ᠠᠶᠤᠯᠭᠦᠶ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ | ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠬᠠᠤᠯᠢ ᠬᠡᠷᠡᠭᠵᠢᠭᠦᠯᠬᠦ ᠠᠵᠢᠯᠲᠠᠨ ᠤ ᠡᠭᠦᠷᠭᠡ ᠬᠠᠷᠢᠭᠤᠴᠠᠯᠭ᠎ᠠ ᠪᠠᠨ | ᠭᠦᠢᠴᠡᠳᠭᠡᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠬᠦ ᠶᠢᠨ ᠲᠥᠯᠥᠭᠡ᠂ 12 ᠳ᠋ᠤᠭᠠᠷ ᠰᠠᠷ᠎ᠠ ᠶᠢᠨ 12 ᠤᠨ | ᠡᠳᠦᠷ᠂ ᠪᠤᠭᠤᠲᠤ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ 2024 ᠣᠨ ᠤ ᠵᠠᠰᠠᠭ ᠵᠠᠬᠢᠷᠭᠠᠨ ᠤ ᠰᠢᠳᠬᠡᠯ | ᠲᠣᠷᠭᠠᠭᠤᠯᠢ ᠶᠢᠨ ᠲᠠᠩᠰᠠ ᠡᠪᠬᠡᠮᠡᠯ ᠲᠤᠭᠤᠷᠪᠢᠨ ᠪᠢᠴᠢᠬᠦ ᠲᠤᠰᠬᠠᠶ ᠰᠡᠳᠦᠪᠲᠦ ᠪᠣᠯᠪᠠᠰᠤᠷᠠᠯ ᠡᠷᠭᠢᠯᠡᠵᠦ᠂ ᠬᠠᠤᠯᠢ | ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠤᠨ ᠨᠢᠭᠡ ᠡᠳᠦᠷ ᠬᠠᠭᠠᠰ ᠤᠨ ᠬᠤᠭᠤᠴᠠᠭ᠎ᠠ ᠲᠠᠢ ᠤᠷ᠎ᠠ | ᠴᠢᠳᠠᠪᠤᠷᠢ ᠶᠢᠨ ᠮᠥᠷᠦ᠋ᠢᠴᠡᠭᠡᠨ ᠥᠷᠨᠢᠭᠦᠯᠵᠦ᠂ ︽ᠪᠣᠯᠪᠠᠰᠤᠷᠠᠬᠤ︾ ᠪᠠᠷ ᠰᠤᠷᠤᠯᠴᠠᠯᠭ᠎ᠠ ᠶᠢ ᠠᠬᠢᠭᠤᠯᠵᠤ᠂ ︽ | ᠤᠷᠤᠯᠳᠤᠬᠤ︾ ᠪᠠᠷ ᠠᠵᠢᠯᠯᠠᠬᠤ ᠶᠢ ᠠᠬᠢᠭᠤᠯᠪᠠ᠃ | ᠪᠣᠳᠠᠲᠤ ᠠᠵᠢᠯᠯᠠᠭ᠎ᠠ ᠲᠠᠢ ᠨᠢᠭᠲᠠ ᠤᠶᠠᠯᠳᠤᠭᠤᠯᠵᠤ᠂ ᠳᠤᠲᠠᠭᠤᠳᠠᠯ ᠢ ᠰᠢᠢᠳᠪᠦᠷᠢᠯᠡᠬᠦ ᠬᠡᠷᠡᠭᠲᠡᠶ᠃ ᠲᠤᠰᠬᠠᠶ | ᠰᠡᠳᠦᠪᠲᠦ ᠪᠣᠯᠪᠠᠰᠤᠷᠠᠭᠤᠯᠤᠯ ᠨᠢ ᠬᠠᠤᠯᠢ ᠬᠡᠷᠡᠭᠵᠢᠭᠦᠯᠬᠦ ᠪᠣᠳᠠᠲᠤ ᠶᠠᠪᠤᠳᠠᠯ ᠲᠠᠢ ᠨᠢᠭᠲᠠ ᠤᠶᠠᠯᠳᠤᠭᠤᠯᠵᠤ᠂ | ᠰᠢᠨ᠎ᠡ ᠪᠠᠷ ᠬᠠᠤᠯᠢ ᠬᠡᠷᠡᠭᠵᠢᠭᠦᠯᠬᠦ ᠠᠵᠢᠯᠲᠠᠨ ᠤ ᠬᠡᠷᠡᠭ ᠤᠨ ᠡᠪᠬᠡᠮᠡᠯ ᠲᠠᠢ ᠤᠶᠠᠯᠳᠤᠭᠤᠯᠤᠨ ᠵᠢᠷᠤᠮᠵᠢᠯ ᠥᠬᠡᠶ | ᠪᠠᠶᠢᠬᠤ ᠣᠳᠣᠬᠢ ᠪᠠᠶᠢᠳᠠᠯ ᠢ ᠪᠢᠴᠢᠵᠦ᠂ ᠳᠠᠭᠤᠷᠢᠶᠠᠮᠠᠯ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠢ ᠬᠡᠷᠡᠭᠯᠡᠨ᠂ ᠬᠠᠤᠯᠢ | ᠬᠡᠷᠡᠭᠵᠢᠭᠦᠯᠬᠦ ᠠᠵᠢᠯᠲᠠᠨ ᠢ ᠱᠠᠭᠠᠷᠳᠠᠵᠤ ᠪᠠᠶᠢᠭᠠᠳ ᠳᠠᠭᠤᠷᠢᠶᠠᠮᠠᠯ ᠬᠡᠷᠡᠭ ᠤᠨ ᠵᠢᠱᠢᠶ᠎ᠡ ᠳᠤ ᠲᠤᠬᠠᠶ ᠶᠢᠨ ᠲᠠᠯᠠᠪᠠᠶ ᠶᠢᠨ | ᠪᠠᠶᠢᠴᠠᠭᠠᠬᠤ ᠲᠥᠰᠦᠯ᠂ ᠲᠤᠬᠠᠶ ᠶᠢᠨ ᠲᠠᠯᠠᠪᠠᠶ ᠶᠢᠨ ᠪᠠᠶᠢᠴᠠᠭᠠᠯᠲᠠ ᠶᠢᠨ ᠲᠡᠮᠳᠡᠭᠯᠡᠯ᠂ ᠪᠠᠶᠢᠴᠠᠭᠠᠵᠤ ᠯᠠᠪᠯᠠᠨ | ᠠᠰᠠᠭᠤᠭᠰᠠᠨ ᠲᠡᠮᠳᠡᠭᠯᠡᠯ᠂ ᠬᠡᠷᠡᠭ ᠢ ᠪᠠᠶᠢᠴᠠᠭᠠᠵᠤ ᠳᠠᠭᠤᠰᠬᠠᠭᠰᠠᠨ ᠮᠡᠳᠡᠭᠦᠯᠦᠯᠲᠡ᠂ ᠵᠠᠰᠠᠭ ᠵᠠᠬᠢᠷᠭᠠᠨ ᠤ ᠰᠢᠳᠬᠡᠯ | ᠥᠭᠬᠦ ᠲᠣᠭᠲᠠᠭᠠᠯ ᠤᠨ ᠪᠢᠴᠢᠭ ᠵᠡᠷᠭᠡ ᠬᠠᠤᠯᠢ ᠬᠡᠷᠡᠭᠵᠢᠭᠦᠯᠬᠦ ᠪᠢᠴᠢᠭ ᠬᠠᠷ᠎ᠠ ᠶᠢ ᠪᠢᠴᠢᠭᠦᠯᠬᠦ ᠬᠡᠷᠡᠭᠲᠡᠶ᠃ ᠪᠣᠳᠠᠲᠤ | ᠪᠠᠶᠢᠯᠳᠤᠭᠠᠨ ᠤ ᠪᠣᠯᠪᠠᠰᠤᠷᠠᠯ ᠢᠶᠠᠷ ᠳᠠᠮᠵᠢᠭᠤᠯᠤᠨ᠂ ᠬᠠᠤᠯᠢ ᠬᠡᠷᠡᠭᠵᠢᠭᠦᠯᠬᠦ ᠠᠵᠢᠯᠲᠠᠨ ᠳᠤ ᠵᠠᠰᠠᠭ ᠵᠠᠬᠢᠷᠭᠠᠨ ᠤ | ᠰᠢᠳᠬᠡᠯ ᠲᠣᠷᠭᠠᠭᠤᠯᠢ ᠶᠢᠨ ᠲᠠᠩᠰᠠ ᠡᠪᠬᠡᠮᠡᠯ ᠢ ᠪᠢᠴᠢᠬᠦ ᠶᠠᠪᠤᠴᠠ ᠪᠠ ᠭᠤᠤᠯᠳᠠᠯᠭ᠎ᠠ ᠶᠢ ᠡᠵᠡᠮᠰᠢᠭᠦᠯᠪᠡᠯ᠂ | ᠴᠢᠯᠥᠭᠡᠲᠦ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠵᠥᠪ ᠬᠡᠷᠡᠭᠯᠡᠵᠦ ᠴᠢᠳᠠᠨ᠎ᠠ᠃ | ᠪᠣᠳᠠᠲᠤ ᠪᠠᠶᠢᠯᠳᠤᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠳᠡᠮ ᠴᠢᠳᠠᠪᠤᠷᠢ ᠪᠠᠨ ᠳᠡᠭᠡᠭᠰᠢᠯᠡᠭᠦᠯᠦᠨ᠎ᠡ᠃ | ᠲᠤᠰᠬᠠᠶ ᠰᠡᠳᠦᠪᠲᠦ ᠪᠣᠯᠪᠠᠰᠤᠷᠠᠭᠤᠯᠤᠯ ᠨᠢ ᠠᠶᠤᠯ ᠥᠬᠡᠶ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ | ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ | ᠳᠠᠭᠤᠷᠢᠶᠠᠮᠠᠯ ᠬᠡᠷᠡᠭ ᠤᠨ ᠵᠢᠱᠢᠶ᠎ᠡ ᠶᠢ ᠵᠢᠷᠤᠭᠯᠠᠨ ᠲᠥᠯᠥᠪᠯᠡᠬᠦ ᠳᠡᠭᠡᠨ ᠠᠶᠤᠯ ᠶᠡᠬᠡᠲᠡᠶ ᠠᠵᠢᠯ ᠲᠥᠷᠥᠯ ᠢᠶᠠᠷ | ᠭᠠᠷᠳᠠᠴᠠ ᠪᠣᠯᠭᠠᠵᠤ᠂ ᠲᠡᠮᠦᠷᠯᠢᠭ ᠤᠨ ᠠᠵᠤ ᠠᠬᠤᠶᠢᠯᠠᠯ ᠢ ᠰᠣᠩᠭᠤᠨ ᠬᠠᠤᠯᠢ ᠬᠡᠷᠡᠭᠵᠢᠭᠦᠯᠬᠦ ᠡᠲᠡᠭᠡᠳ ᠢᠶᠠᠨ | ᠪᠣᠯᠭᠠᠪᠠ᠃ ᠬᠠᠤᠯᠢ ᠬᠡᠷᠡᠭᠵᠢᠭᠦᠯᠦᠭᠰᠡᠨ ᠪᠠᠶᠢᠳᠠᠯ ᠤᠨ ᠲᠠᠯ᠎ᠠ ᠪᠠᠷ᠂ ᠬᠦᠨᠳᠦ ᠶᠡᠭᠡ ᠠᠳᠡᠯ ᠤᠨ ᠳᠠᠯᠳᠠ ᠬᠡᠮ ᠢ | ᠮᠠᠭᠠᠳᠯᠠᠨ ᠲᠣᠭᠲᠠᠭᠠᠬᠤ᠂ ᠠᠶᠤᠯ ᠥᠬᠡᠶ ᠦᠢᠯᠡᠳᠪᠦᠷᠢᠯᠡᠯ ᠤᠨ ᠪᠣᠯᠪᠠᠰᠤᠷᠠᠭᠤᠯᠤᠯ ᠬᠢᠬᠦ᠂ ᠦᠢᠯᠡᠳᠪᠦᠷᠢᠯᠡᠯ ᠤᠨ | ᠠᠶᠤᠯ ᠥᠬᠡᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠰᠣᠷᠢᠯᠲᠠ ᠬᠢᠬᠦ ᠵᠡᠷᠭᠡ | ᠪᠠᠶᠢᠳᠠᠯ ᠢ ᠵᠢᠷᠤᠭᠯᠠᠨ ᠲᠥᠯᠥᠪᠯᠡᠵᠦ᠂ ᠬᠦᠨᠳᠦ ᠶᠡᠭᠡ ᠠᠳᠡᠯ ᠤᠨ ᠳᠠᠯᠳᠠ ᠬᠡᠮ ᠤᠨ ᠪᠠᠶᠢᠳᠠᠯ ᠢ ᠠᠷᠢᠯᠭᠠᠬᠤ ᠵᠡᠷᠭᠡ | ᠵᠠᠩᠭᠢᠯᠠᠭ᠎ᠠ ᠶᠢᠨ ᠡᠭᠦᠷᠭᠡ ᠪᠠ ᠠᠵᠤ ᠠᠬᠤᠶᠢᠯᠠᠯ ᠤᠨ ᠠᠮᠠᠷᠬᠠᠨ ᠠᠰᠠᠭᠤᠳᠠᠯ ᠭᠠᠷᠳᠠᠭ ᠬᠦᠷᠢᠶ᠎ᠡ ᠴᠠᠷᠠᠭ᠎ᠠ ᠳᠤ | ᠬᠦᠷᠲᠡᠯ᠎ᠡ ᠬᠠᠮᠤᠷᠴᠤ᠂ ᠳᠠᠭᠤᠷᠢᠶᠠᠮᠠᠯ ᠪᠣᠳᠠᠲᠤ ᠪᠠᠶᠢᠯᠳᠤᠭᠠᠨ ᠳᠤ ᠲᠦᠰᠢᠭᠯᠡᠨ ᠬᠠᠤᠯᠢ ᠬᠡᠷᠡᠭᠵᠢᠭᠦᠯᠬᠦ ᠠᠵᠢᠯᠲᠠᠨ ᠤ | ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠪᠡ᠃ | ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠵᠤ᠂ ᠡᠩᠨᠡᠭᠡ ᠪᠠᠨ ᠳᠠᠪᠲᠠᠨ ᠪᠣᠯᠪᠠᠰᠤᠷᠠᠭᠤᠯᠤᠨ᠎ᠠ᠃ ᠲᠤᠰᠬᠠᠶ | ᠰᠡᠳᠦᠪᠲᠦ ᠪᠣᠯᠪᠠᠰᠤᠷᠠᠭᠤᠯᠤᠯ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠱᠠᠭᠠᠷᠳᠠᠯᠭ᠎ᠠ ᠪᠠᠷ ᠯᠠᠪᠯᠠᠯᠲᠠ ᠪᠣᠯᠭᠠᠵᠤ᠂ | ᠬᠤᠶᠠᠷ ᠬᠥᠮᠦᠨ ᠤ ᠳᠤᠭᠤᠶᠢᠯᠠᠩ ᠬᠤᠪᠢᠶᠠᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠠᠩᠰᠠ ᠡᠪᠬᠡᠮᠡᠯ | ᠲᠤᠭᠤᠷᠪᠢᠨ ᠪᠢᠴᠢᠬᠦ ᠬᠡᠷᠡᠭᠲᠡᠶ᠃ ᠳᠤᠭᠤᠶᠢᠯᠠᠩ ᠬᠤᠪᠢᠶᠠᠬᠤ ᠦᠶ᠎ᠡ ᠳᠤ ᠠᠳᠠᠯᠢ ᠪᠤᠰᠤ ᠬᠠᠤᠯᠢ ᠬᠡᠷᠡᠭᠵᠢᠭᠦᠯᠦᠭᠰᠡᠨ | ᠥᠩᠭᠡᠷᠡᠯᠲᠡ ᠲᠠᠢ᠂ ᠠᠳᠠᠯᠢ ᠪᠤᠰᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠤᠭᠤᠷᠣᠨᠳᠣᠬᠢ ᠠᠵᠢᠯᠲᠠᠨ ᠢ | ᠲᠣᠬᠢᠶᠠᠯᠳᠤᠯ ᠢᠶᠠᠷ ᠳᠣᠭᠢᠷᠠᠭᠤᠯᠤᠨ ᠨᠡᠶᠢᠯᠡᠭᠦᠯᠵᠦ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠣᠯᠭᠠᠬᠤ | ᠲᠠᠪᠴᠠᠩ ᠢ ᠪᠠᠶᠢᠭᠤᠯᠵᠤ᠂ ᠠᠳᠠᠯᠢ ᠪᠤᠰᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠠᠵᠢᠯᠲᠠᠨ ᠤ ᠬᠤᠭᠤᠷᠣᠨᠳᠣᠬᠢ | ᠰᠣᠯᠢᠯᠴᠠᠭ᠎ᠠ ᠪᠠ ᠠᠭᠤᠰᠤᠯᠴᠠᠯ ᠢ ᠨᠡᠮᠡᠭᠳᠡᠭᠦᠯᠦᠨ᠎ᠡ᠃ ᠦᠨᠡᠯᠡᠨ ᠶᠠᠷᠢᠯᠴᠠᠬᠤ ᠭᠤᠭᠴᠤᠭ᠎ᠠ ᠳᠤ᠂ ᠡᠯ᠎ᠡ ᠳᠤᠭᠤᠶᠢᠯᠠᠩ | ᠲᠣᠰ ᠲᠣᠰ ᠲᠠᠶᠢᠰᠠᠨ ᠳᠤ ᠭᠠᠷᠴᠤ ᠬᠡᠷᠡᠭ ᠤᠨ ᠡᠪᠬᠡᠮᠡᠯ ᠢᠶᠠᠨ ᠳᠡᠯᠭᠡᠨ ᠦᠵᠡᠭᠦᠯᠵᠦ᠂ ᠰᠡᠳᠬᠢᠴᠡ ᠪᠠᠨ | ᠲᠠᠨᠢᠯᠴᠠᠭᠤᠯᠤᠨ᠂ ᠦᠨᠡᠯᠡᠨ ᠶᠠᠷᠢᠯᠴᠠᠬᠤ ᠳᠤᠭᠤᠶᠢᠯᠠᠩ ᠨᠢᠭᠡᠳ ᠨᠢᠭᠡ ᠪᠠᠷ ᠠᠰᠠᠭᠤᠯᠲᠠ ᠪᠠ ᠦᠨᠡᠯᠡᠯᠲᠡ ᠬᠢᠵᠦ᠂ | ᠬᠠᠤᠯᠢ ᠬᠡᠷᠡᠭᠵᠢᠭᠦᠯᠬᠦ ᠪᠥᠬᠦ ᠠᠵᠢᠯᠲᠠᠨ ᠬᠠᠮᠲᠤ ᠪᠠᠷ ᠨᠡᠶᠢᠲᠡᠯᠢᠭ ᠠᠰᠠᠭᠤᠳᠠᠯ᠂ ᠨᠡᠶᠢᠲᠡᠯᠢᠭ ᠴᠢᠨᠠᠷᠲᠠᠶ ᠠᠰᠠᠭᠤᠳᠠᠯ ᠢ | ᠶᠠᠷᠢᠯᠴᠠᠨ ᠵᠠᠳᠠᠯᠵᠤ᠂ ᠣᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠬᠠᠤᠯᠢ ᠬᠡᠷᠡᠭᠵᠢᠭᠦᠯᠦᠯᠲᠡ ᠶᠢ | ᠵᠢᠷᠤᠮᠵᠢᠭᠤᠯᠬᠤ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠪᠡ᠃ | ᠲᠠᠷᠠᠭᠠᠴᠢ ᠶᠢᠨ ᠠᠯᠬᠤᠮ ᠳᠤ᠂ ᠪᠤᠭᠤᠲᠤ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠨᠢ ᠲᠣᠰ ᠤᠳᠠᠭᠠᠨ ᠤ ᠲᠤᠰᠬᠠᠶ | ᠰᠡᠳᠦᠪᠲᠦ ᠪᠣᠯᠪᠠᠰᠤᠷᠠᠭᠤᠯᠤᠯ ᠤᠨ ᠦᠷ᠎ᠡ ᠪᠦᠲᠦᠭᠡᠯ ᠢ ᠪᠠᠷᠢᠮᠵᠢᠶ᠎ᠠ ᠪᠠᠷ ᠯᠠᠪᠯᠠᠯᠲᠠ ᠪᠣᠯᠭᠠᠬᠤ ᠬᠡᠪ ᠵᠠᠭᠪᠤᠷ ᠪᠣᠯᠭᠠᠨ | ᠡᠮᠬᠢᠯᠡᠵᠦ᠂ ᠬᠠᠤᠯᠢ ᠬᠡᠷᠡᠭᠵᠢᠭᠦᠯᠬᠦ ᠠᠵᠢᠯᠲᠠᠨ ᠤ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠠᠩᠰᠠ | ᠡᠪᠬᠡᠮᠡᠯ ᠢ ᠵᠢᠷᠤᠮᠵᠢᠭᠤᠯᠤᠨ ᠪᠢᠴᠢᠬᠦ ᠶᠢ ᠦᠷᠭᠦᠯᠵᠢᠯᠡᠨ ᠵᠢᠯᠣᠭᠤᠳᠴᠤ᠂ ᠲᠠᠩᠰᠠ ᠡᠪᠬᠡᠮᠡᠯ ᠤᠨ ᠶᠠᠰᠤ ᠴᠢᠨᠠᠷ ᠢ | ᠲᠠᠰᠤᠷᠠᠯᠲᠠ ᠥᠬᠡᠶ ᠳᠡᠭᠡᠭᠰᠢᠯᠡᠭᠦᠯᠦᠨ᠂ ᠬᠠᠤᠯᠢ ᠬᠡᠷᠡᠭᠵᠢᠭᠦᠯᠦᠭᠰᠡᠨ ᠰᠢᠯᠢᠳᠡᠭ ᠲᠠᠩᠰᠠ ᠡᠪᠬᠡᠮᠡᠯ ᠢ ᠴᠢᠷᠮᠠᠶᠢᠨ | ᠡᠭᠦᠳᠬᠦ ᠪᠣᠯᠤᠨ᠎ᠠ᠃ |