12 ᠳ᠋ᠤᠭᠠᠷ ᠰᠠᠷ᠎ᠠ ᠶᠢᠨ 12 ᠤᠨ ᠡᠳᠦᠷ᠂ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠢᠵᠢᠭ ᠪᠠᠷ ᠵᠢᠷᠤᠭ ᠵᠢᠴᠢ ᠨᠣᠮ ᠬᠠᠳᠠᠭᠠᠯᠠᠬᠤ ᠪᠢᠯᠧᠲ ᠤᠨ ᠦᠵᠡᠰᠬᠦᠯᠡᠩ ᠥᠪᠥᠷ | ᠮᠣᠩᠭᠤᠯ ᠤᠨ ᠤᠷᠠᠨ ᠵᠢᠷᠤᠭ ᠤᠨ ᠣᠷᠳᠣᠨ ᠳᠤ ᠡᠬᠢᠯᠡᠪᠡ᠃ ᠦᠵᠡᠰᠬᠦᠯᠡᠩ ᠨᠢ ᠵᠢᠵᠢᠭ ᠪᠠᠷ ᠵᠢᠷᠤᠭ᠂ ᠨᠣᠮ ᠤᠨ | ᠪᠢᠯᠧᠲ ᠬᠠᠳᠠᠭᠠᠯᠠᠬᠤ ᠪᠠᠷ ᠠᠴᠢᠶᠠᠯᠠᠪᠤᠷᠢ ᠪᠣᠯᠭᠠᠵᠤ᠂ ᠨᠡᠶᠢᠲᠡ 209 ᠪᠦᠲᠦᠭᠡᠯ ᠢ ᠳᠡᠯᠭᠡᠨ ᠦᠵᠡᠭᠦᠯᠵᠦ᠂ | ᠪᠦᠲᠦᠭᠡᠯ ᠨᠢ ᠬᠤᠲᠣᠭᠤᠷ᠂ ᠭᠦᠳᠦᠭᠦᠷ᠂ ᠲᠡᠭᠰᠢ᠂ ᠨᠦᠬᠡ᠂ ᠶᠡᠷᠦᠩᠬᠡᠶᠢᠯᠡᠭᠰᠡᠨ ᠬᠡᠪᠯᠡᠯ ᠵᠡᠷᠭᠡ ᠡᠯ᠎ᠡ ᠲᠥᠷᠥᠯ ᠢ | ᠬᠠᠮᠤᠷᠴᠤ᠂ ᠪᠦᠲᠦᠭᠡᠯ ᠨᠢ ᠠᠮᠢᠳᠤᠷᠠᠯ ᠳᠤ ᠨᠢᠭᠲᠠ ᠣᠶᠢᠷᠠᠲᠤᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠪᠠᠷ ᠵᠢᠷᠤᠭ ᠤᠨ ᠤᠷᠠᠯᠢᠭ ᠤᠨ ᠥᠪᠡᠷᠮᠢᠴᠡ ᠷᠢᠳᠢ ᠰᠢᠳᠢ ᠪᠠ ᠭᠦᠨ ᠵᠤᠵᠠᠭᠠᠨ ᠰᠣᠶᠣᠯ ᠤᠨ | ᠠᠭᠤᠯᠤᠭᠳᠠᠬᠤᠨ ᠢ ᠳᠡᠯᠭᠡᠨ ᠦᠵᠡᠭᠦᠯᠵᠡᠶ᠃ ᠲᠣᠰ ᠤᠳᠠᠭᠠᠨ ᠤ ᠦᠵᠡᠰᠬᠦᠯᠡᠩ 2025 ᠣᠨ ᠤ 1 ᠰᠠᠷ᠎ᠠ ᠶᠢᠨ | 5 ᠤ ᠡᠳᠦᠷ ᠪᠣᠯᠲᠠᠯ᠎ᠠ ᠶᠠᠪᠤᠭᠳᠠᠨ᠎ᠠ᠃ |