠨᠳᠥᠷ ᠪᠦᠲᠦᠮᠵᠢᠲᠡᠶ ᠪᠠᠷ ᠰᠠᠶᠢᠲᠤᠷ ᠬᠢᠵᠦ᠂ ᠬᠠᠲᠤᠨ ᠭᠤᠤᠯ ᠤᠨ ᠪᠠᠶᠠᠨᠨᠠᠭᠤᠷ ᠬᠡᠰᠡᠭ ᠤᠨ ᠰᠥᠩ ᠬᠠᠯᠢᠶ᠎ᠠ ᠦᠶᠡᠷ ᠤᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号