12 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠶᠠᠷᠢᠯᠴᠠᠬᠤ | ᠬᠤᠷᠠᠯ ᠢ ᠡᠷᠭᠢᠯᠡᠨ ᠬᠤᠷᠠᠯᠳᠤᠭᠤᠯᠵᠤ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ | ᠬᠤᠯᠪᠤᠭ᠎ᠠ᠂ ᠨᠠᠮ ᠪᠦᠯᠦᠭ ᠤᠨ ᠪᠤᠰᠤ ᠬᠥᠮᠥᠰ ᠪᠣᠯᠣᠨ ᠵᠠᠰᠠᠭ ᠤᠨ ᠣᠷᠳᠣᠨ ᠤ ᠵᠥᠪᠯᠡᠭᠴᠢ᠂ ᠰᠣᠶᠣᠯ ᠲᠡᠦᠬᠡ ᠶᠢᠨ | ᠣᠷᠳᠣᠨ ᠤ ᠰᠠᠩᠴᠢ ᠠᠴᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠰᠠᠨᠠᠯ ᠬᠤᠷᠢᠶᠠᠬᠤ ᠨᠣᠣᠷᠠᠭ︶︾ | ᠤᠨ ᠲᠤᠬᠠᠢ ᠰᠠᠨᠠᠯ ᠰᠠᠨᠠᠭᠤᠯᠭ᠎ᠠ ᠬᠤᠷᠢᠶᠠᠪᠠ᠃ | ᠬᠤᠷᠠᠯ ᠳᠡᠭᠡᠷ᠎ᠡ᠂ ᠬᠤᠩ ᠳ᠋ᠦᠩ ᠮᠧᠶ᠂ ᠵᠣᠣ ᠵᠢᠢ᠂ ᠶᠢᠨ ᠵᠤᠸᠠᠩ᠂ ᠰᠦᠨ ᠵᠢᠶᠦ᠋ᠨ ᠴᠢᠩ᠂ ᠶᠦᠨ ᡁᠢ | ᠾᠧᠦ᠂ ᠢᠦᠢ ᠷᠧᠨ ᠵᠢᠶᠧ᠂ ᠵᠧᠦ ᠶᠢᠨ ᠵᠤᠸᠠᠩ᠂ ᠴᠧᠨ ᠵᠢᠶᠠᠨ ᠬᠤᠸᠠ᠂ ᠹᠠᠨ ᠯᠢ ᠵᠢᠶᠦ᠋ᠨ᠂ ᠯᠢᠦ ᡁᠢ ᠢᠦᠢ᠂ | ᠢᠦᠢ ᠰᠢᠤᠸᠠᠢ ᠵᠥᠩ᠂ ᠯᠦ ᡁᠢ ᠴᠢᠶᠠᠩ ᠨᠠᠷ ᠬᠡᠷᠡᠭᠯᠡᠭᠡ ᠶᠢ ᠬᠥᠭᠵᠢᠭᠡᠬᠦ᠂ ᠬᠥᠮᠥᠨ ᠠᠮᠠ ᠪᠠ ᠠᠵᠤ ᠦᠢᠯᠡᠰ ᠤᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠤᠮᠠᠷᠠᠲᠤ ᠬᠢᠯᠢ ᠶᠢᠨ ᠰᠣᠶᠣᠯ ᠢ ᠪᠠᠳᠠᠷᠠᠭᠠᠬᠤ᠂ ᠪᠠᠷᠠᠭᠠᠨ ᠤ | ᠭᠦᠢᠯᠭᠡᠭᠡ ᠶᠢᠨ ᠥᠪᠡᠷ ᠤᠨ ᠥᠷᠲᠡᠭ ᠢ ᠪᠠᠭᠤᠷᠠᠭᠤᠯᠬᠤ᠂ ᠢᠷᠡᠭᠡᠳᠦᠢ ᠶᠢᠨ ᠬᠤᠲᠠ ᠶᠢ ᠴᠣᠭᠴᠠᠯᠠᠬᠤ᠂ ᠬᠥᠳᠡᠭᠡ | ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠠᠭᠠᠷ ᠤᠨ ᠠᠶᠠᠯᠠᠯ ᠤᠨ ᠠᠵᠤ ᠦᠢᠯᠡᠰ ᠢ | ᠬᠥᠭᠵᠢᠭᠦᠯᠬᠦ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭᠠᠨ ᠤ ᠪᠠᠶᠢᠷᠢᠯᠠᠭᠤᠯᠤᠯᠲᠠ ᠶᠢ | ᠰᠢᠯᠢᠳᠡᠭᠵᠢᠭᠦᠯᠬᠦ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠵᠡᠷᠭᠡ ᠶᠢᠨ | ᠲᠤᠬᠠᠢ ᠰᠠᠨᠠᠯ ᠰᠠᠨᠠᠭᠤᠯᠭ᠎ᠠ ᠪᠠᠨ ᠶᠠᠷᠢᠪᠠ᠃ | ᠤᠯᠠᠨ ᠤ ᠶᠠᠷᠢᠬᠤ ᠶᠢ ᠰᠣᠨᠣᠰᠤᠭᠰᠠᠨ ᠤ ᠳᠠᠷᠠᠭ᠎ᠠ ᠸᠠᠩ ᠯᠢ ᠰᠢᠶᠠ᠂ ᠣᠯᠠᠨ ᠤ ᠳᠤᠷᠠᠳᠤᠭᠰᠠᠨ ᠰᠠᠨᠠᠭᠤᠯᠭ᠎ᠠ | ᠮᠠᠰᠢ ᠦᠨ᠎ᠡ ᠴᠡᠨ᠎ᠠ ᠲᠠᠢ᠂ ᠪᠢᠳᠡᠨ ᠳᠤ ᠮᠠᠰᠢ ᠶᠡᠭᠡ ᠰᠡᠩᠬᠡᠷᠡᠭᠦᠯᠦᠯ ᠪᠣᠯᠵᠠᠢ᠂ ᠢᠯᠡᠳᠬᠡᠯ ᠢ ᠲᠤᠭᠤᠷᠪᠢᠬᠤ | ᠳᠤᠭᠤᠶᠢᠯᠠᠩ ᠵᠦᠢᠯ ᠵᠤᠷᠪᠤᠰ ᠳᠠᠷᠠᠭᠠᠯᠠᠨ ᠡᠮᠬᠢᠯᠡᠨ ᠰᠤᠳᠤᠯᠵᠤ᠂ ᠨᠠᠷᠢᠨ ᠬᠢᠨᠠᠮᠠᠭᠠᠢ ᠰᠢᠩᠭᠡᠬᠡᠨ ᠠᠪᠬᠤ ᠬᠡᠷᠡᠭᠲᠡᠢ | ᠭᠡᠵᠦ ᠢᠯᠡᠳᠬᠡᠪᠡ᠃ ᠲᠡᠷᠡ᠂ ᠳᠠᠪᠬᠤᠷ ᠳᠠᠪᠬᠤᠷ ᠬᠦᠴᠢᠷᠳᠡᠯ ᠪᠠ ᠥᠷᠢᠰᠦᠯᠳᠦᠭᠡᠨ ᠤ ᠡᠮᠦᠨ᠎ᠡ᠂ ᠡᠨᠡ ᠵᠢᠯ | ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠬᠥᠮᠥᠰ ᠢ ᠵᠣᠷᠢᠭᠵᠢᠭᠤᠯᠤᠮ᠎ᠠ ᠠᠮᠵᠢᠯᠲᠠ | ᠣᠯᠵᠠᠢ᠂ ᠡᠨᠡ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠪᠦᠭᠦ ᠣᠷᠣᠨ ᠤ | ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠳᠠᠭᠠᠭᠤᠯᠤᠨ ᠦᠨᠡᠨ ᠪᠣᠳᠠᠲᠠᠢ ᠠᠵᠢᠯᠯᠠᠵᠤ ᠣᠯᠣᠭᠰᠠᠨ | ᠠᠮᠵᠢᠯᠲᠠ ᠪᠤᠯᠬᠤ ᠪᠥᠭᠡᠳ ᠨᠡᠶᠢᠭᠡᠮ ᠤᠨ ᠡᠯ᠎ᠡ ᠡᠲᠡᠭᠡᠳ ᠤᠨ ᠤᠶᠤᠨ ᠤᠬᠠᠭᠠᠨ ᠪᠠ ᠬᠦᠴᠦ ᠭᠦᠳᠡᠯᠮᠦᠷᠢ ᠰᠢᠩᠭᠡᠵᠦ | ᠪᠠᠶᠢᠭ᠎ᠠ ᠶᠤᠮ᠃ ᠳᠠᠶᠠᠭᠠᠷ ᠲᠤ ᠡᠷᠬᠢᠮ ᠨᠠᠨᠳᠢᠨ ᠰᠠᠨᠠᠯ ᠢᠶᠠᠨ ᠦᠷᠭᠦᠯᠵᠢ ᠳᠤᠷᠠᠳᠴᠤ᠂ ᠪᠢᠳᠠᠨ ᠲᠠᠢ ᠬᠠᠮᠲᠤ ᠪᠠᠷ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ | ᠰᠠᠶᠢᠲᠤᠷ ᠨᠠᠶᠢᠳᠠᠪᠤᠷᠢᠵᠢᠭᠤᠯᠵᠤ᠂ ᠤᠳᠠᠭᠠᠨ ᠳᠠᠭᠠᠭᠠᠮᠠᠭᠠᠢ ᠵᠢᠳᠬᠦᠨ ᠴᠢᠷᠮᠠᠶᠢᠵᠤ ᠡᠯ᠎ᠡ ᠵᠦᠢᠯ ᠤᠨ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠦᠷᠭᠦᠯᠵᠢᠯᠡᠨ ᠰᠠᠶᠢᠨ ᠰᠠᠶᠢᠬᠠᠨ ᠨᠥᠬᠦᠴᠡᠯ ᠢ ᠡᠭᠦᠳᠴᠦ᠂ ᠨᠡᠪᠲᠡᠷᠡᠯᠴᠡᠵᠦ | ᠰᠣᠯᠢᠯᠴᠠᠬᠤ ᠲᠣᠭᠲᠠᠴᠠ ᠶᠢ ᠤᠯᠠᠮ ᠲᠡᠭᠦᠯᠳᠡᠷᠵᠢᠭᠦᠯᠦᠨ᠂ ᠡᠯ᠎ᠡ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ | ᠪᠠᠶᠢᠩᠭᠤ ᠶᠢᠨ ᠴᠢᠨᠠᠷᠲᠠᠢ ᠰᠣᠨᠣᠰᠴᠤ᠂ ᠬᠥᠭᠵᠢᠯᠲᠡ ᠶᠢᠨ ᠬᠠᠮᠤᠭ ᠤᠨ ᠶᠡᠭᠡ ᠬᠠᠮᠲᠤᠷᠠᠯ ᠬᠦᠴᠦᠨ ᠢ | ᠨᠢᠭᠲᠠᠷᠠᠭᠤᠯᠤᠨ᠎ᠠ ᠭᠡᠵᠡᠢ᠃ | |