ᠰᠢᠯᠢ ᠶᠢᠨ ᠭᠤᠤᠯ ᠠᠶᠢᠮᠠᠭ ᠭᠠᠩ ᠬᠠᠭᠰᠠᠷᠠᠭᠠᠨ ᠲᠠᠢ ᠲᠡᠮᠡᠴᠡᠵᠦ ᠠᠪᠤᠷᠠᠨ ᠲᠤᠰᠠᠯᠠᠬᠤ ᠲᠤᠰᠬᠠᠶ ᠡᠩᠨᠡᠭᠡ ᠶᠢ ᠪᠠᠶᠢᠭᠤᠯᠪᠠ
ᠨᠡᠶᠢᠲᠡᠯᠡᠭᠰᠡᠨ ᠴᠠᠭ᠄
2024/12/23
    ᠣᠶᠢᠷ᠎ᠠ ᠶᠢᠨ ᠵᠢᠯ ᠤᠨ ᠲᠤᠷᠰᠢ᠂ ᠰᠢᠯᠢ ᠶᠢᠨ ᠭᠤᠣᠯ ᠤᠨ ᠳᠤᠮᠳᠠ ᠪᠠᠷᠠᠭᠤᠨ ᠬᠡᠰᠡᠭ᠂ ᠪᠠᠷᠠᠭᠤᠨ ᠬᠤᠶᠢᠲᠤ ᠬᠡᠰᠡᠭ ᠤᠨ ᠭᠠᠵᠠᠷ ᠣᠷᠣᠨ ᠳᠤ ᠦᠷᠭᠦᠯᠵᠢᠯᠡᠭᠰᠡᠨ ᠴᠢᠨᠠᠷᠲᠠᠶ ᠭᠠᠩ ᠬᠠᠭᠰᠠᠷᠠᠭᠠᠨ ᠭᠠᠷᠴᠤ᠂ ᠢᠯᠠᠩᠭᠤᠶ᠎ᠠ ᠡᠷᠢᠶᠡᠨ ᠬᠤᠲᠠ᠂ ᠰᠥᠨᠢᠳ ᠵᠡᠭᠦᠨ ᠬᠤᠰᠢᠭᠤ᠂ ᠰᠥᠨᠢᠳ ᠪᠠᠷᠠᠭᠤᠨ ᠬᠤᠰᠢᠭᠤ᠂ ᠠᠪᠠᠭ᠎ᠠ ᠬᠤᠰᠢᠭᠤ ᠵᠡᠷᠭᠡ ᠬᠤᠰᠢᠭᠤ ᠰᠢᠶᠠᠨ ᠤ ᠶᠡᠬᠡᠩᠬᠢ ᠭᠠᠵᠠᠷ ᠣᠷᠣᠨ ᠳᠤ ᠬᠡᠳᠦᠨ ᠵᠢᠯ ᠳᠠᠷᠠᠭᠠᠯᠠᠨ ᠬᠦᠨᠳᠦ ᠨᠣᠴᠢᠲᠠᠶ ᠭᠠᠩ ᠬᠠᠭᠰᠠᠷᠠᠭᠠᠨ ᠪᠣᠯᠵᠣ᠂ ᠳᠤᠮᠳᠠ ᠵᠡᠷᠭᠡ ᠶᠢᠨ ᠭᠠᠩ ᠬᠠᠭᠰᠠᠷᠠᠭᠠᠨ ᠪᠣᠯᠵᠣ᠂ ᠬᠡᠰᠡᠭ ᠭᠠᠵᠠᠷ ᠣᠷᠣᠨ ᠤ ᠨᠤᠲᠤᠭ ᠪᠡᠯᠴᠢᠭᠡᠷ ᠦᠷᠭᠦᠯᠵᠢᠯᠡᠨ ᠬᠡᠳᠦᠨ ᠵᠢᠯ ᠨᠣᠭᠤᠭᠠᠷᠠᠭ᠎ᠠ ᠥᠬᠡᠶ ᠪᠠᠶᠢᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶ ᠨᠡᠯᠢᠶᠡᠳ ᠬᠦᠨᠳᠦ ᠴᠣᠬᠢᠯᠲᠠ ᠣᠯᠵᠤ᠂ ᠪᠥᠬᠦ ᠠᠶᠢᠮᠠᠭ ᠤᠨ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠬᠠᠤ ᠪᠠᠶᠢᠳᠠᠯ ᠶᠠᠪᠤᠬᠤ ᠲᠤᠲᠤᠮ ᠬᠦᠨᠳᠦ ᠬᠡᠴᠡᠭᠦᠦ ᠪᠣᠯᠵᠣ ᠪᠠᠶᠢᠨ᠎ᠠ᠃
W020241220358086169843_ORIGIN.jpg
