ᠸᠠᠩ ᠰᠢᠶᠠᠩ ᠰᠢ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠨᠠᠮ ᠤᠨ ᠬᠤᠷᠢᠶᠠᠨ ᠤ ᠬᠡᠯᠲᠡᠰ ᠤᠨ ᠠᠵᠢᠯ ᠤᠨ ᠬᠤᠷᠠᠯ ᠳᠡᠭᠡᠷ᠎ᠡ ᠴᠢᠬᠤᠯᠠᠴᠢᠯᠠᠭᠰᠠᠨ ᠨᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ
ᠨᠡᠶᠢᠲᠡᠯᠡᠭᠰᠡᠨ ᠴᠠᠭ᠄
2024/12/20
    12 ᠰᠠᠷ᠎ᠠ ᠶᠢᠨ 17 ᠤ ᠡᠳᠦᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠨᠠᠮ ᠤᠨ ᠬᠤᠷᠢᠶᠠᠨ ᠤ ᠱᠦᠵᠢ᠂ ᠶᠠᠮᠤᠨ ᠤ ᠰᠠᠶᠢᠳ ᠸᠠᠩ ᠰᠢᠶᠠᠩ ᠰᠢ ᠶᠠᠮᠤᠨ ᠤ ᠨᠠᠮ ᠤᠨ ᠬᠤᠷᠢᠶ᠎ᠠ᠂ ᠶᠠᠮᠤᠨ ᠤ ᠶᠠᠪᠤᠳᠠᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠠᠮᠤᠨ ᠤ ᠨᠠᠮ ᠤᠨ ᠬᠤᠷᠢᠶᠠᠨ ᠤ ᠭᠡᠰᠢᠭᠦᠳ ᠰᠤᠷᠤᠯᠴᠠᠭᠰᠠᠨ ᠲᠥᠷᠥᠭᠳᠡᠯ ᠢᠶᠠᠨ ᠨᠢᠭᠡᠳ ᠨᠢᠭᠡ ᠪᠠᠷ ᠶᠠᠷᠢᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠤᠳᠤᠯᠪᠠ᠃ ᠸᠠᠩ ᠰᠢᠶᠠᠩ ᠰᠢ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ ᠬᠥᠭᠵᠢᠯᠲᠡ ᠪᠣᠯᠤᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠦᠨᠳᠦ ᠣᠨᠴᠠ ᠶᠡᠭᠡ ᠠᠳᠡᠯ ᠢ ᠡᠷᠡᠰ ᠰᠡᠷᠭᠡᠶᠢᠯᠡᠨ ᠬᠤᠷᠢᠭᠯᠠᠵᠤ᠂ ᠪᠠᠶᠢᠭᠠᠯᠢ ᠶᠢᠨ ᠭᠠᠮᠰᠢᠭ ᠢ ᠥᠨᠳᠥᠷ ᠪᠦᠲᠦᠮᠵᠢᠲᠡᠢ ᠠᠷᠭᠠᠴᠠᠭᠠᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠡᠷᠡᠯᠡᠵᠦ᠂ ᠨᠠᠷᠢᠨ ᠲᠣᠳᠣᠷᠬᠠᠶ ᠭᠦᠨ ᠭᠦᠨᠵᠡᠭᠡᠶ ᠪᠠᠶᠢᠵᠤ᠂ ᠡᠨᠡ ᠵᠢᠯ ᠤᠨ ᠠᠵᠤ ᠠᠬᠤᠶ ᠶᠢᠨ ᠠᠵᠢᠯ ᠢ ᠪᠥᠬᠦ ᠲᠠᠯ᠎ᠠ ᠪᠠᠷ ᠳ᠋ᠦᠩᠨᠡᠵᠦ᠂ ᠣᠳᠣᠬᠠᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠢ ᠭᠦᠨᠵᠡᠭᠡᠶ ᠵᠠᠳᠠᠯᠵᠤ᠂ ᠢᠷᠡᠬᠦ ᠵᠢᠯ ᠤᠨ ᠠᠵᠤ ᠠᠬᠤᠶ ᠶᠢᠨ ᠠᠵᠢᠯ ᠢ ᠰᠢᠰᠲ᠋ᠧᠮ ᠲᠠᠢ ᠪᠠᠶᠢᠷᠢᠯᠠᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠤᠨ ᠠᠵᠤ ᠠᠬᠤᠶ ᠶᠢᠨ ᠠᠵᠢᠯ ᠤᠨ ᠠᠯᠢ ᠣᠯᠠᠨ ᠴᠢᠬᠤᠯᠠ ᠶᠡᠭᠡ ᠣᠨᠣᠯ ᠤᠨ ᠪᠠ ᠦᠶ᠋ᠯᠡᠳᠦᠯᠭᠡ ᠶᠢᠨ ᠠᠰᠠᠭᠤᠳᠠᠯ ᠳᠤ ᠰᠢᠨᠵᠢᠯᠡᠬᠦ ᠤᠬᠠᠭᠠᠨᠴᠢ ᠬᠠᠷᠢᠭᠤᠯᠲᠠ ᠥᠭᠴᠦ᠂ ᠤᠯᠤᠰ ᠲᠥᠷᠥ ᠶᠢᠨ ᠬᠥᠲᠥᠯᠥᠨ ᠳᠠᠭᠠᠭᠤᠯᠬᠤ ᠴᠢᠨᠠᠷ᠂ ᠣᠨᠣᠯ ᠤᠨ ᠰᠢᠨ᠎ᠡ ᠶᠢ ᠡᠭᠦᠳᠬᠦ ᠴᠢᠨᠠᠷ ᠪᠠ ᠦᠢᠯᠡᠳᠦᠯᠭᠡ ᠶᠢᠨ ᠵᠢᠯᠣᠭᠤᠳᠬᠤ ᠴᠢᠨᠠᠷ ᠲᠠᠢ ᠪᠠᠶᠢᠵᠤ᠂ ᠢᠷᠡᠬᠦ ᠵᠢᠯ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠬᠠᠩᠭᠠᠪᠠ᠃ ᠨᠢᠭᠡ ᠵᠢᠯ ᠤᠨ ᠲᠤᠷᠰᠢᠬᠢ ᠬᠥᠭᠵᠢᠯᠲᠡ ᠶᠢᠨ ᠶᠠᠪᠤᠴᠠ ᠪᠣᠯ ᠮᠠᠰᠢ ᠶᠡᠷᠦ ᠪᠤᠰᠤ ᠶᠢᠨ ᠶᠤᠮ᠂ ᠠᠮᠵᠢᠯᠲᠠ ᠪᠦᠲᠦᠮᠵᠢ ᠨᠢ ᠬᠥᠮᠦᠰ ᠢ ᠵᠣᠷᠢᠭᠵᠢᠭᠤᠯᠵᠤ᠂ ᠨᠠᠮ ᠤᠨ ᠲᠥᠪ ᠬᠤᠷᠢᠶᠠᠨ ᠤ ᠠᠵᠤ ᠠᠬᠤᠢ ᠶᠢᠨ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢᠨ ᠪᠦᠷᠢᠨ ᠵᠥᠪ ᠪᠣᠯᠬᠤ ᠶᠢ ᠭᠦᠢᠴᠡᠳ ᠭᠡᠷᠡᠴᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠪᠠᠶᠢᠳᠠᠯ ᠳᠣᠣᠷ᠎ᠠ ᠬᠥᠭᠵᠢᠯᠲᠡ ᠶᠢᠨ ᠶᠡᠭᠡ ᠲᠠᠯ᠎ᠠ ᠶᠢ ᠡᠵᠡᠮᠳᠡᠬᠦ᠂ ᠠᠵᠤ ᠠᠬᠤᠢ ᠶᠢᠨ ᠠᠵᠢᠯ ᠢ ᠶᠡᠷᠦᠩᠬᠡᠶᠢᠯᠡᠨ ᠡᠵᠡᠮᠳᠡᠬᠦ ᠪᠠᠶᠢᠯᠳᠤᠬᠤ ᠪᠤᠳᠤᠯᠭ᠎ᠠ ᠶᠢᠨ ᠤᠶᠤᠨ ᠤᠬᠠᠭᠠᠨ ᠢ ᠭᠦᠢᠴᠡᠳ ᠢᠯᠡᠷᠡᠭᠦᠯᠵᠦ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠤᠯᠠᠮ ᠴᠢᠨᠠᠭᠰᠢᠳᠠ ᠭᠦᠨᠵᠡᠭᠡᠢ ᠣᠶᠢᠯᠠᠭᠠᠵᠤ᠂ ᠠᠶᠤᠯ ᠲᠦᠭᠰᠢᠭᠦᠷᠢ ᠶᠢ ᠰᠡᠷᠭᠡᠶᠢᠯᠡᠵᠦ ᠠᠮᠤᠷ ᠲᠦᠪᠰᠢᠨ ᠢ ᠪᠠᠲᠤᠯᠠᠵᠤ ᠬᠥᠭᠵᠢᠯᠲᠡ ᠶᠢ ᠠᠬᠢᠭᠤᠯᠬᠤ ᠪᠣᠳᠠᠲᠤ ᠠᠵᠢᠯᠯᠠᠭ᠎ᠠ ᠪᠣᠯᠤᠨ ᠪᠣᠳᠠᠲᠠᠢ ᠦᠷ᠎ᠡ ᠪᠦᠲᠦᠮᠵᠢ ᠪᠠᠷ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠵᠢᠮ᠎ᠡ ᠶᠣᠰᠣᠴᠢ ᠴᠢᠨᠠᠷᠲᠠᠢ ᠲᠠᠨᠢᠯᠲᠠ ᠶᠢ ᠭᠦᠨᠵᠡᠭᠡᠢ ᠣᠶᠢᠯᠠᠭᠠᠬᠤ ᠳᠤ᠂ ᠶᠡᠷᠦᠩᠬᠡᠢ ᠱᠦᠵᠢ ᠶᠢᠨ ᠳᠤᠷᠠᠳᠤᠭᠰᠠᠨ ᠲᠠᠪᠤᠨ ︽ᠡᠷᠬᠡᠪᠰᠢ ᠨᠢᠭᠡᠳᠦᠯᠲᠡᠢ ᠲᠥᠯᠥᠪᠵᠢᠭᠦᠯᠬᠦ︾ ᠪᠣᠯ ᠠᠵᠤ ᠠᠬᠤᠢ ᠶᠢᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠢᠨᠵᠢᠯᠡᠬᠦ ᠤᠬᠠᠭᠠᠨᠴᠢ ᠠᠷᠭ᠎ᠠ ᠶᠢᠨ ᠤᠨᠤᠯ ᠪᠣᠯᠤᠨ᠎ᠠ᠂ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢ ᠤᠯᠠᠮ ᠴᠢᠨᠠᠭᠰᠢᠳᠠ ᠪᠠᠶᠠᠯᠢᠭᠵᠢᠭᠤᠯᠤᠨ ᠬᠥᠭᠵᠢᠭᠦᠯᠬᠦ ᠳᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠦᠢᠯᠡᠳᠦᠯᠭᠡ ᠶᠢᠨ ᠳᠤᠮᠳᠠ ᠪᠠᠲᠤ ᠡᠵᠡᠮᠳᠡᠵᠦ᠂ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠠᠵᠢᠯ ᠤᠨ ᠰᠢᠨᠵᠢᠯᠡᠬᠦ ᠤᠬᠠᠭᠠᠨᠴᠢ ᠴᠢᠨᠠᠷ᠂ ᠰᠢᠰᠲ᠋ᠧᠮᠲᠦ ᠴᠢᠨᠠᠷ᠂ ᠵᠣᠬᠢᠴᠠᠩᠭᠤᠢ ᠴᠢᠨᠠᠷ ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠪᠠᠶᠢᠳᠠᠯ ᠤᠨ ᠲᠤᠬᠠᠢ ᠨᠠᠮ ᠤᠨ ᠲᠥᠪ ᠬᠤᠷᠢᠶᠠᠨ ᠤ ᠰᠢᠨᠵᠢᠯᠡᠬᠦ ᠤᠬᠠᠭᠠᠨᠴᠢ ᠮᠠᠭᠠᠳᠯᠠᠯᠲᠠ ᠶᠢ ᠭᠦᠨᠵᠡᠭᠡᠢ ᠣᠶᠢᠯᠠᠭᠠᠵᠤ᠂ ᠳᠡᠯᠡᠬᠡᠢ ᠶᠢᠨ ᠣᠷᠴᠢᠨ ᠨᠥᠬᠦᠴᠡᠯ ᠨᠡᠩ ᠬᠦᠨᠳᠦ ᠬᠡᠴᠡᠭᠦᠦ ᠲᠦᠪᠡᠭ ᠪᠤᠳᠤᠯᠢᠶᠠᠨᠲᠠᠢ᠂ ᠤᠯᠤᠰ ᠤᠨ ᠳᠣᠲᠣᠭᠠᠳᠤ ᠶᠢᠨ ᠪᠦᠲᠦᠮᠵᠢᠲᠡᠢ ᠬᠡᠷᠡᠭᠴᠡᠭᠡ ᠬᠦᠷᠦᠯᠴᠡᠬᠦ ᠦᠭᠡᠢ ᠵᠡᠷᠭᠡ ᠬᠦᠴᠢᠷᠳᠡᠯ ᠥᠷᠢᠰᠥᠯᠳᠦᠭᠡᠨ ᠳᠤ ᠵᠥᠪ ᠢᠶᠠᠷ ᠬᠠᠨᠳᠤᠬᠤ ᠪᠠᠷ ᠪᠠᠷᠠᠬᠤ ᠦᠭᠡᠢ᠂ ᠨᠡᠩ ᠴᠤ ᠮᠠᠨ ᠤ ᠤᠯᠤᠰ ᠤᠨ ᠠᠵᠤ ᠠᠬᠤᠢ ᠶᠢᠨ ᠤᠷᠳᠤ ᠬᠤᠭᠤᠴᠠᠭ᠎ᠠ ᠪᠠᠷ ᠰᠠᠶᠢᠵᠢᠷᠠᠬᠤ ᠶᠢ ᠲᠤᠯᠭᠠᠭᠤᠷᠢᠯᠠᠬᠤ ᠨᠥᠬᠦᠴᠡᠯ ᠪᠠ ᠦᠨᠳᠦᠰᠦᠨ ᠬᠠᠨᠳᠤᠰᠢ ᠬᠤᠪᠢᠷᠠᠬᠰᠠᠨ ᠦᠭᠡᠢ ᠪᠠᠶᠢᠬᠤ ᠶᠢ ᠣᠯᠵᠤ ᠬᠠᠷᠠᠵᠤ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠥᠪᠡᠷ ᠤᠨ ᠶᠠᠪᠤᠳᠠᠯ ᠢᠶᠠᠨ ᠰᠠᠶᠢᠲᠤᠷ ᠬᠢᠵᠦ᠂ ᠲᠤᠰ ᠪᠡᠶ᠎ᠡ ᠶᠢᠨ ᠠᠵᠢᠯ ᠤᠨ ᠲᠣᠭᠲᠠᠭᠠᠯᠲᠤ ᠴᠢᠨᠠᠷ ᠢᠶᠠᠷ ᠪᠠᠶᠢᠳᠠᠯ ᠤᠨ ᠬᠤᠪᠢᠷᠠᠯᠲᠠ ᠶᠢᠨ ᠲᠣᠭᠲᠠᠪᠤᠷᠢ ᠦᠭᠡᠢ ᠴᠢᠨᠠᠷ ᠢ ᠠᠷᠭᠠᠴᠠᠭᠠᠬᠤ ᠬᠡᠷᠡᠭᠲᠡᠢ᠃ ᠢᠷᠡᠬᠦ ᠵᠢᠯ ᠤᠨ ᠠᠵᠤ ᠠᠬᠤᠶ ᠶᠢᠨ ᠠᠵᠢᠯ ᠤᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠭᠦᠨᠵᠡᠭᠡᠶ ᠣᠶᠢᠯᠠᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠰᠠᠨᠠᠭᠠᠴᠢᠯᠠᠭ᠎ᠠ ᠠᠴᠠ ᠪᠠᠨ ᠨᠠᠮ ᠪᠣᠯᠤᠨ ᠤᠯᠤᠰ ᠤᠨ ᠠᠵᠢᠯ  ᠦᠢᠯᠡᠰ ᠤᠨ ᠬᠥᠭᠵᠢᠯᠲᠡ ᠶᠢᠨ ᠪᠥᠬᠦ ᠲᠠᠯ᠎ᠠ ᠳᠤ ᠲᠠᠯᠪᠢᠵᠤ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠤ ᠶᠡᠭᠡ ᠲᠠᠯ᠎ᠠ ᠳᠤ ᠲᠠᠯᠪᠢᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠬᠦ ᠶᠢ ᠪᠠᠷᠢᠮᠲᠠᠯᠠᠵᠤ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠥᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ᠂ ᠢᠷᠡᠬᠦ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠤᠨ᠎ᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠪᠣᠯᠤᠨ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠰᠡᠳᠬᠢᠬᠦᠶ ᠪᠠᠷ ᠡᠯ᠎ᠡ  ᠵᠦᠢᠯ ᠤᠨ ᠠᠶᠤᠯ ᠲᠦᠭᠰᠢᠭᠦᠷᠢ ᠶᠢᠨ ᠬᠤᠪᠢᠰᠤᠭᠴᠢ ᠬᠡᠮᠵᠢᠭᠳᠡᠬᠦᠨ ᠢ ᠠᠷᠭᠠᠴᠠᠭᠠᠵᠤ᠂ ᠲᠣᠰ ᠪᠡᠶ᠎ᠡ ᠶᠢᠨ ᠳᠤᠲᠠᠭᠤᠳᠠᠯ ᠢᠶᠠᠨ ᠲᠦᠷᠭᠡᠨ ᠨᠥᠬᠦᠪᠥᠷᠢᠯᠡᠵᠦ᠂ ᠰᠢᠨ᠎ᠡ ᠴᠢᠨᠠᠷ ᠰᠠᠶᠢᠲᠠᠶ ᠳᠠᠶᠢᠴᠢᠨ ᠬᠦᠴᠦᠨ ᠢ ᠴᠣᠭᠴᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠱᠠᠭᠠᠷᠳᠠᠯᠭ᠎ᠠ ᠲᠠᠢ ᠵᠣᠬᠢᠴᠠᠭᠰᠠᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠶ᠃ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠵᠦ᠂ ᠤᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠵᠠᠭᠪᠤᠷ ᠢ ᠤᠷᠢᠳᠴᠢᠯᠠᠨ ᠰᠡᠷᠭᠡᠶᠢᠯᠡᠬᠦ ᠲᠡᠶᠢᠰᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠭᠠᠮᠰᠢᠭ ᠤᠨ ᠠᠶᠤᠯ ᠲᠦᠭᠰᠢᠭᠦᠷᠢ ᠪᠠ ᠡᠭᠦᠰᠴᠦ ᠮᠡᠳᠡᠬᠦ ᠨᠡᠶᠢᠭᠡᠮ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠨᠢᠭᠡᠳᠦᠯᠲᠡᠢ ᠲᠥᠯᠥᠪᠵᠢᠭᠦᠯᠦᠨ ᠰᠡᠷᠭᠡᠶᠢᠯᠡᠬᠦ ᠬᠡᠷᠡᠭᠲᠡᠢ᠃ ᠬᠥᠭᠵᠢᠯᠲᠡ ᠶᠢ ᠬᠦᠴᠦᠯᠡᠨ ᠪᠠᠲᠤᠯᠠᠵᠤ᠂ ᠠᠵᠤ ᠠᠬᠤᠶᠢᠯᠠᠯ ᠤᠨ ᠠᠮᠤᠷ ᠲᠦᠪᠰᠢᠨ ᠬᠥᠭᠵᠢᠯᠲᠡ ᠶᠢᠨ ᠲᠠᠯ᠎ᠠ ᠶᠢᠨ ᠠᠩᠬᠠᠷᠤᠯ ᠲᠠᠯᠪᠢᠵᠤ ᠪᠠᠶᠢᠭ᠎ᠠ ᠬᠦᠰᠡᠯ ᠱᠠᠭᠠᠷᠳᠠᠯᠭ᠎ᠠ ᠳᠤ ᠴᠢᠭᠯᠡᠭᠦᠯᠦᠨ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠬᠢᠨᠠᠯᠲᠠ ᠬᠠᠮᠢᠶᠠᠷᠤᠯᠲᠠ ᠶᠢᠨ  ᠦᠢᠯᠡᠴᠢᠯᠡᠭᠡ ᠪᠠᠨ ᠰᠢᠯᠢᠳᠡᠭᠵᠢᠭᠦᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠶ᠃ ᠥᠭᠡᠷᠡᠴᠢᠯᠡᠯᠲᠡ ᠶᠢ ᠬᠦᠴᠦᠯᠡᠨ ᠠᠬᠢᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ︽ᠲᠣᠭᠲᠠᠭᠠᠯ︾ ᠤᠨ ᠴᠢᠬᠤᠯᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠣᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠰᠠᠭᠤᠷᠢ ᠶᠢ ᠬᠦᠴᠦᠯᠡᠨ ᠴᠢᠩᠭᠠᠳᠬᠠᠵᠤ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠣᠬᠢᠶᠠᠨ ᠪᠠᠶᠢᠭᠤᠯᠵᠤ ᠵᠢᠯᠣᠭᠤᠳᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠡᠩᠨᠡᠭᠡᠨ ᠤ ᠪᠣᠳᠠᠲᠤ ᠪᠠᠶᠢᠯᠳᠤᠭᠠᠨ ᠬᠢᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠲᠤᠯᠭᠠᠭᠤᠷᠢᠯᠠᠵᠤ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ᠃    ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠤᠯᠠᠮᠵᠢᠯᠠᠨ ᠲᠤᠭᠤᠰᠢᠯᠠᠭᠤᠯᠵᠤ᠂ ᠣᠳᠣᠬᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠡᠯ᠎ᠡ ᠵᠦᠢᠯ ᠤᠨ ᠠᠵᠢᠯ ᠳᠤ ᠪᠠᠶᠢᠷᠢᠯᠠᠭᠤᠯᠤᠯᠲᠠ ᠬᠢᠵᠡᠢ᠃ ᠬᠤᠷᠠᠯ ᠠᠴᠠ᠂ ᠵᠢᠯ ᠤᠨ ᠡᠴᠦᠰ ᠣᠨ ᠤ ᠡᠬᠢ ᠪᠠᠷ ᠡᠯ᠎ᠡ ᠲᠦᠷᠦᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠰᠣᠯᠪᠢᠴᠠᠨ ᠳᠠᠪᠬᠤᠴᠠᠵᠤ ᠪᠠᠶᠢᠨ᠎ᠠ᠂ ᠠᠶᠤᠯᠭᠦᠢ ᠦᠢᠯᠡᠳᠪᠦᠷᠢᠯᠡᠯ ᠪᠣᠯᠤᠨ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠵᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠰᠡᠭᠦᠯ ᠬᠤᠷᠢᠶᠠᠬᠤ ᠳᠠᠶᠢᠯᠠᠯᠳᠤᠭᠠᠨ ᠢ ᠪᠦᠬᠦ ᠬᠦᠴᠦ ᠪᠠᠷ ᠢᠶᠠᠨ ᠰᠠᠶᠢᠲᠤᠷ ᠬᠢᠬᠦ ᠬᠡᠷᠡᠭᠲᠡᠢ᠃ ᠠᠭᠤᠷᠬᠠᠢ ᠶᠢᠨ ᠠᠶᠤᠯᠭᠦᠢ ᠶᠢᠨ ᠨᠠᠢᠮᠠᠨ ᠵᠤᠷᠪᠤᠰ ᠬᠠᠲᠠᠭᠤ ᠠᠷᠭ᠎ᠠ  ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠲᠠᠢ ᠬᠢᠮᠢ ᠶᠢᠨ ᠵᠦᠢᠯ ᠢ ᠡᠵᠡᠩᠨᠡᠬᠦ ᠠᠵᠤ ᠠᠬᠤᠶᠢᠯᠠᠯ ᠪᠠ ᠬᠤᠸᠠᠷ ᠫᠤᠤᠵᠢᠩ ᠤᠨ ᠠᠶᠤᠯᠭᠦᠢ ᠶᠢᠨ ᠲᠤᠰᠬᠠᠢ ᠰᠢᠪᠠᠳᠠᠨ ᠪᠠᠶᠢᠴᠠᠭᠠᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠠᠵᠤ ᠠᠬᠤᠶᠢᠯᠠᠯ ᠢ ᠦᠷᠭᠦᠯᠵᠢᠯᠡᠨ ᠳᠠᠯᠳᠠᠭᠤᠷ ᠪᠠᠶᠢᠴᠠᠭᠠᠵᠤ ᠳᠠᠯᠳᠠᠭᠤᠷ ᠰᠤᠷᠪᠤᠯᠵᠢᠯᠠᠪᠠ᠃ ᠣᠶᠢᠷ᠎ᠠ ᠶᠢᠨ ᠬᠤᠭᠤᠴᠠᠭᠠᠨ ᠤ ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ ᠤᠨ ᠭᠠᠯ ᠬᠥᠳᠡᠯᠭᠡᠬᠦ ᠠᠵᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠰᠠᠶᠢᠲᠤᠷ ᠠᠳᠬᠤᠵᠤ᠂ ᠢᠳᠡᠭᠡᠨ ᠤᠮᠳᠠᠭᠠᠨ᠂ ᠣᠷᠣᠨ ᠰᠠᠭᠤᠴᠠ ᠵᠡᠷᠭᠡ ᠭᠤᠤᠯᠳᠠᠯᠭ᠎ᠠ ᠲᠠᠢ ᠭᠠᠵᠠᠷ ᠣᠷᠣᠨ ᠤ ᠭᠠᠯ ᠰᠡᠷᠭᠡᠶᠢᠯᠡᠬᠦ᠂ ᠰᠢᠲᠠᠮᠠᠬᠠᠶ ᠬᠡᠶ ᠶᠢᠨ ᠠᠶᠤᠯ ᠲᠦᠭᠰᠢᠭᠦᠷᠢ ᠶᠢᠨ ᠬᠡᠮ ᠰᠣᠭᠤᠭ ᠢ ᠦᠷᠭᠦᠯᠵᠢᠯᠡᠨ ᠵᠢᠭᠰᠠᠭᠠᠨ ᠪᠠᠶᠢᠴᠠᠭᠠᠵᠤ᠂ ᠵᠠᠮ ᠬᠠᠷᠢᠯᠴᠠᠭ᠎ᠠ ᠲᠡᠭᠡᠭᠡᠪᠦᠷᠢ᠂ ᠪᠠᠷᠢᠯᠭ᠎ᠠ ᠶᠢᠨ ᠠᠵᠢᠯ᠂ ᠵᠢᠭᠠᠰᠤᠨ ᠠᠵᠤ ᠠᠬᠤᠶ ᠶᠢᠨ ᠣᠩᠭᠤᠴᠠ ᠰᠠᠯ ᠵᠡᠷᠭᠡ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠡᠭᠦᠨ ᠤ ᠬᠠᠮᠲᠤ᠂ ᠭᠤᠤᠯᠳᠠᠯᠭ᠎ᠠ ᠲᠠᠢ ᠭᠠᠵᠠᠷ ᠣᠷᠣᠨ ᠤ ᠣᠶ ᠰᠢᠭᠤᠶ ᠶᠢᠨ  ᠲᠦᠢᠮᠡᠷ ᠢ ᠴᠢᠩᠭ᠎ᠠ ᠰᠡᠷᠭᠡᠶᠢᠯᠡᠵᠦ᠂ ᠣᠷᠣᠨ ᠨᠤᠲᠤᠭ ᠢ ᠤᠯᠠᠮ ᠨᠢᠭᠡ ᠠᠯᠬᠤᠮ ᠵᠢᠯᠣᠭᠤᠳᠴᠤ ᠪᠠᠶᠢᠭᠠᠳ ᠶᠡᠭᠡ ᠰᠠᠯᠬᠢ ᠪᠣᠷᠣᠭᠠᠨ ᠴᠠᠰᠤ ᠮᠥᠰᠥᠲᠦᠯ ᠤᠨ ᠭᠠᠮᠰᠢᠭ ᠢ ᠰᠢᠨᠵᠢᠯᠡᠬᠦ ᠤᠬᠠᠭᠠᠨᠴᠢ ᠪᠠᠷ ᠣᠨᠣᠪᠴᠢᠲᠠᠶ ᠰᠡᠷᠭᠡᠶᠢᠯᠡᠨ  ᠠᠷᠭᠠᠴᠠᠭᠠᠵᠤ᠂ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号