ᠬᠦᠨᠳᠦ ᠣᠨᠴᠠ ᠶᠡᠭᠡ ᠭᠠᠯ ᠤᠨ ᠠᠶᠤᠯ ᠤᠨ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠬᠤ ᠶᠢᠨ | ᠲᠥᠯᠥᠭᠡ᠂ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ | ᠲᠤᠰᠠᠯᠠᠬᠤ ᠰᠠᠯᠪᠤᠷᠢ ᠠᠩᠭᠢ ᠣᠶᠢᠷ᠎ᠠ ᠳᠤ ᠭᠤᠤᠯ ᠬᠤᠲᠠ ᠶᠢᠨ ᠲᠣᠭᠤᠷᠢᠭ ᠤᠨ ᠭᠠᠯ ᠤᠨᠲᠠᠷᠠᠭᠠᠬᠤ ᠥᠷᠲᠡᠭᠡ ᠶᠢ | ᠵᠣᠬᠢᠶᠠᠨ ᠪᠠᠶᠢᠭᠤᠯᠵᠤ ᠷᠧᠨ ᠯᠢ ᠰᠢᠤᠸᠠᠢ ᠯᠢᠶᠠᠨ ᠢᠮᠠᠭᠠᠨ ᠨᠣᠯᠤᠤᠷ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ᠂ | ︽ᠭᠠᠯ ᠰᠡᠷᠭᠡᠶᠢᠯᠡᠵᠦ ᠭᠠᠯ ᠤᠨᠲᠠᠷᠠᠭᠠᠬᠤ ᠬᠠᠮᠲᠤᠷᠠᠭᠰᠠᠨ ᠦᠢᠯᠡᠴᠢᠯᠡᠭᠡ︾ ᠪᠠ ᠪᠣᠳᠠᠲᠤ ᠪᠠᠶᠢᠯᠳᠤᠭᠠᠨ ᠤ | ᠳᠠᠶᠢᠴᠢᠯᠠᠯᠲᠠ ᠶᠢᠨ ᠰᠣᠷᠢᠯᠲᠠ ᠥᠷᠨᠢᠭᠦᠯᠪᠡ᠃ | ᠷᠧᠨ ᠯᠢ ᠰᠢᠤᠸᠠᠢ ᠯᠢᠶᠠᠨ ᠢᠮᠠᠭᠠᠨ ᠨᠣᠯᠤᠤᠷ ᠤᠨ ᠬᠢᠵᠠᠭᠠᠷᠲᠤ ᠺᠣᠮᠫᠠᠨᠢ ᠳᠤ᠂ ᠲᠣᠭᠯᠠᠯᠲᠠ ᠳᠤ | ᠣᠷᠣᠯᠴᠠᠭᠰᠠᠳ ᠨᠢᠭᠡᠳᠦᠭᠡᠷ ᠳᠠᠪᠬᠤᠷᠭ᠎ᠠ ᠶᠢᠨ ᠰᠡᠮᠡᠳᠡᠰᠦ ᠡᠭᠡᠷᠡᠬᠦ ᠦᠢᠯᠡᠳᠪᠦᠷᠢ ᠶᠢᠨ ᠲᠠᠰᠤᠭ ᠤᠨ ᠪᠦᠲᠦᠴᠡ ᠶᠢᠨ | ᠪᠠᠶᠢᠷᠢᠰᠢᠭᠤᠯᠤᠯᠲᠠ ᠪᠠ ᠭᠠᠯ ᠤᠨᠲᠠᠷᠠᠭᠠᠬᠤ ᠪᠡᠯᠡᠳᠬᠡᠮᠵᠢ ᠵᠡᠷᠭᠡ ᠪᠠᠶᠢᠳᠠᠯ ᠢ ᠭᠤᠤᠯᠳᠠᠯᠭ᠎ᠠ ᠲᠠᠢ ᠣᠶᠢᠯᠠᠭᠠᠵᠤ᠂ ᠶᠡᠭᠡ | ᠠᠯᠭᠠᠰᠠᠯ ᠲᠠᠢ ᠲᠣᠮᠣ ᠣᠭᠲᠠᠷᠭᠤᠶ ᠶᠢᠨ ᠦᠢᠯᠡᠳᠪᠦᠷᠢ ᠶᠢᠨ ᠬᠡᠷ ᠤᠨ ᠭᠠᠯ ᠤᠨ ᠠᠶᠤᠯ ᠤᠨ ᠵᠢᠯᠣᠭᠤᠳᠤᠨ | ᠳᠣᠭᠢᠷᠠᠭᠤᠯᠬᠤ ᠪᠠ ᠪᠠᠶᠢᠯᠳᠤᠬᠤ ᠠᠷᠭ᠎ᠠ ᠪᠠᠶᠢᠯᠳᠤᠬᠤ ᠠᠷᠭ᠎ᠠ ᠶᠢᠨ ᠰᠤᠳᠤᠯᠤᠨ ᠶᠠᠷᠢᠯᠴᠠᠬᠤ ᠶᠢ ᠥᠷᠨᠢᠭᠦᠯᠵᠦ᠂ ᠭᠠᠯ | ᠤᠨᠲᠠᠷᠠᠭᠠᠬᠤ ᠡᠵᠡᠮᠳᠡᠯ ᠤᠨ ᠲᠠᠰᠤᠭ᠂ ᠰᠡᠮᠡᠳᠡᠰᠦ ᠡᠭᠡᠷᠡᠬᠦ ᠦᠢᠯᠡᠳᠪᠦᠷᠢ ᠶᠢᠨ ᠲᠠᠰᠤᠭ ᠵᠡᠷᠭᠡ ᠭᠤᠤᠯᠳᠠᠯᠭ᠎ᠠ ᠲᠠᠢ | ᠣᠷᠣᠨ ᠪᠠᠶᠢᠷᠢ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠠᠷᠢᠯᠭ᠎ᠠ ᠶᠢᠨ ᠭᠠᠯ ᠤᠨᠲᠠᠷᠠᠭᠠᠬᠤ | ᠪᠡᠯᠡᠳᠬᠡᠮᠵᠢ ᠪᠠ ᠲᠡᠷᠭᠡ ᠬᠥᠰᠬᠡ ᠶᠢᠨ ᠲᠣᠨᠤᠭ ᠲᠥᠬᠦᠭᠡᠷᠦᠮᠵᠢ ᠶᠢᠨ ᠪᠣᠳᠠᠲᠠᠶ ᠭᠠᠵᠠᠷ ᠲᠤᠨᠢ ᠤᠭᠰᠠᠷᠠᠵᠤ | ᠲᠤᠷᠰᠢᠬᠤ ᠶᠢ ᠵᠣᠬᠢᠶᠠᠨ ᠪᠠᠶᠢᠭᠤᠯᠤᠨ᠎ᠠ᠃ | ᠰᠣᠷᠢᠯᠲᠠ ᠨᠢ ᠬᠠᠮᠤᠭ ᠤᠨ ᠶᠡᠭᠡ᠂ ᠬᠠᠮᠤᠭ ᠤᠨ ᠬᠦᠴᠢᠷᠲᠡᠶ᠂ ᠬᠠᠮᠤᠭ ᠤᠨ ᠠᠰᠢᠭ ᠦᠭᠡᠶ ᠨᠥᠬᠦᠴᠡᠯ ᠳᠤ | ᠰᠠᠭᠤᠷᠢᠯᠠᠵᠤ᠂ ᠰᠡᠮᠡᠳᠡᠰᠦ ᠡᠭᠡᠷᠡᠬᠦ ᠦᠢᠯᠡᠳᠪᠦᠷᠢ ᠶᠢᠨ ᠲᠠᠰᠤᠭ ᠤᠨ ᠮᠠᠰᠢᠨ ᠢ ᠳᠠᠭᠤᠷᠢᠶᠠᠨ ᠭᠠᠯ ᠤᠨ ᠠᠶᠤᠯ | ᠭᠠᠷᠴᠤ᠂ ᠮᠠᠰᠢ ᠲᠦᠷᠭᠡᠨ ᠢᠶᠠᠷ ᠥᠷᠭᠡᠵᠢᠨ ᠥᠷᠭᠡᠵᠢᠵᠦ᠂ ᠠᠰᠠᠷ ᠳᠣᠲᠣᠷ᠎ᠠ ᠬᠥᠮᠦᠨ ᠬᠠᠰᠢᠭᠳᠠᠵᠠᠶ᠃ ᠲᠡᠶᠢᠨ ᠳᠤ | ᠣᠷᠣᠯᠴᠠᠭᠰᠠᠨ ᠬᠦᠴᠦᠨ ᠨᠢ ︽ᠬᠥᠮᠦᠨ ᠢ ᠠᠪᠤᠷᠬᠠᠤ ᠶᠢ ᠲᠡᠷᠢᠭᠦᠨ ᠳᠤ ᠲᠠᠯᠪᠢᠵᠤ᠂ ᠰᠢᠨᠵᠢᠯᠡᠬᠦ ᠤᠬᠠᠭᠠᠨᠴᠢ ᠪᠠᠷ | ᠠᠪᠤᠷᠬᠠᠤ︾ ᠶᠢ ᠪᠠᠷᠢᠮᠲᠠᠯᠠᠵᠤ᠂ ︽ᠤᠷᠢᠳᠠᠪᠠᠷ ᠡᠵᠡᠮᠳᠡᠵᠦ᠂ ᠳᠠᠷᠠᠭ᠎ᠠ ᠨᠢ ᠤᠰᠠᠳᠬᠠᠬᠤ︾ ᠰᠢᠢᠳᠪᠦᠷᠢᠯᠡᠬᠦ | ᠵᠠᠷᠴᠢᠮ ᠢ ᠵᠢᠷᠤᠮᠯᠠᠨ᠂ ︽ᠪᠠᠬᠢᠵᠢᠭᠦᠯᠬᠦ ᠪᠠᠷ ᠭᠤᠤᠯ ᠪᠣᠯᠭᠠᠵᠤ᠂ ᠪᠠᠬᠢᠵᠢᠭᠦᠯᠬᠦ ᠪᠠ ᠰᠢᠯᠵᠢᠭᠦᠯᠬᠦ ᠶᠢ ᠤᠶᠠᠯᠳᠤᠭᠤᠯᠤᠨ | ᠂ ᠳᠣᠲᠣᠭᠠᠳᠤ ᠭᠠᠳᠠᠭᠠᠳᠤ ᠶᠢ ᠬᠠᠮᠵᠢᠯᠴᠠᠭᠤᠯᠵᠤ᠂ ᠬᠦᠴᠦᠯᠡᠨ ᠳᠠᠭᠠᠷᠢᠵᠤ ᠣᠶᠢᠷ᠎ᠠ ᠠᠴᠠ ᠨᠢ ᠪᠠᠶᠢᠯᠳᠤᠬᠤ︾ | ᠪᠠᠶᠢᠯᠳᠤᠬᠤ ᠠᠷᠭ᠎ᠠ ᠶᠢᠨ ᠪᠠᠶᠢᠯᠳᠤᠬᠤ ᠠᠷᠭ᠎ᠠ ᠶᠢ ᠠᠪᠴᠤ᠂ ᠡᠪᠳᠡᠯᠡᠨ ᠵᠠᠳᠠᠯᠬᠤ᠂ ᠣᠲᠤᠭ᠎ᠠ ᠭᠠᠳᠠᠭᠰᠢᠯᠠᠭᠤᠯᠬᠤ | ᠵᠡᠷᠭᠡ ᠲᠤᠰᠬᠠᠶ ᠮᠡᠷᠭᠡᠵᠢᠯ ᠤᠨ ᠲᠣᠨᠤᠭ ᠲᠥᠬᠦᠭᠡᠷᠦᠮᠵᠢ ᠶᠢ ᠢᠳᠡᠪᠬᠢᠲᠡᠶ ᠬᠡᠷᠡᠭᠯᠡᠨ᠂ ᠲᠦᠭᠰᠢᠭᠦᠷᠢᠲᠦ ᠪᠠᠶᠢᠳᠠᠯ ᠢ | ᠠᠮᠵᠢᠯᠲᠠᠲᠠᠶ ᠰᠢᠢᠳᠪᠦᠷᠢᠯᠡᠵᠦ᠂ ᠲᠣᠮᠣ ᠠᠯᠭᠠᠰᠠᠯ ᠲᠠᠢ ᠦᠢᠯᠡᠳᠪᠦᠷᠢ ᠶᠢᠨ ᠬᠡᠷ ᠤᠨ ᠭᠠᠯ ᠤᠨ ᠠᠶᠤᠯ ᠢ | ᠪᠦᠲᠦᠮᠵᠢᠲᠡᠶ ᠪᠠᠶᠢᠴᠠᠭᠠᠨ ᠰᠢᠯᠭᠠᠭᠰᠠᠨ ᠪᠠ ᠰᠢᠢᠳᠪᠦᠷᠢᠯᠡᠭᠰᠡᠨ ᠪᠣᠳᠠᠲᠤ ᠴᠢᠳᠠᠪᠤᠷᠢ ᠶᠢ ᠳᠡᠭᠡᠭᠰᠢᠯᠡᠭᠦᠯᠪᠡ᠃ | ᠰᠣᠷᠢᠯᠲᠠ ᠪᠠᠷ ᠳᠡᠮᠵᠢᠨ᠂ ᠡᠩᠨᠡᠭᠡ ᠶᠢᠨ ᠲᠣᠮᠣ ᠣᠷᠣᠨ ᠵᠠᠶ ᠠᠯᠤᠰᠯᠠᠭᠰᠠᠨ ᠲᠣᠮᠣ ᠦᠢᠯᠡᠳᠪᠦᠷᠢ ᠶᠢᠨ ᠬᠡᠷ ᠤᠨ | ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠪᠠ ᠬᠠᠮᠵᠢᠯᠴᠠᠨ ᠪᠠᠶᠢᠯᠳᠤᠬᠤ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠰᠠᠯᠪᠤᠷᠢ ᠠᠩᠭᠢ ᠲᠣᠰ | ᠤᠳᠠᠭᠠᠨ ᠤ ᠳᠠᠶᠢᠴᠢᠯᠠᠯᠲᠠ ᠶᠢᠨ ᠰᠣᠷᠢᠯᠲᠠ ᠪᠠᠷ ᠠᠵᠠ ᠲᠣᠬᠢᠶᠠᠯ ᠪᠣᠯᠭᠠᠵᠤ᠂ ᠬᠠᠷᠢᠶᠠᠲᠤ ᠣᠷᠣᠨ ᠤ ᠭᠠᠮᠰᠢᠭ ᠤᠨ | ᠣᠨᠴᠠᠯᠢᠭ ᠲᠤ ᠰᠠᠭᠤᠷᠢᠯᠠᠨ᠂ ᠠᠵᠢᠯᠲᠠᠨ᠂ ᠲᠣᠨᠣᠭᠯᠠᠯ᠂ ᠮᠡᠷᠭᠡᠵᠢᠯ ᠪᠠᠶᠢᠯᠳᠤᠬᠤ ᠠᠷᠭ᠎ᠠ ᠵᠡᠷᠭᠡ ᠲᠠᠯ᠎ᠠ ᠪᠠᠷ | ᠣᠷᠣᠰᠢᠵᠤ ᠪᠠᠶᠢᠭ᠎ᠠ ᠪᠠᠭᠤᠷᠠᠶ ᠭᠤᠭᠴᠤᠭ᠎ᠠ ᠶᠢ ᠨᠠᠷᠢᠨ ᠬᠢᠨᠠᠮᠠᠭᠠᠶ ᠡᠷᠢᠵᠦ᠂ ᠲᠤᠰᠬᠠᠶ ᠮᠡᠷᠭᠡᠵᠢᠯ ᠤᠨ ᠪᠣᠯᠪᠠᠰᠤᠷᠠᠯ᠂ | ᠪᠣᠳᠠᠲᠤ ᠪᠠᠶᠢᠯᠳᠤᠭᠠᠨ ᠤ ᠪᠣᠯᠪᠠᠰᠤᠷᠠᠯ᠂ ᠶᠡᠷᠦᠩᠬᠡᠶᠢᠯᠡᠭᠰᠡᠨ ᠰᠣᠷᠢᠯᠲᠠ᠂ ᠰᠡᠳᠦᠪ ᠤᠨ ᠰᠤᠳᠤᠯᠭᠠᠨ ᠢ ᠶᠡᠭᠡ ᠪᠠᠷ | ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠡᠯᠡᠳᠬᠡᠯ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠡᠴᠦᠰ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠨ᠎ᠠ᠃ |