    ᠭᠠᠩ ᠬᠠᠭᠰᠠᠷᠠᠭᠠᠨ ᠢ ᠨᠠᠩ ᠰᠠᠶᠢᠨ ᠠᠷᠭᠠᠴᠠᠭᠠᠵᠤ᠂ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠬᠠᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠮᠠᠨ ᠤ ᠠᠶᠢᠮᠠᠭ ᠠᠪᠠᠭ᠎ᠠ ᠬᠤᠰᠢᠭᠤᠨ ᠤ ᠵᠠᠰᠠᠭ ᠤᠨ ᠣᠷᠳᠣᠨ ᠤ ᠲᠤᠰᠬᠠᠶ ᠭᠠᠯ ᠤᠨᠲᠠᠷᠠᠭᠠᠬᠤ ᠠᠩᠭᠢ ᠳᠤ ᠲᠦᠰᠢᠭᠯᠡᠨ ᠳᠤᠮᠳᠠ ᠪᠠᠷᠠᠭᠤᠨ ᠣᠷᠣᠨ ᠤ ᠭᠠᠩ ᠬᠠᠭᠰᠠᠷᠠᠭᠠᠨ ᠲᠠᠢ ᠲᠡᠮᠡᠴᠡᠵᠦ ᠠᠪᠤᠷᠠᠨ ᠲᠤᠰᠠᠯᠠᠬᠤ ᠲᠤᠰᠬᠠᠶ ᠡᠩᠨᠡᠭᠡ ᠶᠢ ᠵᠣᠬᠢᠶᠠᠨ ᠪᠠᠶᠢᠭᠤᠯᠪᠠ᠃ ᠲᠣᠰ ᠡᠩᠨᠡᠭᠡ ᠨᠢ ᠠᠪᠤᠷᠠᠨ ᠲᠤᠰᠠᠯᠠᠬᠤ ᠪᠠ  ᠦᠢᠯᠡᠴᠢᠯᠡᠬᠦ ᠡᠭᠦᠷᠭᠡ ᠴᠢᠳᠠᠪᠤᠷᠢ ᠶᠢ ᠬᠠᠪᠰᠤᠷᠭᠠᠵᠤ᠂ ᠭᠤᠤᠯᠳᠠᠭᠤ ᠭᠠᠩᠳᠠᠭᠰᠠᠨ ᠭᠠᠵᠠᠷ ᠣᠷᠣᠨ ᠳᠤ ᠤᠰᠤ ᠡᠷᠢᠵᠦ ᠬᠤᠳᠳᠤᠭ ᠮᠠᠯᠲᠠᠬᠤ᠂ ᠪᠠᠴᠢᠮ ᠪᠠᠶᠢᠳᠠᠯ ᠢ ᠠᠷᠭᠠᠴᠠᠭᠠᠵᠤ ᠤᠰᠤ ᠬᠦᠷᠭᠡᠬᠦ ᠦᠢᠯᠡᠴᠢᠯᠡᠭᠡ ᠬᠠᠩᠭᠠᠬᠤ᠂ ᠭᠠᠩ ᠲᠠᠢ ᠲᠡᠮᠡᠴᠡᠬᠦ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠬᠤ᠂ ᠭᠠᠩ ᠲᠠᠢ ᠲᠡᠮᠡᠴᠡᠬᠦ ᠲᠣᠨᠤᠭ ᠲᠥᠬᠦᠭᠡᠷᠦᠮᠵᠢ ᠶᠢ ᠪᠠᠶᠢᠴᠠᠭᠠᠨ ᠰᠡᠯᠪᠢᠵᠦ ᠬᠠᠮᠠᠭᠠᠯᠠᠬᠤ ᠵᠡᠷᠭᠡ ᠶᠢ ᠬᠠᠷᠢᠭᠤᠴᠠᠨ᠎ᠠ᠃
W020241220358086199484_ORIGIN.jpg
    ᠴᠡᠷᠢᠭ ᠠᠩᠭᠢ ᠳᠤ ᠣᠲᠣ 35 ᠬᠥᠮᠦᠨ ᠲᠠᠢ᠂ ᠭᠠᠩ ᠢ ᠡᠰᠡᠷᠭᠦᠴᠡᠬᠦ ᠤᠰᠤ ᠰᠠᠪᠠᠯᠠᠬᠤ ᠲᠡᠷᠭᠡ᠂ ᠴᠠᠬᠢᠯᠭᠠᠨ ᠭᠠᠷᠭᠠᠬᠤ ᠮᠠᠰᠢᠨ᠂ ᠱᠤᠩᠭᠤᠯ ᠬᠥᠭᠡᠷᠭᠡ ᠵᠡᠷᠭᠡ ᠭᠠᠩ ᠢ ᠡᠰᠡᠷᠭᠦᠴᠡᠬᠦ ᠲᠣᠨᠤᠭ ᠲᠥᠬᠦᠭᠡᠷᠦᠮᠵᠢ ᠶᠢ 571 ᠰᠠᠭᠤᠷᠢ ︵ᠢᠵᠢ︶ ᠲᠣᠬᠢᠷᠠᠭᠤᠯᠪᠠ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号