ᠡᠮ ᠡᠮᠨᠡᠯᠬᠡ ᠶᠢᠨ ᠳᠠᠭᠠᠳᠬᠠᠯ ᠢ ᠠᠮᠠᠷᠬᠠᠨ ᠲᠠᠰᠣᠯᠵᠤ ᠪᠣᠯᠬᠤ ᠦᠭᠡᠢ︕ ᠡᠮ ᠡᠮᠨᠡᠯᠭᠡ ᠶᠢᠨ ᠳᠠᠭᠠᠳᠬᠠᠯ ᠢᠶᠠᠷ | ᠲᠠᠩᠰᠠ ᠲᠠᠶᠢᠯᠬᠤ ᠭᠡᠪᠡᠯ ᠥᠪᠡᠷ ᠤᠨ ᠳᠠᠭᠠᠳᠬᠠᠯ ᠳᠤ ᠣᠷᠣᠯᠴᠠᠬᠤ ᠪᠠᠶᠢᠳᠠᠯ ᠢᠶᠠᠨ ᠪᠠᠲᠤᠯᠠᠬᠤ ᠬᠡᠷᠡᠭᠲᠡᠶ᠂ ᠡᠨᠡ ᠪᠣᠯ | ᠬᠠᠮᠤᠭ ᠤᠨ ᠰᠠᠭᠤᠷᠢ ᠪᠥᠭᠡᠳ ᠬᠠᠮᠤᠭ ᠤᠨ ᠴᠢᠬᠤᠯᠠ ᠶᠠᠪᠤᠳᠠᠯ ᠪᠣᠯᠤᠨ᠎ᠠ᠃ ᠬᠡᠷᠪᠡ ᠳᠠᠭᠠᠳᠬᠠᠯ ᠢᠶᠠᠨ ᠵᠤᠭᠰᠤᠭᠠᠪᠠᠯ | ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠬᠠᠷᠠᠭᠠᠯᠵᠠᠯ ᠢ ᠭᠥᠷᠳᠡᠬᠦ ᠶᠢᠨ ᠠᠷᠭ᠎ᠠ ᠥᠬᠡᠶ ᠪᠠᠶᠢᠵᠤ᠂ | ᠡᠪᠡᠳᠴᠢᠯᠡᠪᠡᠯ ᠡᠮᠨᠡᠯᠭᠡ ᠶᠢᠨ ᠬᠤᠷᠢᠶᠠᠨ ᠳᠤ ᠣᠴᠢᠪᠠᠯ ᠥᠪᠡᠷ ᠢᠶᠠᠨ ᠵᠣᠭᠤᠰ ᠲᠤᠰᠢᠶᠠᠬᠤ ᠪᠣᠯᠤᠨ᠎ᠠ᠃ ᠡᠶᠢᠮᠦ ᠠᠴᠠ | ᠣᠯᠠᠨ ᠢᠶᠠᠷ ᠢᠶᠠᠨ ᠰᠠᠨᠠᠭᠠᠴᠢᠯᠠᠭ᠎ᠠ ᠠᠴᠠ ᠪᠠᠨ ᠦᠷᠭᠦᠯᠵᠢᠯᠡᠨ ᠳᠠᠭᠠᠳᠬᠠᠯ ᠳᠤ ᠣᠷᠣᠯᠴᠠᠵᠤ᠂ ᠲᠣᠰ ᠪᠡᠶ᠎ᠡ ᠶᠢᠨ ᠡᠮ | ᠡᠮᠨᠡᠯᠭᠡ ᠶᠢᠨ ᠳᠠᠭᠠᠳᠬᠠᠯ ᠤᠨ ᠡᠷᠬᠡ ᠠᠰᠢᠭ ᠢᠶᠠᠨ ᠨᠠᠩ ᠰᠠᠶᠢᠲᠤᠷ ᠪᠠᠲᠤᠯᠠᠬᠤ ᠶᠢ ᠰᠠᠨᠠᠭᠤᠯᠤᠶ᠎ᠠ᠃ | ᠨᠢᠭᠡ᠂ ᠬᠤᠳᠠ ᠪᠠᠯᠭᠠᠰᠣᠨ ᠤ ᠠᠵᠢᠯᠳᠠᠨ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠬᠠᠤᠯᠢ︾ ᠶᠢᠨ ᠳᠠᠯᠠᠨ | ᠬᠤᠶᠠᠳᠤᠭᠠᠷ ᠵᠤᠷᠪᠤᠰ ᠲᠤ᠄ ᠬᠦᠳᠡᠯᠮᠦᠷᠢᠴᠢᠨ ᠬᠡᠷᠡᠭᠯᠡᠬᠦ ᠨᠢᠭᠡᠴᠢ ᠪᠣᠯᠤᠨ ᠬᠥᠳᠡᠯᠮᠦᠷᠢᠴᠢᠨ ᠡᠷᠬᠡᠪᠰᠢ ᠬᠠᠤᠯᠢ | ᠶᠣᠰᠣᠭᠠᠷ ᠨᠡᠶᠢᠭᠡᠮ ᠤᠨ ᠳᠠᠭᠠᠳᠬᠠᠯ ᠳᠤ ᠣᠷᠣᠯᠴᠠᠵᠤ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ | ᠬᠡᠷᠡᠭᠲᠡᠶ ᠭᠡᠵᠦ ᠲᠣᠭᠲᠠᠭᠠᠵᠠᠶ᠃ ᠠᠵᠢᠯ ᠳᠤ ᠣᠷᠣᠯᠴᠠᠭᠰᠠᠨ ᠤ ᠳᠠᠷᠠᠭ᠎ᠠ᠂ ᠠᠵᠢᠯᠲᠠᠨ ᠠᠵᠢᠯᠴᠢᠨ ᠪᠣᠯᠤᠨ | ᠬᠦᠳᠡᠯᠮᠦᠷᠢᠴᠢᠨ ᠬᠡᠷᠡᠭᠯᠡᠬᠦ ᠨᠢᠭᠡᠴᠢ ᠬᠥᠳᠡᠯᠮᠦᠷᠢ ᠶᠢᠨ ᠬᠠᠷᠢᠴᠠᠭ᠎ᠠ ᠣᠷᠣᠰᠢᠵᠤ ᠪᠠᠶᠢᠬᠤ ᠬᠡᠷᠡᠭᠳᠡᠢ᠂ ᠬᠦᠳᠡᠯᠮᠦᠷᠢᠴᠢᠨ | ᠬᠡᠷᠡᠭᠯᠡᠬᠦ ᠨᠢᠭᠡᠴᠢ ᠨᠢ ᠲᠣᠭᠲᠠᠭᠠᠯ ᠶᠣᠰᠣᠭᠠᠷ ᠠᠵᠢᠯᠴᠢᠨ ᠬᠦᠳᠡᠯᠮᠦᠷᠢᠴᠢᠨ ᠬᠡᠷᠡᠭᠯᠡᠭᠰᠡᠨ ᠡᠳᠦᠷ ᠠᠴᠠ ᠡᠬᠢᠯᠡᠨ 30 | ᠡᠳᠦᠷ ᠤᠨ ᠳᠣᠲᠣᠷ᠎ᠠ ᠠᠵᠢᠯᠲᠠᠨ ᠠᠵᠢᠯᠴᠢᠨ ᠳᠤ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ | ᠳᠠᠭᠠᠳᠬᠠᠯ ᠢ ᠲᠤᠰᠢᠶᠠᠬᠤ ᠬᠡᠷᠡᠭᠲᠡᠶ᠃ ᠬᠡᠷᠪᠡ ᠠᠵᠢᠯ ᠢᠶᠠᠨ ᠰᠣᠯᠢᠬᠤ ᠳᠤ ᠬᠦᠷᠪᠡᠯ᠂ ᠡᠷᠬᠡᠪᠰᠢ ᠥᠪᠡᠷ ᠤᠨ ᠡᠮ | ᠡᠮᠨᠡᠯᠭᠡ ᠶᠢᠨ ᠳᠠᠭᠠᠳᠬᠠᠯ ᠤᠨ ᠬᠠᠷᠢᠴᠠᠭ᠎ᠠ ᠪᠠᠨ ᠰᠢᠯᠵᠢᠭᠦᠯᠬᠦ ᠶᠢ ᠠᠩᠬᠠᠷᠴᠤ᠂ ᠲᠣᠭᠲᠠᠭᠰᠠᠨ ᠴᠠᠭ ᠲᠠᠭᠠᠨ ᠰᠢᠨ᠎ᠡ | ᠺᠣᠮᠫᠠᠨᠢ ᠳᠤ ᠪᠠᠨ ᠦᠷᠬᠦᠯᠵᠢᠯᠡᠨ ᠲᠤᠰᠢᠶᠠᠬᠤ ᠬᠡᠷᠡᠭᠲᠡᠢ᠃ | ᠬᠤᠶᠠᠷ᠂ ᠬᠤᠳᠠ ᠬᠥᠳᠡᠭᠡ ᠶᠢᠨ ᠰᠠᠭᠤᠭᠠᠯᠢ ᠠᠷᠠᠳ | ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠪᠠᠰᠤ ᠵᠣᠬᠢᠬᠤ ᠬᠥᠮᠦᠰ ᠠᠴᠠ ᠪᠤᠰᠤᠳ ᠪᠤᠶ ᠪᠦᠬᠦᠢ ᠰᠠᠭᠤᠭᠠᠯᠢ ᠠᠷᠠᠳ ᠪᠣᠯ᠂ ᠥᠪᠡᠰᠦᠪᠡᠨ ᠡᠷᠦᠬᠡ ᠳᠤ | ᠲᠠᠩᠰᠠᠯᠠᠭᠰᠠᠨ ᠭᠠᠵᠠᠷ ᠪᠤᠶᠤ ᠣᠷᠣᠰᠢᠨ ᠰᠠᠭᠤᠬᠤ ᠦᠨᠡᠮᠯᠡᠯ ᠤᠨ ᠪᠠᠶᠢᠭ᠎ᠠ ᠭᠠᠵᠠᠷ ᠤᠨ ᠡᠮ ᠡᠮᠨᠡᠯᠭᠡ ᠶᠢᠨ | ᠳᠠᠭᠠᠳᠬᠠᠯ ᠢ ᠡᠷᠬᠢᠯᠡᠨ ᠭᠦᠢᠴᠡᠳᠬᠡᠬᠦ ᠪᠠᠶᠢᠭᠤᠯᠤᠮᠵᠢ ︵ᠪᠤᠶᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ︶ ᠳᠤ | ᠬᠦᠷᠴᠦ ᠳᠠᠭᠠᠳᠬᠠᠯ ᠳᠤ ᠣᠷᠣᠯᠴᠠᠬᠤ ᠶᠢ ᠭᠦᠢᠴᠡᠳᠬᠡᠬᠦ ᠬᠡᠷᠡᠭᠲᠡᠶ᠃ ᠰᠠᠭᠤᠭᠠᠯᠢ ᠠᠷᠠᠳ ᠤᠨ ᠡᠮ ᠡᠮᠨᠡᠯᠭᠡ ᠶᠢᠨ | ᠳᠠᠭᠠᠳᠬᠠᠯ ᠤᠨ ᠵᠠᠷᠤᠳᠠᠯ ᠢ ᠡᠩ ᠤᠨ ᠪᠠᠶᠢᠳᠠᠯ ᠳᠤ ᠨᠢᠭᠡ ᠵᠢᠯ ᠳᠤ ᠨᠢᠭᠡ ᠤᠳᠠᠭ᠎ᠠ ᠲᠤᠰᠢᠶᠠᠵᠤ᠂ ᠨᠢᠭᠡ | ᠤᠳᠠᠭ᠎ᠠ ᠳᠤ ᠨᠢᠭᠡ ᠵᠢᠯ ᠢ ᠪᠠᠲᠤᠯᠠᠨ᠎ᠠ᠂ ᠵᠢᠯ ᠪᠦᠷᠢ ᠶᠢᠨ ᠵᠢᠯ ᠤᠨ ᠰᠡᠭᠦᠯᠴᠢ ᠠᠴᠠ ᠡᠮᠦᠨ᠎ᠡ ᠳᠠᠭᠠᠳᠬᠠᠯ ᠤᠨ | ᠵᠠᠷᠤᠳᠠᠯ ᠢᠶᠠᠨ ᠲᠤᠰᠢᠶᠠᠬᠤ ᠳᠤ᠂ ᠳᠠᠷᠠᠭ᠎ᠠ ᠵᠢᠯ ᠨᠢ ᠰᠠᠶ᠋ᠢ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ | ᠬᠠᠷᠠᠭᠠᠯᠵᠠᠯ ᠢ ᠬᠦᠷᠳᠡᠵᠦ ᠴᠢᠳᠠᠨ᠎ᠠ᠂ ᠳᠠᠭᠠᠳᠬᠠᠯ ᠳᠤ ᠢᠳᠡᠪᠬᠢᠳᠡᠢ ᠣᠷᠣᠯᠴᠠᠬᠤ ᠪᠠᠨ ᠶᠠᠭᠠᠬᠢᠭᠰᠠᠨ ᠴᠤ ᠮᠠᠷᠲᠠᠵᠤ | ᠪᠣᠯᠬᠤ ᠦᠭᠡᠢ᠃ |