12 ᠰᠠᠷ᠎ᠠ ᠶᠢᠨ 19 ᠤ ᠡᠳᠦᠷ᠂ ᠪᠥᠬᠦ ᠤᠯᠤᠰ ᠤᠨ ᠭᠠᠮᠰᠢᠭ ᠠᠴᠠ ᠠᠪᠤᠷᠬᠠᠤ ᠪᠠ ᠡᠳ᠋ ᠪᠣᠳᠠᠰ ᠤᠨ | ᠪᠠᠲᠤᠯᠠᠭ᠎ᠠ ᠶᠢᠨ ᠠᠵᠢᠯ ᠵᠢᠴᠢ ᠡᠪᠦᠯ ᠬᠠᠪᠤᠷ ᠤᠨ ᠠᠪᠤᠷᠠᠨ ᠲᠤᠰᠠᠯᠠᠬᠤ ᠠᠵᠢᠯ ᠤᠨ ᠬᠤᠷᠠᠯ ᠯᠢᠶᠣᠤᠨᠢᠩ ᠤᠨ | ᠱᠧᠨᠶᠠᠩ ᠳᠤ ᠬᠤᠷᠠᠯᠳᠤᠪᠠ᠃ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ | ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ 2024 ᠣᠨ ᠤ ᠭᠠᠮᠰᠢᠭ ᠠᠴᠠ | ᠠᠪᠤᠷᠬᠠᠤ ᠪᠠ ᠡᠳ᠋ ᠪᠣᠳᠠᠰ ᠤᠨ ᠪᠠᠲᠤᠯᠠᠭ᠎ᠠ ᠶᠢᠨ ᠠᠵᠢᠯ ᠢ ᠳ᠋ᠦᠩᠨᠡᠵᠦ᠂ ᠲᠤᠯᠭᠠᠷᠠᠵᠤ ᠪᠠᠶᠢᠭ᠎ᠠ ᠪᠠᠶᠢᠳᠠᠯ ᠡᠭᠦᠷᠭᠡ ᠶᠢ | ᠵᠠᠳᠠᠯᠵᠤ᠂ 2025 ᠣᠨ ᠤ ᠭᠤᠤᠯᠳᠠᠯᠭ᠎ᠠ ᠲᠠᠢ ᠠᠵᠢᠯ ᠪᠣᠯᠤᠨ ᠵᠢᠯ ᠤᠨ ᠡᠴᠦᠰ ᠬᠠᠪᠤᠷ ᠤᠨ ᠡᠬᠢᠨ ᠢᠶᠠᠷ ᠠᠪᠤᠷᠠᠨ | ᠲᠤᠰᠠᠯᠠᠬᠤ ᠠᠵᠢᠯ ᠢ ᠪᠠᠶᠢᠷᠢᠯᠠᠭᠤᠯᠪᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠨᠠᠮ ᠤᠨ | ᠬᠤᠷᠢᠶᠠᠨ ᠤ ᠭᠡᠰᠢᠭᠦᠨ᠂ ᠳᠡᠳ᠋ ᠰᠠᠶᠢᠳ ᠸᠠᠩ ᠳ᠋ᠤᠤ ᠰᠢ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ | ᠯᠢᠶᠣᠤᠨᠢᠩ ᠮᠤᠵᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠮᠤᠵᠢ ᠶᠢᠨ ᠳᠠᠷᠤᠭ᠎ᠠ ᠸᠠᠩ ᠵᠢᠶᠠᠨ | ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃ | ᠬᠤᠷᠠᠯ ᠠᠴᠠ᠂ 2024 ᠣᠨ ᠳᠤ ᠮᠠᠨ ᠤ ᠤᠯᠤᠰ ᠲᠤ ᠡᠯ᠎ᠡ ᠵᠦᠢᠯ ᠤᠨ ᠪᠠᠶᠢᠭᠠᠯᠢ ᠶᠢᠨ ᠭᠠᠮᠰᠢᠭ ᠤᠯᠠᠨ | ᠡᠭᠦᠰᠴᠦ ᠦᠷᠭᠦᠯᠵᠢᠯᠡᠨ ᠡᠭᠦᠰᠴᠦ᠂ ᠬᠤᠯᠪᠣᠭᠳᠠᠬᠤ ᠬᠡᠪᠴᠢᠶ᠎ᠡ ᠥᠷᠭᠡᠨ᠂ ᠨᠥᠯᠥᠭᠡᠯᠡᠬᠦ ᠬᠡᠮᠵᠢᠶ᠎ᠡ ᠭᠦᠨ᠂ | ᠤᠴᠠᠷᠠᠭᠤᠯᠤᠭᠰᠠᠨ ᠬᠤᠬᠢᠷᠠᠯ ᠬᠦᠨᠳᠦ ᠪᠠᠶᠢᠨ᠎ᠠ᠃ ᠪᠦᠬᠦ ᠤᠯᠤᠰ ᠤᠨ ᠪᠠᠴᠢᠮ ᠪᠠᠶᠢᠳᠠᠯ ᠢ ᠠᠷᠭᠠᠴᠠᠭᠠᠵᠤ | ᠭᠠᠮᠰᠢᠭ ᠠᠴᠠ ᠠᠪᠤᠷᠠᠬᠤ ᠹᠷᠣᠨᠲ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠡᠷᠡᠰ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠣᠰᠣᠭᠠᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠶᠠᠮᠤᠨ ᠤ ᠨᠠᠮ ᠤᠨ ᠬᠤᠷᠢᠶ᠎ᠠ ᠪᠣᠯᠤᠨ ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ | ᠣᠷᠳᠣᠨ ᠤ ᠤᠳᠤᠷᠢᠳᠤᠯᠭ᠎ᠠ ᠳᠣᠣᠷ᠎ᠠ᠂ ᠠᠯᠢ ᠤᠯᠠᠨ ᠬᠦᠨᠳᠦ ᠣᠨᠴᠠ ᠶᠡᠭᠡ ᠭᠠᠮᠰᠢᠭ ᠢ ᠬᠦᠴᠦᠲᠡᠢ ᠡᠮᠬᠢ | ᠵᠢᠷᠤᠮ ᠲᠠᠢ ᠠᠷᠭᠠᠴᠠᠭᠠᠵᠤ᠂ ᠭᠠᠮᠰᠢᠭᠳᠠᠭᠰᠠᠨ ᠤᠯᠠᠨ ᠲᠦᠮᠡᠨ ᠤ ᠦᠨᠳᠦᠰᠦᠨ ᠠᠮᠢᠳᠤᠷᠠᠯ ᠢ ᠵᠣᠬᠢᠰᠲᠠᠢ ᠪᠠᠲᠤᠯᠠᠵᠤ᠂ | ᠭᠠᠮᠰᠢᠭᠳᠠᠭᠰᠠᠨ ᠣᠷᠣᠨ ᠤ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠪᠠ᠃ | ᠬᠤᠷᠠᠯ ᠠᠴᠠ᠂ ᠣᠳᠣᠬᠠᠨ ᠳᠤ ᠮᠠᠨ ᠤ ᠤᠯᠤᠰ ᠤᠨ ᠪᠠᠶᠢᠭᠠᠯᠢ ᠶᠢᠨ ᠭᠠᠮᠰᠢᠭ ᠤᠨ ᠪᠠᠶᠢᠳᠠᠯ ᠬᠦᠨᠳᠦ ᠬᠡᠴᠡᠭᠦᠦ | ᠨᠠᠷᠢᠨ ᠪᠤᠳᠤᠯᠢᠶᠠᠨᠲᠠᠶ ᠪᠠᠶᠢᠵᠤ᠂ ᠣᠨᠴᠠᠭᠠᠶ ᠴᠠᠭ ᠠᠭᠤᠷ ᠤᠨ ᠬᠡᠷᠡᠭ ᠣᠯᠠᠰᠢᠷᠠᠬᠤ ᠬᠠᠨᠳᠤᠰᠢ ᠲᠠᠢ ᠪᠣᠯᠵᠣ᠂ | ᠭᠠᠮᠰᠢᠭ ᠤᠨ ᠠᠳᠡᠯ ᠤᠨ ᠨᠥᠯᠥᠭᠡ ᠳᠠᠪᠬᠤᠴᠠᠵᠤ᠂ ᠠᠪᠤᠷᠠᠨ ᠲᠤᠰᠠᠯᠠᠬᠤ ᠡᠭᠦᠷᠭᠡ ᠬᠦᠨᠳᠦ ᠪᠠᠶᠢᠨ᠎ᠠ᠃ | ᠭᠠᠮᠰᠢᠭ ᠠᠴᠠ ᠠᠪᠤᠷᠠᠬᠤ ᠪᠠ ᠡᠳ᠋ ᠪᠣᠳᠠᠰ ᠤᠨ ᠪᠠᠲᠤᠯᠠᠭ᠎ᠠ ᠶᠢᠨ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ | ᠰᠢᠨ᠎ᠡ ᠡᠭᠦᠷᠭᠡ ᠶᠢ ᠭᠦᠨᠵᠡᠭᠡᠢ ᠲᠠᠨᠢᠵᠤ᠂ ᠠᠪᠤᠷᠠᠨ ᠲᠤᠰᠠᠯᠠᠬᠤ ᠪᠡᠯᠡᠳᠬᠡᠯ ᠢ ᠲᠤᠪᠤᠶᠢᠯᠭᠠᠬᠤ ᠲᠠᠯ᠎ᠠ ᠪᠠᠷ ᠬᠦᠴᠦ | ᠣᠷᠣᠭᠤᠯᠵᠤ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠥᠷᠢᠯᠡᠬᠦ ᠲᠠᠯ᠎ᠠ ᠪᠠᠷ ᠰᠢᠪᠲᠤᠯᠤᠯᠲᠠ ᠭᠠᠷᠭᠠᠵᠤ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠲᠠᠯ᠎ᠠ ᠪᠠᠷ ᠬᠦᠴᠦ ᠣᠷᠣᠭᠤᠯᠵᠤ᠂ ᠭᠠᠮᠰᠢᠭ ᠠᠴᠠ ᠠᠪᠤᠷᠠᠬᠤ ᠪᠠ ᠡᠳ᠋ | ᠪᠣᠳᠠᠰ ᠤᠨ ᠪᠠᠲᠤᠯᠠᠭ᠎ᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ | ᠬᠦᠴᠦᠨ ᠢᠶᠠᠷ ᠠᠬᠢᠭᠤᠯᠵᠤ᠂ ᠲᠦᠢᠯ ᠤᠨ ᠶᠡᠭᠡ ᠪᠠᠶᠢᠭᠠᠯᠢ ᠶᠢᠨ ᠭᠠᠮᠰᠢᠭ ᠢ ᠠᠷᠭᠠᠴᠠᠭᠠᠬᠤ ᠴᠢᠳᠠᠪᠤᠷᠢ ᠶᠢᠨ | ᠲᠦᠪᠰᠢᠨ ᠢ ᠰᠢᠰᠲᠧᠮᠵᠢᠭᠦᠯᠦᠨ ᠳᠡᠭᠡᠭᠰᠢᠯᠡᠭᠦᠯᠵᠦ᠂ ᠭᠠᠮᠰᠢᠭᠳᠠᠭᠰᠠᠨ ᠤᠯᠠᠨ ᠲᠦᠮᠡᠨ ᠳᠤ ᠦᠢᠯᠡᠴᠢᠯᠡᠬᠦ ᠪᠠ | ᠪᠠᠲᠤᠯᠠᠭ᠎ᠠ ᠬᠠᠩᠭᠠᠬᠤ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ | ᠠᠷᠭᠠᠴᠠᠭᠠᠬᠤ ᠰᠠᠨᠠᠭᠠᠴᠢᠯᠠᠭᠠᠲᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠰᠢᠨ᠎ᠡ ᠴᠠᠭ ᠦᠶ᠎ᠡ ᠶᠢᠨ | ᠭᠠᠮᠰᠢᠭ ᠠᠴᠠ ᠠᠪᠤᠷᠠᠬᠤ ᠰᠢᠨ᠎ᠡ ᠵᠠᠮ ᠢ ᠴᠢᠷᠮᠠᠶᠢᠨ ᠨᠡᠭᠡᠭᠡᠬᠦ ᠬᠡᠷᠡᠭᠲᠡᠢ ᠭᠡᠵᠦ ᠴᠢᠬᠤᠯᠠᠴᠢᠯᠠᠪᠠ᠃ ᠡᠭᠦᠨ ᠤ ᠬᠠᠮᠲᠤ᠂ | ᠭᠠᠮᠰᠢᠭᠳᠠᠭᠰᠠᠨ ᠣᠯᠠᠨ ᠲᠦᠮᠡᠨ ᠤ ᠡᠪᠦᠯᠵᠢᠬᠦ ᠶᠢ ᠲᠥᠪᠬᠢᠨᠡᠭᠦᠯᠬᠦ᠂ ᠡᠪᠦᠯ ᠬᠠᠪᠤᠷ ᠢ ᠠᠪᠤᠷᠠᠨ ᠲᠤᠰᠠᠯᠠᠬᠤ ᠪᠠ | ᠭᠠᠮᠰᠢᠭ ᠢ ᠰᠡᠷᠭᠡᠶᠢᠯᠡᠨ ᠠᠷᠭᠠᠴᠠᠭᠠᠬᠤ ᠠᠵᠢᠯ ᠢ ᠰᠠᠶᠢᠲᠤᠷ ᠬᠢᠵᠦ᠂ ᠠᠮᠤᠷ ᠲᠦᠪᠰᠢᠨ ᠳᠤᠯᠠᠭᠠᠨ ᠪᠦᠯᠢᠶᠡᠨ | ᠡᠪᠦᠯᠵᠢᠬᠦ ᠶᠢ ᠦᠨᠡᠨᠬᠦ ᠪᠠᠲᠤᠯᠠᠬᠤ ᠬᠡᠷᠡᠭᠲᠡᠶ᠃ | ᠡᠳ᠋ ᠤᠨ ᠵᠠᠰᠠᠭ ᠤᠨ ᠶᠠᠮᠤᠨ ᠤ ᠡᠬᠢ ᠪᠠᠶᠠᠯᠢᠭ ᠤᠨ ᠣᠷᠴᠢᠨ ᠲᠣᠭᠤᠷᠢᠨ ᠤ ᠵᠤᠷᠭᠠᠨ ᠤ ᠬᠠᠷᠢᠭᠤᠴᠠᠯᠭᠠᠲᠠᠨ | ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠬᠡᠰᠡᠭ ᠮᠤᠵᠢ ᠣᠷᠣᠨ ᠤ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠲᠤᠷᠰᠢᠯᠭ᠎ᠠ ᠠᠷᠭ᠎ᠠ ᠬᠢᠳᠡᠯ ᠢᠶᠠᠨ ᠰᠣᠯᠢᠯᠴᠠᠪᠠ᠃ ᠠᠷᠠᠳ ᠤᠨ | ᠶᠠᠪᠤᠳᠠᠯ ᠤᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠣᠷᠣᠨ ᠰᠠᠭᠤᠴᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠶᠠᠮᠤᠨ᠂ ᠤᠰᠤᠨ ᠠᠰᠢᠭᠯᠠᠯᠲᠠ ᠶᠢᠨ ᠶᠠᠮᠤᠨ᠂ ᠬᠥᠳᠡᠭᠡ ᠠᠵᠤ ᠠᠬᠤᠶ ᠬᠥᠳᠡᠭᠡ | ᠲᠣᠰᠬᠤᠨ ᠤ ᠶᠠᠮᠤᠨ᠂ ᠤᠯᠤᠰ ᠤᠨ ᠮᠥᠩᠭᠦᠨ ᠭᠦᠶ᠋ᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ᠂ | ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ᠂ ᠤᠯᠤᠰ ᠤᠨ ᠠᠮᠤ ᠪᠤᠳᠠᠭ᠎ᠠ ᠪᠠ ᠨᠥᠭᠡᠴᠡᠯᠡᠬᠦ | ᠲᠣᠪᠴᠢᠶ᠎ᠠ ᠶᠢᠨ ᠬᠤᠯᠪᠣᠭᠳᠠᠯ ᠪᠥᠬᠦᠶ ᠵᠤᠷᠭᠠᠨ ᠲᠣᠪᠴᠢᠶ᠎ᠠ᠂ ᠡᠯ᠎ᠡ ᠮᠤᠵᠢ ᠶᠢᠨ ᠱᠠᠲᠤᠨ ᠤ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ︵ᠲᠣᠪᠴᠢᠶ᠎ᠠ︶᠂ ᠶᠠᠮᠤᠨ ᠪᠠᠶᠢᠭᠤᠯᠭ᠎ᠠ ᠶᠢᠨ ᠬᠤᠯᠪᠣᠭᠳᠠᠯ ᠪᠥᠬᠦᠶ | ᠵᠤᠷᠭᠠᠨ ᠲᠣᠪᠴᠢᠶ᠎ᠠ ᠪᠣᠯᠤᠨ ᠶᠠᠮᠤᠨ ᠤ ᠬᠠᠷᠢᠶ᠎ᠠ ᠬᠤᠯᠪᠣᠭᠳᠠᠯ ᠪᠥᠬᠦᠶ ᠨᠢᠭᠡᠴᠢ ᠶᠢᠨ ᠬᠠᠷᠢᠭᠤᠴᠠᠯᠭᠠᠲᠠᠨ ᠨᠥᠬᠦᠳ᠂ | ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ᠂ ᠪᠡᠭᠡᠵᠢᠩ ᠤᠨ | ᠪᠠᠭᠰᠢ ᠶᠢᠨ ᠶᠡᠭᠡ ᠰᠤᠷᠭᠠᠭᠤᠯᠢ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠡᠭᠡ ᠰᠤᠷᠭᠠᠭᠤᠯᠢ ︵ | ᠪᠡᠯᠡᠳᠬᠡᠯ︶ ᠶᠢᠨ ᠬᠤᠯᠪᠣᠭᠳᠠᠯ ᠪᠥᠬᠦᠶ ᠲᠤᠰᠬᠠᠶ ᠮᠡᠷᠭᠡᠵᠢᠯᠲᠡᠨ ᠡᠷᠳᠡᠮᠲᠡᠨ ᠬᠤᠷᠠᠯ ᠳᠤ ᠣᠷᠣᠯᠴᠠᠵᠠᠶ᠃ |