ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ | | | ᠥᠪᠥᠷ ᠵᠠᠰᠠᠭ ᠲᠠᠷᠬᠠᠭᠠᠭᠰᠠᠨ ﹇2024﹈ 27 ᠳ᠋ᠤᠭᠠᠷ ᠲᠣᠭᠠᠲᠤ | | ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ ᠪᠠ ᠰᠢᠢᠳᠪᠦᠷᠢᠯᠡᠬᠦ ᠠᠷᠭ᠎ᠠ ᠶᠢ | ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠮᠡᠳᠡᠭᠳᠡᠯ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠵᠠᠭᠤᠷᠠᠯᠳᠤᠭᠠᠨ ᠢ | ᠰᠡᠷᠭᠡᠶᠢᠯᠡᠬᠦ ᠪᠠ ᠰᠢᠢᠳᠪᠦᠷᠢᠯᠡᠬᠦ ᠠᠷᠭ᠎ᠠ︾ ᠶᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ | ᠤᠶᠠᠯᠳᠤᠭᠤᠯᠤᠨ᠂ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ᠃ | | 2024 ᠣᠨ ᠤ 10 ᠳ᠋ᠤᠭᠠᠷ ᠰᠠᠷ᠎ᠠ ᠶᠢᠨ 16 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ ᠪᠠ | ᠰᠢᠢᠳᠪᠦᠷᠢᠯᠡᠬᠦ ᠠᠷᠭ᠎ᠠ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠡᠮᠴᠢᠯᠡᠭᠡᠨ ᠤ ᠵᠠᠭᠤᠷᠠᠯᠳᠤᠭᠠᠨ ᠢ ᠪᠦᠲᠦᠮᠵᠢᠲᠡᠶ ᠰᠡᠷᠭᠡᠶᠢᠯᠡᠬᠦ ᠪᠠ ᠲᠣᠬᠢᠲᠠᠢ | ᠰᠢᠢᠳᠪᠦᠷᠢᠯᠡᠵᠦ᠂ ᠡᠮᠴᠢ ᠪᠠ ᠡᠪᠡᠳᠴᠢᠲᠡᠨ ᠬᠤᠶᠠᠷ ᠲᠠᠯ᠎ᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ | ᠡᠮᠴᠢ ᠪᠠ ᠡᠪᠡᠳᠴᠢᠲᠡᠨ ᠤ ᠡᠶ᠎ᠡ ᠵᠣᠬᠢᠴᠠᠯ ᠤᠨ ᠬᠠᠷᠢᠴᠠᠭ᠎ᠠ ᠪᠠ ᠡᠮᠴᠢᠯᠡᠭᠡᠨ ᠤ ᠡᠮᠬᠢ ᠵᠢᠷᠤᠮ ᠢ ᠬᠠᠮᠠᠭᠠᠯᠠᠵᠤ᠂ | ᠡᠮᠴᠢᠯᠡᠭᠡᠨ ᠤ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠠᠷᠠᠳ ᠤᠨ ᠡᠶᠡᠳᠡᠭᠦᠯᠭᠡ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢ ᠠᠬᠢᠭᠤᠯᠬᠤ ᠬᠠᠤᠯᠢ︾᠂ ︽ᠡᠮᠴᠢᠯᠡᠭᠡᠨ ᠤ | ᠵᠠᠭᠤᠷᠠᠯᠳᠤᠭᠠᠨ ᠢ ᠰᠡᠷᠭᠡᠶᠢᠯᠡᠬᠦ ᠪᠠ ᠰᠢᠢᠳᠪᠦᠷᠢᠯᠡᠬᠦ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠥᠷᠢᠴᠡᠯ ᠵᠠᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠳᠦᠷᠢᠮ︾ ᠵᠡᠷᠭᠡ ᠬᠠᠤᠯᠢ ᠴᠠᠭᠠᠵᠠ | ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ | ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ ᠪᠠ ᠰᠢᠢᠳᠪᠦᠷᠢᠯᠡᠬᠦ ᠳᠤ ᠲᠣᠰ ᠠᠷᠭ᠎ᠠ ᠬᠡᠷᠡᠭᠯᠡᠭᠳᠡᠨ᠎ᠡ᠃ | ᠲᠣᠰ ᠠᠷᠭ᠎ᠠ ᠳᠤ ᠬᠡᠯᠡᠵᠦ ᠪᠠᠶᠢᠭ᠎ᠠ ᠡᠮᠴᠢᠯᠡᠭᠡᠨ ᠤ ᠵᠠᠭᠤᠷᠠᠯᠳᠤᠭᠠᠨ ᠭᠡᠳᠡᠭ ᠨᠢ ᠡᠮᠴᠢ ᠪᠠ ᠡᠪᠡᠳᠴᠢᠲᠡᠨ | ᠬᠤᠶᠠᠷ ᠲᠠᠯ᠎ᠠ ᠶᠢᠨ ᠣᠨᠣᠰᠢᠯᠠᠨ ᠡᠮᠨᠡᠬᠦ ᠠᠵᠢᠯᠯᠠᠭ᠎ᠠ ᠠᠴᠠ ᠪᠣᠯᠣᠭᠰᠠᠨ ᠮᠠᠷᠭᠤᠭᠠᠨ ᠢ ᠵᠢᠭᠠᠵᠤ ᠪᠣᠢ᠃ | ᠡᠮᠴᠢ ᠶᠢᠨ ᠲᠠᠯ᠎ᠠ ᠭᠡᠳᠡᠭ ᠨᠢ ᠡᠮᠴᠢᠯᠡᠭᠡᠨ ᠤ ᠪᠠᠶᠢᠭᠤᠯᠤᠮᠵᠢ ᠵᠢᠴᠢ ᠲᠡᠭᠦᠨ ᠤ ᠡᠮᠨᠡᠯᠭᠡ ᠶᠢᠨ ᠠᠵᠢᠯᠲᠠᠨ ᠢ | ᠵᠢᠭᠠᠵᠤ ᠪᠣᠢ᠂ ᠡᠪᠡᠳᠴᠢᠲᠡᠨ ᠤ ᠲᠠᠯ᠎ᠠ ᠭᠡᠳᠡᠭ ᠨᠢ ᠭᠤᠣᠯᠳᠠᠭᠤ ᠡᠪᠡᠳᠴᠢᠲᠡᠨ ᠵᠢᠴᠢ ᠲᠡᠭᠦᠨ ᠤ ᠣᠶᠢᠷ᠎ᠠ ᠲᠥᠷᠥᠯ | ᠰᠠᠳᠤᠨ᠂ ᠨᠠᠶᠢᠳᠠᠭᠰᠠᠨ ᠣᠷᠣᠯᠠᠭᠴᠢ ᠪᠤᠶᠤ ᠬᠠᠤᠯᠢ ᠳᠤ ᠲᠣᠭᠲᠠᠭᠠᠭᠰᠠᠨ ᠣᠷᠣᠯᠠᠭᠴᠢ ᠵᠡᠷᠭᠡ ᠬᠠᠮᠢᠶ᠎ᠠ ᠪᠦᠬᠦᠢ | ᠬᠥᠮᠥᠰ ᠢ ᠵᠢᠭᠠᠵᠤ ᠪᠣᠢ᠃ | ᠭᠤᠷᠪᠠᠳᠤᠭᠠᠷ ᠵᠦᠢᠯ ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠨᠢ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ | ᠰᠢᠵᠢᠮ ᠪᠣᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠨ᠂ ᠰᠢᠨ᠎ᠡ ᠴᠠᠭ ᠦᠶ᠎ᠡ ᠶᠢᠨ ︽ᠹᠧᠩᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠬᠦ ᠬᠡᠷᠡᠭᠲᠡᠢ᠃ | | ᠳᠥᠷᠪᠡᠳᠦᠭᠡᠷ ᠵᠦᠢᠯ ᠡᠮᠴᠢ ᠶᠢᠨ ᠲᠠᠯ᠎ᠠ ᠶᠢᠨ ᠬᠢᠨ ᠵᠠᠩᠭᠢᠯᠠᠭ᠎ᠠ ᠶᠢᠨ ᠠᠵᠢᠯ ᠢᠶᠠᠨ ᠤᠷᠢᠳᠴᠢᠯᠠᠨ | ᠭᠦᠢᠴᠡᠳᠬᠡᠵᠦ᠂ ᠣᠨᠣᠰᠢᠯᠠᠨ ᠡᠮᠨᠡᠬᠦ ᠠᠵᠢᠯᠯᠠᠭ᠎ᠠ ᠪᠠᠨ ᠵᠢᠷᠤᠮᠵᠢᠭᠤᠯᠤᠨ᠂ ᠡᠮᠴᠢᠯᠡᠭᠡᠨ ᠤ ᠦᠢᠯᠡᠴᠢᠯᠡᠭᠡ ᠪᠠᠨ | ᠰᠠᠶᠢᠵᠢᠷᠠᠭᠤᠯᠵᠤ᠂ ᠡᠮᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠦᠨ᠂ ᠲᠦᠭᠰᠢᠭᠦᠷᠢ ᠶᠢᠨ ᠬᠠᠮᠢᠶᠠᠷᠤᠯᠲᠠ ᠪᠠᠨ | ᠴᠢᠩᠭᠠᠳᠬᠠᠵᠤ᠂ ᠲᠦᠭᠰᠢᠭᠦᠷᠢ ᠶᠢᠨ ᠭᠡᠮ ᠰᠣᠭᠤᠭ ᠢ ᠴᠠᠭ ᠲᠤᠬᠠᠢ ᠳᠤ ᠨᠢ ᠠᠷᠢᠯᠭᠠᠨ᠂ ᠡᠮᠴᠢᠯᠡᠭᠡᠨ ᠤ | ᠵᠠᠭᠤᠷᠠᠯᠳᠤᠭᠠᠨ ᠢ ᠰᠡᠷᠭᠡᠶᠢᠯᠡᠨ ᠪᠠᠭᠠᠰᠬᠠᠬᠤ ᠬᠡᠷᠡᠭᠲᠡᠢ᠃ | ᠲᠠᠪᠤᠳᠤᠭᠠᠷ ᠵᠦᠢᠯ ᠡᠮᠴᠢᠯᠡᠭᠡᠨ ᠤ ᠵᠠᠭᠤᠷᠠᠯᠳᠤᠭᠠᠨ ᠢ ᠰᠢᠢᠳᠪᠦᠷᠢᠯᠡᠬᠦ ᠳᠤ ᠬᠠᠷᠢᠶ᠎ᠠ ᠭᠠᠵᠠᠷ ᠬᠠᠷᠢᠭᠤᠴᠠᠬᠤ᠂ | ᠡᠷᠬᠡ ᠲᠡᠭᠰᠢ ᠲᠥᠪ ᠭᠤᠤᠯᠴᠢ᠂ ᠴᠠᠭ ᠲᠤᠬᠠᠢ ᠳᠤ ᠨᠢ ᠮᠥᠷᠲᠡᠭᠡᠨ ᠠᠷᠠᠳ ᠲᠤ ᠳᠥᠭᠦᠮ ᠦᠵᠡᠭᠦᠯᠬᠦ ᠵᠠᠷᠴᠢᠮ ᠢ | ᠵᠢᠷᠤᠮᠯᠠᠵᠤ᠂ ᠪᠣᠳᠠᠲᠤ ᠬᠡᠷᠡᠭ ᠢ ᠨᠢ ᠲᠣᠳᠣᠷᠬᠠᠢ ᠪᠣᠯᠭᠠᠬᠤ᠂ ᠴᠢᠨᠠᠷ ᠲᠣᠭᠲᠠᠭᠠᠯᠲᠠ ᠶᠢ ᠨᠢ ᠣᠨᠣᠪᠴᠢᠲᠠᠢ ᠪᠠᠶᠢᠯᠭᠠᠬᠤ | ᠂ ᠬᠠᠷᠢᠭᠤᠴᠠᠯᠭ᠎ᠠ ᠶᠢ ᠨᠢ ᠲᠣᠳᠣᠷᠬᠠᠢ ᠪᠠᠶᠢᠯᠭᠠᠬᠤ᠂ ᠬᠠᠤᠯᠢ ᠶᠣᠰᠣᠭᠠᠷ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠢ᠃ | ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠣᠷᠳᠣᠨ ᠢᠶᠠᠷ ᠭᠤᠣᠯᠯᠠᠨ | ᠵᠢᠯᠣᠭᠤᠳᠤᠭᠤᠯᠤᠭᠰᠠᠨ᠂ ᠰᠠᠯᠠᠭ᠎ᠠ ᠮᠥᠴᠢᠷ ᠤᠳ ᠬᠠᠮᠵᠢᠯᠴᠠᠨ ᠠᠵᠢᠯᠯᠠᠭᠰᠠᠨ᠂ ᠨᠡᠶᠢᠭᠡᠮ ᠤᠨ ᠬᠢᠨ ᠬᠠᠮᠲᠤᠷᠠᠨ | ᠬᠠᠮᠵᠢᠯᠴᠠᠭᠰᠠᠨ ᠡᠮᠴᠢᠯᠡᠭᠡᠨ ᠤ ᠵᠠᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢ ᠠᠮᠤᠭᠤᠯᠠᠩᠲᠤ ᠪᠠᠶᠢᠭᠤᠯᠤᠯᠲᠠ ᠶᠢᠨ | ᠰᠢᠯᠭᠠᠨ ᠬᠢᠨᠠᠵᠤ ᠦᠨᠡᠯᠡᠬᠦ ᠲᠣᠭᠲᠠᠯᠴᠠᠭ᠎ᠠ ᠳᠤ ᠣᠷᠣᠭᠤᠯᠬᠤ ᠬᠡᠷᠡᠭᠲᠡᠢ᠃ | ᠳᠣᠯᠣᠳᠤᠭᠠᠷ ᠵᠦᠢᠯ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ | ᠡᠮᠴᠢᠯᠡᠭᠡᠨ ᠤ ᠶᠠᠰᠤ ᠴᠢᠨᠠᠷ ᠪᠠ ᠠᠮᠤᠷ ᠲᠦᠪᠰᠢᠨ ᠢ ᠬᠢᠨᠠᠨ ᠬᠠᠮᠢᠶᠠᠷᠬᠤ᠂ ᠡᠮᠴᠢᠯᠡᠭᠡᠨ ᠤ ᠵᠠᠭᠤᠷᠠᠯᠳᠤᠭᠠᠨ ᠳᠤ ᠵᠠᠰᠠᠭ | ᠵᠠᠬᠢᠷᠭᠠᠨ ᠤ ᠡᠶᠡᠳᠡᠭᠦᠯᠭᠡ ᠬᠢᠬᠦ᠂ ᠡᠮᠴᠢᠯᠡᠭᠡᠨ ᠤ ᠠᠳᠡᠯ ᠤᠨ ᠵᠠᠰᠠᠭ ᠵᠠᠬᠢᠷᠭᠠᠨ ᠤ ᠪᠠᠶᠢᠴᠠᠭᠠᠨ ᠰᠢᠢᠳᠪᠦᠷᠢᠯᠡᠬᠦ | ᠡᠭᠦᠷᠭᠡ ᠴᠢᠳᠠᠪᠤᠷᠢ ᠪᠠᠨ ᠭᠦᠢᠴᠡᠳᠬᠡᠵᠦ᠂ ᠡᠮᠴᠢᠯᠡᠭᠡᠨ ᠤ ᠪᠠᠶᠢᠭᠤᠯᠤᠮᠵᠢ ᠶᠢ ᠵᠢᠭᠠᠨ ᠵᠢᠯᠤᠭᠤᠳᠬᠤ ᠪᠠ ᠬᠢᠨᠠᠯᠲᠠ | ᠲᠠᠯᠪᠢᠵᠤ ᠪᠠᠶᠢᠭᠠᠳ ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢ ᠰᠠᠶᠢᠲᠤᠷ ᠬᠢᠯᠭᠡᠵᠦ | ᠂ ᠡᠮᠴᠢ ᠪᠠ ᠡᠪᠡᠳᠴᠢᠲᠡᠨ ᠬᠤᠶᠠᠷ ᠲᠠᠯ᠎ᠠ ᠶᠢ ᠬᠥᠲᠥᠯᠥᠨ ᠵᠢᠯᠤᠭᠤᠳᠴᠤ ᠪᠠᠶᠢᠭᠠᠳ ᠡᠮᠴᠢᠯᠡᠭᠡᠨ ᠤ | ᠵᠠᠭᠤᠷᠠᠯᠳᠤᠭᠠᠨ ᠢ ᠬᠠᠤᠯᠢ ᠶᠣᠰᠣᠭᠠᠷ ᠰᠢᠢᠳᠪᠦᠷᠢᠯᠡᠭᠦᠯᠬᠦ ᠬᠡᠷᠡᠭᠲᠡᠢ᠃ | ᠨᠠᠢᠮᠠᠳᠤᠭᠠᠷ ᠵᠦᠢᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠭᠤᠷᠪᠠᠳᠤᠭᠠᠷ ᠲᠠᠰ ᠤᠨ | ᠡᠮᠨᠡᠯᠭᠡ ᠶᠢᠨ ᠬᠤᠷᠢᠶ᠎ᠠ ᠪᠠ ᠨᠥᠬᠦᠴᠡᠯ ᠲᠠᠢ ᠬᠤᠶᠠᠳᠤᠭᠠᠷ ᠲᠠᠰ ᠤᠨ ᠡᠮᠨᠡᠯᠭᠡ ᠶᠢᠨ ᠬᠤᠷᠢᠶᠠᠨ ᠳᠤ ᠴᠠᠭᠳᠠᠭᠠᠨ ᠤ | ᠶᠠᠪᠤᠳᠠᠯ ᠤᠨ ᠲᠠᠰᠤᠭ ᠲᠣᠬᠢᠷᠠᠭᠤᠯᠵᠤ᠂ ᠴᠢᠬᠤᠯᠠ ᠪᠦᠬᠦᠢ ᠴᠠᠭᠳᠠᠭᠠᠨ ᠤ ᠬᠦᠴᠦᠨ ᠲᠣᠬᠢᠷᠠᠭᠤᠯᠬᠤ ᠬᠡᠷᠡᠭᠲᠡᠢ︔ | ᠨᠥᠬᠦᠴᠡᠯ ᠪᠦᠷᠢᠳᠦᠭᠦᠯᠦᠭᠡᠳᠦᠢ ᠬᠤᠶᠠᠳᠤᠭᠠᠷ ᠲᠠᠰ ᠤᠨ ᠡᠮᠨᠡᠯᠭᠡ ᠶᠢᠨ ᠬᠤᠷᠢᠶᠠᠨ ᠤ ᠡᠷᠭᠢᠨ ᠲᠣᠭᠤᠷᠢᠨ ᠳᠤ ᠠᠮᠤᠷ ᠢ | ᠬᠠᠮᠠᠭᠠᠯᠠᠬᠤ ᠬᠠᠷᠠᠭᠤᠯ ᠤᠨ ᠭᠠᠵᠠᠷ ︵ᠴᠠᠭᠳᠠᠨ ᠪᠠᠶᠢᠴᠠᠭᠠᠬᠤ ᠳᠤ ᠡᠷᠬᠡᠪᠰᠢ ᠬᠦᠷᠬᠦ ᠴᠡᠭ︶ ᠲᠣᠬᠢᠷᠠᠭᠤᠯᠬᠤ | ᠬᠡᠷᠡᠭᠲᠡᠢ᠃ ᠡᠮᠴᠢᠯᠡᠭᠡᠨ ᠤ ᠪᠠᠶᠢᠭᠤᠯᠤᠮᠵᠢ ᠶᠢᠨ ᠠᠮᠤᠷ ᠢ ᠬᠠᠮᠠᠭᠠᠯᠠᠬᠤ ᠲᠠᠯ᠎ᠠ ᠪᠠᠷ ᠬᠢ ᠡᠮᠬᠢ ᠵᠢᠷᠤᠮ ᠢ ᠬᠠᠤᠯᠢ | ᠶᠣᠰᠣᠭᠠᠷ ᠬᠠᠮᠠᠭᠠᠯᠠᠵᠤ᠂ ᠡᠮᠴᠢᠯᠡᠭᠡᠨ ᠤ ᠡᠮᠬᠢ ᠳᠢᠭᠯᠢᠮ ᠢ ᠰᠠᠮᠠᠭᠤᠷᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠪᠠ ᠴᠣᠬᠢᠯᠲᠠ ᠥᠭᠬᠦ ᠬᠡᠷᠡᠭᠲᠡᠢ᠃ | ᠶᠢᠰᠦᠳᠦᠭᠡᠷ ᠵᠦᠢᠯ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠡᠮᠴᠢᠯᠡᠭᠡᠨ ᠤ | ᠵᠠᠭᠤᠷᠠᠯᠳᠤᠭᠠᠨ ᠤ ᠠᠷᠠᠳ ᠤᠨ ᠡᠶᠡᠳᠡᠭᠦᠯᠭᠡ ᠶᠢᠨ ᠠᠵᠢᠯ ᠢ ᠬᠠᠷᠢᠭᠤᠴᠠᠨ ᠵᠢᠯᠤᠭᠤᠳᠴᠤ᠂ ᠡᠮᠴᠢᠯᠡᠭᠡᠨ ᠤ | ᠵᠠᠭᠤᠷᠠᠯᠳᠤᠭᠠᠨ ᠢ ᠡᠶᠡᠳᠡᠭᠦᠯᠬᠦ ᠠᠵᠢᠯ ᠤᠨ ᠵᠢᠷᠤᠮᠵᠢᠭᠤᠯᠤᠯᠲᠠ᠂ ᠲᠤᠰᠬᠠᠶᠢᠵᠢᠯᠲᠠ ᠶᠢ ᠠᠬᠢᠭᠤᠯᠬᠤ ᠬᠡᠷᠡᠭᠲᠡᠢ᠃ | ᠡᠯ᠎ᠡ ᠭᠠᠵᠠᠷ ᠣᠷᠣᠨ ᠨᠢ ᠬᠡᠷᠡᠭᠴᠡᠭᠡ ᠪᠠᠨ ᠦᠨᠳᠦᠰᠦᠯᠡᠨ ᠡᠮᠴᠢᠯᠡᠭᠡᠨ ᠤ ᠵᠠᠭᠤᠷᠠᠯᠳᠤᠭᠠᠨ ᠤ ᠠᠷᠠᠳ ᠤᠨ | ᠡᠶᠡᠳᠡᠭᠦᠯᠭᠡ ᠶᠢᠨ ᠺᠣᠮᠢᠰ ᠢ ᠪᠠᠶᠢᠭᠤᠯᠵᠤ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠡᠮᠴᠢᠯᠡᠭᠡᠨ ᠤ | ᠵᠠᠭᠤᠷᠠᠯᠳᠤᠭᠠᠨ ᠤ ᠠᠷᠠᠳ ᠤᠨ ᠡᠶᠡᠳᠡᠭᠦᠯᠭᠡ ᠶᠢᠨ ᠠᠵᠢᠯ ᠢ ᠬᠠᠷᠢᠭᠤᠴᠠᠭᠤᠯᠤᠨ᠂ ᠮᠡᠳᠡᠭᠡ ᠵᠠᠩᠭᠢ ᠨᠡᠪᠲᠡᠷᠡᠯᠴᠡᠬᠦ | ᠲᠣᠭᠲᠠᠴᠠ ᠶᠢ ᠪᠠᠶᠢᠭᠤᠯᠵᠤ᠂ ᠡᠮᠴᠢᠯᠡᠭᠡᠨ ᠤ ᠵᠠᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠠᠷᠭ᠎ᠠ ᠵᠠᠮ ᠢ | ᠰᠢᠯᠤᠭᠤᠳᠬᠠᠬᠤ ᠬᠡᠷᠡᠭᠲᠡᠢ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠪᠤᠶᠤ ᠨᠡᠶᠢᠭᠡᠮ ᠤᠨ | ᠬᠦᠴᠦᠨ ᠢ ᠣᠷᠣᠭᠤᠯᠤᠨ ᠠᠪᠴᠢᠷᠠᠵᠤ ᠡᠮᠴᠢᠯᠡᠭᠡᠨ ᠤ ᠵᠠᠭᠤᠷᠠᠯᠳᠤᠭᠠᠨ ᠤ ᠠᠷᠠᠳ ᠤᠨ ᠡᠶᠡᠳᠡᠭᠦᠯᠭᠡ ᠶᠢᠨ ᠵᠣᠬᠢᠶᠠᠨ | ᠪᠠᠶᠢᠭᠤᠯᠤᠯᠲᠠ ᠶᠢ ᠨᠡᠭᠡᠭᠡᠨ ᠡᠷᠬᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠮᠴᠢᠯᠡᠭᠡᠨ ᠤ ᠵᠠᠭᠤᠷᠠᠯᠳᠤᠭᠠᠨ ᠤ | ᠠᠷᠠᠳ ᠤᠨ ᠡᠶᠡᠳᠡᠭᠦᠯᠭᠡ ᠶᠢᠨ ᠠᠵᠢᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠦᠨᠡᠨ ᠬᠦ ᠪᠠᠲᠤᠯᠠᠬᠤ | ᠬᠡᠷᠡᠭᠲᠡᠢ᠃ | ᠠᠷᠪᠠᠳᠤᠭᠠᠷ ᠵᠦᠢᠯ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ | ᠳᠠᠭᠠᠳᠬᠠᠯ ᠤᠨ ᠪᠠᠶᠢᠭᠤᠯᠤᠮᠵᠢ ᠨᠤᠭᠤᠳ ᠡᠮᠴᠢᠯᠡᠭᠡᠨ ᠤ ᠲᠦᠭᠰᠢᠭᠦᠷᠢ ᠶᠢ ᠬᠤᠪᠢᠶᠠᠷᠢᠯᠠᠨ ᠡᠭᠦᠷᠭᠡᠯᠡᠬᠦ | ᠲᠣᠭᠲᠠᠴᠠ ᠶᠢᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠳᠠᠭᠠᠳᠬᠠᠯ ᠤᠨ ᠪᠠᠲᠤᠯᠠᠭ᠎ᠠ ᠶᠢᠨ ᠠᠷᠭ᠎ᠠ | ᠬᠡᠮᠵᠢᠶ᠎ᠡ ᠪᠠᠨ ᠪᠠᠶᠠᠯᠢᠭᠵᠢᠭᠤᠯᠬᠤ ᠬᠡᠷᠡᠭᠲᠡᠢ᠃ | ᠠᠷᠪᠠᠨ ᠨᠢᠭᠡᠳᠦᠭᠡᠷ ᠵᠦᠢᠯ ᠡᠳ᠋ ᠤᠨ ᠵᠠᠰᠠᠭ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ᠂ ᠵᠠᠬᠢᠳᠠᠯ ᠰᠤᠷᠪᠤᠯᠵᠢᠯᠠᠯ᠂ ᠡᠮᠴᠢᠯᠡᠭᠡᠨ ᠤ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠳ ᠲᠤᠰ | ᠲᠤᠰ ᠤᠨ ᠢᠶᠠᠨ ᠡᠭᠦᠷᠭᠡ ᠬᠠᠷᠢᠭᠤᠴᠠᠯᠭ᠎ᠠ ᠶᠣᠰᠣᠭᠠᠷ ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ ᠬᠢᠭᠡᠳ | ᠰᠢᠢᠳᠪᠦᠷᠢᠯᠡᠬᠦ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ | ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠣᠷᠣᠰᠢᠭᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢ | ᠵᠢᠯᠤᠭᠤᠳᠴᠤ ᠪᠠᠶᠢᠭᠠᠳ ᠡᠪᠡᠳᠴᠢᠲᠡᠨ ᠤ ᠴᠢᠨᠳᠠᠷ ᠢ ᠬᠦᠯᠢᠶᠡᠨ ᠠᠪᠴᠤ ᠲᠡᠭᠡᠭᠡᠪᠦᠷᠢᠯᠡᠬᠦ ᠠᠵᠢᠯ ᠢ ᠬᠠᠤᠯᠢ ᠶᠣᠰᠣᠭᠠᠷ | ᠰᠠᠶᠢᠲᠤᠷ ᠬᠢᠯᠭᠡᠬᠦ ᠶᠢ ᠬᠠᠷᠢᠭᠤᠴᠠᠨ᠎ᠠ᠃ | ᠡᠮᠴᠢᠯᠡᠭᠡᠨ ᠤ ᠪᠠᠶᠢᠭᠤᠯᠤᠮᠵᠢ ᠶᠢᠨ ᠪᠠᠶᠢᠭ᠎ᠠ ᠭᠠᠵᠠᠷ᠂ ᠡᠪᠡᠳᠴᠢᠲᠡᠨ ᠤ ᠡᠷᠦᠬᠡ ᠠᠮᠠ ᠶᠢᠨ ᠪᠠᠶᠢᠭ᠎ᠠ ᠭᠠᠵᠠᠷ | ᠪᠤᠶᠤ ᠰᠠᠭᠤᠭ᠎ᠠ ᠭᠠᠵᠠᠷ ᠤᠨ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠠ ᠭᠠᠴᠠᠭ᠎ᠠ ᠲᠣᠰᠬᠤᠨ ︵ᠰᠠᠭᠤᠭᠠᠯᠢ︶ ᠤ ᠠᠷᠠᠳ ᠤᠨ ᠵᠥᠪᠯᠡᠯ ᠵᠢᠴᠢ | ᠬᠠᠮᠢᠶ᠎ᠠ ᠪᠦᠬᠦᠢ ᠨᠢᠭᠡᠴᠢ ᠨᠦᠭᠦᠳ ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢ | ᠢᠳᠡᠪᠬᠢᠲᠡᠢ ᠰᠠᠶᠢᠲᠤᠷ ᠬᠢᠬᠦ ᠬᠡᠷᠡᠭᠲᠡᠢ᠃ | ᠠᠷᠪᠠᠨ ᠬᠤᠶᠠᠳᠤᠭᠠᠷ ᠵᠦᠢᠯ ᠡᠮᠨᠡᠯᠭᠡ ᠶᠢᠨ ᠬᠤᠷᠢᠶ᠎ᠠ ᠨᠤᠭᠤᠳ ᠤᠨ ᠨᠡᠶᠢᠭᠡᠮᠯᠢᠭ᠂ ᠡᠮᠴᠢ ᠨᠠᠷ ᠤᠨ ᠨᠡᠶᠢᠭᠡᠮᠯᠢᠭ | ᠵᠡᠷᠭᠡ ᠬᠤᠯᠪᠣᠭᠳᠠᠯ ᠪᠦᠬᠦᠢ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠪᠠ ᠡᠮᠴᠢᠯᠡᠭᠡᠨ ᠤ | ᠪᠠᠶᠢᠭᠤᠯᠤᠮᠵᠢ ᠨᠤᠭᠤᠳ ᠠᠵᠢᠯ ᠲᠥᠷᠥᠯ ᠤᠨ ᠱᠠᠭᠠᠷᠳᠠᠯᠭ᠎ᠠ ᠪᠠᠨ ᠴᠢᠩᠭᠠᠳᠬᠠᠨ᠂ ᠡᠮᠨᠡᠯᠭᠡ ᠶᠢᠨ ᠠᠵᠢᠯᠲᠠᠨ ᠤ ᠠᠵᠢᠯ | ᠡᠷᠬᠢᠯᠡᠬᠦ ᠦᠢᠯᠡ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠡᠮᠨᠡᠯᠭᠡ ᠶᠢᠨ ᠠᠵᠢᠯᠲᠠᠳ ᠤᠨ ᠡᠮᠴᠢ ᠶᠢᠨ ᠮᠣᠷᠠᠯ | ᠰᠤᠷᠲᠠᠯ ᠤᠨ ᠬᠥᠮᠦᠵᠢᠯ ᠢ ᠴᠢᠩᠭᠠᠳᠬᠠᠬᠤ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠰᠣᠨᠢᠨ ᠮᠡᠳᠡᠭᠡᠨ ᠤ ᠵᠠᠭᠤᠴᠢᠯᠠᠭᠤᠷ ᠨᠢ ᠡᠮᠴᠢᠯᠡᠭᠡ ᠡᠷᠡᠭᠦᠯ ᠬᠠᠮᠠᠭᠠᠯᠠᠯ ᠤᠨ | ᠬᠠᠤᠯᠢ ᠴᠠᠭᠠᠵᠠ᠂ ᠬᠠᠤᠯᠢ ᠲᠣᠭᠲᠠᠭᠠᠯ ᠪᠠ ᠡᠮᠴᠢᠯᠡᠭᠡ ᠡᠷᠡᠭᠦᠯ ᠬᠠᠮᠠᠭᠠᠯᠠᠯ ᠤᠨ ᠮᠡᠳᠡᠯᠭᠡ ᠶᠢᠨ ᠤᠬᠠᠭᠤᠯᠭ᠎ᠠ | ᠥᠷᠨᠢᠭᠦᠯᠵᠦ᠂ ᠣᠯᠠᠨ ᠨᠡᠶᠢᠲᠡ ᠶᠢᠨ ᠡᠮᠴᠢ ᠪᠠ ᠡᠪᠡᠳᠴᠢᠲᠡᠨ ᠤ ᠬᠠᠷᠢᠴᠠᠭ᠎ᠠ᠂ ᠡᠮᠴᠢᠯᠡᠭᠡᠨ ᠤ ᠲᠦᠭᠰᠢᠭᠦᠷᠢ ᠳᠤ | ᠤᠬᠠᠮᠵᠢ ᠲᠠᠢ ᠬᠠᠨᠳᠤᠬᠤ ᠶᠢ ᠬᠥᠲᠥᠯᠥᠨ ᠵᠢᠯᠤᠭᠤᠳᠬᠤ ᠬᠡᠷᠡᠭᠲᠡᠢ︔ ᠡᠮᠴᠢᠯᠡᠭᠡᠨ ᠤ ᠵᠠᠭᠤᠷᠠᠯᠳᠤᠭᠠᠨ ᠢ | ᠮᠡᠳᠡᠭᠡᠯᠡᠬᠦ ᠳᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠵᠢᠷᠤᠮᠯᠠᠵᠤ᠂ ᠦᠨᠡᠨ | ᠪᠣᠳᠠᠲᠠᠢ᠂ ᠪᠤᠰᠤᠳᠴᠢ᠂ ᠲᠥᠪ ᠭᠤᠤᠯᠴᠢ᠂ ᠠᠵᠢᠯ ᠤᠨ ᠮᠣᠷᠠᠯ ᠢ ᠬᠢᠴᠢᠶᠡᠩᠭᠦ᠋ᠢᠯᠡᠨ ᠰᠠᠬᠢᠬᠤ ᠶᠢ ᠪᠡᠶᠡᠯᠡᠭᠦᠯᠬᠦ | ᠬᠡᠷᠡᠭᠲᠡᠢ᠃ | ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠡᠮᠴᠢᠯᠡᠭᠡᠨ ᠤ | ᠵᠠᠭᠤᠷᠠᠯᠳᠤᠭᠠᠨ ᠤ ᠬᠠᠮᠢᠶ᠎ᠠ ᠪᠦᠬᠦᠢ ᠶᠠᠷᠢᠶ᠎ᠠ ᠬᠡᠯᠡᠯᠴᠡᠭᠡ ᠶᠢ ᠨᠡᠶᠢᠲᠡᠯᠡᠬᠦ ᠳᠤ ᠪᠠᠨ᠂ ᠬᠠᠮᠢᠶ᠎ᠠ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠢ ᠵᠢᠷᠤᠮᠯᠠᠵᠤ᠂ ᠪᠣᠳᠠᠲᠤ ᠶᠠᠪᠤᠳᠠᠯ ᠢᠶᠠᠷ ᠦᠨᠳᠦᠰᠦᠯᠡᠯ ᠪᠣᠯᠭᠠᠬᠤ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠨᠡᠶᠢᠭᠡᠮ ᠨᠡᠶᠢᠲᠡ ᠪᠠᠷ ᠢᠶᠠᠨ ᠡᠮᠨᠡᠯᠭᠡ ᠶᠢᠨ ᠠᠵᠢᠯᠲᠠᠨ ᠢ ᠬᠦᠨᠳᠦᠳᠬᠡᠨ᠂ | ᠡᠮᠨᠡᠯᠭᠡ ᠶᠢᠨ ᠠᠵᠢᠯᠲᠠᠨ ᠳᠤ ᠬᠥᠮᠥᠨᠴᠢ ᠬᠠᠯᠠᠮᠵᠢᠯᠠᠯ ᠥᠭᠬᠦ ᠪᠠᠨ ᠴᠢᠩᠭᠠᠳᠬᠠᠵᠤ᠂ ᠡᠮᠨᠡᠯᠭᠡ ᠶᠢᠨ ᠠᠵᠢᠯᠲᠠᠨ ᠤ | ᠠᠵᠢᠯ ᠢ ᠳᠡᠮᠵᠢᠬᠦ ᠬᠡᠷᠡᠭᠲᠡᠢ᠃ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠡᠮᠴᠢᠯᠡᠭᠡᠨ ᠤ ᠪᠠᠶᠢᠭᠤᠯᠤᠮᠵᠢ ᠵᠢᠴᠢ | ᠲᠡᠭᠦᠨ ᠤ ᠡᠮᠨᠡᠯᠭᠡ ᠶᠢᠨ ᠠᠵᠢᠯᠲᠠᠨ ᠤ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ | ᠬᠠᠷᠰᠢᠯᠠᠨ ᠰᠠᠭᠠᠲᠠᠭᠠᠬᠤ ᠪᠠ ᠨᠥᠯᠥᠭᠡᠯᠡᠵᠦ ᠪᠣᠯᠬᠤ ᠦᠭᠡᠢ᠂ ᠡᠮᠨᠡᠯᠭᠡ ᠶᠢᠨ ᠠᠵᠢᠯᠲᠠᠨ ᠤ ᠬᠥᠮᠥᠨ ᠮᠥᠰᠥ ᠨᠡᠷ᠎ᠡ | ᠬᠦᠨᠳᠦ᠂ ᠪᠡᠶ᠎ᠡ ᠶᠢᠨ ᠠᠮᠤᠷ ᠲᠦᠪᠰᠢᠨ ᠳᠤ ᠬᠠᠯᠳᠠᠵᠤ ᠪᠣᠯᠬᠤ ᠦᠭᠡᠢ᠃ ᠡᠮᠴᠢ ᠪᠠ ᠡᠪᠡᠳᠴᠢᠲᠡᠨ ᠬᠤᠶᠠᠷ | ᠲᠠᠯ᠎ᠠ ᠪᠠᠷ ᠢᠶᠠᠨ ᠬᠠᠷᠢᠯᠴᠠᠨ ᠬᠦᠨᠳᠦᠳᠭᠡᠵᠦ᠂ ᠣᠶᠢᠯᠠᠭᠠᠯᠴᠠᠵᠤ᠂ ᠢᠲᠡᠭᠡᠯᠴᠡᠵᠦ᠂ ᠡᠮᠴᠢ ᠪᠠ ᠡᠪᠡᠳᠴᠢᠲᠡᠨ ᠤ ᠡᠶ᠎ᠡ | ᠵᠣᠬᠢᠴᠠᠯ ᠤᠨ ᠬᠠᠷᠢᠴᠠᠭ᠎ᠠ ᠶᠢ ᠬᠠᠮᠲᠤ ᠪᠠᠷ ᠪᠠᠶᠢᠭᠤᠯᠬᠤ ᠬᠡᠷᠡᠭᠲᠡᠢ᠃ | ᠬᠤᠶᠠᠳᠤᠭᠠᠷ ᠪᠦᠯᠦᠭ ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ | ᠠᠷᠪᠠᠨ ᠲᠠᠪᠤᠳᠤᠭᠠᠷ ᠵᠦᠢᠯ ᠡᠮᠴᠢᠯᠡᠭᠡᠨ ᠤ ᠪᠠᠶᠢᠭᠤᠯᠤᠮᠵᠢ ᠵᠢᠴᠢ ᠲᠡᠭᠦᠨ ᠤ ᠡᠮᠨᠡᠯᠭᠡ ᠶᠢᠨ ᠠᠵᠢᠯᠲᠠᠨ | ᠣᠨᠣᠰᠢᠯᠠᠨ ᠡᠮᠨᠡᠬᠦ ᠠᠵᠢᠯᠯᠠᠭ᠎ᠠ ᠳᠤ ᠪᠠᠨ ᠡᠪᠡᠳᠴᠢᠲᠡᠨ ᠢᠶᠠᠷ ᠭᠤᠣᠯ ᠪᠣᠯᠭᠠᠵᠤ᠂ ᠬᠥᠮᠥᠨᠴᠢ ᠬᠠᠯᠠᠮᠵᠢᠯᠠᠯ ᠢᠶᠠᠨ | ᠴᠢᠩᠭᠠᠳᠬᠠᠨ᠂ ᠡᠮᠴᠢᠯᠡᠭᠡ ᠡᠷᠡᠭᠦᠯ ᠬᠠᠮᠠᠭᠠᠯᠠᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ | ᠪᠠ ᠣᠨᠣᠰᠢᠯᠠᠨ ᠡᠮᠨᠡᠬᠦ ᠬᠠᠮᠢᠶ᠎ᠠ ᠪᠦᠬᠦᠢ ᠵᠢᠷᠤᠮᠵᠢᠯ᠂ ᠵᠤᠷᠰᠢᠯ ᠢ ᠴᠢᠩᠭ᠎ᠠ ᠵᠢᠷᠤᠮᠯᠠᠨ ᠰᠠᠬᠢᠵᠤ᠂ ᠠᠵᠢᠯ ᠤᠨ ᠮᠣᠷᠠᠯ ᠢ | ᠬᠢᠴᠢᠶᠡᠩᠭᠦ᠋ᠢᠯᠡᠨ ᠰᠠᠬᠢᠬᠤ ᠬᠡᠷᠡᠭᠲᠡᠢ᠃ ᠡᠮᠴᠢᠯᠡᠭᠡᠨ ᠤ ᠪᠠᠶᠢᠭᠤᠯᠤᠮᠵᠢ ᠨᠤᠭᠤᠳ ᠲᠡᠭᠦᠨ ᠤ ᠡᠮᠨᠡᠯᠭᠡ ᠶᠢᠨ | ᠠᠵᠢᠯᠲᠠᠨ ᠳᠤ ᠡᠮᠴᠢᠯᠡᠭᠡ ᠡᠷᠡᠭᠦᠯ ᠬᠠᠮᠠᠭᠠᠯᠠᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ | ᠪᠠ ᠣᠨᠣᠰᠢᠯᠠᠨ ᠡᠮᠨᠡᠬᠦ ᠬᠠᠮᠢᠶ᠎ᠠ ᠪᠦᠬᠦᠢ ᠵᠢᠷᠤᠮᠵᠢᠯ᠂ ᠵᠤᠷᠰᠢᠯ ᠤᠨ ᠲᠠᠯ᠎ᠠ ᠪᠠᠷ ᠬᠢ ᠪᠣᠯᠪᠠᠰᠤᠷᠠᠯ ᠬᠢᠬᠦ ᠶᠢᠨ ᠬᠠᠮᠲᠤ | ᠠᠵᠢᠯ ᠤᠨ ᠮᠣᠷᠠᠯ ᠤᠨ ᠬᠥᠮᠥᠵᠢᠯ ᠬᠢᠬᠦ ᠪᠠᠨ ᠴᠢᠩᠭᠠᠳᠬᠠᠬᠤ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠡᠮᠴᠢᠯᠡᠭᠡᠨ ᠤ ᠪᠠᠶᠢᠭᠤᠯᠤᠮᠵᠢ ᠨᠤᠭᠤᠳ ᠡᠮᠴᠢᠯᠡᠭᠡᠨ ᠤ ᠶᠠᠰᠤ ᠴᠢᠨᠠᠷ ᠤᠨ | ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠶᠠᠰᠤ ᠴᠢᠨᠠᠷ ᠤᠨ | ᠬᠠᠮᠢᠶᠠᠷᠤᠯᠲᠠ ᠶᠢᠨ ᠳᠦᠷᠢᠮ ᠢ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ ᠣᠨᠣᠰᠢᠯᠠᠨ ᠡᠮᠨᠡᠬᠦ ᠠᠵᠢᠯᠯᠠᠭ᠎ᠠ ᠳᠠᠬᠢ | ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠨ᠂ ᠦᠢᠯᠡᠴᠢᠯᠡᠭᠡᠨ ᠤ ᠴᠤᠪᠤᠷᠠᠯ ᠢᠶᠠᠨ ᠰᠢᠯᠢᠳᠡᠭᠵᠢᠭᠦᠯᠵᠦ᠂ | ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ | ᠡᠮᠴᠢᠯᠡᠭᠡᠨ ᠤ ᠪᠠᠶᠢᠭᠤᠯᠤᠮᠵᠢ ᠨᠤᠭᠤᠳ ᠡᠮᠴᠢᠯᠡᠭᠡᠨ ᠤ ᠠᠮᠤᠷ ᠲᠦᠪᠰᠢᠨ ᠬᠢᠭᠡᠳ ᠲᠦᠭᠰᠢᠭᠦᠷᠢ ᠶᠢᠨ | ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠡᠮᠴᠢᠯᠡᠭᠡᠨ ᠤ ᠲᠦᠭᠰᠢᠭᠦᠷᠢ ᠶᠢ ᠢᠯᠭᠠᠨ ᠲᠠᠨᠢᠬᠤ᠂ ᠦᠨᠡᠯᠡᠨ ᠵᠢᠱᠢᠬᠦ | ᠪᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠂ ᠡᠮᠴᠢᠯᠡᠭᠡᠨ ᠤ ᠲᠦᠭᠰᠢᠭᠦᠷᠢ ᠶᠢᠨ | ᠬᠠᠮᠢᠶᠠᠷᠤᠯᠲᠠ ᠪᠠᠨ ᠴᠢᠩᠭᠠᠳᠬᠠᠵᠤ᠂ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠪᠠᠶᠢᠴᠠᠭᠠᠵᠤ᠂ ᠭᠡᠮ ᠰᠣᠭᠤᠭ ᠢ ᠴᠠᠭ ᠲᠤᠬᠠᠢ ᠳᠤ ᠨᠢ ᠠᠷᠢᠯᠭᠠᠬᠤ ᠬᠡᠷᠡᠭᠲᠡᠢ᠃ | ᠠᠷᠪᠠᠨ ᠳᠣᠯᠣᠳᠤᠭᠠᠷ ᠵᠦᠢᠯ ᠡᠮᠴᠢᠯᠡᠭᠡᠨ ᠤ ᠪᠠᠶᠢᠭᠤᠯᠤᠮᠵᠢ ᠨᠤᠭᠤᠳ ᠡᠮᠴᠢ ᠪᠠ ᠡᠪᠡᠳᠴᠢᠲᠡᠨ ᠤ | ᠣᠶᠢᠯᠠᠭᠠᠯᠴᠠᠨ ᠨᠡᠪᠲᠡᠷᠡᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠮᠴᠢ ᠪᠠ ᠡᠪᠡᠳᠴᠢᠲᠡᠨ ᠤ | ᠣᠶᠢᠯᠠᠭᠠᠯᠴᠠᠨ ᠨᠡᠪᠲᠡᠷᠡᠯᠴᠡᠬᠦ ᠠᠭᠤᠯᠭ᠎ᠠ ᠶᠢ ᠲᠡᠭᠦᠯᠳᠡᠷᠵᠢᠭᠦᠯᠦᠨ᠂ ᠡᠪᠡᠳᠴᠢᠲᠡᠨ ᠢ ᠣᠨᠣᠰᠢᠯᠠᠨ ᠡᠮᠨᠡᠬᠦ ᠶᠠᠪᠤᠴᠠ ᠳᠤ | ᠳᠤᠷᠠᠳᠤᠭᠰᠠᠨ ᠯᠠᠪᠯᠠᠯᠲᠠ᠂ ᠰᠠᠨᠠᠯ ᠰᠠᠨᠠᠭᠤᠯᠭ᠎ᠠ ᠳᠤ ᠬᠦᠯᠢᠴᠡᠩᠭᠦᠢ ᠪᠠᠷ ᠲᠠᠶᠢᠯᠪᠤᠷᠢᠯᠠᠨ ᠲᠣᠳᠣᠷᠬᠠᠶᠢᠯᠠᠬᠤ ᠶᠢᠨ | ᠬᠠᠮᠲᠤ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ︔ ᠡᠪᠡᠳᠴᠢᠲᠡᠨ ᠤ ᠳᠤᠷᠠᠳᠤᠭᠰᠠᠨ ᠮᠠᠳᠠᠭ ᠲᠠᠢ ᠵᠦᠢᠯ ᠢ | ᠴᠠᠭ ᠲᠤᠬᠠᠢ ᠳᠤ ᠨᠢ ᠬᠠᠷᠭᠤᠭᠤᠯᠬᠤ ᠪᠠ ᠥᠪᠡᠷ ᠤᠨ ᠪᠠᠶᠢᠴᠠᠭᠠᠯᠲᠠ ᠬᠢᠬᠦ ᠶᠢᠨ ᠬᠠᠮᠲᠤ ᠡᠪᠡᠳᠴᠢᠲᠡᠨ ᠪᠤᠶᠤ | ᠲᠡᠭᠦᠨ ᠤ ᠣᠶᠢᠷ᠎ᠠ ᠲᠥᠷᠥᠯ ᠰᠠᠳᠤᠨ ᠯᠤᠭ᠎ᠠ ᠣᠶᠢᠯᠠᠭᠠᠯᠴᠠᠨ ᠨᠡᠪᠲᠡᠷᠡᠯᠴᠡᠵᠦ᠂ ᠪᠠᠶᠢᠳᠠᠯ ᠢ ᠦᠨᠡᠨ ᠪᠣᠳᠠᠲᠠᠢ ᠪᠠᠷ | ᠲᠣᠳᠣᠷᠬᠠᠶᠢᠯᠠᠨ᠂ ᠵᠠᠭᠤᠷᠠᠯᠳᠤᠭᠠᠨ ᠤ ᠭᠡᠮ ᠰᠣᠭᠤᠭ ᠢ ᠴᠠᠭ ᠲᠤᠬᠠᠢ ᠳᠤ ᠨᠢ ᠵᠢᠭᠰᠠᠭᠠᠨ ᠪᠠᠶᠢᠴᠠᠭᠠᠵᠤ | ᠢᠯᠡᠷᠡᠭᠦᠯᠬᠦ ᠶᠢᠨ ᠬᠠᠮᠲᠤ ᠰᠡᠷᠭᠡᠶᠢᠯᠡᠨ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ | ᠡᠮᠴᠢᠯᠡᠭᠡᠨ ᠤ ᠪᠠᠶᠢᠭᠤᠯᠤᠮᠵᠢ ᠨᠤᠭᠤᠳ ᠵᠠᠭᠠᠯᠳᠤᠯᠭ᠎ᠠ ᠶᠢ ᠭᠥᠯᠢᠶᠡᠨ ᠠᠪᠬᠤ ᠳᠦᠷᠢᠮ ᠢ ᠪᠠᠶᠢᠭᠤᠯᠤᠨ | ᠪᠦᠷᠢᠨᠰᠢᠭᠦᠯᠵᠦ᠂ ᠵᠠᠭᠠᠯᠳᠤᠯᠭ᠎ᠠ ᠶᠢᠨ ᠨᠢᠭᠡᠳᠦᠯᠲᠡᠢ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠲᠤᠰᠬᠠᠢ ︵ | ᠲᠤᠰᠢᠶᠠᠯ ᠬᠠᠪᠰᠤᠷᠭᠠᠭᠰᠠᠨ︶ ᠠᠵᠢᠯᠲᠠᠨ ᠲᠣᠬᠢᠷᠠᠭᠤᠯᠬᠤ ᠬᠡᠷᠡᠭᠲᠡᠢ᠂ ᠬᠤᠶᠠᠳᠤᠭᠠᠷ ᠳᠡᠰ ᠠᠴᠠ ᠳᠡᠭᠡᠭᠰᠢᠬᠢ | ᠡᠮᠴᠢᠯᠡᠭᠡᠨ ᠤ ᠪᠠᠶᠢᠭᠤᠯᠤᠮᠵᠢ ᠨᠢ ᠲᠤᠰᠬᠠᠢ ᠲᠠᠯᠠᠪᠤᠷ ᠲᠣᠬᠢᠷᠠᠭᠤᠯᠵᠤ᠂ ᠡᠪᠡᠳᠴᠢᠲᠡᠨ ᠤ ᠵᠠᠭᠠᠯᠳᠤᠯᠭ᠎ᠠ ᠪᠤᠶᠤ | ᠯᠠᠪᠯᠠᠯᠲᠠ ᠶᠢ ᠭᠥᠯᠢᠶᠡᠨ ᠠᠪᠴᠤ᠂ ᠵᠠᠭᠠᠯᠳᠤᠯᠭ᠎ᠠ ᠶᠢᠨ ᠰᠢᠭᠤᠳ ᠰᠢᠯᠤᠭᠤᠬᠠᠨ᠂ ᠳᠥᠭᠦᠮ ᠳᠥᠲᠡ ᠠᠷᠭ᠎ᠠ ᠮᠥᠷ ᠢ | ᠪᠠᠶᠢᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠢᠯᠡᠷᠬᠡᠢ ᠣᠷᠣᠨ ᠪᠠᠶᠢᠷᠢ ᠳᠤ ᠵᠠᠭᠠᠯᠳᠤᠯᠭ᠎ᠠ ᠶᠢ ᠰᠢᠢᠳᠪᠦᠷᠢᠯᠡᠬᠦ | ᠲᠠᠰ ᠳᠠᠷᠠᠭᠠᠯᠠᠯ᠂ ᠣᠷᠣᠨ ᠭᠠᠵᠠᠷ᠂ ᠭᠥᠯᠢᠶᠡᠨ ᠠᠪᠬᠤ ᠴᠠᠭ ᠬᠤᠭᠤᠴᠠᠭ᠎ᠠ ᠪᠠ ᠬᠠᠷᠢᠯᠴᠠᠬᠤ ᠠᠷᠭ᠎ᠠ ᠮᠠᠶ᠋ᠢᠭ | ᠵᠡᠷᠭᠡ ᠶᠢ ᠨᠡᠶᠢᠲᠡᠯᠡᠵᠦ᠂ ᠡᠪᠡᠳᠴᠢᠲᠡᠨ ᠤ ᠵᠠᠭᠠᠯᠳᠤᠬᠤ᠂ ᠯᠠᠪᠯᠠᠬᠤ ᠳᠤ ᠲᠥᠬᠦᠮ ᠦᠵᠡᠭᠦᠯᠬᠦ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠡᠮᠴᠢᠯᠡᠭᠡᠨ ᠤ ᠪᠠᠶᠢᠭᠤᠯᠤᠮᠵᠢ ᠨᠢ ᠡᠮᠴᠢᠯᠡᠭᠡᠨ ᠤ ᠮᠡᠷᠭᠡᠵᠢᠯ ᠤᠨ ᠦᠢᠯᠡᠴᠢᠯᠡᠭᠡ | ᠥᠷᠨᠢᠭᠦᠯᠬᠦ ᠳᠤ ᠪᠠᠨ ᠲᠣᠰ ᠪᠡᠶ᠎ᠡ ᠶᠢᠨ ᠢᠶᠠᠨ ᠮᠡᠷᠭᠡᠵᠢᠯ ᠤᠨ ᠴᠢᠳᠠᠪᠤᠷᠢ ᠯᠤᠭ᠎ᠠ ᠬᠠᠷᠢᠯᠴᠠᠨ ᠵᠣᠬᠢᠴᠠᠭᠰᠠᠨ ᠪᠠᠶᠢᠬᠤ | ᠬᠡᠷᠡᠭᠲᠡᠢ᠂ ᠬᠢᠵᠠᠭᠠᠷᠯᠠᠬᠤ ᠲᠥᠷᠥᠯ ᠤᠨ ᠮᠡᠷᠭᠡᠵᠢᠯ ᠤᠨ ᠬᠡᠷᠡᠭᠯᠡᠭᠡᠨ ᠥᠷᠨᠢᠭᠦᠯᠬᠦ ᠳᠤ ᠪᠠᠨ᠂ ᠬᠠᠮᠢᠶ᠎ᠠ ᠪᠦᠬᠦᠢ | ᠡᠮᠴᠢᠯᠡᠭᠡᠨ ᠤ ᠮᠡᠷᠭᠡᠵᠢᠯ ᠤᠨ ᠡᠮᠴᠢᠯᠡᠭᠡᠨ ᠤ ᠬᠡᠷᠡᠭᠯᠡᠭᠡᠨ ᠤ ᠬᠠᠮᠢᠶᠠᠷᠤᠯᠲᠠ ᠶᠢᠨ ᠵᠢᠷᠤᠮᠵᠢᠯ ᠶᠣᠰᠣᠭᠠᠷ ᠥᠪᠡᠷ ᠢ ᠪᠠᠨ | ᠦᠨᠡᠯᠡᠨ ᠵᠢᠱᠢᠬᠦ ᠬᠡᠷᠡᠭᠲᠡᠢ᠂ ᠨᠥᠬᠦᠴᠡᠯ ᠳᠤ ᠨᠡᠶᠢᠴᠡᠬᠦ ᠨᠢ ᠡᠮᠴᠢᠯᠡᠭᠡᠨ ᠤ ᠬᠡᠷᠡᠭᠯᠡᠭᠡᠨ ᠥᠷᠨᠢᠭᠦᠯᠵᠦ ᠪᠣᠯᠬᠤ ᠶᠢᠨ | ᠬᠠᠮᠲᠤ᠂ ᠬᠠᠷᠠᠭᠠᠯᠵᠠᠭᠰᠠᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ | ᠳᠠᠩᠰᠠᠯᠠᠭᠤᠯᠬᠤ ᠬᠡᠷᠡᠭᠲᠡᠢ᠂ ᠴᠠᠭᠠᠵᠠᠯᠠᠬᠤ ᠲᠥᠷᠥᠯ ᠤᠨ ᠮᠡᠷᠭᠡᠵᠢᠯ ᠤᠨ ᠬᠡᠷᠡᠭᠯᠡᠭᠡᠨ ᠥᠷᠨᠢᠭᠦᠯᠬᠦ ᠶᠢ ᠴᠢᠩᠭ᠎ᠠ | ᠴᠠᠭᠠᠵᠠᠯᠠᠨ᠎ᠠ᠃ ᠡᠮᠴᠢᠯᠡᠭᠡᠨ ᠤ ᠰᠢᠨ᠎ᠡ ᠮᠡᠷᠭᠡᠵᠢᠯ ᠢ ᠬᠡᠷᠡᠭᠯᠡᠬᠦ ᠳᠤ᠂ ᠮᠡᠷᠭᠡᠵᠢᠯ ᠤᠨ ᠦᠨᠡᠯᠡᠨ ᠵᠢᠱᠢᠯᠲᠡ ᠪᠠ ᠡᠰᠢ | ᠶᠣᠰᠣᠨ ᠤ ᠬᠢᠨᠠᠨ ᠪᠠᠶᠢᠴᠠᠭᠠᠯᠲᠠ ᠶᠢ ᠥᠷᠨᠢᠭᠦᠯᠵᠦ᠂ ᠠᠮᠤᠷ ᠲᠦᠪᠰᠢᠨ ᠪᠥᠭᠡᠳ ᠪᠦᠲᠦᠮᠵᠢᠲᠡᠶ᠂ ᠡᠰᠢ ᠶᠣᠰᠣᠨ ᠳᠤ | ᠨᠡᠶᠢᠴᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ | ᠠᠷᠪᠠ ᠶᠢᠰᠦᠳᠦᠭᠡᠷ ᠵᠦᠢᠯ ᠡᠮᠴᠢᠯᠡᠭᠡᠨ ᠤ ᠪᠠᠶᠢᠭᠤᠯᠤᠮᠵᠢ ᠵᠢᠴᠢ ᠲᠡᠭᠦᠨ ᠤ ᠡᠮᠨᠡᠯᠬᠡ ᠶᠢᠨ ᠠᠵᠢᠯᠲᠠᠨ ᠨᠢ | ᠣᠨᠣᠰᠢᠯᠠᠨ ᠡᠮᠨᠡᠬᠦ ᠠᠵᠢᠯᠯᠠᠭ᠎ᠠ ᠳᠤ ᠪᠠᠨ ᠳᠣᠣᠷ᠎ᠠ ᠵᠢᠭᠰᠠᠭᠠᠭᠰᠠᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ | ᠬᠡᠷᠡᠭᠲᠡᠢ᠄ | ︵ᠨᠢᠭᠡ︶ ᠡᠮᠴᠢᠯᠡᠭᠡ ᠡᠷᠡᠭᠦᠯ ᠬᠠᠮᠠᠭᠠᠯᠠᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ | ᠪᠠ ᠣᠨᠣᠰᠢᠯᠠᠨ ᠡᠮᠨᠡᠬᠦ ᠬᠠᠮᠢᠶ᠎ᠠ ᠪᠦᠬᠦᠢ ᠵᠢᠷᠤᠮᠵᠢᠯ᠂ ᠵᠤᠷᠰᠢᠯ ᠢ ᠴᠢᠩᠭ᠎ᠠ ᠵᠢᠷᠤᠮᠯᠠᠬᠤ ᠬᠡᠷᠡᠭᠲᠡᠢ᠃ | ︵ᠬᠤᠶᠠᠷ︶ ᠡᠪᠡᠳᠴᠢᠲᠡᠨ ᠢ ᠬᠠᠯᠠᠮᠵᠢᠯᠠᠨ ᠬᠠᠶᠢᠷᠠᠯᠠᠵᠤ ᠬᠦᠨᠳᠦᠳᠬᠡᠵᠦ᠂ ᠡᠪᠡᠳᠴᠢᠲᠡᠨ ᠤ ᠨᠢᠭᠤᠴᠠ ᠪᠠ | ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ ᠬᠡᠷᠡᠭᠲᠡᠢ᠃ | ︵ᠭᠤᠷᠪᠠ︶ ᠡᠪᠡᠳᠴᠢᠨ ᠳᠤ ᠨᠢ ᠵᠣᠬᠢᠴᠠᠭᠤᠯᠤᠨ ᠵᠠᠰᠠᠯᠲᠠ ᠬᠢᠵᠦ᠂ ᠵᠦᠢ ᠵᠣᠬᠢᠰᠲᠠᠢ ᠪᠠᠶᠢᠴᠠᠭᠠᠵᠤ᠂ ᠵᠦᠢ | ᠵᠣᠬᠢᠰᠲᠠᠢ ᠡᠮ ᠬᠡᠷᠡᠭᠯᠡᠵᠦ᠂ ᠵᠦᠢ ᠵᠣᠬᠢᠰᠲᠠᠢ ᠡᠮᠨᠡᠨ ᠵᠠᠰᠠᠵᠤ᠂ ᠬᠠᠤᠯᠢ ᠳᠤ ᠨᠡᠶᠢᠴᠡᠭᠰᠡᠨ᠂ ᠲᠣᠭᠲᠠᠭᠠᠯ ᠳᠤ | ᠨᠡᠶᠢᠴᠡᠭᠰᠡᠨ᠂ ᠰᠢᠨᠵᠢᠯᠡᠬᠦ ᠤᠬᠠᠭᠠᠨᠴᠢ ᠣᠨᠣᠰᠢᠯᠠᠨ ᠡᠮᠨᠡᠬᠦ ᠠᠷᠭ᠎ᠠ ᠶᠢ ᠬᠡᠷᠡᠭᠯᠡᠬᠦ ᠬᠡᠷᠡᠭᠲᠡᠢ᠃ | ︵ᠳᠥᠷᠪᠡ︶ ᠡᠪᠡᠳᠴᠢᠨ ᠤ ᠪᠠᠶᠢᠳᠠᠯ᠂ ᠡᠮᠴᠢᠯᠡᠭᠡᠨ ᠤ ᠠᠷᠭ᠎ᠠ ᠬᠡᠮᠵᠢᠶ᠎ᠡ᠂ ᠡᠮᠴᠢᠯᠡᠭᠡᠨ ᠤ ᠲᠦᠭᠰᠢᠭᠦᠷᠢ ᠵᠡᠷᠭᠡ | ᠪᠠᠶᠢᠳᠠᠯ ᠢ ᠡᠪᠡᠳᠴᠢᠲᠡᠨ ᠳᠤ ᠦᠨᠡᠨ ᠮᠥᠨ ᠢᠶᠠᠷ ᠨᠢ ᠮᠡᠳᠡᠭᠳᠡᠵᠦ᠂ ᠮᠡᠰᠡ ᠵᠠᠰᠠᠯ᠂ ᠣᠨᠴᠠᠭᠠᠢ ᠪᠠᠶᠢᠴᠠᠭᠠᠯᠲᠠ᠂ | ᠣᠨᠴᠠᠭᠠᠢ ᠵᠠᠰᠠᠯᠭ᠎ᠠ ᠬᠢᠬᠦ ᠴᠢᠬᠤᠯᠠᠲᠠᠢ ᠪᠠᠶᠢᠪᠠᠯ᠂ ᠡᠪᠡᠳᠴᠢᠲᠡᠨ ᠳᠤ ᠡᠮᠴᠢᠯᠡᠭᠡᠨ ᠤ ᠲᠦᠭᠰᠢᠭᠦᠷᠢ᠂ ᠣᠷᠣᠯᠠᠭᠤᠯᠬᠤ | ᠡᠮᠴᠢᠯᠡᠭᠡᠨ ᠤ ᠲᠥᠰᠥᠯ ᠵᠡᠷᠭᠡ ᠪᠠᠶᠢᠳᠠᠯ ᠢ ᠴᠠᠭ ᠲᠤᠬᠠᠢ ᠳᠤ ᠨᠢ ᠪᠣᠳᠠᠲᠠᠢ ᠲᠣᠳᠣᠷᠬᠠᠶᠢᠯᠠᠬᠤ ᠶᠢᠨ ᠬᠠᠮᠲᠤ ᠲᠡᠭᠦᠨ ᠤ | ᠲᠣᠳᠣᠷᠬᠠᠢ ᠵᠥᠪᠰᠢᠶᠡᠷᠡᠯ ᠢ ᠣᠯᠬᠤ ᠬᠡᠷᠡᠭᠲᠡᠢ︔ ᠡᠪᠡᠳᠴᠢᠲᠡᠨ ᠳᠤ ᠲᠣᠳᠣᠷᠬᠠᠶᠢᠯᠠᠵᠤ ᠪᠣᠯᠬᠤ ᠦᠭᠡᠢ ᠪᠤᠶᠤ | ᠡᠪᠡᠳᠴᠢᠲᠡᠨ ᠳᠤ ᠲᠣᠳᠣᠷᠬᠠᠶᠢᠯᠠᠬᠤ ᠳᠤ ᠲᠣᠬᠢᠷᠠᠮᠵᠢ ᠦᠭᠡᠢ ᠪᠠᠶᠢᠪᠠᠯ᠂ ᠡᠪᠡᠳᠴᠢᠲᠡᠨ ᠤ ᠣᠶᠢᠷ᠎ᠠ ᠲᠥᠷᠥᠯ | ᠰᠠᠳᠤᠨ ᠳᠤ ᠲᠠᠶᠢᠯᠪᠤᠷᠢᠯᠠᠵᠤ ᠥᠭᠬᠦ ᠶᠢᠨ ᠬᠠᠮᠲᠤ ᠲᠡᠭᠦᠨ ᠤ ᠲᠣᠳᠣᠷᠬᠠᠢ ᠵᠥᠪᠰᠢᠶᠡᠷᠡᠯ ᠢ ᠣᠯᠬᠤ ᠬᠡᠷᠡᠭᠲᠡᠢ᠃ | ︵ᠲᠠᠪᠤ︶ ᠪᠠᠴᠢᠮ ᠠᠪᠤᠷᠠᠨ ᠵᠠᠰᠠᠬᠤ ᠴᠢᠬᠤᠯᠠᠲᠠᠢ ᠡᠪᠡᠳᠴᠢᠲᠡᠨ ᠳᠤ ᠪᠠᠴᠢᠮ ᠠᠷᠭ᠎ᠠ ᠬᠡᠮᠵᠢᠶ᠎ᠡ ᠠᠪᠴᠤ | ᠪᠠᠶᠢᠭᠠᠳ ᠣᠨᠣᠰᠢᠯᠠᠨ ᠡᠮᠨᠡᠬᠦ ᠬᠡᠷᠡᠭᠲᠡᠢ᠂ ᠲᠦᠷᠭᠡᠨ ᠠᠪᠤᠷᠠᠵᠤ ᠡᠮᠴᠢᠯᠡᠨ ᠰᠢᠢᠳᠪᠦᠷᠢᠯᠡᠬᠦ ᠶᠢ ᠲᠡᠪᠴᠢᠵᠦ ᠪᠣᠯᠬᠤ | ᠦᠭᠡᠢ᠃ ᠠᠮᠢ ᠨᠠᠰᠤ ᠨᠢ ᠲᠦᠭᠰᠢᠭᠦᠷᠢᠲᠡᠢ ᠪᠣᠯᠣᠭᠰᠠᠨ ᠡᠪᠡᠳᠴᠢᠲᠡᠨ ᠢ ᠲᠦᠷᠭᠡᠨ ᠠᠪᠤᠷᠠᠬᠤ ᠵᠡᠷᠭᠡ ᠪᠠᠴᠢᠮ | ᠪᠠᠶᠢᠳᠠᠯ ᠠᠴᠠ ᠪᠣᠯᠣᠭᠠᠳ ᠡᠪᠡᠳᠴᠢᠲᠡᠨ ᠪᠤᠶᠤ ᠣᠶᠢᠷ᠎ᠠ ᠲᠥᠷᠥᠯ ᠰᠠᠳᠤᠨ ᠠᠴᠠ ᠨᠢ ᠰᠠᠨᠠᠯ ᠠᠪᠴᠤ ᠳᠡᠶᠢᠯᠬᠦ ᠦᠭᠡᠢ | ᠪᠠᠶᠢᠳᠠᠯ ᠳᠤ᠂ ᠡᠮᠴᠢᠯᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠪᠤᠶᠤ ᠡᠷᠬᠡ ᠣᠯᠭᠤᠭᠰᠠᠨ | ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ᠂ ᠲᠡᠷᠡ ᠳᠠᠷᠤᠢ ᠳᠤ ᠨᠢ ᠬᠠᠷᠠᠭᠠᠯᠵᠠᠭᠰᠠᠨ ᠡᠮᠴᠢᠯᠡᠭᠡᠨ ᠤ ᠠᠷᠭ᠎ᠠ | ᠬᠡᠮᠵᠢᠶ᠎ᠡ ᠠᠪᠴᠤ ᠪᠣᠯᠣᠨ᠎ᠠ᠃ | ︵ᠵᠢᠷᠭᠤᠭ᠎ᠠ︶ ᠮᠡᠰᠡ ᠵᠠᠰᠠᠯ᠂ ᠣᠨᠴᠠᠭᠠᠢ ᠪᠠᠶᠢᠴᠠᠭᠠᠯᠲᠠ᠂ ᠣᠨᠴᠠᠭᠠᠢ ᠵᠠᠰᠠᠯᠭ᠎ᠠ ᠵᠡᠷᠭᠡ ᠨᠡᠯᠢᠶᠡᠳ ᠶᠡᠭᠡ | ᠡᠮᠴᠢᠯᠡᠭᠡᠨ ᠤ ᠲᠦᠭᠰᠢᠭᠦᠷᠢ ᠲᠠᠢ ᠣᠨᠣᠰᠢᠯᠠᠨ ᠡᠮᠨᠡᠬᠦ ᠠᠵᠢᠯᠯᠠᠭ᠎ᠠ ᠶᠢ ᠥᠷᠨᠢᠭᠦᠯᠬᠦ ᠳᠤ᠂ ᠡᠮᠴᠢᠯᠡᠭᠡᠨ ᠤ | ᠪᠠᠶᠢᠭᠤᠯᠤᠮᠵᠢ ᠨᠤᠭᠤᠳ ᠠᠷᠭᠠᠴᠠᠭᠠᠬᠤ ᠪᠡᠯᠡᠳᠬᠡᠯ ᠲᠥᠰᠥᠯ ᠢᠶᠠᠨ ᠤᠷᠢᠳᠴᠢᠯᠠᠨ ᠪᠡᠯᠡᠳᠬᠡᠵᠦ᠂ ᠭᠡᠨᠡᠳᠲᠡ ᠶᠢᠨ | ᠲᠦᠭᠰᠢᠭᠦᠷᠢ ᠶᠢ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠬᠦ ᠬᠡᠷᠡᠭᠲᠡᠢ᠃ | ︵ᠳᠤᠯᠤᠭ᠎ᠠ︶ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠪᠤᠶᠤ ᠳᠠᠩᠰᠠᠯᠠᠭᠤᠯᠤᠭᠰᠠᠨ ᠡᠮ ᠤᠨ ᠵᠦᠢᠯ᠂ | ᠠᠷᠢᠭᠤᠳᠬᠠᠬᠤ ᠡᠮ᠂ ᠡᠮᠴᠢᠯᠡᠭᠡᠨ ᠤ ᠪᠠᠭᠠᠵᠢ ᠬᠡᠷᠡᠭᠰᠡᠯ ᠢ ᠬᠡᠷᠡᠭᠯᠡᠬᠦ ᠬᠡᠷᠡᠭᠲᠡᠢ᠂ ᠡᠮ ᠤᠨ ᠵᠦᠢᠯ᠂ ᠡᠮᠴᠢᠯᠡᠭᠡᠨ ᠳᠤ | ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮᠴᠢᠯᠡᠭᠡᠨ ᠤ ᠪᠠᠭᠠᠵᠢ ᠬᠡᠷᠡᠭᠰᠡᠯ᠂ ᠠᠷᠢᠭᠤᠳᠬᠠᠬᠤ ᠡᠮ᠂ ᠴᠢᠰᠤ ᠵᠡᠷᠭᠡ ᠶᠢᠨ | ᠪᠠᠷᠠᠭ᠎ᠠ ᠣᠷᠣᠭᠤᠯᠬᠤ ᠳᠤ ᠪᠠᠶᠢᠴᠠᠭᠠᠨ ᠰᠢᠯᠭᠠᠬᠤ᠂ ᠬᠠᠳᠠᠭᠠᠯᠠᠨ ᠬᠠᠮᠢᠶᠠᠷᠬᠤ ᠵᠡᠷᠭᠡ ᠳᠦᠷᠢᠮ ᠢ ᠴᠢᠩᠭ᠎ᠠ | ᠬᠡᠷᠡᠭᠵᠢᠭᠦᠯᠵᠦ᠂ ᠬᠢᠷᠢ ᠲᠡᠩᠴᠡᠭᠰᠡᠨ ᠭᠡᠷᠡᠴᠢᠯᠡᠬᠦ ᠪᠢᠴᠢᠭ ᠮᠠᠲ᠋ᠧᠷᠢᠶᠠᠯ ᠦᠭᠡᠢ᠂ ᠬᠤᠭᠤᠴᠠᠭ᠎ᠠ ᠬᠡᠲᠦᠷᠡᠭᠰᠡᠨ ᠵᠡᠷᠭᠡ | ᠬᠢᠷᠢ ᠲᠡᠩᠴᠡᠬᠦ ᠦᠭᠡᠢ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠠᠷᠢᠭᠤᠳᠬᠠᠬᠤ ᠡᠮ᠂ ᠴᠢᠰᠤ | ᠵᠡᠷᠭᠡ ᠶᠢ ᠬᠡᠷᠡᠭᠯᠡᠬᠦ ᠶᠢ ᠴᠠᠭᠠᠵᠠᠯᠠᠨ᠎ᠠ᠃ | ︵ᠨᠠᠢᠮᠠ︶ ᠡᠪᠡᠳᠴᠢᠨ ᠤ ᠲᠡᠦᠬᠡ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠡᠪᠡᠳᠴᠢᠨ ᠤ ᠲᠡᠦᠬᠡ ᠶᠢᠨ ᠮᠠᠲ᠋ᠧᠷᠢᠶᠠᠯ ᠢ ᠲᠠᠭᠯᠠᠵᠤ ᠪᠢᠴᠢᠬᠦ ᠶᠢᠨ ᠬᠠᠮᠲᠤ ᠲᠣᠬᠢᠲᠠᠢ ᠬᠠᠳᠠᠭᠠᠯᠠᠨ ᠬᠠᠮᠢᠶᠠᠷᠬᠤ | ᠬᠡᠷᠡᠭᠲᠡᠢ᠃ | ︵ᠶᠢᠰᠦ︶ ᠡᠪᠡᠳᠴᠢᠲᠡᠨ ᠳᠤ ᠡᠪᠡᠳᠴᠢᠨ ᠤ ᠲᠡᠦᠬᠡ ᠶᠢᠨ ᠮᠠᠲ᠋ᠧᠷᠢᠶᠠᠯ ᠢ ᠬᠠᠭᠤᠯᠪᠤᠷᠢᠯᠠᠨ ᠥᠭᠬᠦ ᠦᠢᠯᠡᠴᠢᠯᠡᠭᠡ | ᠬᠠᠩᠭᠠᠬᠤ ᠬᠡᠷᠡᠭᠲᠡᠢ᠃ ᠡᠪᠡᠳᠴᠢᠲᠡᠨ ᠨᠠᠰᠤ ᠪᠠᠷᠠᠭᠰᠠᠨ ᠪᠠᠶᠢᠪᠠᠯ ᠲᠡᠭᠦᠨ ᠤ ᠣᠶᠢᠷ᠎ᠠ ᠲᠥᠷᠥᠯ ᠰᠠᠳᠤᠨ ᠨᠢ | ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠪᠡᠳᠴᠢᠨ ᠤ ᠲᠡᠦᠬᠡ ᠶᠢᠨ ᠮᠠᠲ᠋ᠧᠷᠢᠶᠠᠯ ᠢ ᠪᠠᠶᠢᠴᠠᠭᠠᠨ | ᠦᠵᠡᠬᠦ ᠪᠠ ᠬᠠᠭᠤᠯᠪᠤᠷᠢᠯᠠᠨ ᠠᠪᠴᠤ ᠪᠣᠯᠣᠨ᠎ᠠ᠃ | ︵ᠠᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠪᠠ ᠣᠨᠣᠰᠢᠯᠠᠨ ᠡᠮᠨᠡᠬᠦ | ᠵᠢᠷᠤᠮᠵᠢᠯ ᠳᠤ ᠲᠣᠭᠲᠠᠭᠠᠭᠰᠠᠨ ᠪᠤᠰᠤᠳ ᠪᠠᠶᠢᠳᠠᠯ᠃ | ᠬᠤᠷᠢᠳᠤᠭᠠᠷ ᠵᠦᠢᠯ ᠡᠮᠴᠢᠯᠡᠭᠡᠨ ᠤ ᠪᠠᠶᠢᠭᠤᠯᠤᠮᠵᠢ ᠵᠢᠴᠢ ᠡᠮᠨᠡᠯᠭᠡ ᠶᠢᠨ ᠠᠵᠢᠯᠲᠠᠳ ᠣᠨᠣᠰᠢᠯᠠᠨ ᠡᠮᠨᠡᠬᠦ | ᠠᠵᠢᠯᠯᠠᠭ᠎ᠠ ᠳᠤ ᠪᠠᠨ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠲᠠᠢ ᠪᠠᠶᠢᠵᠤ ᠪᠣᠯᠬᠤ ᠦᠭᠡᠢ᠄ | ︵ᠨᠢᠭᠡ︶ ᠠᠵᠢᠯ ᠡᠷᠬᠢᠯᠡᠬᠦ ᠬᠡᠪᠴᠢᠶ᠎ᠡ ᠠᠴᠠ ᠪᠠᠨ ᠳᠠᠪᠠᠭᠤᠯᠤᠨ ᠣᠨᠣᠰᠢᠯᠠᠨ ᠡᠮᠨᠡᠬᠦ︔ | ︵ᠬᠤᠶᠠᠷ︶ ᠣᠨᠣᠰᠢᠯᠠᠨ ᠡᠮᠨᠡᠬᠦ ᠵᠢᠷᠤᠮᠵᠢᠯ ᠢ ᠵᠥᠷᠢᠴᠡᠨ ᠴᠢᠬᠤᠯᠠ ᠪᠤᠰᠤ ᠪᠠᠶᠢᠴᠠᠭᠠᠯᠲᠠ ᠪᠠ ᠡᠮᠴᠢᠯᠡᠭᠡ ᠬᠢᠬᠦ︔ | | ︵ᠭᠤᠷᠪᠠ︶ ᠣᠨᠣᠰᠢᠯᠠᠨ ᠡᠮᠨᠡᠬᠦ ᠮᠡᠷᠭᠡᠵᠢᠯ᠂ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠠᠷᠢᠭᠤᠳᠬᠠᠬᠤ ᠡᠮ᠂ ᠴᠢᠰᠤ ᠵᠡᠷᠭᠡ ᠶᠢ ᠬᠠᠤᠯᠢ | ᠲᠣᠭᠲᠠᠭᠠᠯ ᠠᠴᠠ ᠵᠥᠷᠢᠴᠡᠨ ᠬᠡᠷᠡᠭᠯᠡᠬᠦ︔ | ︵ᠳᠥᠷᠪᠡ︶ ᠡᠪᠡᠳᠴᠢᠨ ᠤ ᠪᠠᠢᠳᠠᠯ ᠢ ᠨᠢ ᠨᠢᠭᠤᠨ ᠳᠠᠯᠳᠠᠯᠠᠬᠤ᠂ ᠪᠤᠷᠤᠭᠤ ᠪᠠᠷ ᠬᠥᠲᠥᠯᠬᠦ ᠪᠤᠶᠤ | ᠬᠡᠲᠦᠷᠡᠭᠦᠯᠦᠨ ᠶᠠᠷᠢᠬᠤ︔ | ︵ᠲᠠᠪᠤ︶ ᠡᠪᠡᠳᠴᠢᠨ ᠤ ᠳᠠᠩᠰᠠ ᠵᠡᠷᠭᠡ ᠠᠨᠠᠭᠠᠬᠤ ᠤᠬᠠᠭᠠᠨ ᠤ ᠪᠢᠴᠢᠭ ᠬᠠᠷ᠎ᠠ ᠵᠢᠴᠢ ᠬᠤᠯᠪᠣᠭᠳᠠᠯ ᠪᠦᠬᠦᠢ | ᠮᠠᠲ᠋ᠧᠷᠢᠶᠠᠯ ᠢ ᠨᠢᠭᠤᠨ ᠳᠠᠯᠳᠠᠯᠠᠭᠰᠠᠨ᠂ ᠬᠠᠭᠤᠷᠮᠠᠭ ᠢᠶᠠᠷ ᠵᠣᠬᠢᠶᠠᠭᠰᠠᠨ᠂ ᠥᠭᠡᠷᠡᠲᠦᠭᠦᠯᠦᠭᠰᠡᠨ ᠪᠤᠶᠤ | ᠳᠤᠷ᠎ᠠ ᠪᠠᠷ ᠢᠶᠠᠨ ᠤᠰᠠᠳᠬᠠᠭᠰᠠᠨ︔ | ︵ᠵᠢᠷᠭᠤᠭ᠎ᠠ︶ ᠠᠨᠠᠭᠠᠬᠤ ᠤᠬᠠᠭᠠᠨ ᠤ ᠬᠤᠳᠠᠯ ᠬᠠᠭᠤᠷᠮᠠᠭ ᠭᠡᠷᠡᠴᠢ ᠪᠢᠴᠢᠭ ᠮᠠᠲ᠋ᠧᠷᠢᠶᠠᠯ ᠵᠢᠴᠢ ᠥᠪᠡᠷ ᠤᠨ | ᠡᠷᠬᠢᠯᠡᠭᠰᠡᠨ ᠠᠵᠢᠯ ᠤᠨ ᠬᠡᠪᠴᠢᠶ᠎ᠡ ᠯᠦᠭᠡ ᠬᠤᠯᠪᠣᠭᠳᠠᠯ ᠦᠭᠡᠢ ᠪᠤᠶᠤ ᠠᠵᠢᠯ ᠡᠷᠬᠢᠯᠡᠬᠦ ᠲᠦᠷᠦᠯ ᠢᠯᠭᠠᠯ ᠳᠤ ᠦᠯᠦ | ᠨᠡᠶᠢᠴᠡᠬᠦ ᠠᠨᠠᠭᠠᠬᠤ ᠤᠬᠠᠭᠠᠨ ᠤ ᠭᠡᠷᠡᠴᠢ ᠪᠢᠴᠢᠭ ᠮᠠᠲ᠋ᠧᠷᠢᠶᠠᠯ ᠭᠠᠷᠭᠠᠵᠤ ᠥᠭᠭᠦᠭᠰᠡᠨ︔ | ︵ᠳᠤᠯᠤᠭ᠎ᠠ︶ ᠵᠢᠷᠤᠮᠵᠢᠯ ᠶᠣᠰᠣᠭᠠᠷ ᠣᠨᠣᠰᠢᠯᠠᠵᠤ ᠡᠮᠨᠡᠬᠦ ᠳᠤ ᠬᠡᠷᠡᠭᠯᠡᠬᠦ ᠠᠴᠠ ᠭᠠᠳᠠᠨ᠎ᠠ᠂ ᠮᠢᠨᠴᠦᠭᠦᠷᠡᠭᠦᠯᠬᠦ | ᠡᠮ ᠤᠨ ᠵᠦᠢᠯ᠂ ᠡᠮᠴᠢᠯᠡᠭᠡ ᠳᠤ ᠬᠡᠷᠡᠭᠯᠡᠬᠦ ᠬᠤᠣᠷᠲᠤ ᠡᠮ ᠤᠨ ᠵᠦᠢᠯ᠂ ᠣᠶᠣᠨ ᠮᠡᠳᠡᠷᠡᠯ ᠤᠨ ᠡᠮ ᠤᠨ ᠵᠦᠢᠯ᠂ | ᠰᠠᠴᠤᠷᠠᠭ ᠴᠢᠨᠠᠷᠲᠠᠢ ᠡᠮ ᠤᠨ ᠵᠦᠢᠯ ᠵᠡᠷᠭᠡ ᠶᠢ ᠬᠡᠷᠡᠭᠯᠡᠵᠦ ᠪᠣᠯᠬᠤ ᠦᠭᠡᠢ︔ | ︵ᠨᠠᠢᠮᠠ︶ ᠲᠤᠰᠢᠶᠠᠯ ᠤᠨ ᠳᠥᠭᠦᠮ ᠢᠶᠠᠨ ᠠᠰᠢᠭᠯᠠᠵᠤ᠂ ᠡᠳ᠋ ᠮᠥᠩᠭᠦ ᠨᠡᠬᠡᠨ ᠠᠪᠬᠤ ᠬᠠᠤᠯᠢ ᠪᠤᠰᠤ ᠪᠠᠷ | ᠬᠦᠯᠢᠶᠡᠨ ᠠᠪᠬᠤ ᠪᠤᠶᠤ ᠪᠤᠰᠤᠳ ᠵᠦᠢ ᠪᠤᠰᠤ ᠠᠰᠢᠭ ᠲᠤᠰᠠ ᠶᠢ ᠵᠠᠪᠰᠢᠨ ᠬᠤᠨᠵᠢᠵᠤ ᠪᠣᠯᠬᠤ ᠦᠭᠡᠢ︔ | ︵ᠶᠢᠰᠦ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠪᠠ ᠣᠨᠣᠰᠢᠯᠠᠨ ᠡᠮᠨᠡᠬᠦ | ᠵᠢᠷᠤᠮᠵᠢᠯ ᠳᠤ ᠴᠠᠭᠠᠵᠠᠯᠠᠭᠰᠠᠨ ᠪᠤᠰᠤᠳ ᠪᠠᠶᠢᠳᠠᠯ᠃ | ᠬᠤᠷᠢᠨ ᠨᠢᠭᠡᠳᠦᠭᠡᠷ ᠵᠦᠢᠯ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠤᠳ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ | ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠠᠬᠢ ᠡᠳᠦᠷ ᠲᠤᠲᠤᠮ ᠤᠨ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠵᠤ᠂ ᠡᠮᠴᠢᠯᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠦᠨᠡᠯᠡᠨ ᠵᠢᠱᠢᠯᠲᠡ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ᠡᠮᠴᠢᠯᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠮᠡᠳᠡᠭᠡ ᠵᠠᠩᠭᠢ ᠶᠢ | ᠵᠠᠳᠠᠯᠤᠨ᠂ ᠣᠯᠵᠤ ᠮᠡᠳᠡᠭᠰᠡᠨ ᠲᠦᠭᠰᠢᠭᠦᠷᠢ ᠳᠤ ᠴᠢᠭᠯᠡᠭᠦᠯᠦᠨ ᠰᠡᠷᠭᠡᠶᠢᠯᠡᠬᠦ ᠠᠷᠭ᠎ᠠ ᠬᠡᠮᠵᠢᠶ᠎ᠡ ᠲᠣᠭᠲᠠᠭᠠᠵᠤ᠂ | ᠡᠮᠴᠢᠯᠡᠭᠡᠨ ᠤ ᠪᠠᠶᠢᠭᠤᠯᠤᠮᠵᠢ ᠶᠢ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ | ᠬᠡᠷᠡᠭᠲᠡᠢ᠃ | ᠬᠤᠷᠢᠨ ᠬᠤᠶᠠᠳᠤᠭᠠᠷ ᠵᠦᠢᠯ ᠡᠪᠡᠳᠴᠢᠲᠡᠨ ᠡᠭᠦᠳᠡᠨ ︵ᠪᠠᠴᠢᠮ︶ ᠡᠮᠨᠡᠯᠭᠡ ᠶᠢᠨ ᠡᠪᠡᠳᠴᠢᠨ ᠤ ᠲᠡᠦᠬᠡ ᠪᠠ | ᠡᠮᠨᠡᠯᠭᠡ ᠳᠤ ᠰᠠᠭᠤᠭᠰᠠᠨ ᠡᠪᠡᠳᠴᠢᠨ ᠤ ᠲᠡᠦᠬᠡᠨ ᠳᠠᠬᠢ ᠡᠮᠨᠡᠯᠭᠡ ᠳᠤ ᠰᠠᠭᠤᠭᠰᠠᠨ ᠲᠡᠮᠳᠡᠭᠯᠡᠯ ︵ᠲᠤᠬᠠᠶᠢᠯᠠᠪᠠᠯ | ᠡᠮᠨᠡᠯᠭᠡ ᠳᠤ ᠣᠷᠣᠭᠰᠠᠨ ᠲᠡᠮᠳᠡᠭᠯᠡᠯ︶᠂ ᠪᠡᠶ᠎ᠡ ᠶᠢᠨ ᠳᠤᠯᠠᠭᠠᠨ ᠤ ᠬᠠᠭᠤᠳᠠᠰᠤ᠂ ᠡᠮᠴᠢ ᠶᠢᠨ ᠵᠢᠭᠠᠪᠤᠷᠢ ᠶᠢᠨ | ᠬᠠᠭᠤᠳᠠᠰᠤ᠂ ᠰᠢᠨᠵᠢᠯᠡᠨ ᠰᠢᠯᠭᠠᠯᠲᠠ ᠶᠢᠨ ᠬᠠᠭᠤᠳᠠᠰᠤ ︵ᠪᠠᠶᠢᠴᠠᠭᠠᠨ ᠰᠢᠯᠭᠠᠯᠲᠠ ᠶᠢᠨ ᠮᠡᠳᠡᠭᠦᠯᠦᠯᠲᠡ︶᠂ | ᠠᠨᠠᠭᠠᠬᠤ ᠤᠬᠠᠭᠠᠨ ᠤ ᠵᠢᠷᠤᠭ ᠳᠦᠷᠰᠦ ᠶᠢᠨ ᠪᠠᠶᠢᠴᠠᠭᠠᠯᠲᠠ ᠶᠢᠨ ᠮᠠᠲ᠋ᠧᠷᠢᠶᠠᠯ᠂ ᠣᠨᠴᠠᠭᠠᠢ ᠪᠠᠶᠢᠴᠠᠭᠠᠯᠲᠠ ︵ᠡᠮᠨᠡᠨ | ᠵᠠᠰᠠᠬᠤ︶ ᠶᠢᠨ ᠵᠥᠪᠰᠢᠶᠡᠷᠡᠯ ᠤᠨ ᠪᠢᠴᠢᠭ᠂ ᠮᠡᠰᠡ ᠵᠠᠰᠠᠯ ᠤᠨ ᠵᠥᠪᠰᠢᠶᠡᠷᠡᠯ ᠤᠨ ᠪᠢᠴᠢᠭ᠂ ᠮᠡᠰᠡ ᠵᠠᠰᠠᠯ ᠵᠢᠴᠢ | ᠮᠢᠨᠴᠦᠭᠦᠷᠡᠭᠦᠯᠦᠭᠰᠡᠨ ᠲᠡᠮᠳᠡᠭᠯᠡᠯ ᠤᠨ ᠬᠠᠭᠤᠳᠠᠰᠤ᠂ ᠡᠪᠡᠳᠴᠢᠨ ᠤ ᠵᠦᠢ ᠶᠢᠨ ᠮᠡᠳᠡᠭᠦᠯᠦᠯᠲᠡ᠂ ᠰᠤᠪᠢᠯᠠᠯᠲᠠ ᠶᠢᠨ | ᠲᠡᠮᠳᠡᠭᠯᠡᠯ᠂ ᠡᠮᠨᠡᠯᠭᠡ ᠠᠴᠠ ᠭᠠᠷᠤᠭᠰᠠᠨ ᠲᠡᠮᠳᠡᠭᠯᠡᠯ᠂ ᠡᠮᠴᠢᠯᠡᠭᠡᠨ ᠤ ᠵᠠᠷᠤᠳᠠᠯ ᠵᠢᠴᠢ ︽ᠡᠮᠴᠢᠯᠡᠭᠡᠨ ᠤ | ᠪᠠᠶᠢᠭᠤᠯᠤᠮᠵᠢ ᠶᠢᠨ ᠡᠪᠡᠳᠴᠢᠨ ᠤ ᠲᠡᠦᠬᠡ ᠶᠢᠨ ᠬᠠᠮᠢᠶᠠᠷᠤᠯᠲᠠ ᠶᠢᠨ ᠲᠣᠭᠲᠠᠭᠠᠯ︾ ᠳᠠᠬᠢ ᠡᠪᠡᠳᠴᠢᠨ ᠤ | ᠲᠡᠦᠬᠡᠨ ᠳᠤ ᠬᠠᠷᠢᠶᠠᠯᠠᠭᠳᠠᠬᠤ ᠪᠤᠰᠤᠳ ᠪᠦᠬᠦ ᠮᠠᠲ᠋ᠧᠷᠢᠶᠠᠯ ᠢ ᠪᠠᠶᠢᠴᠠᠭᠠᠨ ᠦᠵᠡᠬᠦ ᠪᠠ ᠬᠠᠭᠤᠯᠪᠤᠷᠢᠯᠠᠨ ᠠᠪᠬᠤ | ᠡᠷᠬᠡ ᠲᠠᠢ᠃ | ᠡᠪᠡᠳᠴᠢᠲᠡᠨ ᠡᠪᠡᠳᠴᠢᠨ ᠤ ᠲᠡᠦᠬᠡ ᠶᠢᠨ ᠮᠠᠲ᠋ᠧᠷᠢᠶᠠᠯ ᠢᠶᠠᠨ ᠬᠠᠭᠤᠯᠪᠤᠷᠢᠯᠠᠨ ᠠᠪᠬᠤ ᠱᠠᠭᠠᠷᠳᠠᠯᠭ᠎ᠠ ᠪᠠᠶᠢᠪᠠᠯ᠂ | ᠡᠮᠴᠢᠯᠡᠭᠡᠨ ᠤ ᠪᠠᠶᠢᠭᠤᠯᠤᠮᠵᠢ ᠨᠢ ᠬᠠᠭᠤᠯᠪᠤᠷᠢᠯᠠᠬᠤ ᠦᠢᠯᠡᠴᠢᠯᠡᠭᠡ ᠬᠠᠩᠭᠠᠬᠤ ᠶᠢᠨ ᠬᠠᠮᠲᠤ ᠬᠠᠭᠤᠯᠪᠤᠷᠢᠯᠠᠭᠰᠠᠨ | ᠡᠪᠡᠳᠴᠢᠨ ᠤ ᠲᠡᠦᠬᠡ ᠶᠢᠨ ᠮᠠᠲ᠋ᠧᠷᠢᠶᠠᠯ ᠳᠡᠭᠡᠷ᠎ᠡ ᠭᠡᠷᠡᠴᠢ ᠲᠠᠮᠠᠭ᠎ᠠ ᠪᠠᠨ ᠳᠠᠷᠤᠬᠤ ᠬᠡᠷᠡᠭᠲᠡᠢ᠃ ᠡᠪᠡᠳᠴᠢᠨ ᠤ | ᠲᠡᠦᠬᠡ ᠶᠢᠨ ᠮᠠᠲ᠋ᠧᠷᠢᠶᠠᠯ ᠢ ᠬᠠᠭᠤᠯᠪᠤᠷᠢᠯᠠᠬᠤ ᠳᠤ ᠡᠪᠡᠳᠴᠢᠲᠡᠨ ᠪᠤᠶᠤ ᠲᠡᠭᠦᠨ ᠤ ᠣᠶᠢᠷ᠎ᠠ ᠲᠥᠷᠥᠯ ᠰᠠᠳᠤᠨ ᠨᠢ | ᠲᠤᠬᠠᠢ ᠶᠢᠨ ᠲᠠᠯᠠᠪᠠᠢ ᠳᠤ ᠪᠠᠶᠢᠬᠤ ᠬᠡᠷᠡᠭᠲᠡᠢ᠃ ᠡᠪᠡᠳᠴᠢᠲᠡᠨ ᠤ ᠱᠠᠭᠠᠷᠳᠠᠯᠭ᠎ᠠ ᠪᠠᠷ ᠲᠡᠭᠦᠨ ᠳᠤ ᠡᠪᠡᠳᠴᠢᠨ ᠤ | ᠲᠡᠦᠬᠡ ᠶᠢᠨ ᠮᠠᠲ᠋ᠧᠷᠢᠶᠠᠯ ᠢ ᠬᠠᠭᠤᠯᠪᠤᠷᠢᠯᠠᠨ ᠥᠭᠬᠦ ᠳᠤ ᠬᠥᠯᠥᠰᠦ ᠥᠷᠲᠡᠭ ᠤᠨ ᠵᠠᠷᠤᠳᠠᠯ ᠬᠤᠷᠢᠶᠠᠵᠤ ᠪᠣᠯᠣᠨ᠎ᠠ᠂ | ᠵᠠᠷᠤᠳᠠᠯ ᠬᠤᠷᠢᠶᠠᠬᠤ ᠪᠠᠷᠢᠮᠵᠢᠶ᠎ᠠ ᠪᠠᠨ ᠢᠯᠡ ᠪᠣᠯᠭᠠᠬᠤ ᠬᠡᠷᠡᠭᠲᠡᠢ᠃ | ᠡᠪᠡᠳᠴᠢᠲᠡᠨ ᠨᠠᠰᠤ ᠪᠠᠷᠠᠭᠰᠠᠨ ᠪᠠᠶᠢᠪᠠᠯ ᠲᠡᠭᠦᠨ ᠤ ᠣᠶᠢᠷ᠎ᠠ ᠲᠥᠷᠥᠯ ᠰᠠᠳᠤᠨ ᠨᠢ ᠬᠠᠤᠯᠢ ᠶᠣᠰᠣᠭᠠᠷ | ᠡᠪᠡᠳᠴᠢᠨ ᠤ ᠲᠡᠦᠬᠡ ᠶᠢᠨ ᠮᠠᠲ᠋ᠧᠷᠢᠶᠠᠯ ᠢ ᠪᠠᠶᠢᠴᠠᠭᠠᠨ ᠦᠵᠡᠬᠦ ᠪᠠ ᠬᠠᠭᠤᠯᠪᠤᠷᠢᠯᠠᠨ ᠠᠪᠴᠤ ᠪᠣᠯᠣᠨ᠎ᠠ᠃ | ᠬᠤᠷᠢᠨ ᠭᠤᠷᠪᠠᠳᠤᠭᠠᠷ ᠵᠦᠢᠯ ᠡᠪᠡᠳᠴᠢᠲᠡᠨ ᠪᠠ ᠲᠡᠭᠦᠨ ᠤ ᠣᠶᠢᠷ᠎ᠠ ᠲᠥᠷᠥᠯ ᠰᠠᠳᠤᠨ ᠨᠢ ᠳᠣᠣᠷ᠎ᠠ | ᠵᠢᠭᠰᠠᠭᠠᠭᠰᠠᠨ ᠲᠣᠭᠲᠠᠭᠠᠯ ᠢ ᠵᠢᠷᠤᠮᠯᠠᠬᠤ ᠬᠡᠷᠡᠭᠲᠡᠢ᠄ | ︵ᠨᠢᠭᠡ︶ ᠡᠮᠴᠢᠯᠡᠭᠡᠨ ᠤ ᠡᠮᠬᠢ ᠵᠢᠷᠤᠮ ᠪᠠ ᠡᠮᠴᠢᠯᠡᠭᠡᠨ ᠤ ᠪᠠᠶᠢᠭᠤᠯᠤᠮᠵᠢ ᠶᠢᠨ ᠬᠤᠯᠪᠣᠭᠳᠠᠯ ᠪᠦᠬᠦᠢ | ᠡᠪᠡᠳᠴᠢᠨ ᠦᠵᠡᠬᠦᠯᠬᠦ᠂ ᠡᠮᠨᠡᠨ ᠵᠠᠰᠠᠬᠤ᠂ ᠪᠠᠶᠢᠴᠠᠭᠠᠬᠤ ᠲᠤᠬᠠᠢ ᠲᠣᠭᠲᠠᠭᠠᠯ ᠢ ᠵᠢᠷᠤᠮᠯᠠᠨ᠎ᠠ︔ | ︵ᠬᠤᠶᠠᠷ︶ ᠡᠪᠡᠳᠴᠢᠨ ᠤ ᠪᠠᠶᠢᠳᠠᠯ ᠯᠤᠭ᠎ᠠ ᠬᠤᠯᠪᠣᠭᠳᠠᠯ ᠪᠦᠬᠦᠢ ᠮᠡᠳᠡᠭᠡ ᠵᠠᠩᠭᠢ ᠶᠢ ᠦᠨᠡᠨ ᠮᠥᠨ ᠢᠶᠠᠷ | ᠬᠠᠩᠭᠠᠵᠤ᠂ ᠡᠮᠨᠡᠯᠭᠡ ᠶᠢᠨ ᠠᠵᠢᠯᠲᠠᠨ ᠤ ᠣᠨᠣᠰᠢᠯᠠᠨ ᠡᠮᠨᠡᠬᠦ ᠠᠵᠢᠯᠯᠠᠭ᠎ᠠ ᠥᠷᠨᠢᠭᠦᠯᠬᠦ ᠳᠤ ᠬᠠᠮᠵᠢᠯᠴᠠᠨ᠎ᠠ︔ | ︵ᠭᠤᠷᠪᠠ︶ ᠡᠮᠴᠢᠯᠡᠭᠡᠨ ᠤ ᠵᠠᠷᠤᠳᠠᠯ ᠢ ᠲᠣᠭᠲᠠᠭᠠᠯ ᠶᠣᠰᠣᠭᠠᠷ ᠴᠠᠭ ᠲᠤᠬᠠᠢ ᠳᠤ ᠨᠢ ᠲᠥᠯᠥᠨ᠎ᠡ︔ | ︵ᠳᠥᠷᠪᠡ︶ ᠡᠮᠴᠢᠯᠡᠭᠡᠨ ᠤ ᠠᠵᠢᠯᠯᠠᠭ᠎ᠠ ᠳᠤ ᠣᠨᠳᠣᠣ ᠰᠠᠨᠠᠯ ᠪᠤᠶᠤ ᠮᠠᠷᠭᠤᠭᠠᠨ ᠲᠠᠢ ᠪᠠᠶᠢᠪᠠᠯ᠂ ᠬᠠᠤᠯᠢ | ᠶᠣᠰᠣᠭᠠᠷ ᠰᠠᠨᠠᠯ ᠪᠠ ᠬᠦᠰᠡᠯ ᠱᠠᠭᠠᠷᠳᠠᠯᠭ᠎ᠠ ᠪᠠᠨ ᠢᠯᠡᠳᠬᠡᠨ᠎ᠡ︔ | ︵ᠲᠠᠪᠤ︶ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠳᠤᠮᠳᠠ ᠲᠤᠰᠠᠭᠠᠷᠯᠠᠨ | ᠡᠮᠨᠡᠬᠦ᠂ ᠠᠨᠠᠭᠠᠬᠤ ᠤᠬᠠᠭᠠᠨ ᠤ ᠠᠵᠢᠭᠯᠠᠯᠲᠠ ᠬᠢᠬᠦ ᠵᠡᠷᠭᠡ ᠠᠷᠭ᠎ᠠ ᠬᠡᠮᠵᠢᠶ᠎ᠡ ᠶᠢ ᠬᠦᠯᠢᠶᠡᠨ ᠠᠪᠬᠤ ᠴᠢᠬᠤᠯᠠᠲᠠᠢ | ᠪᠠᠶᠢᠪᠠᠯ᠂ ᠬᠠᠮᠵᠢᠯᠴᠠᠬᠤ ᠬᠡᠷᠡᠭᠲᠡᠢ︔ | ︵ᠵᠢᠷᠭᠤᠭ᠎ᠠ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ᠃ | ᠭᠤᠷᠪᠠᠳᠤᠭᠠᠷ ᠪᠦᠯᠦᠭ ᠡᠮᠴᠢᠯᠡᠭᠡᠨ ᠤ ᠵᠠᠭᠤᠷᠠᠯᠳᠤᠭᠠᠨ ᠢ ᠰᠢᠢᠳᠪᠦᠷᠢᠯᠡᠬᠦ | ᠬᠤᠷᠢᠨ ᠳᠥᠷᠪᠡᠳᠦᠭᠡᠷ ᠵᠦᠢᠯ ᠡᠮᠴᠢᠯᠡᠭᠡᠨ ᠤ ᠵᠠᠭᠤᠷᠠᠯᠳᠤᠭᠠᠨ ᠭᠠᠷᠪᠠᠯ᠂ ᠡᠮᠴᠢ ᠪᠠ ᠡᠪᠡᠳᠴᠢᠲᠡᠨ ᠬᠤᠶᠠᠷ | ᠲᠠᠯ᠎ᠠ ᠪᠠᠷ ᠢᠶᠠᠨ ᠳᠣᠣᠷ᠎ᠠ ᠵᠢᠭᠰᠠᠭᠠᠭᠰᠠᠨ ᠠᠷᠭ᠎ᠠ ᠵᠠᠮ ᠢᠶᠠᠷ ᠳᠠᠮᠵᠢᠭᠤᠯᠤᠨ ᠰᠢᠢᠳᠪᠦᠷᠢᠯᠡᠵᠦ ᠪᠣᠯᠣᠨ᠎ᠠ᠄ | ︵ᠨᠢᠭᠡ︶ ᠬᠤᠶᠠᠷ ᠲᠠᠯ᠎ᠠ ᠪᠠᠷ ᠢᠶᠠᠨ ᠰᠠᠶᠢᠨ ᠳᠤᠷ᠎ᠠ ᠠᠴᠠ ᠪᠠᠨ ᠵᠥᠪᠳᠡᠯᠴᠡᠬᠦ︔ | ︵ᠬᠤᠶᠠᠷ︶ ᠠᠷᠠᠳ ᠤᠨ ᠡᠶᠡᠳᠡᠭᠦᠯᠭᠡ ᠬᠢᠯᠭᠡᠬᠦ ᠪᠠᠷ ᠭᠤᠶᠤᠴᠢᠯᠠᠬᠤ︔ | ︵ᠭᠤᠷᠪᠠ︶ ᠵᠠᠰᠠᠭ ᠵᠠᠬᠢᠷᠭᠠᠨ ᠤ ᠡᠶᠡᠳᠡᠭᠦᠯᠭᠡ ᠬᠢᠯᠭᠡᠬᠦ ᠪᠠᠷ ᠭᠤᠶᠤᠴᠢᠯᠠᠬᠤ︔ | ︵ᠳᠥᠷᠪᠡ︶ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠯᠭ᠎ᠠ ᠭᠠᠷᠭᠠᠬᠤ︔ | ︵ᠲᠠᠪᠤ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠠᠷᠭ᠎ᠠ ᠵᠠᠮ ᠢᠶᠠᠷ | ᠰᠢᠢᠳᠪᠦᠷᠢᠯᠡᠬᠦ᠃ | ᠬᠤᠷᠢᠨ ᠲᠠᠪᠤᠳᠤᠭᠠᠷ ᠵᠦᠢᠯ ᠡᠮᠴᠢᠯᠡᠭᠡᠨ ᠤ ᠵᠠᠭᠤᠷᠠᠯᠳᠤᠭᠠᠨ ᠭᠠᠷᠪᠠᠯ᠂ ᠡᠮᠴᠢᠯᠡᠭᠡᠨ ᠤ ᠪᠠᠶᠢᠭᠤᠯᠤᠮᠵᠢ ᠨᠤᠭᠤᠳ | ᠳᠣᠣᠷ᠎ᠠ ᠵᠢᠭᠰᠠᠭᠠᠭᠰᠠᠨ ᠠᠷᠭ᠎ᠠ ᠬᠡᠮᠵᠢᠶ᠎ᠡ ᠠᠪᠴᠤ ᠰᠢᠢᠳᠪᠦᠷᠢᠯᠡᠬᠦ ᠬᠡᠷᠡᠭᠲᠡᠢ᠄ | ︵ᠨᠢᠭᠡ︶ ᠡᠪᠡᠳᠴᠢᠲᠡᠨ ᠪᠤᠶᠤ ᠲᠡᠭᠦᠨ ᠤ ᠣᠶᠢᠷ᠎ᠠ ᠲᠥᠷᠥᠯ ᠰᠠᠳᠤᠨ ᠤ ᠰᠠᠨᠠᠯ ᠢ ᠰᠣᠨᠣᠰᠴᠤ᠂ ᠲᠡᠭᠦᠨ ᠳᠤ | ᠡᠮᠴᠢᠯᠡᠭᠡᠨ ᠤ ᠵᠠᠭᠤᠷᠠᠯᠳᠤᠭᠠᠨ ᠢ ᠰᠢᠢᠳᠪᠦᠷᠢᠯᠡᠬᠦ ᠠᠷᠭ᠎ᠠ ᠵᠠᠮ ᠪᠠ ᠳᠡᠰ ᠳᠠᠷᠠᠭᠠᠯᠠᠯ ᠢ ᠮᠡᠳᠡᠭᠳᠡᠵᠦ᠂ ᠬᠠᠮᠢᠶ᠎ᠠ ᠪᠦᠬᠦᠢ | ᠯᠠᠪᠯᠠᠯᠲᠠ ᠪᠠ ᠮᠠᠳᠠᠭ ᠲᠠᠢ ᠵᠦᠢᠯ ᠳᠤ ᠨᠢ ᠬᠠᠷᠢᠭᠤᠯᠲᠠ ᠥᠭᠴᠦ᠂ ᠲᠡᠭᠦᠨ ᠢ ᠬᠥᠲᠥᠯᠥᠨ ᠵᠢᠯᠤᠭᠤᠳᠴᠤ ᠪᠠᠶᠢᠭᠠᠳ | ᠬᠠᠤᠯᠢ ᠶᠣᠰᠣᠭᠠᠷ ᠵᠠᠭᠤᠷᠠᠯᠳᠤᠭᠠᠨ ᠢ ᠰᠢᠢᠳᠪᠦᠷᠢᠯᠡᠭᠦᠯᠦᠨ᠎ᠡ︔ | ︵ᠬᠤᠶᠠᠷ︶ ᠡᠪᠡᠳᠴᠢᠲᠡᠨ ᠪᠤᠶᠤ ᠲᠡᠭᠦᠨ ᠤ ᠣᠶᠢᠷ᠎ᠠ ᠲᠦᠷᠤᠯ ᠰᠠᠳᠤᠨ ᠳᠤ ᠡᠪᠡᠳᠴᠢᠨ ᠤ ᠲᠡᠦᠬᠡ ᠶᠢᠨ | ᠮᠠᠲ᠋ᠧᠷᠢᠶᠠᠯ ᠢ ᠪᠠᠶᠢᠴᠠᠭᠠᠨ ᠦᠵᠡᠬᠦ᠂ ᠬᠠᠭᠤᠯᠪᠤᠷᠢᠯᠠᠬᠤ᠂ ᠪᠢᠲᠡᠭᠦᠮᠵᠢᠯᠡᠨ ᠬᠠᠳᠠᠭᠠᠯᠠᠬᠤ᠂ ᠪᠢᠲᠡᠭᠦᠮᠵᠢ ᠨᠡᠭᠡᠭᠡᠬᠦ | ᠲᠤᠬᠠᠢ ᠬᠤᠯᠪᠣᠭᠳᠠᠯ ᠪᠦᠬᠦᠢ ᠲᠣᠭᠲᠠᠭᠠᠯ ᠢ ᠮᠡᠳᠡᠭᠳᠡᠨ᠎ᠡ︔ | ︵ᠭᠤᠷᠪᠠ︶ ᠡᠪᠡᠳᠴᠢᠲᠡᠨ ᠪᠤᠶᠤ ᠲᠡᠭᠦᠨ ᠤ ᠣᠶᠢᠷ᠎ᠠ ᠲᠥᠷᠥᠯ ᠰᠠᠳᠤᠨ ᠳᠤ ᠲᠤᠬᠠᠢ ᠶᠢᠨ ᠲᠠᠯᠠᠪᠠᠢ ᠳᠤ | ᠪᠣᠳᠠᠲᠤ ᠶᠠᠭᠤᠮ᠎ᠠ ᠶᠢ ᠪᠢᠲᠡᠭᠦᠮᠵᠢᠯᠡᠬᠦ ᠪᠠ ᠪᠢᠲᠡᠭᠦᠮᠵᠢ ᠨᠡᠭᠡᠭᠡᠬᠦ ᠲᠤᠬᠠᠢ ᠬᠤᠯᠪᠣᠭᠳᠠᠯ ᠪᠦᠬᠦᠢ ᠲᠣᠭᠲᠠᠭᠠᠯ ᠢ | ᠮᠡᠳᠡᠭᠳᠡᠨ᠎ᠡ︔ | ︵ᠳᠥᠷᠪᠡ︶ ᠡᠪᠡᠳᠴᠢᠲᠡᠨ ᠨᠠᠰᠤ ᠪᠠᠷᠠᠭᠰᠠᠨ ᠪᠠᠶᠢᠪᠠᠯ ᠣᠶᠢᠷ᠎ᠠ ᠲᠥᠷᠥᠯ ᠰᠠᠳᠤᠨ ᠳᠤ ᠨᠢ ᠬᠡᠭᠦᠷ ᠰᠢᠯᠭᠠᠨ | ᠪᠠᠶᠢᠴᠠᠭᠠᠬᠤ ᠬᠤᠯᠪᠣᠭᠳᠠᠯ ᠪᠦᠬᠦᠢ ᠲᠣᠭᠲᠠᠭᠠᠯ ᠢ ᠮᠡᠳᠡᠭᠳᠡᠨ᠎ᠡ︔ | ︵ᠲᠠᠪᠤ︶ ᠴᠢᠬᠤᠯᠠᠲᠠᠢ ᠦᠶ᠎ᠡ ᠳᠤ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠬᠠᠮᠲᠤᠷᠠᠨ | ᠣᠨᠣᠰᠢᠯᠠᠬᠤ ᠶᠢᠨ ᠬᠠᠮᠲᠤ ᠲᠤᠰᠬᠠᠢ ᠮᠡᠷᠭᠡᠵᠢᠯᠲᠡᠨ ᠤ ᠬᠠᠮᠲᠤᠷᠠᠨ ᠣᠨᠣᠰᠢᠯᠠᠭᠰᠠᠨ ᠰᠠᠨᠠᠯ ᠢ ᠡᠪᠡᠳᠴᠢᠲᠡᠨ ᠪᠤᠶᠤ | ᠲᠡᠭᠦᠨ ᠤ ᠣᠶᠢᠷ᠎ᠠ ᠲᠦᠷᠦᠯ ᠰᠠᠳᠤᠨ ᠳᠤ ᠨᠢ ᠮᠡᠳᠡᠭᠳᠡᠨ᠎ᠡ︔ | ︵ᠵᠢᠷᠭᠤᠭ᠎ᠠ︶ ᠡᠮᠴᠢᠯᠡᠭᠡᠨ ᠤ ᠵᠠᠭᠤᠷᠠᠯᠳᠤᠭᠠᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ | ᠲᠥᠰᠥᠯ ᠢ ᠡᠬᠢᠯᠡᠭᠦᠯᠬᠦ ᠴᠢᠬᠤᠯᠠᠲᠠᠢ ᠪᠠᠶᠢᠪᠠᠯ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠠᠷᠭ᠎ᠠ ᠬᠡᠮᠵᠢᠶ᠎ᠡ | ᠠᠪᠬᠤ ᠶᠢᠨ ᠬᠠᠮᠲᠤ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ︔ | ︵ᠳᠣᠯᠤᠭ᠎ᠠ︶ ᠡᠷᠡᠭᠦᠯ ᠬᠠᠮᠠᠭᠠᠯᠠᠯ ᠡᠷᠡᠭᠦᠯ ᠮᠡᠨᠳᠦ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ | ᠵᠢᠴᠢ ᠬᠠᠮᠢᠶ᠎ᠠ ᠪᠦᠬᠦᠢ ᠨᠢᠭᠡᠴᠢ ᠯᠦᠭᠡ ᠬᠠᠮᠵᠢᠯᠴᠠᠨ ᠪᠠᠶᠢᠴᠠᠭᠠᠯᠲᠠ ᠬᠢᠵᠦ ᠭᠡᠷᠡᠴᠢ ᠠᠪᠬᠤ ᠪᠠ ᠵᠠᠭᠤᠷᠠᠯᠳᠤᠭᠠᠨ ᠢ | ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠡ᠃ | ᠬᠤᠷᠢᠨ ᠵᠢᠷᠭᠤᠳᠤᠭᠠᠷ ᠵᠦᠢᠯ ᠬᠦᠨᠳᠦ ᠬᠡᠴᠡᠭᠦᠦ ᠡᠮᠴᠢᠯᠡᠭᠡᠨ ᠤ ᠵᠠᠭᠤᠷᠠᠯᠳᠤᠭᠠᠨ ᠭᠠᠷᠤᠭᠰᠠᠨ ᠪᠠᠶᠢᠪᠠᠯ᠂ | ᠡᠮᠴᠢᠯᠡᠭᠡᠨ ᠤ ᠪᠠᠶᠢᠭᠤᠯᠤᠮᠵᠢ ᠨᠢ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠥᠯ ᠢᠶᠠᠨ ᠲᠡᠷᠡ | ᠳᠠᠷᠤᠢ ᠡᠬᠢᠯᠡᠭᠦᠯᠵᠦ᠂ ᠲᠣᠭᠲᠠᠭᠠᠯ ᠶᠣᠰᠣᠭᠠᠷ ᠬᠠᠷᠢᠶ᠎ᠠ ᠭᠠᠵᠠᠷ ᠤᠨ ᠬᠤᠰᠢᠭᠤ ᠰᠢᠶᠠᠨ ᠤ ᠱᠠᠲᠤ ᠪᠠ ᠠᠶᠢᠮᠠᠭ | ᠬᠤᠲᠠ ᠶᠢᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ | ᠮᠡᠳᠡᠭᠦᠯᠬᠦ ᠬᠡᠷᠡᠭᠲᠡᠢ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ | ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ᠂ ᠴᠠᠭ ᠲᠤᠬᠠᠢ ᠳᠤ ᠨᠢ ᠬᠥᠮᠥᠨ ᠲᠣᠮᠢᠯᠠᠨ ᠲᠤᠬᠠᠢ ᠶᠢᠨ ᠲᠠᠯᠠᠪᠠᠢ ᠳᠤ | ᠣᠴᠢᠭᠤᠯᠤᠨ ᠪᠠᠶᠢᠳᠠᠯ ᠢ ᠣᠶᠢᠯᠠᠭᠠᠨ ᠡᠵᠡᠮᠰᠢᠭᠦᠯᠵᠦ᠂ ᠡᠮᠴᠢ ᠪᠠ ᠡᠪᠡᠳᠴᠢᠲᠡᠨ ᠬᠤᠶᠠᠷ ᠲᠠᠯ᠎ᠠ ᠶᠢ ᠬᠥᠲᠥᠯᠥᠨ | ᠵᠢᠯᠤᠭᠤᠳᠴᠤ ᠪᠠᠶᠢᠭᠠᠳ ᠬᠠᠤᠯᠢ ᠶᠣᠰᠣᠨ ᠤ ᠠᠷᠭ᠎ᠠ ᠵᠠᠮ ᠢᠶᠠᠷ ᠳᠠᠮᠵᠢᠭᠤᠯᠤᠨ ᠵᠠᠭᠤᠷᠠᠯᠳᠤᠭᠠᠨ ᠢ | ᠰᠢᠢᠳᠪᠦᠷᠢᠯᠡᠬᠦ ᠶᠢᠨ ᠬᠠᠮᠲᠤ ᠳᠣᠣᠷ᠎ᠠ ᠵᠢᠭᠰᠠᠭᠠᠭᠰᠠᠨ ᠠᠷᠭ᠎ᠠ ᠬᠡᠮᠵᠢᠶ᠎ᠡ ᠶᠢ ᠠᠪᠬᠤ ᠬᠡᠷᠡᠭᠲᠡᠢ᠄ | ︵ᠨᠢᠭᠡ︶ ᠡᠮᠴᠢᠯᠡᠭᠡᠨ ᠤ ᠪᠠᠶᠢᠭᠤᠯᠤᠮᠵᠢ ᠶᠢ ᠵᠢᠯᠣᠭᠤᠳᠤᠨ ᠰᠢᠮᠳᠠᠭᠤᠯᠵᠤ ᠪᠠᠶᠢᠭᠠᠳ ᠲᠡᠷᠡ ᠳᠠᠷᠤᠢ ᠳᠤ ᠨᠢ | ᠠᠷᠭ᠎ᠠ ᠬᠡᠮᠵᠢᠶ᠎ᠡ ᠠᠪᠤᠭᠤᠯᠵᠤ᠂ ᠬᠡᠷᠡᠭ ᠶᠡᠬᠡᠳᠬᠦ ᠠᠴᠠ ᠰᠡᠷᠭᠡᠶᠢᠯᠡᠨ᠎ᠡ︔ | ︵ᠬᠤᠶᠠᠷ︶ ᠠᠵᠢᠯᠲᠠᠨ ᠵᠣᠬᠢᠶᠠᠨ ᠪᠠᠶᠢᠭᠤᠯᠤᠨ ᠲᠤᠬᠠᠢ ᠶᠢᠨ ᠲᠠᠯᠠᠪᠠᠢ ᠳᠤ ᠣᠴᠢᠭᠤᠯᠵᠤ ᠳᠣᠲᠣᠭᠠᠳᠤ ᠶᠢ | ᠬᠠᠮᠠᠭᠠᠯᠠᠬᠤ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠮᠵᠢᠯᠴᠠᠨ ᠲᠤᠬᠠᠢ ᠶᠢᠨ ᠲᠠᠯᠠᠪᠠᠢ ᠳᠤ | ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ︔ | ︵ᠭᠤᠷᠪᠠ︶ ᠨᠡᠪᠲᠡᠷᠡᠯᠴᠡᠨ ᠣᠶᠢᠯᠠᠭᠠᠯᠴᠠᠵᠤ ᠵᠠᠯᠠᠵᠤ ᠵᠢᠯᠤᠭᠤᠳᠬᠤ ᠵᠡᠷᠭᠡ ᠠᠵᠢᠯ ᠢ ᠥᠷᠨᠢᠭᠦᠯᠵᠦ᠂ ᠡᠮᠴᠢ ᠪᠠ | ᠡᠪᠡᠳᠴᠢᠲᠡᠨ ᠬᠤᠶᠠᠷ ᠲᠠᠯ᠎ᠠ ᠶᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠶᠣᠰᠣᠨ ᠤ ᠠᠷᠭ᠎ᠠ ᠵᠠᠮ ᠢᠶᠠᠷ | ᠵᠠᠭᠤᠷᠠᠯᠳᠤᠭᠠᠨ ᠢ ᠰᠢᠢᠳᠪᠦᠷᠢᠯᠡᠭᠦᠯᠦᠨ᠎ᠡ᠃ | ᠬᠤᠷᠢᠨ ᠳᠣᠯᠣᠳᠤᠭᠠᠷ ᠵᠦᠢᠯ ᠡᠮᠴᠢ ᠪᠠ ᠡᠪᠡᠳᠴᠢᠲᠡᠨ ᠬᠤᠶᠠᠷ ᠲᠠᠯ᠎ᠠ ᠨᠢ ᠡᠮᠴᠢᠯᠡᠭᠡᠨ ᠤ ᠡᠮᠬᠢ ᠵᠢᠷᠤᠮ ᠢ | ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠢ᠃ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠳᠣᠣᠷ᠎ᠠ ᠵᠢᠭᠰᠠᠭᠠᠭᠰᠠᠨ | ᠦᠢᠯᠡ ᠠᠵᠢᠯᠯᠠᠭ᠎ᠠ ᠲᠠᠢ ᠪᠠᠶᠢᠵᠤ᠂ ᠡᠪᠡᠳᠴᠢᠲᠡᠨ ᠪᠠ ᠡᠮᠨᠡᠯᠭᠡ ᠶᠢᠨ ᠠᠵᠢᠯᠲᠠᠨ ᠤ ᠪᠡᠶ᠎ᠡ ᠶᠢᠨ ᠠᠮᠤᠷ ᠲᠦᠪᠰᠢᠨ ᠳᠤ | ᠬᠤᠣᠷ ᠬᠥᠨᠥᠭᠡᠯ ᠤᠴᠠᠷᠠᠭᠤᠯᠵᠤ᠂ ᠡᠮᠴᠢᠯᠡᠭᠡᠨ ᠤ ᠡᠮᠬᠢ ᠵᠢᠷᠤᠮ ᠢ ᠰᠠᠮᠠᠭᠤᠷᠠᠭᠤᠯᠵᠤ ᠪᠣᠯᠬᠤ ᠦᠭᠡᠢ᠄ | ︵ᠨᠢᠭᠡ︶ ᠣᠯᠠᠭᠤᠯᠠ ᠴᠤᠭᠯᠠᠵᠤ ᠡᠮᠴᠢᠯᠡᠭᠡᠨ ᠤ ᠪᠠᠶᠢᠭᠤᠯᠤᠮᠵᠢ ᠶᠢᠨ ᠣᠨᠣᠰᠢᠯᠠᠨ ᠡᠮᠨᠡᠬᠦ᠂ ᠠᠯᠪᠠᠯᠠᠬᠤ ᠲᠠᠯᠠᠪᠤᠷ | ᠭᠠᠵᠠᠷ ᠢ ᠡᠵᠡᠯᠡᠬᠦ︔ | ︵ᠬᠤᠶᠠᠷ︶ ᠡᠮᠴᠢᠯᠡᠭᠡᠨ ᠤ ᠪᠠᠶᠢᠭᠤᠯᠤᠮᠵᠢ ᠳᠤ ᠬᠤᠪᠢ ᠪᠠᠷ ᠢᠶᠠᠨ ᠴᠢᠨᠳᠠᠷ ᠤᠨ ᠲᠠᠩᠬᠢᠮ ᠭᠠᠷᠭᠠᠬᠤ᠂ | ᠴᠠᠭᠠᠷᠢᠭᠲᠤ ᠴᠡᠴᠡᠭ ᠲᠠᠯᠪᠢᠬᠤ᠂ ᠳᠣᠶ᠋ᠢᠩ ᠤᠨ ᠵᠣᠭᠤᠰ ᠰᠢᠲᠠᠭᠠᠬᠤ᠂ ᠬᠥᠨᠳᠡᠯᠡᠨ ᠪᠢᠴᠢᠭᠡᠰᠦ ᠡᠯᠭᠦᠬᠦ᠂ ᠲᠣᠮᠣ | ᠵᠢᠵᠢᠭ ᠦᠰᠦᠭᠲᠦ ᠰᠣᠨᠢᠨ ᠨᠠᠭᠠᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠡᠭᠦᠳᠡ ᠬᠠᠭᠠᠯᠭ᠎ᠠ ᠶᠢ | ᠪᠥᠭᠯᠡᠬᠦ ᠪᠤᠶᠤ ᠪᠤᠰᠤᠳ ᠠᠷᠭ᠎ᠠ ᠮᠠᠶ᠋ᠢᠭ ᠢᠶᠠᠷ ᠡᠮᠴᠢᠯᠡᠭᠡᠨ ᠤ ᠡᠮᠬᠢ ᠵᠢᠷᠤᠮ ᠢ ᠰᠠᠮᠠᠭᠤᠷᠠᠭᠤᠯᠬᠤ︔ | ︵ᠭᠤᠷᠪᠠ︶ ᠡᠮᠴᠢᠯᠡᠭᠡᠨ ᠤ ᠪᠠᠶᠢᠭᠤᠯᠤᠮᠵᠢ ᠳᠤ ᠲᠣᠭᠲᠠᠭᠠᠯ ᠠᠴᠠ ᠵᠥᠷᠢᠴᠡᠨ ᠴᠢᠨᠳᠠᠷ ᠲᠠᠯᠪᠢᠵᠤ᠂ | ᠡᠮᠴᠢᠯᠡᠭᠡᠨ ᠤ ᠡᠮᠬᠢ ᠵᠢᠷᠤᠮ ᠢ ᠨᠥᠯᠥᠭᠡᠯᠡᠬᠦ︔ | ︵ᠳᠥᠷᠪᠡ︶ ᠡᠮᠨᠡᠯᠭᠡ ᠶᠢᠨ ᠠᠵᠢᠯᠲᠠᠨ ᠢ ᠢᠯᠠᠨ ᠲᠠᠯᠠᠨ ᠦᠭᠡᠢ ᠳᠣᠷᠣᠮᠵᠢᠯᠠᠵᠤ ᠭᠤᠲᠤᠭᠠᠬᠤ᠂ ᠵᠦᠬᠡᠨ | ᠬᠠᠷᠢᠶᠠᠬᠤ᠂ ᠭᠦᠳᠬᠡᠬᠦ᠂ ᠰᠦᠷᠳᠡᠭᠦᠯᠬᠦ᠂ ᠠᠵᠢᠯ ᠤᠨ ᠲᠠᠯᠠᠪᠤᠷ ᠠᠴᠠ ᠭᠠᠷᠭᠠᠬᠤ ᠦᠭᠡᠢ ᠵᠡᠷᠭᠡ ᠠᠷᠭ᠎ᠠ ᠮᠠᠶ᠋ᠢᠭ ᠢᠶᠠᠷ | ᠡᠮᠨᠡᠯᠭᠡ ᠶᠢᠨ ᠠᠵᠢᠯᠲᠠᠨ ᠤ ᠪᠡᠶ᠎ᠡ ᠶᠢᠨ ᠡᠷᠬᠡ ᠴᠢᠯᠦᠭᠡ ᠶᠢ ᠬᠠᠤᠯᠢ ᠪᠤᠰᠤ ᠪᠠᠷ ᠬᠢᠵᠠᠭᠠᠷᠯᠠᠵᠤ᠂ ᠡᠮᠨᠡᠯᠭᠡ ᠶᠢᠨ | ᠠᠵᠢᠯᠲᠠᠨ ᠢ ᠵᠣᠳᠣᠬᠤ᠂ ᠪᠡᠶ᠎ᠡ ᠮᠠᠬᠠᠪᠤᠳ ᠢ ᠨᠢ ᠵᠣᠷᠢᠭᠤᠳᠠ ᠭᠡᠮᠲᠦᠭᠡᠬᠦ︔ | ︵ᠲᠠᠪᠤ︶ ᠫᠤᠤ ᠵᠡᠪᠰᠡᠭ᠂ ᠰᠤᠮᠤ ᠳᠠᠷᠢ᠂ ᠵᠠᠬᠢᠷᠤᠨ ᠬᠠᠮᠢᠶᠠᠷᠴᠤ ᠪᠠᠶᠢᠭ᠎ᠠ ᠢᠷᠲᠦ ᠪᠠᠭᠠᠵᠢ ᠪᠤᠶᠤ ᠳᠡᠯᠪᠡᠷᠡᠬᠦ | ᠴᠢᠨᠠᠷᠲᠠᠢ᠂ ᠰᠠᠴᠤᠷᠠᠭ ᠢᠳᠡᠪᠬᠢ ᠴᠢᠨᠠᠷᠲᠠᠢ᠂ ᠬᠤᠣᠷᠲᠤ ᠴᠢᠨᠠᠷᠲᠠᠢ᠂ ᠢᠳᠡᠮᠡᠬᠡᠢ ᠴᠢᠨᠠᠷᠲᠠᠢ ᠵᠡᠷᠭᠡ ᠠᠶᠤᠯ ᠲᠠᠢ | ᠪᠣᠳᠠᠰ ᠢ ᠡᠮᠴᠢᠯᠡᠭᠡᠨ ᠤ ᠪᠠᠶᠢᠭᠤᠯᠤᠮᠵᠢ ᠳᠤ ᠬᠠᠤᠯᠢ ᠪᠤᠰᠤ ᠪᠠᠷ ᠠᠪᠴᠤ ᠣᠷᠣᠬᠤ︔ | ︵ᠵᠢᠷᠭᠤᠭ᠎ᠠ︶ ᠬᠡᠷᠡᠭ ᠢ ᠵᠣᠷᠢᠭᠤᠳᠠ ᠶᠡᠬᠡᠳᠬᠡᠬᠦ᠂ ᠪᠤᠰᠤᠳ ᠬᠥᠮᠥᠨ ᠢ ᠥᠳᠥᠭᠡᠵᠦ᠂ ᠬᠠᠪᠰᠤᠷᠴᠤ ᠪᠠᠶᠢᠭᠠᠳ | ᠡᠮᠴᠢᠯᠡᠭᠡᠨ ᠤ ᠪᠠᠶᠢᠭᠤᠯᠤᠮᠵᠢ ᠪᠤᠶᠤ ᠡᠮᠨᠡᠯᠭᠡ ᠶᠢᠨ ᠠᠵᠢᠯᠲᠠᠨ ᠳᠤ ᠴᠢᠭᠯᠡᠭᠦᠯᠦᠭᠰᠡᠨ ᠬᠠᠤᠯᠢ ᠶᠢ ᠵᠥᠷᠢᠴᠡᠭᠰᠡᠨ ᠶᠠᠯᠠᠲᠤ | ᠠᠵᠢᠯᠯᠠᠭ᠎ᠠ ᠬᠢᠬᠦ᠂ ᠡᠰᠡᠬᠦᠯ᠎ᠡ ᠪᠤᠰᠤᠳ ᠬᠥᠮᠥᠨ ᠤ ᠨᠠᠶᠢᠳᠠᠯᠭ᠎ᠠ ᠪᠠᠷ ᠡᠮᠴᠢᠯᠡᠭᠡᠨ ᠤ ᠵᠠᠭᠤᠷᠠᠯᠳᠤᠭᠠᠨ ᠢ | ᠰᠢᠢᠳᠪᠦᠷᠢᠯᠡᠬᠦ ᠨᠡᠷ᠎ᠡ ᠪᠠᠷ ᠬᠢᠬᠠᠵᠤ ᠮᠥᠯᠵᠢᠬᠦ᠂ ᠬᠡᠷᠡᠭ ᠥᠳᠥᠭᠡᠵᠦ ᠦᠢᠮᠡᠭᠦᠯᠦᠭᠰᠡᠨ ᠵᠡᠷᠭᠡ ᠦᠢᠯᠡ | ᠠᠵᠢᠯᠯᠠᠭ᠎ᠠ ᠲᠠᠢ ᠪᠠᠶᠢᠬᠤ︔ | ︵ᠳᠣᠯᠤᠭ᠎ᠠ︶ ᠬᠤᠪᠢ ᠶᠢᠨ ᠵᠠᠭᠤᠴᠢᠯᠠᠭᠤᠷ ᠵᠡᠷᠭᠡ ᠵᠠᠭᠤᠴᠢ ᠪᠠᠷ ᠳᠠᠮᠵᠢᠭᠤᠯᠤᠨ ᠪᠣᠳᠠᠲᠤ ᠬᠡᠷᠡᠭ ᠢ | ᠭᠠᠵᠢᠭᠤᠳᠠᠭᠤᠯᠤᠨ᠂ ᠦᠨᠡᠨ ᠪᠣᠳᠠᠲᠠᠢ ᠪᠤᠰᠤ ᠦᠭᠡ ᠶᠠᠷᠢᠶ᠎ᠠ ᠵᠡᠷᠭᠡ ᠶᠢ ᠤᠯᠠᠮᠵᠢᠯᠠᠨ ᠲᠠᠷᠬᠠᠭᠠᠵᠤ᠂ ᠡᠮᠴᠢᠯᠡᠭᠡᠨ ᠤ | ᠪᠠᠶᠢᠭᠤᠯᠤᠮᠵᠢ ᠵᠢᠴᠢ ᠲᠡᠭᠦᠨ ᠤ ᠡᠮᠨᠡᠯᠭᠡ ᠶᠢᠨ ᠠᠵᠢᠯᠲᠠᠨ ᠢ ᠴᠤᠤᠷᠬᠠᠯ ᠲᠠᠯᠪᠢᠵᠤ᠂ ᠭᠦᠳᠬᠡᠬᠦ︔ | ︵ᠨᠠᠢᠮᠠ︶ ᠡᠮᠴᠢᠯᠡᠭᠡᠨ ᠤ ᠵᠠᠭᠤᠷᠠᠯᠳᠤᠭᠠᠨ ᠲᠠᠢ ᠬᠠᠮᠢᠶ᠎ᠠ ᠪᠦᠬᠦᠢ ᠡᠪᠡᠳᠴᠢᠨ ᠤ ᠲᠡᠦᠬᠡ ᠶᠢᠨ ᠮᠠᠲ᠋ᠧᠷᠢᠶᠠᠯ ᠵᠢᠴᠢ | ᠡᠮ ᠤᠨ ᠵᠦᠢᠯ᠂ ᠡᠷᠡᠭᠦᠯ ᠬᠠᠮᠠᠭᠠᠯᠠᠯ ᠤᠨ ᠮᠠᠲ᠋ᠧᠷᠢᠶᠠᠯ᠂ ᠪᠠᠭᠠᠵᠢ ᠬᠡᠷᠡᠭᠰᠡᠯ ᠵᠡᠷᠭᠡ ᠪᠣᠳᠠᠲᠠᠢ ᠭᠡᠷᠡᠴᠢ ᠶᠢ ᠪᠤᠯᠢᠶᠠᠬᠤ᠂ | ᠡᠪᠳᠡᠨ ᠰᠦᠢᠳᠬᠡᠬᠦ︔ | ︵ᠶᠢᠰᠦ︶ ᠨᠡᠶᠢᠲᠡ ᠶᠢᠨ ᠪᠠ ᠬᠤᠪᠢ ᠶᠢᠨ ᠡᠳ᠋ ᠬᠥᠷᠥᠩᠭᠡ ᠶᠢ ᠬᠠᠤᠯᠢ ᠪᠤᠰᠤ ᠪᠠᠷ ᠡᠵᠡᠯᠡᠨ ᠬᠡᠷᠡᠭᠯᠡᠬᠦ᠂ | ᠪᠤᠯᠢᠶᠠᠬᠤ᠂ ᠵᠣᠷᠢᠭᠤᠳᠠ ᠡᠪᠳᠡᠨ ᠰᠦᠢᠳᠬᠡᠬᠦ︔ | ︵ᠠᠷᠪᠠ︶ ᠡᠮᠴᠢᠯᠡᠭᠡᠨ ᠤ ᠪᠠᠶᠢᠭᠤᠯᠤᠮᠵᠢ ᠶᠢᠨ ᠬᠡᠪ ᠤᠨ ᠡᠮᠬᠢ ᠵᠢᠷᠤᠮ ᠢ ᠰᠠᠮᠠᠭᠤᠷᠠᠭᠤᠯᠬᠤ ᠪᠤᠰᠤᠳ ᠦᠢᠯᠡ | ᠠᠵᠢᠯᠯᠠᠭ᠎ᠠ᠃ | ᠡᠮᠴᠢᠯᠡᠭᠡᠨ ᠤ ᠵᠠᠭᠤᠷᠠᠯᠳᠤᠭᠠᠨ ᠤ ᠳᠤᠮᠳᠠ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠵᠥᠷᠢᠴᠡᠭᠰᠡᠨ ᠦᠢᠯᠡ | ᠠᠵᠢᠯᠯᠠᠭ᠎ᠠ ᠪᠤᠶᠤ ᠶᠠᠯᠠᠲᠤ ᠠᠵᠢᠯᠯᠠᠭ᠎ᠠ ᠬᠢᠭᠰᠡᠨ ᠢᠶᠠᠷ ᠰᠡᠵᠢᠭᠯᠡᠭᠳᠡᠪᠡᠯ ᠡᠮᠴᠢᠯᠡᠭᠡᠨ ᠤ ᠪᠠᠶᠢᠭᠤᠯᠤᠮᠵᠢ ᠨᠢ ᠲᠡᠷᠡ | ᠳᠠᠷᠤᠢ ᠳᠤ ᠨᠢ ᠪᠠᠶᠢᠭ᠎ᠠ ᠭᠠᠵᠠᠷ ᠤᠨ ᠢᠶᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠡᠷᠡᠭ ᠮᠡᠳᠡᠭᠦᠯᠬᠦ | ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠴᠠᠭ ᠲᠤᠬᠠᠢ ᠳᠤ ᠨᠢ ᠠᠷᠭ᠎ᠠ ᠬᠡᠮᠵᠢᠶ᠎ᠡ ᠠᠪᠴᠤ᠂ ᠬᠠᠤᠯᠢ | ᠶᠣᠰᠣᠭᠠᠷ ᠰᠢᠢᠳᠪᠦᠷᠢᠯᠡᠵᠦ᠂ ᠡᠮᠴᠢᠯᠡᠭᠡᠨ ᠤ ᠡᠮᠬᠢ ᠵᠢᠷᠤᠮ ᠢ ᠬᠠᠮᠠᠭᠠᠯᠠᠬᠤ ᠬᠡᠷᠡᠭᠲᠡᠢ᠃ | ᠬᠤᠷᠢᠨ ᠨᠠᠢᠮᠠᠳᠤᠭᠠᠷ ᠵᠦᠢᠯ ᠡᠮᠴᠢ ᠪᠠ ᠡᠪᠡᠳᠴᠢᠲᠡᠨ ᠬᠤᠶᠠᠷ ᠲᠠᠯ᠎ᠠ ᠪᠠᠷ ᠢᠶᠠᠨ ᠡᠮᠴᠢᠯᠡᠭᠡᠨ ᠤ | ᠵᠠᠭᠤᠷᠠᠯᠳᠤᠭᠠᠨ ᠢ ᠵᠥᠪᠳᠡᠯᠴᠡᠨ ᠰᠢᠢᠳᠪᠦᠷᠢᠯᠡᠬᠦ ᠪᠠᠷ ᠪᠣᠯᠣᠭᠰᠠᠨ ᠪᠠᠶᠢᠪᠠᠯ ᠳᠣᠣᠷ᠎ᠠ ᠵᠢᠭᠰᠠᠭᠠᠭᠰᠠᠨ ᠲᠣᠭᠲᠠᠭᠠᠯ | ᠶᠣᠰᠣᠭᠠᠷ ᠰᠢᠢᠳᠪᠦᠷᠢᠯᠡᠬᠦ ᠬᠡᠷᠡᠭᠲᠡᠢ᠄ | ︵ᠨᠢᠭᠡ︶ ᠡᠮᠴᠢᠯᠡᠭᠡᠨ ᠤ ᠪᠠᠶᠢᠭᠤᠯᠤᠮᠵᠢ ᠶᠢᠨ ᠲᠣᠬᠢᠷᠠᠭᠤᠯᠤᠭᠰᠠᠨ ᠲᠤᠰᠬᠠᠢ ᠲᠠᠯᠠᠪᠤᠷ ᠭᠠᠵᠠᠷ ᠪᠤᠶᠤ ᠬᠤᠶᠠᠷ | ᠲᠠᠯ᠎ᠠ ᠪᠠᠷ ᠢᠶᠠᠨ ᠵᠥᠪᠰᠢᠶᠡᠷᠡᠭᠰᠡᠨ ᠪᠤᠰᠤᠳ ᠲᠠᠯᠠᠪᠤᠷ ᠭᠠᠵᠠᠷ ᠲᠤ ᠵᠥᠪᠳᠡᠯᠴᠡᠵᠦ᠂ ᠡᠮᠴᠢᠯᠡᠭᠡᠨ ᠤ ᠬᠡᠪ ᠤᠨ ᠡᠮᠬᠢ | ᠵᠢᠷᠤᠮ ᠢ ᠨᠥᠯᠥᠭᠡᠯᠡᠵᠦ ᠪᠣᠯᠬᠤ ᠦᠭᠡᠢ᠃ | ︵ᠬᠤᠶᠠᠷ︶ ᠡᠮᠴᠢ ᠪᠠ ᠡᠪᠡᠳᠴᠢᠲᠡᠨ ᠬᠤᠶᠠᠷ ᠲᠠᠯ᠎ᠠ ᠶᠢᠨ ᠬᠥᠮᠥᠨ ᠤ ᠲᠤᠭ᠎ᠠ ᠨᠡᠯᠢᠶᠡᠳ ᠣᠯᠠᠨ ᠪᠠᠶᠢᠪᠠᠯ᠂ | ᠲᠥᠯᠥᠭᠡᠯᠡᠭᠴᠢ ᠰᠣᠩᠭᠤᠨ ᠵᠥᠪᠳᠡᠯᠴᠡᠵᠦ᠂ ᠲᠠᠯ᠎ᠠ ᠪᠦᠷᠢ ᠶᠢᠨ ᠲᠥᠯᠥᠭᠡᠯᠡᠭᠴᠢ ᠶᠢᠨ ᠲᠤᠭ᠎ᠠ ᠶᠢ 5 ᠠᠴᠠ | ᠬᠡᠲᠦᠷᠡᠭᠦᠯᠬᠦ ᠦᠭᠡᠢ ᠪᠠᠶᠢᠬᠤ ᠬᠡᠷᠡᠭᠲᠡᠢ᠃ | ︵ᠭᠤᠷᠪᠠ︶ ᠡᠮᠴᠢ ᠪᠠ ᠡᠪᠡᠳᠴᠢᠲᠡᠨ ᠬᠤᠶᠠᠷ ᠲᠠᠯ᠎ᠠ ᠪᠠᠷ ᠢᠶᠠᠨ ᠡᠮᠴᠢᠯᠡᠭᠡᠨ ᠤ ᠵᠠᠭᠤᠷᠠᠯᠳᠤᠭᠠᠨ ᠢ ᠰᠠᠶᠢᠨ | ᠳᠤᠷ᠎ᠠ ᠠᠴᠠ ᠪᠠᠨ ᠵᠥᠪᠳᠡᠯᠴᠡᠨ ᠰᠢᠢᠳᠪᠦᠷᠢᠯᠡᠬᠦ ᠳᠤ᠂ ᠲᠥᠯᠥᠪᠦᠷᠢ ᠵᠣᠭᠤᠰ ᠤᠨ ᠲᠤᠭ᠎ᠠ ᠶᠢ ᠪᠣᠳᠠᠲᠤ ᠶᠠᠪᠤᠳᠠᠯ ᠢᠶᠠᠷ | ᠦᠨᠳᠦᠰᠦᠯᠡᠯ ᠪᠣᠯᠭᠠᠨ ᠵᠥᠪᠳᠡᠯᠴᠡᠨ ᠲᠣᠭᠲᠠᠭᠠᠵᠤ᠂ ᠵᠥᠪᠳᠡᠯᠴᠡᠭᠡᠳ ᠰᠠᠨᠠᠯ ᠨᠢᠭᠡᠳᠦᠭᠰᠡᠨ ᠪᠠᠶᠢᠪᠠᠯ᠂ ᠪᠢᠴᠢᠭᠯᠡᠭᠰᠡᠨ | ᠡᠶᠡᠳᠡᠭᠦᠯᠭᠡ ᠶᠢᠨ ᠵᠥᠪᠯᠡᠯᠴᠡᠭᠡᠷ ᠤᠨ ᠪᠢᠴᠢᠭ ᠲᠤ ᠭᠠᠷ ᠤᠨ ᠦᠰᠦᠭ ᠵᠢᠷᠤᠬᠤ ᠬᠡᠷᠡᠭᠲᠡᠢ᠃ | ︵ᠳᠥᠷᠪᠡ︶ ᠵᠥᠷᠢᠯᠳᠦᠭᠡᠨ ᠨᠡᠯᠢᠶᠡᠳ ᠶᠡᠭᠡ ᠪᠤᠶᠤ ᠲᠥᠯᠥᠪᠦᠷᠢ ᠶᠢᠨ ᠲᠤᠭ᠎ᠠ ᠪᠠᠷ ᠨᠡᠯᠢᠶᠡᠳ ᠶᠡᠭᠡ | ᠡᠮᠴᠢᠯᠡᠭᠡᠨ ᠤ ᠵᠠᠭᠤᠷᠠᠯᠳᠤᠭᠠᠨ ᠢ ᠡᠮᠴᠢ ᠪᠠ ᠡᠪᠡᠳᠴᠢᠲᠡᠨ ᠬᠤᠶᠠᠷ ᠲᠠᠯ᠎ᠠ ᠪᠠᠷ ᠢᠶᠠᠨ ᠠᠷᠠᠳ ᠤᠨ ᠡᠶᠡᠳᠡᠭᠦᠯᠭᠡ | ᠬᠢᠯᠭᠡᠬᠦ ᠠᠷᠭ᠎ᠠ ᠵᠠᠮ ᠢᠶᠠᠷ ᠳᠠᠮᠵᠢᠭᠤᠯᠤᠨ ᠰᠢᠢᠳᠪᠦᠷᠢᠯᠡᠬᠦ ᠶᠢ ᠨᠢ ᠵᠣᠷᠢᠭᠵᠢᠭᠤᠯᠤᠨ᠎ᠠ᠃ | ︵ᠲᠠᠪᠤ︶ ᠡᠮᠴᠢ ᠪᠠ ᠡᠪᠡᠳᠴᠢᠲᠡᠨ ᠬᠤᠶᠠᠷ ᠲᠠᠯ᠎ᠠ ᠪᠠᠷ ᠢᠶᠠᠨ ᠲᠤᠬᠠᠢ ᠶᠢᠨ ᠲᠠᠯᠠᠪᠠᠢ ᠳᠤ ᠪᠠᠶᠢᠬᠤ ᠪᠠᠶᠢᠳᠠᠯ | ᠳᠣᠣᠷ᠎ᠠ᠂ ᠡᠪᠡᠳᠴᠢᠨ ᠤ ᠲᠡᠦᠬᠡ ᠶᠢᠨ ᠮᠠᠲ᠋ᠧᠷᠢᠶᠠᠯ᠂ ᠲᠤᠬᠠᠢ ᠶᠢᠨ ᠲᠠᠯᠠᠪᠠᠢ ᠳᠠᠬᠢ ᠪᠣᠳᠠᠲᠤ ᠶᠠᠭᠤᠮ᠎ᠠ ᠶᠢ ᠲᠣᠭᠲᠠᠭᠠᠯ | ᠶᠣᠰᠣᠭᠠᠷ ᠪᠢᠲᠡᠭᠦᠮᠵᠢᠯᠡᠨ ᠬᠠᠳᠠᠭᠠᠯᠠᠬᠤ᠂ ᠪᠢᠲᠡᠭᠦᠮᠵᠢ ᠨᠡᠭᠡᠭᠡᠬᠦ ᠬᠡᠷᠡᠭᠲᠡᠢ᠃ | ︵ᠵᠢᠷᠭᠤᠭ᠎ᠠ︶ ᠡᠪᠡᠳᠴᠢᠲᠡᠨ ᠡᠮᠴᠢᠯᠡᠭᠡᠨ ᠤ ᠪᠠᠶᠢᠭᠤᠯᠤᠮᠵᠢ ᠳᠤ ᠨᠠᠰᠤ ᠪᠠᠷᠠᠭᠰᠠᠨ ᠪᠠᠶᠢᠪᠠᠯ ᠴᠢᠨᠳᠠᠷ ᠢ ᠨᠢ | ᠲᠡᠷᠡ ᠳᠠᠷᠤᠢ ᠳᠤ ᠨᠢ ᠬᠡᠭᠦᠷ ᠲᠠᠯᠪᠢᠬᠤ ᠲᠠᠰᠤᠯᠭ᠎ᠠ ᠪᠤᠶᠤ ᠣᠷᠣᠰᠢᠭᠤᠯᠭ᠎ᠠ ᠶᠢᠨ ᠭᠠᠵᠠᠷ ᠵᠡᠷᠭᠡ ᠵᠢᠭᠠᠨ | ᠲᠣᠭᠲᠠᠭᠠᠭᠰᠠᠨ ᠭᠠᠵᠠᠷ ᠲᠤ ᠰᠢᠯᠵᠢᠭᠦᠯᠦᠨ ᠲᠠᠯᠪᠢᠵᠤ᠂ ᠴᠢᠨᠳᠠᠷ ᠲᠠᠯᠪᠢᠬᠤ ᠬᠤᠭᠤᠴᠠᠭ᠎ᠠ ᠶᠢ ᠶᠡᠷᠦ ᠳᠤ ᠪᠠᠨ 14 | ᠡᠳᠦᠷ ᠠᠴᠠ ᠬᠡᠲᠦᠷᠡᠭᠦᠯᠵᠦ ᠪᠣᠯᠬᠤ ᠦᠭᠡᠢ᠃ ᠡᠪᠡᠳᠴᠢᠲᠡᠨ ᠤ ᠲᠠᠯ᠎ᠠ ᠶᠢᠨ ᠬᠢᠨ ᠡᠪᠡᠳᠴᠢᠲᠡᠨ ᠤ ᠴᠢᠨᠳᠠᠷ ᠢ ᠨᠢ | ᠣᠷᠣᠰᠢᠭᠤᠯᠭ᠎ᠠ ᠶᠢᠨ ᠭᠠᠵᠠᠷ ᠵᠡᠷᠭᠡ ᠲᠣᠭᠲᠠᠭᠰᠠᠨ ᠭᠠᠵᠠᠷ ᠲᠤ ᠰᠢᠯᠵᠢᠭᠦᠯᠬᠦ ᠶᠢ ᠲᠡᠪᠴᠢᠭᠰᠡᠨ ᠪᠠᠶᠢᠪᠠᠯ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠬᠠᠤᠯᠢ ᠶᠣᠰᠣᠭᠠᠷ ᠰᠢᠢᠳᠪᠦᠷᠢᠯᠡᠵᠦ᠂ ᠣᠷᠣᠰᠢᠭᠤᠯᠭ᠎ᠠ ᠶᠢᠨ | ᠭᠠᠵᠠᠷ ᠤᠨ ᠬᠢᠨ ᠡᠪᠡᠳᠴᠢᠲᠡᠨ ᠤ ᠴᠢᠨᠳᠠᠷ ᠢ ᠬᠦᠯᠢᠶᠡᠨ ᠠᠪᠴᠤ ᠲᠡᠭᠡᠭᠡᠪᠦᠷᠢᠯᠡᠬᠦ ᠠᠵᠢᠯ ᠢ ᠬᠠᠤᠯᠢ ᠲᠣᠭᠲᠠᠭᠠᠯ | ᠶᠣᠰᠣᠭᠠᠷ ᠬᠠᠮᠵᠢᠯᠴᠠᠨ ᠰᠠᠶᠢᠲᠤᠷ ᠬᠢᠬᠦ ᠬᠡᠷᠡᠭᠲᠡᠢ᠃ | ︵ᠳᠣᠯᠤᠭ᠎ᠠ︶ ᠡᠪᠡᠳᠴᠢᠲᠡᠨ ᠨᠠᠰᠤ ᠪᠠᠷᠠᠭᠰᠠᠨ ᠳᠤ᠂ ᠡᠮᠴᠢ ᠪᠠ ᠡᠪᠡᠳᠴᠢᠲᠡᠨ ᠬᠤᠶᠠᠷ ᠲᠠᠯ᠎ᠠ ᠪᠠᠷ ᠢᠶᠠᠨ ᠨᠠᠰᠤ | ᠪᠠᠷᠠᠭᠰᠠᠨ ᠰᠢᠯᠲᠠᠭᠠᠨ ᠳᠤ ᠣᠨᠳᠣᠣ ᠰᠠᠨᠠᠯ ᠲᠠᠢ ᠪᠠᠶᠢᠪᠠᠯ ᠲᠣᠭᠲᠠᠭᠠᠯ ᠶᠣᠰᠣᠭᠠᠷ ᠴᠢᠨᠳᠠᠷ ᠢ ᠨᠢ ᠰᠢᠯᠭᠠᠨ | ᠪᠠᠶᠢᠴᠠᠭᠠᠬᠤ ᠬᠡᠷᠡᠭᠲᠡᠢ᠃ | ᠬᠤᠷᠢ ᠶᠢᠰᠦᠳᠦᠭᠡᠷ ᠵᠦᠢᠯ ᠡᠮᠴᠢᠯᠡᠭᠡᠨ ᠤ ᠵᠠᠭᠤᠷᠠᠯᠳᠤᠭᠠᠨ ᠳᠤ ᠠᠷᠠᠳ ᠤᠨ ᠡᠶᠡᠳᠡᠭᠦᠯᠭᠡ ᠬᠢᠯᠭᠡᠬᠦ ᠪᠠᠷ | ᠭᠤᠶᠤᠴᠢᠯᠠᠭᠰᠠᠨ ᠪᠠᠶᠢᠪᠠᠯ᠂ ᠡᠮᠴᠢ ᠪᠠ ᠡᠪᠡᠳᠴᠢᠲᠡᠨ ᠬᠤᠶᠠᠷ ᠲᠠᠯ᠎ᠠ ᠪᠠᠷ ᠢᠶᠠᠨ ᠬᠠᠮᠲᠤ ᠪᠠᠷ ᠡᠮᠴᠢᠯᠡᠭᠡᠨ ᠤ | ᠵᠠᠭᠤᠷᠠᠯᠳᠤᠭᠠᠨ ᠤ ᠠᠷᠠᠳ ᠤᠨ ᠡᠶᠡᠳᠡᠭᠦᠯᠭᠡ ᠶᠢᠨ ᠺᠣᠮᠢᠰ ︵ᠳᠣᠷᠣᠭᠰᠢ ᠡᠮᠴᠢᠯᠡᠭᠡᠨ ᠤ ᠡᠶᠡᠳᠡᠭᠦᠯᠭᠡ ᠶᠢᠨ ᠺᠣᠮᠢᠰ | ᠭᠡᠵᠦ ᠲᠣᠪᠴᠢᠯᠠᠪᠠ︶ ᠲᠤ ᠭᠤᠶᠤᠴᠢᠯᠠᠯ ᠳᠤᠷᠠᠳᠤᠨ᠎ᠠ︔ ᠨᠢᠭᠡ ᠲᠠᠯ᠎ᠠ ᠶᠢᠨ ᠬᠢᠨᠢ ᠡᠶᠡᠳᠡᠭᠦᠯᠭᠡ ᠬᠢᠯᠭᠡᠬᠦ ᠪᠠᠷ | ᠭᠤᠶᠤᠴᠢᠯᠠᠭᠰᠠᠨ ᠪᠠᠶᠢᠪᠠᠯ᠂ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠨᠢ ᠨᠥᠭᠦᠭᠡ ᠲᠠᠯ᠎ᠠ ᠶᠢᠨ ᠬᠢᠨ ᠤ | ᠵᠥᠪᠰᠢᠶᠡᠷᠡᠯ ᠢ ᠣᠯᠣᠭᠰᠠᠨ ᠤ ᠳᠠᠷᠠᠭ᠎ᠠ ᠡᠶᠡᠳᠡᠭᠦᠯᠦᠨ᠎ᠡ᠃ ᠡᠮᠴᠢᠯᠡᠭᠡᠨ ᠤ ᠪᠠᠶᠢᠭᠤᠯᠤᠮᠵᠢ ᠳᠤ ᠬᠦᠨᠳᠦ ᠬᠡᠴᠡᠭᠦᠦ | ᠡᠮᠴᠢᠯᠡᠭᠡᠨ ᠤ ᠵᠠᠭᠤᠷᠠᠯᠳᠤᠭᠠᠨ ᠭᠠᠷᠤᠭᠰᠠᠨ ᠢ ᠮᠡᠳᠡᠭᠰᠡᠨ ᠤ ᠳᠠᠷᠠᠭ᠎ᠠ᠂ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠨᠢ | ᠠᠷᠠᠳ ᠤᠨ ᠡᠶᠡᠳᠡᠭᠦᠯᠦᠭᠴᠢ ᠲᠣᠮᠢᠯᠠᠨ ᠡᠮᠴᠢᠯᠡᠭᠡᠨ ᠤ ᠪᠠᠶᠢᠭᠤᠯᠤᠮᠵᠢ ᠳᠤ ᠣᠴᠢᠭᠤᠯᠵᠤ᠂ ᠰᠠᠨᠠᠭᠠᠴᠢᠯᠠᠭ᠎ᠠ ᠠᠴᠠ ᠪᠠᠨ | ᠠᠵᠢᠯ ᠢᠶᠠᠨ ᠥᠷᠨᠢᠭᠦᠯᠵᠦ᠂ ᠬᠤᠶᠠᠷ ᠲᠠᠯ᠎ᠠ ᠶᠢᠨ ᠬᠢᠨ ᠢ ᠭᠤᠶᠤᠴᠢᠯᠠᠨ ᠡᠶᠡᠳᠡᠭᠦᠯᠭᠡ ᠬᠢᠯᠭᠡᠬᠦ ᠪᠠᠷ ᠬᠥᠲᠥᠯᠥᠨ | ᠵᠢᠯᠤᠭᠤᠳᠴᠤ ᠪᠣᠯᠣᠨ᠎ᠠ᠃ ᠮᠥᠨ ᠴᠦ ᠲᠤᠬᠠᠢ ᠶᠢᠨ ᠭᠠᠵᠠᠷ ᠤᠨ ᠨᠠᠮ ᠤᠨ ᠬᠤᠷᠢᠶ᠎ᠠ ᠵᠠᠰᠠᠭ ᠤᠨ ᠣᠷᠳᠣᠨ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠢᠯᠵᠢᠭᠦᠯᠦᠨ ᠬᠦᠷᠭᠡᠭᠰᠡᠨ ᠡᠶᠡᠳᠡᠭᠦᠯᠬᠦ ᠪᠠᠷ ᠨᠠᠶᠢᠳᠠᠭᠰᠠᠨ ᠵᠦᠢᠯᠡᠰ ᠢ | ᠬᠦᠯᠢᠶᠡᠨ ᠠᠪᠴᠤ ᠪᠣᠯᠣᠨ᠎ᠠ᠃ | ᠭᠤᠴᠢᠳᠤᠭᠠᠷ ᠵᠦᠢᠯ ᠳᠣᠣᠷ᠎ᠠ ᠵᠢᠭᠰᠠᠭᠠᠭᠰᠠᠨ ᠪᠠᠶᠢᠳᠠᠯ ᠳᠤ ᠡᠮᠴᠢᠯᠡᠭᠡᠨ ᠤ ᠡᠶᠡᠳᠡᠭᠦᠯᠭᠡ ᠶᠢᠨ ᠺᠣᠮᠢᠰ | ᠬᠦᠯᠢᠶᠡᠨ ᠠᠪᠴᠤ ᠰᠢᠢᠳᠪᠦᠷᠢᠯᠡᠬᠦ ᠦᠭᠡᠢ᠂ ᠨᠢᠭᠡᠨᠲᠡ ᠬᠦᠯᠢᠶᠡᠨ ᠠᠪᠴᠤ ᠰᠢᠢᠳᠪᠦᠷᠢᠯᠡᠭᠰᠡᠨ ᠪᠠᠶᠢᠪᠠᠯ | ᠡᠶᠡᠳᠡᠭᠦᠯᠭᠡ ᠪᠠᠨ ᠵᠣᠭᠰᠣᠭᠠᠨ᠎ᠠ᠄ | ︵ᠨᠢᠭᠡ︶ ᠲᠤᠬᠠᠶᠢᠲᠠᠢ ᠬᠥᠮᠥᠨ ᠨᠢ ᠨᠢᠭᠡᠨᠲᠡ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠯᠭ᠎ᠠ ᠭᠠᠷᠭᠠᠭᠰᠠᠨ | ᠮᠥᠷᠲᠡᠭᠡᠨ ᠨᠢᠭᠡᠨᠲᠡ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ᠂ ᠡᠰᠡᠬᠦᠯ᠎ᠡ ᠠᠷᠠᠳ ᠤᠨ ᠰᠢᠭᠦᠬᠦ ᠬᠤᠷᠢᠶ᠎ᠠ ᠨᠢᠭᠡᠨᠲᠡ | ᠡᠶᠡᠳᠡᠭᠦᠯᠦᠭᠰᠡᠨ ᠪᠤᠶᠤ ᠰᠢᠭᠦᠨ ᠲᠠᠰᠤᠯᠵᠤ ᠬᠡᠷᠡᠭ ᠳᠠᠭᠤᠰᠤᠭᠰᠠᠨ︔ ᠠᠷᠠᠳ ᠤᠨ ᠰᠢᠭᠦᠬᠦ ᠬᠤᠷᠢᠶ᠎ᠠ ᠬᠠᠤᠯᠢ | ᠶᠣᠰᠣᠭᠠᠷ ᠡᠶᠡᠳᠡᠭᠦᠯᠬᠦ ᠪᠠᠷ ᠨᠠᠶᠢᠳᠠᠭᠰᠠᠨ ᠪᠤᠶᠤ ᠲᠣᠮᠢᠯᠠᠭᠰᠠᠨ ᠪᠠᠶᠢᠪᠠᠯ ᠡᠭᠦᠨ ᠳᠤ ᠪᠠᠭᠲᠠᠬᠤ ᠦᠭᠡᠢ᠃ | ︵ᠬᠤᠶᠠᠷ︶ ᠲᠤᠬᠠᠶᠢᠲᠠᠢ ᠬᠥᠮᠥᠨ ᠨᠢ ᠨᠢᠭᠡᠨᠲᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠢᠶᠠᠷ ᠡᠶᠡᠳᠡᠭᠦᠯᠬᠦ ᠪᠠᠷ ᠭᠤᠶᠤᠴᠢᠯᠠᠭᠰᠠᠨ ᠮᠥᠷᠲᠡᠭᠡᠨ ᠨᠢᠭᠡᠨᠲᠡ ᠬᠦᠯᠢᠶᠡᠨ ᠠᠪᠴᠤ | ᠰᠢᠢᠳᠪᠦᠷᠢᠯᠡᠭᠰᠡᠨ᠂ ᠡᠰᠡᠬᠦᠯ᠎ᠡ ᠵᠠᠰᠠᠭ ᠵᠠᠬᠢᠷᠭᠠᠨ ᠤ ᠡᠶᠡᠳᠡᠭᠦᠯᠭᠡ ᠪᠠᠷ ᠳᠠᠮᠵᠢᠨ ᠬᠡᠷᠡᠭ ᠳᠠᠭᠤᠰᠤᠭᠰᠠᠨ︔ ᠵᠠᠰᠠᠭ | ᠵᠠᠬᠢᠷᠭᠠᠨ ᠤ ᠰᠠᠯᠠᠭ᠎ᠠ ᠮᠥᠴᠢᠷ ᠬᠠᠤᠯᠢ ᠶᠣᠰᠣᠭᠠᠷ ᠡᠶᠡᠳᠡᠭᠦᠯᠬᠦ ᠪᠠᠷ ᠨᠠᠶᠢᠳᠠᠭᠰᠠᠨ ᠪᠠᠶᠢᠪᠠᠯ ᠡᠭᠦᠨ ᠳᠤ ᠪᠠᠭᠲᠠᠬᠤ | ᠦᠭᠡᠢ᠃ | ︵ᠭᠤᠷᠪᠠ︶ ᠨᠢᠭᠡ ᠲᠠᠯ᠎ᠠ ᠶᠢᠨ ᠲᠤᠬᠠᠶᠢᠲᠠᠢ ᠬᠥᠮᠥᠨ ᠡᠶᠡᠳᠡᠭᠦᠯᠬᠦ ᠶᠢ ᠵᠥᠪᠰᠢᠶᠡᠷᠡᠬᠦ ᠦᠭᠡᠢ ᠭᠡᠵᠦ ᠲᠣᠳᠣᠷᠬᠠᠢ | ᠢᠯᠡᠳᠬᠡᠭᠰᠡᠨ ᠪᠠᠶᠢᠳᠠᠯ᠃ | ︵ᠳᠥᠷᠪᠡ︶ ᠲᠤᠬᠠᠶᠢᠲᠠᠢ ᠬᠥᠮᠥᠨ ᠪᠤᠶᠤ ᠲᠡᠭᠦᠨ ᠤ ᠣᠷᠣᠯᠠᠨ ᠭᠦᠢᠴᠡᠳᠭᠡᠭᠴᠢ ᠬᠤᠪᠢ ᠬᠥᠮᠥᠨ ᠤ ᠦᠨᠡᠨ | ᠪᠣᠳᠠᠲᠠᠢ ᠬᠦᠴᠦᠨ ᠪᠦᠬᠦᠢ ᠪᠡᠶ᠎ᠡ ᠶᠢᠨ ᠦᠨᠡᠮᠯᠡᠯ ᠪᠤᠶᠤ ᠬᠠᠮᠢᠶ᠎ᠠ ᠪᠦᠬᠦᠢ ᠭᠡᠷᠡᠴᠢ ᠪᠠᠷᠢᠮᠲᠠ ᠶᠢᠨ ᠮᠠᠲ᠋ᠧᠷᠢᠶᠠᠯ ᠢᠶᠠᠨ | ᠬᠠᠩᠭᠠᠬᠤ ᠶᠢ ᠲᠡᠪᠴᠢᠭᠰᠡᠨ ᠪᠠᠶᠢᠳᠠᠯ᠃ | ︵ᠲᠠᠪᠤ︶ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠡᠶᠡᠳᠡᠭᠦᠯᠦᠭᠡᠳ ᠡᠶᠡᠳᠡᠭᠦᠯᠭᠡ ᠶᠢᠨ ᠵᠥᠪᠯᠡᠯᠴᠡᠭᠡᠷ | ᠲᠣᠭᠲᠠᠵᠤ ᠨᠢᠭᠡᠨᠲᠡ ᠬᠡᠷᠡᠭ ᠳᠠᠭᠤᠰᠤᠭᠰᠠᠨ ᠪᠠᠶᠢᠳᠠᠯ᠃ | ︵ᠵᠢᠷᠭᠤᠭ᠎ᠠ︶ ᠨᠢᠭᠡ ᠲᠠᠯ᠎ᠠ ᠶᠢᠨ ᠲᠤᠬᠠᠶᠢᠲᠠᠢ ᠬᠥᠮᠥᠨ ᠡᠶᠡᠲᠡᠭᠦᠯᠭᠡ ᠬᠢᠯᠭᠡᠬᠦ ᠭᠤᠶᠤᠴᠢᠯᠠᠯ ᠢᠶᠠᠨ ᠪᠤᠴᠠᠭᠠᠬᠤ | ᠪᠤᠶᠤ ᠡᠶᠡᠳᠡᠭᠦᠯᠬᠦ ᠶᠢ ᠬᠦᠯᠢᠶᠡᠬᠦ ᠦᠭᠡᠢ ᠭᠡᠵᠦ ᠲᠣᠳᠣᠷᠬᠠᠢ ᠢᠯᠡᠳᠬᠡᠭᠰᠡᠨ ᠪᠠᠶᠢᠳᠠᠯ᠃ | ︵ᠳᠣᠯᠤᠭ᠎ᠠ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠤᠰᠬᠠᠢ ᠪᠠᠶᠢᠭᠤᠯᠭ᠎ᠠ ᠳᠤ ᠬᠠᠷᠢᠶᠠᠯᠠᠭᠤᠯᠤᠨ | ᠰᠢᠢᠳᠪᠦᠷᠢᠯᠡᠭᠦᠯᠬᠦ ᠪᠠᠷ ᠲᠣᠭᠲᠠᠭᠠᠭᠰᠠᠨ᠂ ᠡᠰᠡᠬᠦᠯ᠎ᠡ ᠬᠠᠤᠯᠢ ᠴᠠᠭᠠᠵᠠ ᠬᠠᠤᠯᠢ ᠲᠣᠭᠲᠠᠭᠠᠯ ᠳᠤ ᠠᠷᠠᠳ ᠤᠨ | ᠬᠤᠭᠤᠷᠣᠨᠳᠤᠬᠢ ᠡᠶᠡᠳᠡᠭᠦᠯᠬᠦ ᠠᠷᠭ᠎ᠠ ᠭᠡᠯᠪᠡᠷᠢ ᠪᠠᠷ ᠰᠢᠢᠳᠪᠦᠷᠢᠯᠡᠬᠦ ᠶᠢ ᠴᠠᠭᠠᠵᠠᠯᠠᠭᠰᠠᠨ᠂ ᠡᠰᠡᠬᠦᠯ᠎ᠡ ᠡᠶᠡᠳᠡᠭᠦᠯᠵᠦ | ᠲᠠᠶᠢᠯᠬᠦ ᠦᠭᠡᠢ ᠪᠣᠯᠣᠭᠰᠠᠨ ᠪᠤᠰᠤᠳ ᠪᠠᠶᠢᠳᠠᠯ᠃ | ᠭᠤᠴᠢᠨ ᠨᠢᠭᠡᠳᠦᠭᠡᠷ ᠵᠦᠢᠯ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠡᠮᠴᠢᠯᠡᠭᠡᠨ ᠤ ᠵᠠᠭᠤᠷᠠᠯᠳᠤᠭᠠᠨ ᠢ | ᠡᠶᠡᠳᠡᠭᠦᠯᠬᠦ ᠳᠤ ᠪᠠᠨ ᠳᠣᠣᠷ᠎ᠠ ᠵᠢᠭᠰᠠᠭᠠᠭᠰᠠᠨ ᠲᠣᠭᠲᠠᠭᠠᠯ ᠶᠣᠰᠣᠭᠠᠷ ᠶᠠᠪᠤᠭᠳᠠᠭᠤᠯᠤᠨ᠎ᠠ᠄ | ᠡᠮᠴᠢ ᠪᠠ ᠡᠪᠡᠳᠴᠢᠲᠡᠨ ᠬᠤᠶᠠᠷ ᠲᠠᠯ᠎ᠠ ᠠᠴᠠ ᠲᠤᠰ ᠲᠤᠰ ᠪᠠᠶᠢᠳᠠᠯ ᠢ ᠨᠢ ᠣᠶᠢᠯᠠᠭᠠᠵᠤ᠂ ᠬᠡᠷᠡᠭᠴᠡᠭᠡ ᠪᠠᠨ | ᠦᠨᠳᠦᠰᠦᠯᠡᠨ ᠬᠤᠯᠪᠣᠭᠳᠠᠯ ᠪᠦᠬᠦᠢ ᠲᠠᠯ᠎ᠠ ᠠᠴᠠ ᠪᠠᠶᠢᠴᠠᠭᠠᠨ ᠬᠠᠷᠭᠤᠭᠤᠯᠵᠤ᠂ ᠡᠶᠡᠳᠡᠭᠦᠯᠬᠦ ᠠᠴᠠ ᠡᠮᠦᠨᠡᠬᠢ | ᠪᠡᠯᠡᠳᠬᠡᠯ ᠠᠵᠢᠯ ᠢ ᠰᠠᠶᠢᠲᠤᠷ ᠬᠢᠨ᠎ᠡ᠃ | ︵ᠨᠢᠭᠡ︶ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠡᠮᠴᠢᠯᠡᠭᠡᠨ ᠤ ᠵᠠᠭᠤᠷᠠᠯᠳᠤᠭᠠᠨ ᠢ ᠡᠶᠡᠳᠡᠭᠦᠯᠬᠦ | ᠭᠤᠶᠤᠴᠢᠯᠠᠯ ᠢ ᠣᠯᠣᠭᠰᠠᠨ ᠤ ᠳᠡᠷᠠᠭ᠎ᠠ᠂ 3 ᠠᠵᠢᠯᠯᠠᠬᠤ ᠡᠳᠦᠷ ᠤᠨ ᠳᠣᠲᠣᠷ᠎ᠠ ᠬᠢᠨᠠᠨ ᠪᠠᠶᠢᠴᠠᠭᠠᠯᠲᠠ ᠬᠢᠵᠦ᠂ | ᠬᠦᠯᠢᠶᠡᠨ ᠠᠪᠴᠤ ᠰᠢᠢᠳᠪᠦᠷᠢᠯᠡᠬᠦ ᠪᠠᠷ ᠲᠣᠭᠲᠠᠭᠰᠠᠨ ᠪᠠᠶᠢᠪᠠᠯ᠂ ᠬᠠᠮᠢᠶ᠎ᠠ ᠪᠦᠬᠦᠢ ᠮᠠᠲ᠋ᠧᠷᠢᠶᠡᠯ ᠢᠶᠠᠨ ᠲᠤᠰᠢᠶᠠᠬᠤ | ᠬᠤᠭᠤᠴᠠᠭ᠎ᠠ ᠬᠢᠵᠠᠭᠠᠷ ᠱᠠᠭᠠᠷᠳᠠᠯᠭ᠎ᠠ ᠵᠢᠴᠢ ᠲᠤᠬᠠᠶᠢᠲᠠᠢ ᠬᠥᠮᠥᠨ ᠤ ᠡᠶᠡᠳᠡᠭᠦᠯᠬᠦ ᠠᠵᠢᠯᠯᠠᠭ᠎ᠠ ᠳᠤᠮᠳᠠ ᠡᠳ᠋ᠯᠡᠬᠦ | ᠡᠷᠬᠡ ᠠᠰᠢᠭ ᠪᠠ ᠡᠭᠦᠷᠭᠡᠯᠡᠬᠦ ᠡᠭᠦᠷᠭᠡ ᠶᠢ ᠪᠢᠴᠢᠭ ᠢᠶᠠᠷ ᠮᠡᠳᠡᠭᠳᠡᠨ᠎ᠡ︔ ᠰᠢᠢᠳᠪᠦᠷᠢᠯᠡᠬᠦ ᠶᠢ ᠡᠰᠡ ᠬᠦᠯᠢᠶᠡᠭᠰᠡᠨ | ᠪᠠᠶᠢᠪᠠᠯ᠂ ᠲᠤᠬᠠᠶᠢᠲᠠᠢ ᠬᠥᠮᠥᠨ ᠳᠤ ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠶᠢᠨ | ᠳᠠᠭᠠᠤ᠂ ᠲᠤᠬᠠᠶᠢᠲᠠᠢ ᠬᠥᠮᠥᠨ ᠳᠤ ᠬᠠᠤᠯᠢ ᠶᠣᠰᠣᠭᠠᠷ ᠵᠠᠷᠭᠤ ᠬᠢᠬᠦ ᠵᠡᠷᠭᠡ ᠪᠤᠰᠤᠳ ᠬᠠᠤᠯᠢ ᠶᠣᠰᠣᠨ ᠤ ᠠᠷᠭ᠎ᠠ | ᠵᠠᠮ ᠢᠶᠠᠷ ᠳᠠᠮᠵᠢᠭᠤᠯᠤᠨ ᠡᠮᠴᠢᠯᠡᠭᠡᠨ ᠤ ᠵᠠᠭᠤᠷᠠᠯᠳᠤᠭᠠᠨ ᠢ ᠰᠢᠢᠳᠪᠦᠷᠢᠯᠡᠵᠦ ᠪᠤᠯᠬᠤ ᠶᠢ ᠮᠡᠳᠡᠭᠳᠡᠬᠦ ᠬᠡᠷᠡᠭᠲᠡᠢ᠃ | ︵ᠬᠤᠶᠠᠷ︶ ᠠᠷᠠᠳ ᠤᠨ ᠡᠶᠡᠳᠡᠭᠦᠯᠦᠭᠴᠢ ᠶᠢ ᠵᠢᠭᠠᠨ ᠲᠣᠮᠢᠯᠠᠬᠤ ᠪᠤᠶᠤ ᠲᠤᠬᠠᠶᠢᠲᠠᠢ ᠬᠥᠮᠥᠨ ᠬᠤᠶᠠᠷ ᠠᠴᠠ | ᠳᠡᠭᠡᠭᠰᠢ ᠬᠥᠮᠥᠨ ᠢ ᠬᠠᠮᠲᠤ ᠪᠠᠷ ᠰᠣᠩᠭᠤᠨ ᠲᠣᠭᠲᠠᠭᠠᠵᠤ ᠡᠶᠡᠳᠡᠭᠦᠯᠭᠡ ᠳᠤ ᠣᠷᠣᠯᠴᠠᠭᠤᠯᠬᠤ ᠶᠢᠨ ᠬᠠᠮᠲᠤ ᠨᠢᠭᠡ | ᠬᠥᠮᠥᠨ ᠢ ᠭᠤᠣᠯᠴᠢᠯᠠᠨ ᠡᠶᠡᠳᠡᠭᠦᠯᠦᠭᠴᠢ ᠲᠣᠭᠲᠠᠭᠠᠨ᠎ᠠ᠃ | ︵ᠭᠤᠷᠪᠠ︶ ᠡᠶᠡᠳᠡᠭᠦᠯᠦᠭᠴᠢ ᠨᠢ ᠲᠤᠬᠠᠶᠢᠲᠠᠢ ᠬᠥᠮᠥᠨ ᠪᠤᠶᠤ ᠲᠡᠭᠦᠨ ᠤ ᠣᠷᠣᠯᠠᠭᠴᠢ ᠶᠢᠨ ᠣᠶᠢᠷ᠎ᠠ ᠲᠥᠷᠥᠯ | ᠰᠠᠳᠤᠨ᠂ ᠡᠰᠡᠬᠦᠯ᠎ᠡ ᠡᠮᠴᠢᠯᠡᠭᠡᠨ ᠤ ᠵᠠᠭᠤᠷᠠᠯᠳᠤᠭᠠᠨ ᠯᠤᠭ᠎ᠠ ᠠᠰᠢᠭ ᠬᠤᠣᠷ ᠤᠨ ᠬᠠᠷᠢᠴᠠᠭ᠎ᠠ ᠲᠠᠢ᠂ ᠡᠰᠡᠬᠦᠯ᠎ᠡ | ᠲᠤᠬᠠᠶᠢᠲᠠᠢ ᠬᠥᠮᠥᠨ ᠯᠦᠭᠡ ᠡᠮᠴᠢᠯᠡᠭᠡᠨ ᠤ ᠵᠠᠭᠤᠷᠠᠯᠳᠤᠭᠠᠨ ᠢ ᠭᠤᠣᠯᠴᠢ ᠪᠠᠷ ᠰᠢᠢᠳᠪᠦᠷᠢᠯᠡᠬᠦ ᠶᠢ ᠨᠥᠯᠥᠭᠡᠯᠡᠵᠦ | ᠮᠡᠳᠡᠬᠦ ᠪᠤᠰᠤᠳ ᠬᠠᠷᠢᠴᠠᠭ᠎ᠠ ᠲᠠᠢ ᠪᠠᠶᠢᠪᠠᠯ᠂ ᠥᠪᠡᠰᠦᠪᠡᠨ ᠵᠠᠶᠢᠯᠠᠬᠤ ᠪᠤᠶᠤ ᠲᠤᠬᠠᠶᠢᠲᠠᠢ ᠬᠥᠮᠥᠨ ᠠᠴᠠ | ᠵᠠᠶᠢᠯᠠᠭᠤᠯᠬᠤ ᠪᠠᠷ ᠭᠤᠶᠤᠴᠢᠯᠠᠬᠤ ᠬᠡᠷᠡᠭᠲᠡᠢ᠃ | ︵ᠳᠥᠷᠪᠡ︶ ᠡᠶᠡᠳᠡᠭᠦᠯᠬᠦ ᠠᠵᠢᠯ ᠢ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠤᠨ ᠲᠣᠬᠢᠷᠠᠭᠤᠯᠤᠭᠰᠠᠨ | ᠡᠶᠡᠳᠡᠭᠦᠯᠬᠦ ᠳᠠᠰᠤᠭ ᠲᠤ ᠶᠠᠪᠤᠭᠳᠠᠭᠤᠯᠬᠤ ᠬᠡᠷᠡᠭᠲᠡᠢ᠃ | ︵ᠲᠠᠪᠤ︶ ᠲᠤᠬᠠᠶᠢᠲᠠᠢ ᠬᠥᠮᠥᠨ ᠨᠢ ᠣᠷᠣᠯᠠᠭᠴᠢ ᠳᠤ ᠪᠠᠨ ᠨᠠᠶᠢᠳᠠᠵᠤ ᠡᠶᠡᠳᠡᠭᠦᠯᠭᠡ ᠳᠤ ᠣᠷᠣᠯᠴᠠᠭᠤᠯᠵᠤ | ᠪᠣᠯᠣᠨ᠎ᠠ᠂ ᠨᠠᠶᠢᠳᠠᠯᠭ᠎ᠠ ᠬᠦᠯᠢᠶᠡᠭᠴᠢ ᠨᠢ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠲᠤ ᠡᠷᠬᠡ ᠣᠯᠭᠤᠭᠰᠠᠨ | ᠨᠠᠶᠢᠳᠠᠯᠭ᠎ᠠ ᠶᠢᠨ ᠪᠢᠴᠢᠭ ᠢ ᠲᠤᠰᠢᠶᠠᠬᠤ ᠬᠡᠷᠡᠭᠲᠡᠢ︔ ᠵᠠᠭᠤᠷᠠᠯᠳᠤᠭᠠᠨ ᠢ ᠡᠶᠡᠳᠡᠭᠦᠯᠦᠭᠰᠡᠨ ᠦᠷ᠎ᠡ ᠳ᠋ᠦᠩ ᠯᠦᠭᠡ | ᠠᠰᠢᠭ ᠬᠤᠣᠷ ᠤᠨ ᠬᠠᠷᠢᠴᠠᠭ᠎ᠠ ᠲᠠᠢ ᠭᠤᠷᠪᠠᠳᠠᠭᠢ ᠬᠥᠮᠥᠨ ᠡᠶᠡᠳᠡᠭᠦᠯᠭᠡ ᠳᠤ ᠣᠷᠣᠯᠴᠠᠬᠤ ᠪᠠᠷ ᠭᠤᠶᠤᠴᠢᠯᠠᠵᠤ | ᠪᠣᠯᠣᠨ᠎ᠠ︔ ᠲᠠᠯ᠎ᠠ ᠪᠦᠷᠢ ᠶᠢᠨ ᠲᠥᠯᠥᠭᠡᠯᠡᠭᠴᠢ ᠶᠢᠨ ᠲᠤᠭ᠎ᠠ ᠶᠢ ᠡᠩ ᠤᠨ ᠪᠠᠶᠢᠳᠠᠯ ᠳᠤ 3 ᠠᠴᠠ ᠬᠡᠲᠦᠷᠡᠭᠦᠯᠵᠦ | ᠪᠤᠯᠬᠤ ᠦᠭᠡᠢ᠃ | ︵ᠵᠢᠷᠭᠤᠭ᠎ᠠ︶ ᠡᠶᠡᠳᠡᠭᠦᠯᠬᠦ ᠶᠠᠪᠤᠴᠠ ᠳᠤ᠂ ᠲᠤᠬᠠᠶᠢᠲᠠᠢ ᠬᠥᠮᠥᠨ ᠡᠶᠡᠳᠡᠭᠦᠯᠬᠦ ᠰᠠᠬᠢᠯᠭ᠎ᠠ ᠪᠠᠲᠤ ᠶᠢ ᠵᠢᠷᠤᠮᠯᠠᠨ | ᠰᠠᠬᠢᠬᠤ ᠬᠡᠷᠡᠭᠲᠡᠢ᠂ ᠲᠤᠬᠠᠶᠢᠲᠠᠢ ᠬᠥᠮᠥᠨ ᠵᠠᠭᠤᠷᠠᠯᠳᠤᠭᠠᠨ ᠢ ᠲᠣᠭᠠᠴᠢᠬᠤ ᠶᠠᠪᠤᠴᠠ ᠳᠤ ᠵᠣᠷᠢᠭᠤᠳᠠ ᠪᠣᠳᠠᠲᠤ | ᠬᠡᠷᠡᠭ ᠢ ᠭᠠᠵᠢᠭᠤᠳᠠᠭᠤᠯᠵᠤ᠂ ᠶᠣᠰᠣ ᠪᠤᠰᠤ ᠪᠠᠷ ᠠᠭᠠᠰᠢᠯᠠᠭᠰᠠᠨ ᠪᠠᠶᠢᠪᠠᠯ ᠡᠶᠡᠳᠡᠭᠦᠯᠦᠭᠴᠢ ᠴᠠᠭ ᠲᠤᠬᠠᠢ ᠳᠤ ᠨᠢ | ᠬᠤᠷᠢᠭᠯᠠᠨ ᠵᠣᠭᠰᠤᠭᠠᠬᠤ ᠪᠠ ᠵᠠᠯᠠᠷᠠᠭᠤᠯᠬᠤ ᠬᠡᠷᠡᠭᠲᠡᠢ᠃ | ︵ᠳᠣᠯᠤᠭ᠎ᠠ︶ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠵᠠᠭᠤᠷᠠᠯᠳᠤᠭᠠᠨ ᠢ ᠡᠶᠡᠳᠡᠭᠦᠯᠬᠦ ᠳᠤ ᠪᠠᠨ᠂ | ᠬᠡᠷᠡᠭᠴᠡᠭᠡ ᠪᠠᠨ ᠦᠨᠳᠦᠰᠦᠯᠡᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠲᠤᠰᠬᠠᠢ ᠮᠡᠷᠭᠡᠵᠢᠯᠲᠡᠨ ᠤ ᠬᠥᠮᠥᠷᠭᠡ ᠠᠴᠠ | ᠲᠤᠰᠬᠠᠢ ᠮᠡᠷᠭᠡᠵᠢᠯᠲᠡᠨ ᠰᠣᠩᠭᠤᠨ ᠠᠰᠠᠭᠤᠨ ᠯᠠᠪᠯᠠᠵᠤ ᠪᠣᠯᠣᠨ᠎ᠠ᠃ ᠡᠮᠴᠢᠯᠡᠭᠡᠨ ᠤ ᠬᠤᠬᠢᠷᠠᠯ ᠳᠤ ᠬᠢᠨᠠᠨ | ᠲᠣᠭᠲᠠᠭᠠᠯᠲᠠ ᠬᠢᠵᠦ ᠬᠠᠷᠢᠭᠤᠴᠠᠯᠭ᠎ᠠ ᠲᠣᠳᠣᠷᠬᠠᠶᠢᠯᠠᠬᠤ ᠴᠢᠬᠤᠯᠠᠲᠠᠢ ᠪᠣᠯ ᠲᠤᠬᠠᠶᠢᠲᠠᠢ ᠬᠥᠮᠥᠨ ᠬᠠᠮᠲᠤ ᠪᠠᠷ | ᠠᠨᠠᠭᠠᠬᠤ ᠤᠬᠠᠭᠠᠨ ᠤ ᠨᠡᠶᠢᠭᠡᠮᠯᠢᠭ ᠪᠤᠶᠤ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠪᠠᠶᠢᠭᠤᠯᠤᠮᠵᠢ ᠳᠤ | ᠨᠠᠶᠢᠳᠠᠨ ᠬᠢᠨᠠᠨ ᠲᠣᠭᠲᠠᠭᠠᠯᠭᠠᠵᠤ ᠪᠣᠯᠣᠨ᠎ᠠ᠂ ᠪᠠᠰᠠ ᠲᠤᠬᠠᠶᠢᠲᠠᠢ ᠬᠥᠮᠥᠨ ᠢᠶᠠᠷ ᠵᠥᠪᠰᠢᠶᠡᠷᠡᠭᠦᠯᠦᠭᠡᠳ ᠡᠮᠴᠢᠯᠡᠭᠡᠨ ᠤ | ᠡᠶᠡᠳᠡᠭᠦᠯᠭᠡ ᠶᠢᠨ ᠺᠣᠮᠢᠰ ᠲᠤ ᠨᠠᠶᠢᠳᠠᠨ ᠬᠢᠨᠠᠨ ᠲᠣᠭᠲᠠᠭᠠᠯᠭᠠᠵᠤ ᠪᠣᠯᠣᠨ᠎ᠠ᠃ ᠲᠤᠰᠬᠠᠢ ᠮᠡᠷᠭᠡᠵᠢᠯᠲᠡᠨ ᠠᠴᠠ | ᠠᠰᠠᠭᠤᠨ ᠯᠠᠪᠯᠠᠬᠤ ᠪᠤᠶᠤ ᠬᠢᠨᠠᠨ ᠲᠣᠭᠲᠠᠭᠠᠯᠲᠠ ᠬᠢᠯᠭᠡᠬᠦ ᠴᠢᠬᠤᠯᠠᠲᠠᠢ ᠪᠠᠶᠢᠪᠠᠯ᠂ ᠡᠮᠴᠢᠯᠡᠭᠡᠨ ᠤ ᠡᠶᠡᠳᠡᠭᠦᠯᠭᠡ ᠶᠢᠨ | ᠺᠣᠮᠢᠰ ᠨᠢ ᠲᠤᠬᠠᠶᠢᠲᠠᠢ ᠬᠥᠮᠥᠨ ᠳᠤ ᠬᠠᠮᠢᠶ᠎ᠠ ᠪᠦᠬᠦᠢ ᠴᠤᠪᠤᠷᠠᠯ ᠪᠠ ᠱᠠᠭᠠᠷᠳᠠᠯᠭ᠎ᠠ ᠶᠢ ᠮᠡᠳᠡᠭᠳᠡᠬᠦ ᠬᠡᠷᠡᠭᠲᠡᠢ᠃ | ︵ᠨᠠᠢᠮᠠ︶ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠨᠢ ᠬᠦᠯᠢᠶᠡᠨ ᠠᠪᠤᠭᠰᠠᠨ ᠡᠳᠦᠷ ᠠᠴᠠ ᠡᠬᠢᠯᠡᠨ 30 | ᠠᠵᠢᠯᠯᠠᠬᠤ ᠡᠳᠦᠷ ᠤᠨ ᠳᠣᠲᠣᠷ᠎ᠠ ᠡᠶᠡᠳᠡᠭᠦᠯᠭᠡ ᠶᠢ ᠪᠡᠶᠡᠯᠡᠭᠦᠯᠵᠦ᠂ ᠬᠦᠯᠢᠶᠡᠨ ᠠᠪᠴᠤ ᠰᠢᠢᠳᠪᠦᠷᠢᠯᠡᠬᠦ ᠴᠠᠭ | ᠬᠤᠭᠤᠴᠠᠭ᠎ᠠ ᠶᠢ ᠡᠮᠴᠢ ᠪᠠ ᠡᠪᠡᠳᠴᠢᠲᠡᠨ ᠬᠤᠶᠠᠷ ᠲᠠᠯ᠎ᠠ ᠶᠢᠨ ᠬᠢᠨ ᠮᠠᠲ᠋ᠧᠷᠢᠶᠡᠯ ᠢᠶᠠᠨ ᠪᠦᠷᠢᠨ ᠭᠦᠢᠴᠡᠳ | ᠲᠤᠰᠢᠶᠠᠭᠰᠠᠨ ᠡᠳᠦᠷ ᠠᠴᠠ ᠡᠬᠢᠯᠡᠵᠦ ᠪᠤᠳᠣᠨ᠎ᠠ᠃ ᠣᠨᠴᠠᠭᠠᠢ ᠪᠠᠶᠢᠳᠠᠯ ᠠᠴᠠ ᠪᠣᠯᠵᠤ ᠡᠶᠡᠳᠡᠭᠦᠯᠬᠦ ᠬᠤᠭᠤᠴᠠᠭ᠎ᠠ ᠶᠢ | ᠤᠷᠲᠤᠳᠬᠠᠬᠤ ᠴᠢᠬᠤᠯᠠᠲᠠᠢ ᠪᠠᠶᠢᠪᠠᠯ᠂ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠬᠢᠭᠡᠳ ᠲᠤᠬᠠᠶᠢᠲᠠᠢ ᠬᠥᠮᠥᠨ ᠨᠢ | ᠡᠶᠡᠳᠡᠭᠦᠯᠬᠦ ᠬᠤᠭᠤᠴᠠᠭ᠎ᠠ ᠶᠢ ᠤᠷᠲᠤᠳᠬᠠᠬᠤ ᠪᠠᠷ ᠪᠣᠯᠵᠣᠨ ᠲᠣᠭᠲᠠᠵᠤ ᠪᠣᠯᠣᠨ᠎ᠠ᠃ ᠡᠶᠡᠳᠡᠭᠦᠯᠬᠦ | ᠬᠤᠭᠤᠴᠠᠭ᠎ᠠ ᠠᠴᠠ ᠬᠡᠲᠦᠷᠡᠭᠡᠳ ᠡᠶᠡᠳᠡᠭᠦᠯᠭᠡ ᠶᠢᠨ ᠵᠥᠪᠯᠡᠯᠴᠡᠭᠡᠷ ᠲᠤ ᠰᠠᠨᠠᠯ ᠨᠢᠭᠡᠳᠦᠭᠰᠡᠨ ᠦᠭᠡᠢ ᠪᠣᠯ | ᠡᠶᠡᠳᠡᠭᠦᠯᠦᠭᠡᠳ ᠪᠦᠲᠦᠭᠰᠡᠨ ᠦᠭᠡᠢ ᠭᠡᠵᠦ ᠦᠵᠡᠨ᠎ᠡ᠃ ᠦᠷᠭᠦᠯᠵᠢᠯᠡᠨ ᠡᠮᠨᠡᠨ ᠵᠠᠰᠠᠬᠤ ᠴᠢᠬᠤᠯᠠᠲᠠᠢ ᠪᠠᠶᠢᠪᠠᠯ᠂ | ᠡᠮᠨᠡᠨ ᠵᠠᠰᠠᠬᠤ ᠴᠠᠭ ᠬᠤᠭᠤᠴᠠᠭ᠎ᠠ ᠶᠢ ᠡᠶᠡᠳᠡᠭᠦᠯᠬᠦ ᠬᠤᠭᠤᠴᠠᠭᠠᠨ ᠳᠤ ᠪᠤᠳᠤᠬᠤ ᠦᠭᠡᠢ︔ ᠲᠤᠰᠬᠠᠢ | ᠮᠡᠷᠭᠡᠵᠢᠯᠲᠡᠨ ᠠᠴᠠ ᠠᠰᠠᠭᠤᠨ ᠯᠠᠪᠯᠠᠬᠤ᠂ ᠠᠨᠠᠭᠠᠬᠤ ᠤᠬᠠᠭᠠᠨ ᠤ ᠰᠢᠯᠭᠠᠨ ᠲᠣᠭᠲᠠᠭᠠᠯᠲᠠ ᠪᠤᠶᠤ ᠬᠠᠤᠯᠢ | ᠴᠠᠭᠠᠵᠠ ᠶᠢᠨ ᠰᠢᠯᠭᠠᠨ ᠲᠣᠭᠲᠠᠭᠠᠯᠲᠠ ᠬᠢᠬᠦ ᠴᠢᠬᠤᠯᠠᠲᠠᠢ ᠪᠠᠶᠢᠪᠠᠯ᠂ ᠠᠰᠠᠭᠤᠨ ᠯᠠᠪᠯᠠᠬᠤ ᠪᠤᠶᠤ ᠬᠢᠨᠠᠨ ᠲᠣᠭᠲᠠᠭᠠᠬᠤ | ᠴᠠᠭ ᠬᠤᠭᠤᠴᠠᠭ᠎ᠠ ᠶᠢ ᠡᠶᠡᠳᠡᠭᠦᠯᠬᠦ ᠬᠤᠭᠤᠴᠠᠭᠠᠨ ᠳᠤ ᠪᠤᠳᠤᠵᠤ ᠤᠷᠤᠭᠤᠯᠬᠤ ᠦᠭᠡᠢ᠃ | ︵ᠶᠢᠰᠦ︶ ᠲᠤᠬᠠᠶᠢᠲᠠᠢ ᠬᠥᠮᠥᠨ ᠨᠢ ᠡᠶᠡᠳᠡᠭᠦᠯᠬᠦ ᠪᠠᠷ ᠳᠠᠮᠵᠢᠭᠠᠳ ᠰᠠᠨᠠᠯ ᠨᠢᠭᠡᠳᠦᠭᠰᠡᠨ ᠪᠠᠶᠢᠪᠠᠯ᠂ | ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠨᠢ ᠡᠶᠡᠳᠡᠭᠦᠯᠭᠡ ᠶᠢᠨ ᠵᠥᠪᠯᠡᠯᠴᠡᠭᠡᠷ ᠤᠨ ᠪᠢᠴᠢᠭ ᠵᠣᠬᠢᠶᠠᠬᠤ ᠬᠡᠷᠡᠭᠲᠡᠢ᠃ | ᠡᠶᠡᠳᠡᠭᠦᠯᠭᠡ ᠶᠢᠨ ᠵᠥᠪᠯᠡᠯᠴᠡᠭᠡᠷ ᠤᠨ ᠪᠢᠴᠢᠭ ᠲᠤ ᠲᠤᠬᠠᠶᠢᠲᠠᠢ ᠬᠥᠮᠥᠨ ᠭᠠᠷ ᠤᠨ ᠦᠰᠦᠭ ᠵᠢᠷᠤᠬᠤ ᠪᠤᠶᠤ ᠲᠠᠮᠠᠭ᠎ᠠ | ᠳᠠᠷᠤᠵᠤ᠂ ᠠᠷᠠᠳ ᠤᠨ ᠡᠶᠡᠳᠡᠭᠦᠯᠦᠭᠴᠢ ᠭᠠᠷ ᠤᠨ ᠦᠰᠦᠭ ᠵᠢᠷᠤᠬᠤ ᠶᠢᠨ ᠬᠠᠮᠲᠤ ᠡᠮᠴᠢᠯᠡᠭᠡᠨ ᠤ ᠵᠠᠭᠤᠷᠠᠯᠳᠤᠭᠠᠨ ᠤ | ᠠᠷᠠᠳ ᠤᠨ ᠡᠶᠡᠳᠡᠭᠦᠯᠭᠡ ᠶᠢᠨ ᠺᠣᠮᠢᠰ ᠤᠨ ᠲᠠᠮᠠᠭ᠎ᠠ ᠶᠢ ᠳᠠᠷᠤᠭᠰᠠᠨ ᠤ ᠳᠠᠷᠠᠭ᠎ᠠ ᠬᠦᠴᠦᠨ ᠲᠠᠢ ᠪᠣᠯᠣᠨ᠎ᠠ᠃ | ᠡᠶᠡᠳᠡᠭᠦᠯᠭᠡ ᠶᠢᠨ ᠵᠥᠪᠯᠡᠯᠴᠡᠭᠡᠷ ᠤᠨ ᠪᠢᠴᠢᠭ ᠢ ᠡᠮᠴᠢ ᠪᠠ ᠡᠪᠡᠳᠴᠢᠲᠡᠨ ᠬᠤᠶᠠᠷ ᠲᠠᠯ᠎ᠠ ᠶᠢᠨ ᠲᠤᠬᠠᠶᠢᠲᠠᠢ | ᠬᠥᠮᠥᠨ ᠨᠢ ᠲᠣᠰ ᠪᠦᠷᠢ ᠨᠢᠭᠡ ᠬᠤᠪᠢ ᠠᠪᠴᠤ᠂ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠨᠢᠭᠡ ᠬᠤᠪᠢ | ᠦᠯᠡᠳᠡᠭᠡᠵᠦ ᠬᠠᠳᠠᠭᠠᠯᠠᠨ᠎ᠠ᠃ | ᠡᠶᠡᠳᠡᠭᠦᠯᠭᠡ ᠶᠢᠨ ᠵᠥᠪᠯᠡᠯᠴᠡᠭᠡᠷ ᠤᠨ ᠪᠢᠴᠢᠭ ᠨᠢ ᠡᠮᠴᠢ ᠪᠠ ᠡᠪᠡᠳᠴᠢᠲᠡᠨ ᠬᠤᠶᠠᠷ ᠲᠠᠯ᠎ᠠ ᠳᠤ ᠴᠥᠮ | ᠬᠢᠵᠠᠭᠠᠷᠯᠠᠬᠤ ᠬᠦᠴᠦᠨ ᠲᠠᠢ ᠪᠠᠶᠢᠵᠤ᠂ ᠪᠣᠯᠵᠣᠨ ᠲᠣᠭᠲᠠᠭᠰᠠᠨ ᠶᠣᠰᠣᠭᠠᠷ ᠤᠬᠠᠮᠰᠠᠷ ᠠᠴᠠ ᠪᠠᠨ ᠭᠦᠢᠴᠡᠳᠬᠡᠬᠦ | ᠬᠡᠷᠡᠭᠲᠡᠢ᠃ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠤᠨ ᠭᠠᠷᠭᠠᠵᠤ ᠥᠭᠭᠦᠭᠰᠡᠨ ᠡᠶᠡᠳᠡᠭᠦᠯᠭᠡ ᠶᠢᠨ | ᠵᠥᠪᠯᠡᠯᠴᠡᠭᠡᠷ ᠤᠨ ᠪᠢᠴᠢᠭ ᠲᠤ ᠡᠶᠡᠳᠡᠭᠦᠯᠭᠡ ᠶᠢᠨ ᠵᠥᠪᠯᠡᠯᠴᠡᠭᠡᠷ ᠬᠦᠴᠦᠨ ᠲᠠᠢ ᠪᠣᠯᠤᠭᠰᠠᠨ ᠡᠳᠦᠷ ᠠᠴᠠ ᠡᠬᠢᠯᠡᠨ | 30 ᠡᠳᠦᠷ ᠤᠨ ᠳᠣᠲᠣᠷ᠎ᠠ ᠲᠤᠬᠠᠶᠢᠲᠠᠢ ᠬᠥᠮᠥᠨ ᠳᠤ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠤᠨ ᠪᠠᠶᠢᠭ᠎ᠠ | ᠭᠠᠵᠠᠷ ᠤᠨ ᠠᠷᠠᠳ ᠤᠨ ᠰᠢᠭᠦᠬᠦ ᠬᠤᠷᠢᠶᠠᠨ ᠳᠤ ᠬᠠᠤᠯᠢ ᠴᠠᠭᠠᠵᠠ ᠶᠢᠨ ᠨᠤᠲᠠᠯᠠᠯᠲᠠ ᠬᠢᠯᠭᠡᠬᠦ ᠪᠠᠷ ᠭᠤᠶᠤᠴᠢᠯᠠᠬᠤ ᠶᠢ | ᠬᠠᠮᠲᠤ ᠪᠠᠷ ᠮᠡᠳᠡᠭᠳᠡᠬᠦ ᠬᠡᠷᠡᠭᠲᠡᠢ᠃ | ︵ᠠᠷᠪᠠ︶ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠡᠶᠡᠳᠡᠭᠦᠯᠦᠭᠡᠳ ᠳᠠᠭᠤᠰᠤᠭᠰᠠᠨ ᠪᠠᠶᠢᠪᠠᠯ᠂ ᠴᠠᠭ | ᠲᠤᠬᠠᠢ ᠳᠤ ᠨᠢ ᠳᠠᠩᠰᠠᠨ ᠳᠤ ᠣᠷᠣᠭᠤᠯᠵᠤ ᠡᠪᠬᠡᠮᠡᠯ ᠪᠣᠯᠭᠠᠬᠤ ᠬᠡᠷᠡᠭᠲᠡᠢ᠃ ᠡᠶᠡᠳᠡᠭᠦᠯᠭᠡ ᠶᠢᠨ ᠳᠠᠩᠰᠠ ᠡᠪᠬᠡᠮᠡᠯ ᠳᠤ | ᠡᠶᠡᠳᠡᠭᠦᠯᠭᠡ ᠬᠢᠯᠭᠡᠬᠦ ᠭᠤᠶᠤᠴᠢᠯᠠᠯ ᠤᠨ ᠪᠢᠴᠢᠭ᠂ ᠵᠠᠭᠤᠷᠠᠯᠳᠤᠭᠠᠨ ᠤ ᠳᠠᠩᠰᠠᠯᠠᠯᠲᠠ ᠶᠢᠨ ᠬᠦᠰᠦᠨᠦᠭᠲᠦ᠂ | ᠡᠶᠡᠳᠡᠭᠦᠯᠭᠡ ᠶᠢᠨ ᠲᠡᠮᠳᠡᠭᠯᠡᠯ᠂ ᠪᠠᠶᠢᠴᠠᠭᠠᠯᠲᠠ ᠶᠢᠨ ᠲᠡᠮᠳᠡᠭᠯᠡᠯ᠂ ᠲᠤᠰᠬᠠᠢ ᠮᠡᠷᠭᠡᠵᠢᠯᠲᠡᠨ ᠠᠴᠠ ᠠᠰᠠᠭᠤᠨ ᠯᠠᠪᠯᠠᠬᠤ | ᠰᠠᠨᠠᠯ ᠤᠨ ᠪᠢᠴᠢᠭ᠂ ᠰᠢᠯᠭᠠᠨ ᠲᠣᠭᠲᠠᠭᠠᠭᠰᠠᠨ ᠰᠠᠨᠠᠯ᠂ ᠡᠶᠡᠳᠡᠭᠦᠯᠭᠡ ᠶᠢᠨ ᠵᠥᠪᠯᠡᠯᠴᠡᠭᠡᠷ ᠤᠨ ᠪᠢᠴᠢᠭ᠂ ᠬᠠᠷᠢᠭᠤ | ᠰᠤᠷᠪᠤᠯᠵᠢᠯᠠᠭᠰᠠᠨ ᠲᠡᠮᠳᠡᠭᠯᠡᠯ᠂ ᠳᠠᠭᠤ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠵᠡᠷᠭᠡ ᠶᠢ ᠪᠠᠭᠲᠠᠭᠠᠬᠤ ᠬᠡᠷᠡᠭᠲᠡᠢ᠃ | ᠡᠮᠴᠢᠯᠡᠭᠡᠨ ᠤ ᠵᠠᠭᠤᠷᠠᠯᠳᠤᠭᠠᠨ ᠤ ᠠᠷᠠᠳ ᠤᠨ ᠡᠶᠡᠳᠡᠭᠦᠯᠭᠡ ᠶᠢᠨ ᠳᠠᠩᠰᠠ ᠡᠪᠬᠡᠮᠡᠯ ᠢ ᠲᠣᠭᠲᠠᠭᠰᠠᠨ ᠬᠤᠭᠤᠴᠠᠭ᠎ᠠ | ᠶᠣᠰᠣᠭᠠᠷ ᠬᠠᠳᠠᠭᠠᠯᠠᠬᠤ ᠬᠡᠷᠡᠭᠲᠡᠢ᠃ | ︵ᠠᠷᠪᠠᠨ ᠨᠢᠭᠡ︶ ᠡᠶᠡᠳᠡᠭᠦᠯᠦᠭᠡᠳ ᠪᠦᠲᠦᠭᠰᠡᠨ ᠦᠭᠡᠢ ᠪᠠᠶᠢᠪᠠᠯ᠂ ᠡᠮᠴᠢᠯᠡᠭᠡᠨ ᠤ ᠡᠶᠡᠳᠡᠭᠦᠯᠭᠡ ᠶᠢᠨ | ᠺᠣᠮᠢᠰ ᠨᠢ ᠡᠶᠡᠳᠡᠭᠦᠯᠭᠡ ᠶᠢ ᠵᠣᠭᠰᠣᠭᠠᠵᠤ᠂ ᠡᠶᠡᠳᠡᠭᠦᠯᠭᠡ ᠶᠢ ᠵᠣᠭᠰᠣᠭᠠᠭᠰᠠᠨ ᠮᠡᠳᠡᠭᠳᠡᠯ ᠤᠨ ᠪᠢᠴᠢᠭ ᠭᠠᠷᠭᠠᠵᠤ᠂ | ᠲᠤᠬᠠᠶᠢᠲᠠᠢ ᠬᠥᠮᠥᠨ ᠳᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ | ᠵᠠᠷᠭᠤ ᠬᠢᠬᠦ ᠵᠡᠷᠭᠡ ᠬᠠᠤᠯᠢ ᠶᠣᠰᠣᠨ ᠤ ᠪᠤᠰᠤᠳ ᠠᠷᠭ᠎ᠠ ᠵᠠᠮ ᠢᠶᠠᠷ ᠳᠠᠮᠵᠢᠭᠤᠯᠤᠨ ᠥᠪᠡᠷ ᠤᠨ ᠡᠷᠬᠡ ᠠᠰᠢᠭ ᠢᠶᠠᠨ | ᠬᠠᠮᠠᠭᠠᠯᠠᠬᠤ ᠶᠢ ᠮᠡᠳᠡᠭᠳᠡᠬᠦ ᠬᠡᠷᠡᠭᠲᠡᠢ᠃ ᠵᠥᠷᠢᠴᠡᠯ ᠰᠢᠷᠦᠭᠦᠰᠬᠦ ᠲᠦᠭᠰᠢᠭᠦᠷᠢ ᠶᠢᠨ ᠭᠡᠮ ᠰᠣᠭᠤᠭ ᠪᠠᠶᠢᠬᠤ ᠶᠢ ᠣᠯᠵᠤ | ᠮᠡᠳᠡᠪᠡᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃ | ᠭᠤᠴᠢᠨ ᠬᠤᠶᠠᠳᠤᠭᠠᠷ ᠵᠦᠢᠯ ᠡᠮᠴᠢᠯᠡᠭᠡᠨ ᠤ ᠵᠠᠭᠤᠷᠠᠯᠳᠤᠭᠠᠨ ᠭᠠᠷᠤᠭᠰᠠᠨ ᠤ ᠳᠠᠷᠠᠭ᠎ᠠ᠂ ᠡᠮᠴᠢ ᠪᠠ | ᠡᠪᠡᠳᠴᠢᠲᠡᠨ ᠬᠤᠶᠠᠷ ᠲᠠᠯ᠎ᠠ ᠪᠠᠷ ᠢᠶᠠᠨ ᠡᠮᠴᠢᠯᠡᠭᠡᠨ ᠤ ᠵᠠᠭᠤᠷᠠᠯᠳᠤᠭᠠᠨ ᠭᠠᠷᠤᠭᠰᠠᠨ ᠭᠠᠵᠠᠷ ᠤᠨ ᠬᠤᠰᠢᠭᠤ | ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠲᠤ ᠵᠠᠰᠠᠭ ᠵᠠᠬᠢᠷᠭᠠᠨ ᠤ ᠡᠶᠡᠳᠡᠭᠦᠯᠭᠡ ᠬᠢᠯᠭᠡᠬᠦ ᠪᠠᠷ ᠬᠠᠮᠲᠤ ᠪᠠᠷ ᠭᠤᠶᠤᠴᠢᠯᠠᠵᠤ | ᠪᠣᠯᠣᠨ᠎ᠠ︔ ᠨᠢᠭᠡ ᠲᠠᠯ᠎ᠠ ᠨᠢ ᠡᠶᠡᠳᠡᠭᠦᠯᠬᠦ ᠪᠠᠷ ᠭᠤᠶᠤᠴᠢᠯᠠᠭᠰᠠᠨ ᠪᠠᠶᠢᠪᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠨᠥᠭᠦᠭᠡ ᠲᠠᠯ᠎ᠠ ᠶᠢᠨ ᠵᠥᠪᠰᠢᠶᠡᠷᠡᠯ ᠢ ᠣᠯᠣᠭᠰᠠᠨ ᠤ ᠳᠠᠷᠠᠭ᠎ᠠ ᠬᠢᠨᠠᠨ | ᠪᠠᠶᠢᠴᠠᠭᠠᠵᠤ ᠭᠥᠯᠢᠶᠡᠨ ᠠᠪᠴᠤ ᠰᠢᠢᠳᠪᠦᠷᠢᠯᠡᠬᠦ ᠳᠡᠰ ᠳᠠᠷᠠᠭᠠᠯᠠᠯ ᠢᠶᠠᠨ ᠡᠬᠢᠯᠡᠭᠦᠯᠵᠦ᠂ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠭᠤᠶᠤᠴᠢᠯᠠᠯ ᠢ ᠣᠯᠣᠭᠰᠠᠨ | ᠡᠳᠦᠷ ᠠᠴᠠ ᠡᠬᠢᠯᠡᠨ 5 ᠠᠵᠢᠯᠯᠠᠬᠤ ᠡᠳᠦᠷ ᠤᠨ ᠳᠣᠲᠣᠷ᠎ᠠ ᠭᠥᠯᠢᠶᠡᠨ ᠠᠪᠴᠤ ᠰᠢᠢᠳᠪᠦᠷᠢᠯᠡᠬᠦ ᠡᠰᠡᠬᠦ ᠶᠢᠨ | ᠲᠣᠭᠲᠠᠭᠠᠯ ᠭᠠᠷᠭᠠᠬᠤ ᠬᠡᠷᠡᠭᠲᠡᠢ᠃ ᠡᠮᠴᠢ ᠪᠠ ᠡᠪᠡᠳᠴᠢᠲᠡᠨ ᠬᠤᠶᠠᠷ ᠲᠠᠯ᠎ᠠ ᠪᠠᠷ ᠢᠶᠠᠨ ᠨᠢᠭᠡᠨᠲᠡ ᠠᠷᠠᠳ ᠤᠨ | ᠰᠢᠭᠦᠬᠦ ᠬᠤᠷᠢᠶᠠᠨ ᠳᠤ ᠵᠠᠭᠠᠯᠳᠤᠯᠭ᠎ᠠ ᠭᠠᠷᠭᠠᠭᠰᠠᠨ ᠮᠥᠷᠲᠡᠭᠡᠨ ᠨᠢᠭᠡᠨᠲᠡ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ᠂ | ᠡᠰᠡᠬᠦᠯ᠎ᠡ ᠨᠢᠭᠡᠨᠲᠡ ᠡᠮᠴᠢᠯᠡᠭᠡᠨ ᠤ ᠵᠠᠭᠤᠷᠠᠯᠳᠤᠭᠠᠨ ᠤ ᠠᠷᠠᠳ ᠤᠨ ᠡᠶᠡᠳᠡᠭᠦᠯᠭᠡ ᠶᠢᠨ ᠺᠣᠮᠢᠰ ᠢᠶᠠᠷ ᠡᠶᠡᠳᠡᠭᠦᠯᠭᠡ | ᠬᠢᠯᠭᠡᠬᠦ ᠪᠠᠷ ᠭᠤᠶᠤᠴᠢᠯᠠᠭᠰᠠᠨ ᠮᠥᠷᠲᠡᠭᠡᠨ ᠨᠢᠭᠡᠨᠲᠡ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠪᠠᠶᠢᠪᠠᠯ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠦᠯᠢᠶᠡᠨ ᠠᠪᠴᠤ ᠰᠢᠢᠳᠪᠦᠷᠢᠯᠡᠬᠦ ᠦᠭᠡᠢ︔ | ᠨᠢᠭᠡᠨᠲᠡ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠪᠠᠶᠢᠪᠠᠯ ᠵᠠᠰᠠᠭ ᠵᠠᠬᠢᠷᠭᠠᠨ ᠤ ᠡᠶᠡᠳᠡᠭᠦᠯᠭᠡ ᠶᠢ ᠵᠣᠭᠰᠣᠭᠠᠨ᠎ᠠ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠡᠶᠡᠳᠡᠭᠦᠯᠭᠡ ᠶᠢᠨ | ᠭᠤᠶᠤᠴᠢᠯᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ 30 ᠠᠵᠢᠯᠯᠠᠬᠤ ᠡᠳᠦᠷ ᠤᠨ ᠳᠣᠲᠣᠷ᠎ᠠ ᠡᠶᠡᠳᠡᠭᠦᠯᠭᠡ ᠶᠢ | ᠪᠡᠶᠡᠯᠡᠭᠦᠯᠬᠦ ᠬᠡᠷᠡᠭᠲᠡᠢ᠃ ᠡᠮᠴᠢᠯᠡᠭᠡᠨ ᠤ ᠬᠤᠬᠢᠷᠠᠯ ᠤᠨ ᠬᠢᠨᠠᠨ ᠲᠣᠭᠲᠠᠭᠠᠯᠲᠠ ᠬᠢᠬᠦ ᠴᠢᠬᠤᠯᠠᠲᠠᠢ ᠪᠣᠯ ᠬᠢᠨᠠᠨ | ᠲᠣᠭᠲᠠᠭᠠᠬᠤ ᠬᠤᠭᠤᠴᠠᠭ᠎ᠠ ᠶᠢ ᠡᠶᠡᠳᠡᠭᠦᠯᠬᠦ ᠬᠤᠭᠤᠴᠠᠭᠠᠨ ᠳᠤ ᠪᠣᠳᠣᠵᠤ ᠣᠷᠣᠭᠤᠯᠬᠤ ᠦᠭᠡᠢ᠃ ᠡᠶᠡᠳᠡᠭᠦᠯᠬᠦ | ᠬᠤᠭᠤᠴᠠᠭ᠎ᠠ ᠠᠴᠠ ᠬᠡᠲᠦᠷᠡᠭᠡᠳ ᠡᠶᠡᠳᠡᠭᠦᠯᠭᠡ ᠶᠢᠨ ᠵᠥᠪᠯᠡᠯᠴᠡᠭᠡᠷ ᠲᠤ ᠰᠠᠨᠠᠯ ᠨᠢᠭᠡᠳᠦᠭᠰᠡᠨ ᠦᠭᠡᠢ ᠪᠣᠯ | ᠡᠶᠡᠳᠡᠭᠦᠯᠦᠭᠡᠳ ᠪᠦᠲᠦᠭᠰᠡᠨ ᠦᠭᠡᠢ ᠭᠡᠵᠦ ᠦᠵᠡᠨ᠎ᠡ᠃ | ᠭᠤᠴᠢᠨ ᠭᠤᠷᠪᠠᠳᠤᠭᠠᠷ ᠵᠦᠢᠯ ᠡᠮᠴᠢ ᠪᠠ ᠡᠪᠡᠳᠴᠢᠲᠡᠨ ᠬᠤᠶᠠᠷ ᠲᠠᠯ᠎ᠠ ᠪᠠᠷ ᠢᠶᠠᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠡᠶᠡᠳᠡᠭᠦᠯᠭᠡ ᠪᠠᠷ ᠳᠠᠮᠵᠢᠨ ᠰᠠᠨᠠᠯ ᠨᠢᠭᠡᠳᠦᠭᠰᠡᠨ ᠪᠠᠶᠢᠪᠠᠯ᠂ | ᠡᠶᠡᠳᠡᠭᠦᠯᠭᠡ ᠶᠢᠨ ᠵᠥᠪᠯᠡᠯᠴᠡᠭᠡᠷ ᠤᠨ ᠪᠢᠴᠢᠭ ᠲᠤ ᠭᠠᠷ ᠤᠨ ᠦᠰᠦᠭ ᠵᠢᠷᠤᠬᠤ ᠬᠡᠷᠡᠭᠲᠡᠢ᠃ | ᠭᠤᠴᠢᠨ ᠳᠥᠷᠪᠡᠳᠦᠭᠡᠷ ᠵᠦᠢᠯ ᠡᠮᠴᠢᠯᠡᠭᠡᠨ ᠤ ᠵᠠᠭᠤᠷᠠᠯᠳᠤᠭᠠᠨ ᠭᠠᠷᠪᠠᠯ᠂ ᠲᠤᠬᠠᠶᠢᠲᠠᠢ ᠬᠥᠮᠥᠨ ᠢ | ᠤᠷᠢᠳ ᠢᠶᠠᠷ ᠰᠠᠶᠢᠨ ᠳᠤᠷ᠎ᠠ ᠠᠴᠠ ᠪᠠᠨ ᠵᠥᠪᠳᠡᠯᠴᠡᠵᠦ ᠰᠢᠢᠳᠪᠦᠷᠢᠯᠡᠭᠦᠯᠬᠦ ᠪᠠᠷ ᠵᠣᠷᠢᠭᠵᠢᠭᠤᠯᠬᠤ ᠪᠠ ᠬᠥᠲᠥᠯᠥᠨ | ᠵᠢᠯᠣᠭᠤᠳᠤᠨ᠎ᠠ᠃ ᠲᠤᠬᠠᠶᠢᠲᠠᠢ ᠬᠥᠮᠥᠨ ᠨᠢ ᠵᠥᠪᠳᠡᠯᠴᠡᠬᠦ ᠳᠤᠷ᠎ᠠ ᠦᠭᠡᠢ ᠪᠤᠶᠤ ᠵᠥᠪᠳᠡᠯᠴᠡᠭᠡᠳ ᠪᠦᠲᠦᠭᠰᠡᠨ ᠦᠭᠡᠢ | ᠪᠠᠶᠢᠪᠠᠯ ᠠᠷᠠᠳ ᠤᠨ ᠡᠶᠡᠳᠡᠭᠦᠯᠭᠡ ᠶᠢ ᠭᠤᠶᠤᠴᠢᠯᠠᠬᠤ ᠪᠠᠷ ᠬᠥᠲᠥᠯᠥᠨ ᠵᠢᠯᠤᠭᠤᠳᠬᠤ ᠬᠡᠷᠡᠭᠲᠡᠢ᠃ ᠲᠤᠬᠠᠶᠢᠲᠠᠢ | ᠬᠥᠮᠥᠨ ᠨᠢ ᠠᠷᠠᠳ ᠤᠨ ᠡᠶᠡᠳᠡᠭᠦᠯᠭᠡ ᠬᠢᠯᠭᠡᠬᠦ ᠳᠤᠷ᠎ᠠ ᠦᠭᠡᠢ ᠪᠤᠶᠤ ᠡᠶᠡᠳᠡᠭᠦᠯᠦᠭᠡᠳ ᠪᠦᠲᠦᠭᠰᠡᠨ ᠦᠭᠡᠢ ᠪᠠᠶᠢᠪᠠᠯ | ᠵᠠᠰᠠᠭ ᠵᠠᠬᠢᠷᠭᠠᠨ ᠤ ᠡᠶᠡᠳᠡᠭᠦᠯᠭᠡ ᠭᠤᠶᠤᠴᠢᠯᠠᠬᠤ ᠪᠠᠷ ᠬᠥᠲᠥᠯᠥᠨ ᠵᠢᠯᠤᠭᠤᠳᠬᠤ ᠬᠡᠷᠡᠭᠲᠡᠢ᠃ ᠲᠤᠬᠠᠶᠢᠲᠠᠢ | ᠬᠥᠮᠥᠨ ᠨᠢ ᠵᠠᠰᠠᠭ ᠵᠠᠬᠢᠷᠭᠠᠨ ᠤ ᠡᠶᠡᠳᠡᠭᠦᠯᠭᠡ ᠬᠢᠯᠭᠡᠬᠦ ᠳᠤᠷ᠎ᠠ ᠦᠭᠡᠢ ᠪᠤᠶᠤ ᠡᠶᠡᠳᠡᠭᠦᠯᠦᠭᠡᠳ ᠪᠦᠲᠦᠭᠰᠡᠨ ᠦᠭᠡᠢ | ᠪᠠᠶᠢᠪᠠᠯ ᠪᠣᠯ ᠲᠤᠬᠠᠶᠢᠲᠠᠢ ᠬᠥᠮᠥᠨ ᠳᠤ ᠪᠤᠰᠤᠳ ᠠᠷᠭ᠎ᠠ ᠵᠠᠮ ᠰᠣᠩᠭᠤᠵᠤ ᠰᠢᠢᠳᠪᠦᠷᠢᠯᠡᠬᠦ ᠶᠢ ᠴᠠᠭ ᠲᠤᠬᠠᠢ ᠳᠤ ᠨᠢ | ᠮᠡᠳᠡᠭᠳᠡᠬᠦ ᠬᠡᠷᠡᠭᠲᠡᠢ᠃ | ᠳᠥᠷᠪᠡᠳᠦᠭᠡᠷ ᠪᠦᠯᠦᠭ ᠡᠮᠴᠢᠯᠡᠭᠡᠨ ᠤ ᠬᠠᠷᠢᠭᠤᠴᠠᠯᠭ᠎ᠠ ᠶᠢᠨ ᠳᠠᠭᠠᠳᠬᠠᠯ | ᠭᠤᠴᠢᠨ ᠲᠠᠪᠤᠳᠤᠭᠠᠷ ᠵᠦᠢᠯ ᠡᠮᠴᠢᠯᠡᠭᠡᠨ ᠤ ᠪᠠᠶᠢᠭᠤᠯᠤᠮᠵᠢ ᠨᠤᠭᠤᠳ ᠡᠮᠴᠢᠯᠡᠭᠡᠨ ᠤ ᠬᠠᠷᠢᠭᠤᠴᠠᠯᠭ᠎ᠠ ᠶᠢᠨ | ᠳᠠᠭᠠᠳᠬᠠᠯ ᠳᠤ ᠣᠷᠤᠯᠴᠠᠬᠤ ᠬᠡᠷᠡᠭᠲᠡᠢ᠂ ᠡᠮᠨᠡᠯᠭᠡ ᠶᠢᠨ ᠠᠵᠢᠯᠲᠠᠨ ᠤ ᠠᠵᠢᠯ ᠮᠡᠷᠭᠡᠵᠢᠯ ᠤᠨ ᠬᠠᠷᠢᠭᠤᠴᠠᠯᠭ᠎ᠠ ᠶᠢᠨ | ᠳᠠᠭᠠᠳᠬᠠᠯ ᠳᠤ ᠣᠷᠣᠯᠴᠠᠬᠤ ᠶᠢ ᠵᠣᠷᠢᠭᠵᠢᠭᠤᠯᠤᠨ᠂ ᠡᠪᠡᠳᠴᠢᠲᠡᠨ ᠤ ᠡᠮᠴᠢᠯᠡᠭᠡᠨ ᠤ ᠰᠠᠨᠠᠭᠠᠨ ᠳᠤ ᠦᠭᠡᠢ | ᠭᠡᠮᠲᠦᠯ ᠤᠨ ᠳᠠᠭᠠᠳᠬᠠᠯ ᠳᠤ ᠣᠷᠣᠯᠴᠠᠬᠤ ᠶᠢ ᠵᠣᠷᠢᠭᠵᠢᠭᠤᠯᠵᠤ᠂ ᠲᠦᠭᠰᠢᠭᠦᠷᠢ ᠶᠢ ᠰᠡᠷᠭᠡᠶᠢᠯᠡᠬᠦ ᠲᠠᠯ᠎ᠠ ᠳᠠᠬᠢ | ᠳᠠᠭᠠᠳᠬᠠᠯ ᠤᠨ ᠴᠢᠳᠠᠮᠵᠢ ᠦᠢᠯᠡᠳᠦᠯ ᠢ ᠪᠠᠳᠠᠷᠠᠭᠤᠯᠤᠨ᠂ ᠡᠮᠴᠢ ᠪᠠ ᠡᠪᠡᠳᠴᠢᠲᠡᠨ ᠬᠤᠶᠠᠷ ᠲᠠᠯ᠎ᠠ ᠶᠢᠨ ᠬᠠᠤᠯᠢ | ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨ᠎ᠠ᠃ | ᠭᠤᠴᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠡᠮᠴᠢᠯᠡᠭᠡᠨ ᠤ ᠲᠦᠭᠰᠢᠭᠦᠷᠢ ᠶᠢᠨ ᠬᠤᠪᠢᠳᠠᠨ ᠡᠭᠦᠷᠭᠡᠯᠡᠬᠦ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠠᠬᠢᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ | ᠲᠦᠭᠰᠢᠭᠦᠷᠢ ᠶᠢ ᠰᠡᠷᠭᠡᠶᠢᠯᠡᠬᠦ ᠳᠦᠷᠢᠮ ᠢᠶᠠᠨ ᠲᠡᠭᠦᠯᠳᠡᠷᠵᠢᠭᠦᠯᠬᠦ ᠳᠤ ᠵᠢᠭᠠᠨ ᠵᠢᠯᠣᠭᠤᠳᠤᠯᠭ᠎ᠠ ᠬᠢᠬᠦ ᠪᠠ ᠬᠢᠨᠠᠯᠲᠠ | ᠲᠠᠯᠪᠢᠵᠤ᠂ ᠡᠮᠴᠢᠯᠡᠭᠡᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠨᠢᠭᠡᠳᠦᠯᠲᠡᠢ ᠪᠠᠲᠤᠯᠠᠬᠤ ᠲᠣᠭᠲᠠᠴᠠ ᠶᠢ | ᠪᠠᠶᠢᠭᠤᠯᠵᠤ᠂ ᠳᠠᠭᠠᠳᠬᠠᠯ ᠤᠨ ᠺᠣᠮᠫᠠᠨᠢ ᠯᠤᠭ᠎ᠠ ᠬᠠᠮᠲᠤᠷᠠᠯᠴᠠᠬᠤ ᠪᠤᠶᠤ ᠲᠤᠰᠬᠠᠢ ᠳᠠᠭᠠᠳᠬᠠᠯ ᠤᠨ ᠵᠠᠭᠤᠴᠢ | ᠪᠠᠶᠢᠭᠤᠯᠤᠮᠵᠢ ᠳᠤ ᠨᠠᠶᠢᠳᠠᠵᠤ ᠪᠠᠶᠢᠭᠠᠳ ᠡᠮᠴᠢᠯᠡᠭᠡᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠢ ᠥᠷᠨᠢᠭᠦᠯᠵᠦ | ᠂ ᠡᠮᠴᠢᠯᠡᠭᠡᠨ ᠤ ᠬᠠᠷᠢᠭᠤᠴᠠᠯᠭ᠎ᠠ ᠶᠢᠨ ᠳᠠᠭᠠᠳᠬᠠᠯ᠂ ᠡᠮᠨᠡᠯᠭᠡ ᠶᠢᠨ ᠠᠵᠢᠯᠲᠠᠨ ᠤ ᠠᠵᠢᠯ ᠮᠡᠷᠭᠡᠵᠢᠯ ᠤᠨ | ᠬᠠᠷᠢᠭᠤᠴᠠᠯᠭ᠎ᠠ ᠶᠢᠨ ᠳᠠᠭᠠᠳᠬᠠᠯ᠂ ᠡᠮᠴᠢᠯᠡᠭᠡᠨ ᠤ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠵᠡᠷᠭᠡ | ᠲᠦᠭᠰᠢᠭᠦᠷᠢ ᠶᠢ ᠬᠤᠪᠢᠳᠠᠨ ᠡᠭᠦᠷᠭᠡᠯᠡᠬᠦ ᠬᠡᠯᠪᠡᠷᠢ ᠶᠢ ᠪᠦᠲᠦᠮᠵᠢᠲᠡᠶ ᠠᠰᠢᠭᠯᠠᠨ᠂ ᠡᠮᠴᠢ ᠪᠠ ᠡᠪᠡᠳᠴᠢᠲᠡᠨ ᠬᠤᠶᠠᠷ | ᠲᠠᠯ᠎ᠠ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ | ᠭᠤᠴᠢᠨ ᠳᠣᠯᠣᠳᠤᠭᠠᠷ ᠵᠦᠢᠯ ᠡᠮᠴᠢᠯᠡᠭᠡᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠳᠠᠭᠠᠳᠬᠠᠯ ᠬᠦᠯᠢᠶᠡᠭᠰᠡᠨ | ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠣᠯᠠᠨ ᠶᠠᠩᠵᠤ ᠶᠢᠨ ᠡᠮᠴᠢᠯᠡᠭᠡᠨ ᠤ ᠬᠠᠷᠢᠭᠤᠴᠠᠯᠭ᠎ᠠ ᠶᠢᠨ | ᠳᠠᠭᠠᠳᠬᠠᠯ ᠤᠨ ᠨᠡᠷᠡᠳᠬᠦᠨ ᠢ ᠨᠡᠭᠡᠭᠡᠨ ᠰᠡᠳᠦᠬᠦ ᠶᠢᠨ ᠬᠠᠮᠲᠤ᠂ ᠣᠷᠣᠯᠭ᠎ᠠ ᠵᠠᠷᠤᠯᠭ᠎ᠠ ᠶᠢ ᠲᠡᠩᠴᠡᠭᠦᠷᠢᠰᠢᠭᠦᠯᠬᠦ᠂ | ᠪᠡᠯᠡ ᠪᠠᠨ ᠪᠠᠲᠤᠯᠠᠨ ᠪᠠᠭ᠎ᠠ ᠣᠯᠵᠠ ᠣᠯᠬᠤ ᠵᠠᠷᠴᠢᠮ ᠶᠣᠰᠣᠭᠠᠷ᠂ ᠡᠮᠴᠢᠯᠡᠭᠡᠨ ᠤ ᠬᠠᠷᠢᠭᠤᠴᠠᠯᠭ᠎ᠠ ᠶᠢᠨ | ᠳᠠᠭᠠᠳᠬᠠᠯ ᠤᠨ ᠵᠠᠷᠤᠳᠠᠯ ᠤᠨ ᠨᠣᠷᠮ᠎ᠠ ᠶᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠴᠡᠭᠴᠡᠯᠡᠨ ᠲᠣᠭᠲᠠᠭᠠᠨ᠎ᠠ᠃ | | ᠭᠤᠴᠢᠨ ᠨᠠᠢᠮᠠᠳᠤᠭᠠᠷ ᠵᠦᠢᠯ ᠡᠮᠴᠢᠯᠡᠭᠡᠨ ᠤ ᠪᠠᠶᠢᠭᠤᠯᠤᠮᠵᠢ ᠨᠢ ᠡᠮᠴᠢᠯᠡᠭᠡᠨ ᠤ ᠬᠠᠷᠢᠭᠤᠴᠠᠯᠭ᠎ᠠ ᠶᠢᠨ | ᠳᠠᠭᠠᠳᠬᠠᠯ ᠳᠤ ᠣᠷᠣᠯᠴᠠᠭᠰᠠᠨ ᠪᠠᠶᠢᠪᠠᠯ ᠳᠠᠭᠠᠳᠬᠠᠯ ᠤᠨ ᠵᠠᠷᠤᠳᠠᠯ ᠢ ᠲᠣᠭᠲᠠᠭᠠᠯ ᠶᠣᠰᠣᠭᠠᠷ ᠡᠮᠴᠢᠯᠡᠭᠡᠨ ᠤ | ᠥᠪᠡᠷ ᠤᠨ ᠥᠷᠲᠡᠭ ᠲᠤ ᠪᠣᠳᠣᠵᠤ ᠣᠷᠣᠭᠤᠯᠵᠤ ᠪᠣᠯᠣᠨ᠎ᠠ᠃ ᠡᠮᠴᠢᠯᠡᠭᠡᠨ ᠤ ᠬᠠᠷᠢᠭᠤᠴᠠᠯᠭ᠎ᠠ ᠶᠢᠨ ᠳᠠᠭᠠᠳᠬᠠᠯ ᠳᠤ | ᠣᠷᠣᠯᠴᠠᠭᠰᠠᠨ ᠠᠴᠠ ᠪᠣᠯᠵᠤ ᠣᠳᠣ ᠶᠢᠨ ᠪᠠᠶᠢᠭ᠎ᠠ ᠡᠮᠴᠢᠯᠡᠭᠡᠨ ᠤ ᠰᠦᠢᠳᠬᠡᠯ ᠬᠤᠷᠢᠶᠠᠬᠤ ᠪᠠᠷᠢᠮᠵᠢᠶ᠎ᠠ ᠶᠢ | ᠳᠡᠭᠡᠭᠰᠢᠯᠡᠭᠦᠯᠬᠦ ᠪᠤᠶᠤ ᠬᠡᠯᠪᠡᠷᠢ ᠶᠢ ᠨᠢ ᠥᠭᠡᠷᠡᠲᠦᠭᠦᠯᠦᠨ ᠡᠪᠡᠳᠴᠢᠲᠡᠨ ᠤ ᠳᠠᠷᠤᠭᠠᠰᠤ ᠶᠢ ᠨᠡᠮᠡᠭᠳᠡᠭᠦᠯᠵᠦ ᠪᠣᠯᠬᠤ | ᠦᠭᠡᠢ᠃ | ᠭᠤᠴᠢ ᠶᠢᠰᠦᠳᠦᠭᠡᠷ ᠵᠦᠢᠯ ᠡᠮᠴᠢᠯᠡᠭᠡᠨ ᠤ ᠵᠠᠭᠤᠷᠠᠯᠳᠤᠭᠠᠨ ᠭᠠᠷᠤᠭᠰᠠᠨ ᠤ ᠳᠠᠷᠠᠭ᠎ᠠ᠂ ᠡᠮᠴᠢᠯᠡᠭᠡᠨ ᠤ | ᠪᠠᠶᠢᠭᠤᠯᠤᠮᠵᠢ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠳᠬᠠᠯ ᠤᠨ ᠬᠠᠤᠯᠢ︾ ᠶᠢᠨ | ᠬᠠᠮᠢᠶ᠎ᠠ ᠪᠦᠬᠦᠢ ᠲᠣᠭᠲᠠᠭᠠᠯ ᠵᠢᠴᠢ ᠳᠠᠭᠠᠳᠬᠠᠯ ᠤᠨ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ᠂ ᠡᠮᠴᠢᠯᠡᠭᠡᠨ ᠤ | ᠬᠠᠷᠢᠭᠤᠴᠠᠯᠭ᠎ᠠ ᠶᠢᠨ ᠳᠠᠭᠠᠳᠬᠠᠯ ᠤᠨ ᠳᠠᠭᠠᠳᠬᠠᠯ ᠬᠦᠯᠢᠶᠡᠭᠰᠡᠨ ᠪᠠᠶᠢᠭᠤᠯᠤᠮᠵᠢ ᠳᠤ ᠴᠠᠭ ᠲᠤᠬᠠᠢ ᠳᠤ ᠨᠢ ᠬᠡᠷᠡᠭ | ᠮᠡᠳᠡᠭᠦᠯᠬᠦ ᠶᠢᠨ ᠬᠠᠮᠲᠤ ᠬᠤᠯᠪᠣᠭᠳᠠᠯ ᠪᠦᠬᠦᠢ ᠪᠠᠶᠢᠳᠠᠯ ᠢ ᠦᠨᠡᠨ ᠪᠣᠳᠠᠲᠠᠢ ᠬᠠᠩᠭᠠᠬᠤ ᠬᠡᠷᠡᠭᠲᠡᠢ᠃ ᠡᠮᠴᠢᠯᠡᠭᠡᠨ ᠤ | ᠬᠠᠷᠢᠭᠤᠴᠠᠯᠭ᠎ᠠ ᠶᠢᠨ ᠳᠠᠭᠠᠳᠬᠠᠯ ᠤᠨ ᠳᠠᠭᠠᠳᠬᠠᠯ ᠬᠦᠯᠢᠶᠡᠭᠰᠡᠨ ᠪᠠᠶᠢᠭᠤᠯᠤᠮᠵᠢ ᠨᠢ ᠡᠮᠴᠢᠯᠡᠭᠡᠨ ᠤ ᠪᠠᠶᠢᠭᠤᠯᠤᠮᠵᠢ᠂ | ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠯᠤᠭ᠎ᠠ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ | ᠡᠮᠴᠢᠯᠡᠭᠡᠨ ᠤ ᠵᠠᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠪᠠ ᠲᠥᠯᠥᠬᠦ ᠲᠦᠷᠭᠡᠨ ᠮᠥᠷᠲᠡᠭᠡᠨ ᠪᠦᠲᠦᠮᠵᠢᠲᠡᠶ | ᠲᠣᠭᠲᠠᠴᠠ ᠶᠢ ᠪᠠᠶᠢᠭᠤᠯᠬᠤ ᠶᠢᠨ ᠬᠠᠮᠲᠤ ᠴᠠᠭ ᠲᠤᠬᠠᠢ ᠳᠤ ᠨᠢ ᠲᠥᠯᠥᠵᠦ ᠰᠢᠢᠳᠪᠦᠷᠢᠯᠡᠬᠦ ᠬᠡᠷᠡᠭᠲᠡᠢ᠃ | ᠳᠥᠴᠢᠳᠦᠭᠡᠷ ᠵᠦᠢᠯ ᠡᠮᠴᠢᠯᠡᠭᠡᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠳᠠᠭᠠᠳᠬᠠᠯ ᠬᠦᠯᠢᠶᠡᠭᠰᠡᠨ | ᠪᠠᠶᠢᠭᠤᠯᠤᠮᠵᠢ ᠨᠢ ᠳᠠᠭᠠᠳᠬᠠᠯ ᠤᠨ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ᠂ ᠳᠠᠭᠠᠳᠬᠠᠯ ᠤᠨ ᠭᠡᠷ᠎ᠡ ᠳᠤ | ᠪᠣᠯᠵᠣᠨ ᠲᠣᠭᠲᠠᠭᠰᠠᠨ ᠬᠠᠷᠢᠭᠤᠴᠠᠯᠭ᠎ᠠ ᠶᠢᠨ ᠬᠡᠪᠴᠢᠶᠡᠨ ᠳᠤ ᠪᠠᠨ ᠴᠠᠭ ᠲᠤᠬᠠᠢ ᠳᠤ ᠨᠢ᠂ ᠪᠣᠳᠠᠲᠤ ᠪᠠᠶᠢᠳᠠᠯ ᠢ | ᠦᠨᠳᠦᠰᠦᠯᠡᠨ᠂ ᠭᠦᠢᠴᠡᠳ ᠲᠤᠭ᠎ᠠ ᠪᠠᠷ ᠲᠥᠯᠥᠪᠦᠷᠢ ᠥᠭᠬᠦ ᠶᠢᠨ ᠬᠠᠮᠲᠤ ᠬᠠᠮᠢᠶ᠎ᠠ ᠪᠦᠬᠦᠢ ᠳᠠᠭᠠᠳᠬᠠᠯ ᠤᠨ | ᠦᠢᠯᠡᠴᠢᠯᠡᠭᠡ ᠬᠠᠩᠭᠠᠬᠤ ᠬᠡᠷᠡᠭᠲᠡᠢ᠃ ᠳᠠᠭᠠᠳᠬᠠᠯ ᠬᠦᠯᠢᠶᠡᠭᠰᠡᠨ ᠪᠠᠶᠢᠭᠤᠯᠤᠮᠵᠢ ᠨᠢ ᠦᠢᠯᠡᠴᠢᠯᠡᠭᠡᠨ ᠤ | ᠤᠬᠠᠮᠰᠠᠷ ᠢᠶᠠᠨ ᠨᠡᠮᠡᠭᠳᠡᠭᠦᠯᠵᠦ᠂ ᠳᠠᠭᠠᠳᠬᠠᠯ ᠳᠤ ᠣᠷᠤᠯᠴᠠᠬᠤ᠂ ᠲᠥᠯᠥᠪᠦᠷᠢ ᠥᠭᠬᠦ ᠴᠤᠪᠤᠷᠠᠯ ᠢᠶᠠᠨ | ᠰᠢᠯᠢᠳᠡᠭᠵᠢᠭᠦᠯᠦᠨ᠂ ᠭᠠᠷᠳᠠᠮ ᠢᠶᠠᠨ ᠳᠥᠭᠦᠮᠴᠢᠯᠡᠵᠦ᠂ ᠳᠠᠭᠠᠳᠬᠠᠯ ᠳᠤ ᠣᠷᠤᠯᠴᠠᠬᠤ ᠨᠢᠭᠡᠴᠢ ᠳᠤ ᠳᠥᠭᠦᠮ | ᠦᠵᠡᠭᠦᠯᠵᠦ᠂ ᠲᠥᠯᠥᠪᠦᠷᠢ ᠥᠭᠬᠦ ᠶᠢ ᠶᠣᠰᠣ ᠪᠤᠰᠤ ᠪᠠᠷ ᠲᠡᠪᠴᠢᠵᠦ ᠪᠣᠯᠬᠤ ᠦᠭᠡᠢ᠃ | ᠳᠥᠴᠢᠨ ᠨᠢᠭᠡᠳᠦᠭᠡᠷ ᠵᠦᠢᠯ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ | ᠳᠠᠭᠠᠳᠬᠠᠯ ᠤᠨ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠢ ᠵᠢᠷᠤᠮᠵᠢᠭᠤᠯᠵᠤ᠂ ᠳᠠᠭᠠᠳᠬᠠᠯ ᠬᠦᠯᠢᠶᠡᠭᠰᠡᠨ | ᠪᠠᠶᠢᠭᠤᠯᠤᠮᠵᠢ ᠶᠢ ᠵᠢᠭᠠᠨ ᠵᠢᠯᠤᠭᠤᠳᠴᠤ ᠪᠠᠶᠢᠭᠠᠳ ᠳᠠᠭᠠᠳᠬᠠᠯ ᠤᠨ ᠲᠥᠯᠥᠪᠦᠷᠢ ᠥᠭᠬᠦ ᠪᠠ ᠠᠷᠠᠳ ᠤᠨ | ᠡᠶᠡᠳᠡᠭᠦᠯᠭᠡ ᠶᠢᠨ ᠠᠵᠢᠯ ᠤᠨ ᠵᠣᠯᠭᠠᠯᠴᠠᠭ᠎ᠠ ᠶᠢ ᠰᠠᠶᠢᠲᠤᠷ ᠬᠢᠯᠭᠡᠵᠦ᠂ ᠳᠠᠭᠠᠳᠬᠠᠯ ᠬᠦᠯᠢᠶᠡᠭᠰᠡᠨ ᠪᠠᠶᠢᠭᠤᠯᠤᠮᠵᠢ ᠶᠢ | ᠬᠥᠲᠥᠯᠥᠨ ᠵᠢᠯᠤᠭᠤᠳᠴᠤ ᠪᠠᠶᠢᠭᠠᠳ ᠡᠮᠴᠢᠯᠡᠭᠡᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠲᠤᠬᠠᠶᠢᠯᠠᠭᠰᠠᠨ | ᠠᠵᠢᠯ ᠤᠨ ᠬᠠᠮᠢᠶᠠᠷᠤᠯᠲᠠ ᠪᠠ ᠲᠦᠭᠰᠢᠭᠦᠷᠢ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠬᠤ ᠬᠡᠷᠡᠭᠲᠡᠢ᠃ | ᠲᠠᠪᠤᠳᠤᠭᠠᠷ ᠪᠦᠯᠦᠭ ᠬᠢᠨᠠᠯᠲᠠ ᠲᠠᠯᠪᠢᠵᠤ ᠬᠠᠮᠢᠶᠠᠷᠬᠤ | ᠳᠥᠴᠢᠨ ᠬᠤᠶᠠᠳᠤᠭᠠᠷ ᠵᠦᠢᠯ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ | ᠬᠢᠭᠡᠳ ᠰᠢᠢᠳᠪᠦᠷᠢᠯᠡᠬᠦ ᠲᠠᠯ᠎ᠠ ᠳᠠᠬᠢ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠳᠥᠴᠢᠨ ᠭᠤᠷᠪᠠᠳᠤᠭᠠᠷ ᠵᠦᠢᠯ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ᠂ ᠬᠠᠤᠯᠢ ᠴᠠᠭᠠᠵᠠ ᠶᠢᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠡᠮᠴᠢᠯᠡᠭᠡᠨ ᠤ ᠬᠤᠬᠢᠷᠠᠯ ᠢ | ᠰᠢᠯᠭᠠᠨ ᠲᠣᠭᠲᠠᠭᠠᠬᠤ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠭᠦᠢᠴᠡᠳᠬᠡᠬᠦ ᠬᠡᠷᠡᠭᠲᠡᠢ᠃ | ᠳᠥᠴᠢᠨ ᠳᠥᠷᠪᠡᠳᠦᠭᠡᠷ ᠵᠦᠢᠯ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠳ ᠳᠠᠭᠠᠳᠬᠠᠯ ᠤᠨ ᠪᠠᠶᠢᠭᠤᠯᠤᠮᠵᠢ ᠶᠢᠨ ᠡᠮᠴᠢᠯᠡᠭᠡᠨ ᠤ ᠬᠠᠷᠢᠭᠤᠴᠠᠯᠭ᠎ᠠ ᠶᠢᠨ ᠳᠠᠭᠠᠳᠬᠠᠯ ᠪᠠ | ᠡᠮᠴᠢᠯᠡᠭᠡᠨ ᠤ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠵᠡᠷᠭᠡ ᠲᠤᠬᠠᠶᠢᠯᠠᠭᠰᠠᠨ ᠠᠵᠢᠯ ᠥᠷᠨᠢᠭᠦᠯᠬᠦ ᠳᠤ ᠨᠢ | ᠬᠠᠤᠯᠢ ᠶᠣᠰᠣᠭᠠᠷ ᠬᠢᠨᠠᠯᠲᠠ ᠬᠠᠮᠢᠶᠠᠷᠤᠯᠲᠠ ᠬᠢᠬᠦ ᠪᠠᠨ ᠴᠢᠩᠭᠠᠳᠬᠠᠵᠤ᠂ ᠳᠠᠭᠠᠳᠬᠠᠯ ᠬᠦᠯᠢᠶᠡᠬᠦ ᠵᠢᠴᠢ ᠲᠥᠯᠥᠪᠦᠷᠢ | ᠥᠭᠬᠦ ᠠᠵᠢᠯ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ | ᠳᠥᠴᠢᠨ ᠲᠠᠪᠤᠳᠤᠭᠠᠷ ᠵᠦᠢᠯ ᠬᠢᠨᠠᠯᠲᠠ ᠬᠠᠮᠢᠶᠠᠷᠤᠯᠲᠠ ᠶᠢᠨ ᠠᠵᠢᠯ ᠳᠤ᠂ ᠡᠮᠨᠡᠯᠭᠡ ᠶᠢᠨ | ᠬᠤᠷᠢᠶ᠎ᠠ ᠨᠤᠭᠤᠳ ᠤᠨ ᠨᠡᠶᠢᠭᠡᠮᠯᠢᠭ᠂ ᠡᠮᠴᠢ ᠨᠠᠷ ᠤᠨ ᠨᠡᠶᠢᠭᠡᠮᠯᠢᠭ ᠵᠡᠷᠭᠡ ᠬᠤᠯᠪᠣᠭᠳᠠᠯ ᠪᠦᠬᠦᠢ ᠠᠵᠢᠯ ᠲᠥᠷᠥᠯ ᠤᠨ | ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ | ᠳᠥᠴᠢᠨ ᠵᠢᠷᠭᠤᠳᠤᠭᠠᠷ ᠵᠦᠢᠯ ᠡᠮᠴᠢᠯᠡᠭᠡᠨ ᠤ ᠪᠠᠶᠢᠭᠤᠯᠤᠮᠵᠢ ᠨᠤᠭᠤᠳ ᠡᠮᠴᠢᠯᠡᠭᠡᠨ ᠤ ᠶᠠᠰᠤ ᠴᠢᠨᠠᠷ ᠤᠨ | ᠠᠮᠤᠷ ᠲᠦᠪᠰᠢᠨ ᠪᠠ ᠡᠮᠴᠢᠯᠡᠭᠡᠨ ᠤ ᠮᠡᠷᠭᠡᠵᠢᠯ ᠤᠨ ᠡᠮᠴᠢᠯᠡᠭᠡ ᠶᠢᠨ ᠬᠡᠷᠡᠭᠯᠡᠭᠡᠨ ᠳᠠᠬᠢ ᠡᠳᠦᠷ ᠲᠤᠲᠤᠮ ᠤᠨ | ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ | ᠵᠢᠷᠭᠤᠳᠤᠭᠠᠷ ᠪᠦᠯᠦᠭ ᠳᠠᠭᠠᠯᠳᠤᠭᠤᠯᠤᠯ ᠳᠦᠷᠢᠮ | ᠳᠥᠴᠢᠨ ᠳᠣᠯᠣᠳᠤᠭᠠᠷ ᠵᠦᠢᠯ ᠬᠠᠤᠯᠢ ᠪᠤᠰᠤ ᠪᠠᠷ ᠡᠮᠴᠢᠯᠡᠭᠰᠡᠨ ᠠᠴᠠ ᠪᠣᠯᠤᠭᠰᠠᠨ ᠵᠠᠭᠤᠷᠠᠯᠳᠤᠭᠠᠨ ᠨᠢ ᠲᠤᠰ | ᠠᠷᠭ᠎ᠠ ᠳᠤ ᠬᠡᠯᠡᠵᠦ ᠪᠠᠶᠢᠭ᠎ᠠ ᠡᠮᠴᠢᠯᠡᠭᠡᠨ ᠤ ᠵᠠᠭᠤᠷᠠᠯᠳᠤᠭᠠᠨ ᠳᠤ ᠪᠠᠭᠲᠠᠬᠤ ᠦᠭᠡᠢ᠂ ᠬᠤᠯᠪᠣᠭᠳᠠᠯ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ᠃ | ᠳᠥᠴᠢᠨ ᠨᠠᠢᠮᠠᠳᠤᠭᠠᠷ ᠵᠦᠢᠯ ᠲᠣᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ | ᠬᠡᠷᠡᠭᠵᠢᠭᠦᠯᠦᠨ᠎ᠡ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2024 ᠣᠨ ᠤ 10 ᠳ᠋ᠤᠭᠠᠷ ᠰᠠᠷ᠎ᠠ ᠶᠢᠨ 16 ᠤ ᠡᠳᠦᠷ ᠳᠠᠷᠤᠮᠠᠯᠯᠠᠨ ᠲᠠᠷᠬᠠᠭᠠᠪᠠ | |