ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠯ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠬᠤᠷᠠᠯ ᠬᠤᠷᠠᠯᠳᠤᠭᠤᠯᠪᠠ ᠸᠠᠩ ᠯᠢ ᠰᠢᠶᠠ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2024/12/23
    12 ᠰᠠᠷ᠎ᠠ ᠶᠢᠨ 19 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠯ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠥᠪᠥᠷ ᠮᠣᠩᠭᠤᠯ ᠤᠨ ᠣᠨᠴᠠᠯᠢᠭ ᠪᠠ ᠳᠠᠪᠠᠭᠤᠯᠢᠭ ᠲᠠᠢ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ᠭᠤᠣᠯᠳᠠᠯᠭ᠎ᠠ ᠲᠠᠢ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠭᠤᠣᠯᠯᠠᠬᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠬᠦ᠂ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠣᠯᠠᠨ ᠲᠠᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠢ ᠪᠦᠷᠢᠨᠰᠢᠭᠦᠯᠦᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠤᠯᠭᠠᠬᠤ ᠶᠢ ᠠᠬᠢᠭᠤᠯᠵᠤ᠂ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠠᠰᠠᠭᠤᠳᠠᠯ ᠢ ᠡᠷᠡᠰ ᠵᠠᠯᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ 2024 ᠣᠨ ᠤ ᠪᠦᠭᠦ ᠣᠷᠣᠨ ᠤ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠪᠣᠯᠣᠨ 2025 ᠣᠨ ᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠰᠠᠨᠠᠭᠤᠯᠭ᠎ᠠ ᠵᠢᠴᠢ ᠡᠳ᠋ ᠤᠨ ᠵᠠᠰᠠᠭ ᠤᠨ ᠲᠥᠰᠥᠪ ᠤᠨ ᠲᠥᠰᠥᠯ ᠤᠨ ᠮᠡᠳᠡᠭᠦᠯᠦᠯᠲᠡ ᠶᠢ ᠰᠤᠳᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠢᠷᠡᠬᠦ ᠵᠢᠯ ᠤᠨ ᠭᠤᠣᠯᠳᠠᠯᠭ᠎ᠠ ᠲᠠᠢ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠬᠡᠷᠡᠭᠲᠡᠢ᠃ ᠠᠵᠢᠯ ᠲᠥᠷᠥᠯ ᠬᠦᠷᠢᠶ᠎ᠡ ᠴᠠᠷᠠᠭ᠎ᠠ ᠳᠠᠷᠠᠭᠠᠯᠠᠨ ᠬᠠᠷᠠᠯᠲᠠ ᠡᠭᠦᠷᠭᠡ ᠪᠠᠨ ᠨᠠᠷᠢᠯᠢᠭᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠪᠣᠳᠠᠲᠠᠢ ᠠᠷᠭ᠎ᠠ ᠬᠡᠮᠵᠢᠶ᠎ᠡ ᠶᠢ ᠭᠦᠨᠵᠡᠭᠡᠢ ᠰᠤᠳᠤᠯᠵᠤ᠂ ᠡᠴᠦᠰ ᠲᠤᠨᠢ ᠲᠤᠯᠲᠠᠯ᠎ᠠ ᠠᠩᠬᠠᠷᠴᠤ᠂ ᠪᠢᠲᠡᠭᠦᠦ ᠭᠤᠭᠴᠤᠭ᠎ᠠ ᠪᠠᠷ ᠨᠠᠶᠢᠳᠠᠪᠤᠷᠢᠵᠢᠭᠤᠯᠵᠤ᠂ ᠴᠠᠭ ᠲᠤᠬᠠᠢ ᠳᠤᠨᠢ ᠲᠠᠩᠰᠠ ᠲᠤᠰᠢᠶᠠᠬᠤ ᠬᠡᠷᠡᠭᠲᠡᠢ᠃ ᠲᠥᠰᠥᠪ ᠤᠨ ᠡᠷᠬᠡ ᠰᠦᠷᠲᠦ ᠴᠢᠨᠠᠷ ᠢ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠵᠤ᠂ ᠨᠠᠮ ᠵᠠᠰᠠᠭ ᠤᠨ ᠪᠠᠶᠢᠭᠤᠯᠭ᠎ᠠ ᠶᠢᠨ ᠠᠷᠪᠢᠴᠢ ᠭᠠᠮᠲᠠᠢ ᠠᠮᠢᠳᠤᠷᠠᠬᠤ ᠳᠠᠳᠬᠠᠯ ᠲᠠᠢ ᠪᠤᠯᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠭᠦᠭᠡᠬᠤᠲᠠ ᠪᠤᠭᠤᠲᠤ ᠣᠷᠳᠣᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠭᠦ ᠣᠷᠣᠨ ᠢ ᠪᠦᠲᠦᠭᠡᠨ ᠪᠠᠶᠢᠭᠤᠯᠬᠤ᠂ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠭᠦ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠭᠡᠷᠯᠡᠭᠦᠯᠵᠦ ᠪᠠᠶᠢᠬᠤ ᠠᠰᠠᠭᠤᠳᠠᠯ ᠢ ᠪᠦᠭᠦ ᠲᠠᠯ᠎ᠠ ᠪᠠᠷ ᠰᠢᠢᠳᠪᠦᠷᠢᠯᠡᠬᠦ ᠭᠤᠷᠪᠠᠨ ᠥᠭᠡᠷᠡᠴᠢᠯᠡᠯᠲᠡ ᠶᠢᠨ ᠲᠥᠰᠥᠯ ᠢ ᠬᠢᠨᠠᠨ ᠵᠥᠪᠯᠡᠵᠦ ᠪᠠᠲᠤᠯᠠᠨ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠭᠦᠭᠡᠬᠤᠲᠠ ᠪᠤᠭᠤᠲᠤ ᠣᠷᠳᠣᠰ ᠤᠨ ᠲᠥᠷᠥ ᠶᠢᠨ ᠪᠣᠳᠣᠯᠭ᠎ᠠ ᠶᠢᠨ ᠬᠠᠷᠢᠯᠴᠠᠨ ᠨᠡᠪᠲᠡᠷᠡᠯᠴᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠠᠵᠤ ᠦᠢᠯᠡᠰ ᠢᠶᠠᠨ ᠬᠠᠷᠢᠯᠴᠠᠨ ᠠᠬᠢᠭᠤᠯᠬᠤ᠂ ᠮᠡᠳᠡᠭᠡ ᠵᠠᠩᠭᠢ ᠪᠠᠨ ᠬᠠᠷᠢᠯᠴᠠᠨ ᠬᠤᠯᠪᠣᠭᠠᠯᠠᠬᠤ᠂ ᠴᠢᠳᠠᠪᠤᠷᠢᠲᠠᠨ ᠢᠶᠠᠷ ᠬᠠᠷᠢᠯᠴᠠᠨ ᠲᠡᠳᠬᠦᠬᠦ ᠶᠢ ᠠᠬᠢᠭᠤᠯᠬᠤ ᠬᠡᠷᠡᠭᠲᠡᠢ᠃ ᠬᠠᠤᠯᠢ ᠬᠡᠷᠡᠭᠵᠢᠭᠦᠯᠬᠦ ᠣᠷᠴᠢᠨ ᠢ ᠰᠢᠯᠢᠳᠡᠭᠵᠢᠭᠦᠯᠦᠨ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠ ᠨᠠᠷᠢᠯᠢᠭ ᠣᠨᠣᠴᠠᠲᠠᠢ ᠪᠤᠯᠭᠠᠬᠤ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠡᠪᠳᠡᠭᠰᠡᠨ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠮᠠᠯ ᠠᠵᠤ ᠠᠬᠤᠢ ᠶᠢᠨ ᠤᠯᠠᠮᠵᠢᠯᠠᠯᠲᠤ ᠦᠢᠯᠡᠳᠪᠦᠷᠢᠯᠡᠯ ᠤᠨ ᠠᠷᠭ᠎ᠠ ᠭᠡᠯᠪᠡᠷᠢ ᠶᠢ ᠲᠦᠷᠭᠡᠳᠬᠡᠨ ᠬᠤᠪᠢᠷᠠᠭᠤᠯᠵᠤ᠂ ᠲᠤᠷᠰᠢᠯᠲᠠ ᠶᠢᠨ ᠴᠡᠭ ᠤᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠨᠤᠲᠤᠭ ᠪᠡᠯᠴᠢᠭᠡᠷ ᠢ ᠠᠮᠤᠷᠵᠢᠭᠤᠯᠤᠨ ᠰᠡᠷᠭᠦᠭᠡᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠭᠰᠠᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ᠂ ᠣᠷᠣᠨ ᠨᠤᠲᠤᠭ ᠤᠨ ᠥᠷᠢ ᠥᠭᠴᠡᠭᠡ ᠪᠠ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠵᠡᠷᠭᠡ ᠠᠵᠢᠯ ᠢ ᠰᠤᠳᠤᠯᠪᠠ᠃    
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号