ᠦᠷᠭᠦᠯᠵᠢᠯᠡᠨ ᠬᠦᠢᠲᠡᠨ ᠠᠭᠤᠷ ᠠᠮᠢᠰᠬᠤᠯ ᠤᠨ ᠨᠥᠯᠥᠭᠡ ᠠᠴᠠ ᠪᠣᠯᠵᠣ᠂ 12 ᠰᠠᠷ᠎ᠠ ᠶᠢᠨ 15 ᠤ | ᠡᠳᠦᠷ ᠤᠨ 10 ᠴᠠᠭ ᠲᠤ᠂ ᠬᠠᠲᠤᠨ ᠭᠤᠤᠯ ᠤᠨ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ | ᠰᠢᠶᠠᠨ ᠹᠧᠩ ᠪᠠᠯᠭᠠᠰᠤᠨ ᠤ ᠰᠤᠮᠤᠨ ᠳᠤ ᠲᠣᠰᠬᠤᠨ ᠤ ᠯᠢ ᠬᠡᠦ ᠬᠤᠷᠰᠢᠶ᠎ᠠ ᠶᠢᠨ ᠬᠡᠰᠡᠭ ᠲᠤ ᠠᠩᠬᠠᠨ ᠤ | ᠪᠢᠲᠡᠭᠦᠮᠵᠢᠯᠡᠯ ᠢᠯᠡᠷᠡᠵᠦ᠂ ᠪᠢᠲᠡᠭᠦᠮᠵᠢᠯᠡᠯᠲᠡ ᠶᠢᠨ ᠭᠤᠤᠯ ᠤᠨ ᠣᠷᠳᠣ ᠨᠢ 8 . 351 ᠺᠢᠯᠣᠮᠧᠲᠷ ᠪᠠᠶᠢᠵᠤ᠂ | ᠪᠢᠲᠡᠭᠦᠮᠵᠢᠯᠡᠯᠲᠡ ᠶᠢᠨ ᠰᠢᠨᠵᠢ ᠴᠢᠨᠠᠷ ᠨᠢ ᠪᠣᠰᠤᠭ᠎ᠠ ᠪᠢᠲᠡᠭᠦᠮᠵᠢᠯᠡᠯ ᠪᠣᠯᠤᠨ᠎ᠠ᠃ ᠡᠨᠡ ᠵᠢᠯ ᠤᠨ ᠠᠩᠬᠠᠨ ᠤ | ᠡᠷᠭᠦᠮᠵᠢᠯᠡᠯ ᠤᠨ ᠡᠳᠦᠷ ᠬᠤᠭᠤᠴᠠᠭ᠎ᠠ ᠨᠢ ᠨᠢᠳᠤᠨᠤᠨ ᠤ ᠬᠢ ᠲᠠᠢ ᠠᠳᠠᠯᠢ ᠪᠠᠶᠢᠵᠤ᠂ ᠡᠩ ᠤᠨ ᠵᠢᠯ ᠤᠨ ᠬᠢ ᠠᠴᠠ | ᠳᠤᠮᠳᠠᠴᠢ ᠪᠠᠷ 12 ᠡᠳᠦᠷ ᠣᠷᠣᠶ ︵ᠡᠩ ᠤᠨ ᠵᠢᠯ ᠤᠨ ᠳᠤᠮᠳᠠᠴᠢ ᠬᠡᠮᠵᠢᠭᠳᠡᠯ ᠨᠢ 12 ᠰᠠᠷ᠎ᠠ ᠶᠢᠨ 3 ᠤ ᠡᠳᠦᠷ︶ | ᠪᠣᠯᠵᠠᠶ᠃ | ᠲᠠᠰᠤᠯᠤᠭᠠᠳᠤᠶ ᠬᠡᠰᠡᠭ ᠤᠨ ᠤᠷᠠᠳ ᠤᠨ ᠡᠮᠦᠨᠡᠲᠦ ᠬᠤᠰᠢᠭᠤᠨ ᠤ ᠬᠤᠰᠢᠭᠤᠴᠢ ᠬᠡᠰᠡᠭ᠂ ᠭᠤᠷᠪᠠᠨ | ᠨᠠᠭᠤᠷ ᠤᠨ ᠭᠤᠤᠯ ᠤᠨ ᠠᠳᠠᠭ ᠤᠨ ᠬᠡᠰᠡᠭ᠂ ᠪᠠᠷᠠᠭᠤᠨ ᠠᠭᠤᠯᠠ ᠶᠢᠨ ᠬᠡᠰᠡᠭ ᠤᠨ ᠰᠥᠩ ᠬᠠᠯᠢᠶ᠎ᠠ ᠶᠢᠨ ᠨᠢᠭᠲᠠᠴᠠ | 70 %᠂ ᠪᠠᠶ ᠲᠤ ᠭᠧ ᠪᠥᠸᠧ ᠶᠢᠨ ᠬᠡᠰᠡᠭ ᠤᠨ ᠰᠥᠩ ᠬᠠᠯᠢᠶ᠎ᠠ ᠶᠢᠨ 30 %᠃ ᠦᠶᠤᠸᠠᠨ ᠰᠢᠶᠠᠨ ᠤ | ᠲᠥᠪ ᠤᠨ ᠬᠠᠮᠢᠶᠠᠷᠤᠯᠲᠠ ᠶᠢᠨ ᠪᠤᠯᠤᠩ ᠤᠨ ᠬᠡᠰᠡᠭ ᠤᠨ ᠰᠦᠩ ᠬᠠᠯᠢᠶ᠎ᠠ ᠶᠢᠨ ᠨᠢᠭᠲᠠᠴᠠ 40 %᠂ ᠹᠦ᠋ ᠰᠢᠩ | ᠶᠡᠭᠡ ᠬᠠᠰᠢᠯᠭ᠎ᠠ᠂ ᠰᠢᠶᠧ ᠯᠠ ᠦ᠋ ᠬᠡᠰᠡᠭ ᠤᠨ ᠰᠥᠩ ᠬᠠᠯᠢᠶ᠎ᠠ ᠶᠢᠨ 30 %᠃ ᠯᠢᠨᠾᠧ ᠲᠣᠭᠤᠷᠢᠭ ᠤᠨ ᠪᠥᠬᠦ | ᠬᠡᠰᠡᠭ ᠤᠨ ᠰᠥᠩ ᠬᠠᠯᠢᠶ᠎ᠠ ᠶᠢᠨ ᠨᠢᠭᠲᠠᠴᠠ 30 % — 40 %᠃ ᠬᠠᠩᠭᠢᠨ ᠬᠤᠶᠢᠲᠤ ᠬᠤᠰᠢᠭᠤᠨ ᠤ ᠪᠦᠬᠦ | ᠬᠡᠰᠡᠭ ᠤᠨ ᠰᠦᠩ ᠬᠠᠯᠢᠶ᠎ᠠ ᠶᠢᠨ ᠨᠢᠭᠲᠠᠴᠠ 30 % - 40 %᠃ ᠳ᠋ᠧᠩ ᠺᠧᠦ ᠰᠢᠶᠠᠨ ᠤ ᠶᠠᠨ ᠵᠢᠶᠠ ᠭᠧ | ᠳ᠋ᠠᠨ ᠤ ᠬᠡᠰᠡᠭ ᠤᠨ ᠰᠥᠩ ᠬᠠᠯᠢᠶ᠎ᠠ ᠶᠢᠨ ᠨᠢᠭᠲᠠᠴᠠ 35 %᠂ ᠨᠠᠨ ᠲᠤᠤ ᠽᠢ ᠶᠢᠨ ᠬᠡᠰᠡᠭ᠂ ᠵᠡᠭᠦᠨ ᠬᠡᠰᠡᠭ ᠤᠨ | ᠰᠥᠩ ᠬᠠᠯᠢᠶ᠎ᠠ ᠶᠢᠨ ᠨᠢᠭᠲᠠᠴᠠ 30 %᠃ | 12 ᠰᠠᠷ᠎ᠠ ᠶᠢᠨ 15 ᠤ ᠡᠳᠦᠷ ᠤᠨ 8 ᠴᠠᠭ ᠲᠤ᠂ ᠪᠠᠶᠠᠨᠭᠤᠣᠯ ᠤᠨ ᠤᠰᠤᠨ ᠲᠦᠪᠰᠢᠨ 1049 . 44 | ᠮᠧᠲᠷ᠂ ᠤᠷᠤᠰᠬᠠᠯ ᠤᠨ ᠬᠡᠮᠵᠢᠶ᠎ᠡ 801 ᠪᠣᠰᠤᠭ᠎ᠠ ᠳᠥᠷᠪᠡᠯᠵᠢᠨ ᠮᠧᠲᠷ ᠰᠧᠺᠦ᠋ᠨ᠋ᠳ᠋ ᠲᠤ ᠬᠦᠷᠴᠡᠶ᠃ ᠰᠠᠨ ᠬᠦ | ᠭᠤᠣᠯ ᠤᠨ ᠠᠳᠠᠭ ᠤᠨ ᠤᠰᠤᠨ ᠲᠦᠪᠰᠢᠨ 1017 . 18 ᠮᠧᠲᠷ᠂ ᠤᠷᠤᠰᠬᠠᠯ ᠤᠨ ᠬᠡᠮᠵᠢᠶ᠎ᠡ ᠨᠢ 840 | ᠪᠣᠰᠤᠭ᠎ᠠ ᠳᠥᠷᠪᠡᠯᠵᠢᠨ ᠮᠧᠲᠷ ᠰᠧᠺᠦ᠋ᠨ᠋ᠳ᠋ ᠪᠠᠶᠢᠵᠤ᠂ ᠪᠢᠲᠡᠭᠦᠮᠵᠢᠯᠡᠭᠳᠡᠭᠰᠡᠨ ᠭᠤᠣᠯ ᠤᠨ ᠤᠰᠤᠨ ᠤ ᠪᠠᠶᠢᠳᠠᠯ | ᠲᠣᠭᠲᠠᠭᠤᠨ ᠪᠠᠶᠢᠨ᠎ᠠ᠃ | ᠣᠳᠣᠬᠠᠨ ᠳᠤ᠂ ᠬᠠᠲᠤᠨ ᠭᠤᠤᠯ ᠨᠢᠭᠡᠨᠲᠡ ᠪᠢᠲᠡᠭᠦᠮᠵᠢᠯᠡᠭᠳᠡᠭᠰᠡᠨ ᠵᠠᠩᠭᠢᠯᠠᠭ᠎ᠠ ᠶᠢᠨ ᠬᠤᠭᠤᠴᠠᠭᠠᠨ ᠳᠤ ᠣᠷᠣᠪᠠ | ᠃ ᠣᠳᠣᠬᠠᠨ ᠤ ᠬᠦᠢᠲᠡᠨ ᠠᠭᠤᠷ ᠠᠮᠢᠰᠬᠤᠯ ᠪᠣᠯᠤᠨ ᠬᠠᠲᠤᠨ ᠭᠤᠤᠯ ᠤᠨ ᠰᠥᠩ ᠬᠠᠯᠢᠶ᠎ᠠ ᠶᠢᠨ ᠪᠠᠶᠢᠳᠠᠯ ᠤᠨ | ᠬᠤᠪᠢᠷᠠᠯᠲᠠ ᠶᠢᠨ ᠪᠠᠶᠢᠳᠠᠯ ᠳᠤ ᠴᠢᠭᠯᠡᠭᠦᠯᠦᠨ᠂ ᠪᠠᠶᠠᠨᠨᠠᠭᠤᠷ ᠬᠤᠲᠠ ᠶᠢᠨ ᠦᠶᠡᠷ ᠢ ᠰᠡᠷᠭᠡᠶᠢᠯᠡᠵᠦ ᠭᠠᠩ | ᠬᠠᠭᠰᠠᠷᠠᠭᠠᠨ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠬᠠᠲᠤᠨ ᠭᠤᠤᠯ ᠳᠠᠭᠠᠤ ᠶᠢᠨ | ᠡᠯ᠎ᠡ ᠬᠤᠰᠢᠭᠤ ᠰᠢᠶᠠᠨ ᠲᠣᠭᠤᠷᠢᠭ ᠪᠣᠯᠤᠨ ᠬᠤᠲᠠ ᠶᠢᠨ ᠰᠡᠷᠭᠡᠶᠢᠯᠡᠯᠲᠡ ᠵᠢᠯᠣᠭᠤᠳᠬᠤ ᠭᠠᠵᠠᠷ ᠤᠨ ᠬᠠᠮᠢᠶ᠎ᠠ ᠪᠥᠬᠦᠶ | ᠪᠦᠷᠢᠯᠳᠦᠬᠦᠨ ᠨᠢᠭᠡᠴᠢ ᠶᠢ ᠰᠥᠩ ᠬᠠᠯᠢᠶ᠎ᠠ ᠶᠢ ᠰᠡᠷᠭᠡᠶᠢᠯᠡᠬᠦ ᠡᠯ᠎ᠡ ᠵᠦᠢᠯ ᠤᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠴᠠᠭ ᠠᠭᠤᠷ ᠤᠨ ᠬᠤᠪᠢᠷᠠᠯᠲᠠ ᠪᠣᠯᠤᠨ ᠰᠥᠩ ᠬᠠᠯᠢᠶ᠎ᠠ ᠶᠢᠨ ᠪᠠᠶᠢᠳᠠᠯ ᠤᠨ | ᠬᠥᠭᠵᠢᠯᠲᠡ ᠶᠢᠨ ᠪᠠᠶᠢᠳᠠᠯ ᠢ ᠨᠢᠭᠲᠠ ᠬᠢᠨᠠᠨ ᠠᠵᠢᠭᠯᠠᠵᠤ᠂ ᠲᠣᠭᠤᠷᠢᠨ ᠪᠠᠶᠢᠴᠠᠭᠠᠵᠤ ᠵᠢᠵᠢᠭᠦᠷᠯᠡᠨ ᠰᠠᠬᠢᠬᠤ ᠪᠠ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠤᠰᠤᠨ ᠤ ᠪᠠᠶᠢᠳᠠᠯ᠂ ᠰᠥᠩ ᠬᠠᠯᠢᠶ᠎ᠠ ᠶᠢᠨ | ᠪᠠᠶᠢᠳᠠᠯ ᠵᠡᠷᠭᠡ ᠭᠤᠤᠯ ᠪᠢᠲᠡᠭᠦᠷᠡᠭᠰᠡᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠴᠠᠭ ᠲᠤᠬᠠᠶ ᠳᠤᠨᠢ ᠮᠡᠳᠡᠭᠦᠯᠦᠨ | ᠬᠦᠷᠭᠡᠵᠦ᠂ ᠭᠤᠤᠯ ᠤᠨ ᠵᠠᠮ ᠳᠤ ᠮᠥᠰᠥ ᠣᠪᠣᠭᠠᠯᠠᠬᠤ᠂ ᠮᠥᠰᠥ ᠬᠥᠯᠳᠡᠬᠦ ᠬᠠᠰᠢᠯᠭ᠎ᠠ ᠵᠡᠷᠭᠡ ᠠᠶᠤᠯ | ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ ᠠᠶᠤᠯ ᠠᠴᠠ ᠠᠪᠤᠷᠬᠠᠤ ᠡᠳ᠋ ᠪᠣᠳᠠᠰ ᠪᠣᠯᠤᠨ ᠡᠩᠨᠡᠭᠡ ᠶᠢ ᠤᠷᠢᠳᠴᠢᠯᠠᠨ | ᠪᠡᠯᠡᠳᠬᠡᠵᠦ᠂ ᠬᠠᠲᠤᠨ ᠭᠤᠤᠯ ᠤᠨ ᠰᠥᠩ ᠬᠠᠯᠢᠶ᠎ᠠ ᠶᠢ ᠰᠡᠷᠭᠡᠶᠢᠯᠡᠬᠦ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ |