︽ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠳᠦᠷᠢᠮ︾ ᠨᠢ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳᠠᠪᠠᠷ ᠬᠥᠭᠵᠢᠭᠦᠯᠬᠦ ᠶᠢ ᠠᠬᠢᠭᠤᠯᠬᠤ ᠳᠤ ᠴᠢᠩᠭ᠎ᠠ ᠬᠦᠴᠦᠲᠡᠢ ᠪᠠᠲᠤᠯᠠᠭ᠎ᠠ ᠬᠠᠩᠭᠠᠪᠠ
ᠨᠡᠶᠢᠲᠡᠯᠡᠭᠰᠡᠨ ᠴᠠᠭ᠄
2024/12/27
    ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠶᠡᠷᠦᠩᠬᠡᠶᠢᠯᠡᠭᠰᠡᠨ ᠲᠡᠭᠡᠭᠡᠪᠦᠷᠢ ᠶᠢᠨ ᠰᠤᠳᠤᠯᠭᠠᠨ ᠤ ᠭᠠᠵᠠᠷ ᠤᠨ ᠬᠤᠲᠠ ᠶᠢᠨ ᠵᠠᠮ ᠬᠠᠷᠢᠯᠴᠠᠭᠠᠨ ᠤ ᠲᠥᠪ ᠤᠨ ᠡᠷᠬᠢᠯᠡᠭᠴᠢ ᠴᠧᠩ ᠱᠢ ᠳ᠋ᠦᠩ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ ᠨᠢ ᠣᠯᠠᠨ ᠨᠡᠶᠢᠲᠡ ᠳᠤ ᠶᠠᠪᠤᠵᠤ ᠰᠠᠭᠤᠬᠤ ᠦᠨᠳᠦᠰᠦᠨ ᠦᠢᠯᠡᠴᠢᠯᠡᠭᠡ ᠬᠠᠩᠭᠠᠵᠤ᠂ ᠨᠡᠯᠢᠶᠡᠳ ᠴᠢᠩᠭ᠎ᠠ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠲᠠᠢ ᠮᠥᠷᠲᠡᠭᠡᠨ ᠪᠠᠰᠠ ᠪᠣᠬᠢᠷᠲᠤᠯ ᠦᠭᠡᠢ᠂ ᠡᠷᠴᠢᠮᠯᠢᠭ ᠶᠠᠪᠤᠵᠤ ᠰᠠᠭᠤᠬᠤ ᠠᠷᠭ᠎ᠠ ᠮᠠᠶ᠋ᠢᠭ ᠪᠠᠶᠢᠵᠤ᠂ ᠪᠣᠬᠢᠷᠲᠤᠯ ᠢ ᠪᠠᠭᠠᠰᠬᠠᠨ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠲᠦᠭᠵᠢᠷᠡᠯ ᠢ ᠨᠠᠮᠳᠠᠭᠤᠯᠬᠤ ᠳᠤ ᠴᠥᠮ ᠴᠢᠬᠤᠯᠠ ᠦᠢᠯᠡᠳᠦᠯ ᠲᠠᠢ ᠶᠤᠮ᠃ ᠡᠷᠬᠡᠪᠰᠢ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠲᠡᠳᠡᠨ ᠤ ᠲᠠᠲᠠᠬᠤ ᠬᠦᠴᠦᠨ ᠪᠠ ᠥᠷᠢᠰᠦᠯᠳᠦᠬᠦ ᠬᠦᠴᠦᠨ ᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠤᠯᠠᠨ ᠨᠡᠶᠢᠲᠡ ᠶᠢ ᠨᠡᠩ ᠢᠯᠡᠭᠦᠦ ᠬᠦᠷᠲᠡᠮᠵᠢ ᠶᠢᠨ ᠲᠥᠷᠥᠭᠳᠡᠯ ᠲᠠᠢ ᠪᠣᠯᠭᠠᠬᠤ ᠬᠡᠷᠡᠭᠲᠡᠢ᠃ ︽ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠢ ᠨᠡᠶᠢᠲᠡᠯᠡᠭᠰᠡᠨ ᠶᠠᠪᠤᠳᠠᠯ ᠪᠣᠯ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ︽ᠬᠠᠤᠯᠢ ᠪᠠᠷ ᠵᠠᠰᠠᠬᠤ ᠵᠠᠮ ᠢᠶᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠵᠤ᠂ ᠥᠭᠡᠷᠡᠴᠢᠯᠡᠯᠲᠡ ᠬᠢᠬᠦ ᠪᠠ ᠬᠠᠤᠯᠢ ᠪᠠᠷ ᠵᠠᠰᠠᠬᠤ ᠶᠢ ᠬᠠᠷᠢᠯᠴᠠᠨ ᠨᠢᠭᠡᠳᠬᠡᠵᠦ᠂ ᠴᠢᠬᠤᠯᠠ ᠶᠡᠭᠡ ᠥᠭᠡᠷᠡᠴᠢᠯᠡᠯᠲᠡ ᠶᠢ ᠬᠠᠤᠯᠢ ᠶᠢᠨ ᠦᠨᠳᠦᠰᠦᠯᠡᠯ ᠲᠠᠢ ᠪᠣᠯᠭᠠᠵᠤ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠴᠠᠭ ᠲᠤᠬᠠᠢ ᠳᠤᠨᠢ ᠬᠠᠤᠯᠢ ᠴᠠᠭᠠᠵᠠ ᠶᠢᠨ ᠳᠦᠷᠢᠮ ᠪᠣᠯᠭᠠᠨ ᠳᠡᠭᠡᠭᠰᠢᠯᠡᠭᠦᠯᠬᠦ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠪᠣᠳᠠᠲᠠᠢ ᠢᠯᠡᠷᠡᠯ ᠮᠥᠨ᠃ ᠣᠳᠣᠬᠠᠨ ᠤ ᠪᠣᠯᠪᠠᠰᠤᠷᠠᠩᠭᠤᠢ ᠪᠣᠯᠤᠭᠰᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠠᠤᠯᠢ ᠲᠣᠭᠲᠠᠭᠠᠯ ᠳᠤ ᠬᠦᠷᠲᠡᠯ᠎ᠡ ᠳᠡᠭᠡᠭᠰᠢᠯᠡᠭᠦᠯᠵᠦ᠂ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳ ᠢᠶᠠᠷ ᠬᠥᠭᠵᠢᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠭᠰᠠᠨ ᠪᠠᠶᠢᠨ᠎ᠠ᠃    ᠨᠢᠭᠡ᠂ ︽ᠳᠦᠷᠢᠮ︾ ᠳᠤ ᠬᠤᠳᠠ ᠶᠢᠨ ᠤᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳᠠᠪᠠᠷ ᠬᠥᠭᠵᠢᠭᠦᠯᠬᠦ ᠳᠦᠷᠢᠮ ᠤᠨ ᠪᠠᠲᠤᠯᠠᠭ᠎ᠠ ᠶᠢ ᠲᠣᠳᠣᠷᠬᠠᠢ ᠲᠣᠭᠲᠠᠭᠠᠪᠠ    ᠲᠥᠯᠦᠪᠵᠢᠭᠦᠯᠭᠡ ᠪᠣᠯ ᠵᠠᠰᠠᠭ ᠤᠨ ᠣᠷᠳᠣᠨ ᠤ ᠰᠢᠰᠲ᠋ᠧᠮ ᠤᠨ ᠴᠢᠨᠠᠷᠲᠠᠢ ᠪᠠᠷ ᠡᠬᠢ ᠪᠠᠶᠠᠯᠢᠭ ᠢ ᠲᠣᠬᠢᠷᠠᠭᠤᠯᠬᠤ ᠠᠷᠭ᠎ᠠ ᠮᠠᠶ᠋ᠢᠭ ᠮᠥᠨ᠃ ︽ᠳᠦᠷᠢᠮ︾ ᠳᠤ᠂ ᠬᠤᠲᠠ ᠶᠢᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠢᠰᠲ᠋ᠧᠮ ᠤᠨ ᠲᠥᠯᠦᠪᠵᠢᠭᠦᠯᠭᠡ ᠳᠤ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳ ᠢᠶᠠᠷ ᠬᠥᠭᠵᠢᠭᠦᠯᠬᠦ ᠵᠠᠷᠴᠢᠮ ᠢ ᠲᠣᠳᠣᠷᠬᠠᠶᠢᠯᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠳᠠᠲᠠᠢ ᠪᠠᠶᠢᠳᠠᠯ ᠪᠠ ᠬᠡᠷᠡᠭᠴᠡᠭᠡ ᠪᠠᠨ ᠦᠨᠳᠦᠰᠦᠯᠡᠨ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠲᠠᠢ ᠵᠣᠯᠭᠠᠭᠤᠯᠵᠤ᠂ ᠭᠠᠵᠠᠷ ᠰᠢᠷᠣᠢ ᠪᠠ ᠣᠷᠣᠨ ᠵᠠᠢ ᠶᠢᠨ ᠬᠡᠷᠡᠭᠯᠡᠯᠲᠡ ᠳᠤ ᠬᠤᠯᠪᠣᠭᠳᠠᠬᠤ ᠵᠦᠢ ᠵᠣᠬᠢᠰᠲᠠᠢ ᠬᠡᠷᠡᠭᠴᠡᠭᠡ ᠶᠢ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠰᠢᠰᠲ᠋ᠧᠮ ᠳᠤ ᠣᠷᠣᠭᠤᠯᠤᠨ ᠨᠢᠭᠡᠳᠦᠯᠲᠡᠢ ᠲᠥᠯᠥᠪᠯᠡᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠭᠠᠵᠠᠷ ᠰᠢᠷᠣᠢ᠂ ᠪᠡᠯᠡ ᠮᠥᠩᠭᠦ᠂ ᠵᠠᠮ ᠤᠨ ᠡᠷᠬᠡ ᠪᠣᠯ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠬᠥᠭᠵᠢᠯᠲᠡ ᠶᠢᠨ ᠬᠡᠳᠦᠨ ᠶᠡᠭᠡ ᠬᠦᠴᠦᠨ ᠵᠦᠢᠯ ᠮᠥᠨ᠂ ᠭᠠᠭᠴᠠ ᠬᠦ ᠡᠲᠡᠭᠡᠷ ᠬᠦᠴᠦᠨ ᠵᠦᠢᠯ ᠢ ᠪᠠᠲᠤᠯᠠᠭ᠎ᠠ ᠲᠠᠢ ᠪᠣᠯᠭᠠᠪᠠᠯ ᠰᠠᠶ᠋ᠢ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳ ᠢᠶᠠᠷ ᠪᠣᠳᠣᠯᠬᠢᠯᠠᠬᠤ ᠶᠢ ᠦᠨᠡᠨ ᠬᠦ ᠪᠣᠳᠠᠲᠠᠢ ᠪᠠᠷ ᠨᠠᠶᠢᠳᠠᠪᠤᠷᠢᠵᠢᠭᠤᠯᠵᠤ ᠴᠢᠳᠠᠨ᠎ᠠ᠃    ᠭᠠᠵᠠᠷ ᠬᠡᠷᠡᠭᠯᠡᠬᠦ ᠶᠢ ᠪᠠᠲᠤᠯᠠᠬᠤ ᠲᠠᠯ᠎ᠠ ᠪᠠᠷ᠂ ︽ᠳᠦᠷᠢᠮ︾ ᠳᠤ᠂ ︽ᠬᠤᠲᠠ ᠶᠢᠨ ᠠᠷᠠᠳ ᠤᠨ ᠵᠠᠰᠠᠭ ᠤᠨ ᠣᠷᠳᠣᠨ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠳᠤ ᠭᠠᠵᠠᠷ ᠬᠡᠷᠡᠭᠯᠡᠬᠦ ᠶᠢ ᠬᠠᠤᠯᠢ ᠶᠣᠰᠣᠭᠠᠷ ᠪᠠᠲᠤᠯᠠᠬᠤ ᠬᠡᠷᠡᠭᠲᠡᠢ︾ ᠭᠡᠵᠦ ᠴᠢᠬᠤᠯᠠᠴᠢᠯᠠᠵᠠᠢ᠂ ᠤᠴᠢᠷ ᠨᠢ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠨᠡᠶᠢᠲᠡ ᠶᠢᠨ ᠠᠰᠠᠷᠠᠮᠵᠢ ᠶᠢᠨ ᠴᠢᠨᠠᠷ ᠢᠶᠠᠷ ᠨᠡᠯᠢᠶᠡᠳ ᠴᠢᠩᠭ᠎ᠠ ᠪᠠᠶᠢᠵᠤ᠂ ᠪᠠᠰᠠ ︽ᠲᠣᠭᠲᠠᠭᠠᠭᠰᠠᠨ ᠨᠥᠬᠦᠴᠡᠯ ᠳᠤ ᠨᠡᠶᠢᠴᠡᠪᠡᠯ᠂ ᠰᠢᠯᠵᠢᠭᠦᠯᠦᠨ ᠥᠭᠬᠦ᠂ ᠬᠡᠯᠡᠯᠴᠡᠭᠡᠷ ᠢᠶᠠᠷ ᠰᠢᠯᠵᠢᠭᠦᠯᠦᠨ ᠥᠭᠬᠦ ᠵᠡᠷᠭᠡ ᠠᠷᠭ᠎ᠠ ᠮᠠᠶ᠋ᠢᠭ ᠢᠶᠠᠷ ᠬᠠᠩᠭᠠᠵᠤ ᠪᠣᠯᠣᠨ᠎ᠠ︾ ᠭᠡᠵᠦ ᠲᠣᠳᠣᠷᠬᠠᠢ ᠲᠣᠭᠲᠠᠭᠠᠭᠰᠠᠨ ᠪᠣᠯᠬᠤᠷ ᠭᠠᠵᠠᠷ ᠬᠡᠷᠡᠭᠯᠡᠬᠦ ᠶᠢ ᠪᠠᠲᠤᠯᠠᠭᠰᠠᠨ ᠮᠥᠷᠲᠡᠭᠡᠨ ᠭᠠᠵᠠᠷ ᠰᠢᠷᠣᠢ ᠬᠡᠷᠡᠭᠯᠡᠬᠦ ᠥᠪᠡᠷ ᠤᠨ ᠥᠷᠲᠡᠭ ᠢ ᠴᠦ ᠪᠦᠲᠦᠮᠵᠢᠲᠡᠶ ᠪᠠᠭᠤᠷᠠᠭᠤᠯᠤᠭᠰᠠᠨ ᠪᠠᠶᠢᠨ᠎ᠠ᠃    ᠪᠡᠯᠡ ᠮᠥᠩᠭᠦ ᠶᠢ ᠪᠠᠲᠤᠯᠠᠬᠤ ᠲᠠᠯ᠎ᠠ ᠪᠠᠷ᠂ ︽ᠳᠦᠷᠢᠮ︾ ᠳᠤ ︽ᠬᠤᠳᠠ ᠶᠢᠨ ᠠᠷᠠᠳ ᠤᠨ ᠵᠠᠰᠠᠭ ᠤᠨ ᠣᠷᠳᠣᠨ ᠬᠤᠳᠠ ᠶᠢᠨ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠪᠣᠳᠠᠲᠤ ᠪᠠᠶᠢᠳᠠᠯ ᠪᠠ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠪᠠᠨ ᠦᠨᠳᠦᠰᠦᠯᠡᠨ ᠬᠤᠳᠠ ᠶᠢᠨ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠬᠥᠭᠵᠢᠯᠲᠡ ᠳᠤ ᠬᠡᠷᠡᠭᠰᠡᠬᠦ ᠵᠠᠷᠤᠳᠠᠯ ᠢ ᠲᠣᠬᠢᠷᠠᠭᠤᠯᠬᠤ ᠬᠡᠷᠡᠭᠲᠡᠢ ᠪᠥᠭᠡᠳ ᠲᠤᠰ ᠱᠠᠲᠤᠨ ᠤ ᠲᠥᠰᠥᠪ ᠲᠤ ᠣᠷᠣᠭᠤᠯᠬᠤ ᠬᠡᠷᠡᠭᠲᠡᠢ︾ ᠭᠡᠵᠦ ᠲᠣᠳᠣᠷᠬᠠᠢ ᠲᠣᠭᠲᠠᠭᠠᠵᠠᠢ᠃ ᠣᠳᠣᠬᠠᠨ ᠳᠤ᠂ ᠬᠡᠰᠡᠭ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠳᠠᠬᠢ ᠣᠷᠣᠭᠤᠯᠤᠯᠲᠠ ᠬᠦᠷᠦᠯᠴᠡᠬᠦ ᠦᠭᠡᠢ ᠪᠠᠶᠢᠵᠤ᠂ ᠠᠵᠢᠯ ᠲᠥᠷᠥᠯ ᠤᠨ ᠦᠷᠭᠦᠯᠵᠢᠯᠡᠬᠦ ᠬᠥᠭᠵᠢᠯᠲᠡ ᠳᠤ ᠥᠷᠢᠰᠦᠯᠳᠦᠭᠡᠨ ᠲᠤᠯᠭᠠᠷᠠᠵᠤ᠂ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠬᠥᠭᠵᠢᠯᠲᠡ ᠶᠢᠨ ᠵᠠᠷᠤᠳᠠᠯ ᠢ ᠲᠣᠰ ᠱᠠᠲᠤᠨ ᠤ ᠲᠥᠰᠥᠪ ᠲᠤ ᠣᠷᠣᠭᠤᠯᠤᠭᠰᠠᠨ ᠤ ᠳᠠᠷᠠᠭ᠎ᠠ᠂ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠡᠯᠡ ᠮᠥᠩᠭᠦ ᠶᠢᠨ ᠣᠷᠣᠭᠤᠯᠤᠯᠲᠠ ᠶᠢ ᠳᠦᠷᠢᠮ ᠤᠨ ᠴᠢᠨᠠᠷᠲᠠᠢ ᠪᠠᠲᠤᠯᠠᠭ᠎ᠠ ᠲᠠᠢ ᠪᠣᠯᠭᠠᠵᠤ ᠴᠢᠳᠠᠨ᠎ᠠ᠃    ᠤᠷᠢᠳᠠᠪᠠᠷ ᠨᠡᠪᠲᠡᠷᠡᠬᠦ ᠶᠢ ᠪᠠᠲᠤᠯᠠᠬᠤ ᠲᠠᠯ᠎ᠠ ᠪᠠᠷ᠂ ︽ᠳᠦᠷᠢᠮ︾ ᠳᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠳᠠᠲᠠᠢ ᠪᠠᠶᠢᠳᠠᠯ ᠪᠠ ᠬᠡᠷᠡᠭᠴᠡᠭᠡ ᠪᠠᠨ ᠦᠨᠳᠦᠰᠦᠯᠡᠨ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠤᠰᠬᠠᠢ ᠲᠡᠷᠭᠡᠨ ᠵᠠᠮ ᠭᠠᠷᠭᠠᠵᠤ ᠪᠣᠯᠣᠨ᠎ᠠ ᠭᠡᠵᠦ ᠲᠣᠭᠲᠠᠭᠠᠵᠠᠢ᠃ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠡᠷᠬᠡ ᠶᠢ ᠡᠩ ᠲᠡᠷᠢᠭᠦᠨ ᠳᠤ ᠪᠠᠶᠢᠯᠭᠠᠬᠤ ᠪᠣᠯ ᠬᠤᠲᠠ ᠶᠢᠨ ᠣᠯᠠᠨ ᠨᠡᠶᠢᠲᠡ ᠶᠢᠨ ᠮᠠᠰᠢᠨ ᠲᠡᠷᠭᠡ ᠴᠠᠬᠢᠯᠭᠠᠨ ᠲᠡᠷᠭᠡᠨ ᠤ ᠬᠤᠷᠳᠤᠴᠠ ᠪᠠ ᠲᠣᠭᠲᠠᠭᠰᠠᠨ ᠴᠠᠭ ᠤᠨ ᠴᠢᠨᠠᠷ ᠢ ᠪᠠᠲᠤᠯᠠᠬᠤ ᠶᠢᠨ ᠵᠠᠩᠭᠢᠯᠠᠭ᠎ᠠ ᠮᠥᠨ᠂ ᠲᠡᠳᠡᠨ ᠤ ᠲᠠᠲᠠᠬᠤ ᠬᠦᠴᠦᠨ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠶᠢᠨ ᠭᠤᠣᠯ ᠬᠦᠴᠦᠨ ᠵᠦᠢᠯ ᠮᠥᠨ ᠪᠣᠯᠬᠤᠷ ᠡᠷᠬᠡᠪᠰᠢ ᠪᠠᠲᠤᠯᠠᠬᠤ ᠬᠡᠷᠡᠭᠲᠡᠢ᠃ ︽ᠳᠦᠷᠢᠮ︾ ᠳᠤ ᠤᠷᠢᠳᠠᠪᠠᠷ ᠨᠡᠪᠲᠡᠷᠡᠬᠦ ᠶᠢ ᠴᠢᠬᠤᠯᠠᠴᠢᠯᠠᠬᠤ ᠶᠢᠨ ᠬᠠᠮᠲᠤ ᠦᠷ᠎ᠡ ᠪᠦᠲᠦᠮᠵᠢ ᠶᠢ ᠬᠠᠮᠲᠤ ᠳᠤᠨᠢ ᠬᠠᠷᠠᠭᠠᠯᠵᠠᠵᠤ᠂ ︽ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠦᠷ᠎ᠡ ᠪᠦᠲᠦᠮᠵᠢ ᠪᠠ ᠪᠦᠬᠦ᠋ᠢᠯᠡ ᠵᠠᠮ ᠬᠠᠷᠢᠯᠴᠠᠭᠠᠨ ᠤ ᠦᠷ᠎ᠡ ᠪᠦᠲᠦᠮᠵᠢ ᠶᠢ ᠨᠢᠭᠡᠳᠦᠯᠲᠡᠢ ᠲᠥᠯᠥᠪᠯᠡᠨ᠎ᠡ︾ ︽ᠰᠢᠨᠵᠢᠯᠡᠬᠦ ᠤᠬᠠᠭᠠᠨᠴᠢ ᠬᠠᠮᠢᠶᠠᠷᠤᠯᠲᠠ ᠪᠠ ᠬᠥᠳᠡᠯᠦᠩᠭᠦᠢ ᠲᠣᠬᠢᠷᠠᠭᠤᠯᠤᠯᠲᠠ ᠶᠢ ᠬᠡᠷᠡᠭᠵᠢᠭᠦᠯᠦᠨ᠎ᠡ︾ ᠭᠡᠵᠦ ᠳᠤᠷᠠᠳᠴᠤ᠂ ᠵᠠᠮ ᠤᠨ ᠡᠷᠬᠡ ᠶᠢᠨ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢ ᠴᠢᠨᠠᠷ ᠢ ᠢᠯᠡᠷᠡᠭᠦᠯᠪᠡ᠃    ᠬᠤᠶᠠᠷ᠂ ︽ᠳᠦᠷᠢᠮ︾ ᠳᠤ ᠬᠤᠳᠠ ᠶᠢᠨ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠬᠥᠭᠵᠢᠯᠲᠡ ᠳᠠᠬᠢ ᠵᠠᠰᠠᠭ ᠤᠨ ᠣᠷᠳᠣᠨ ᠪᠣᠯᠣᠨ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠲᠣᠳᠣᠷᠬᠠᠢ ᠲᠣᠭᠲᠠᠭᠠᠪᠠ    ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠢᠯᠧᠲ ᠤᠨ ᠦᠨ᠎ᠡ ᠶᠢᠨ ᠲᠠᠯ᠎ᠠ ᠪᠠᠷ᠂ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠢ ᠪᠣᠳᠣᠯᠬᠢᠯᠠᠨ᠂ ︽ᠳᠦᠷᠢᠮ︾ ᠳᠤ ︽ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠢᠯᠧᠲ ᠤᠨ ᠦᠨ᠎ᠡ ᠨᠢ ᠵᠠᠰᠠᠭ ᠤᠨ ᠣᠷᠳᠣᠨ ᠠᠴᠠ ᠲᠣᠭᠲᠠᠭᠠᠭᠰᠠᠨ ᠦᠨ᠎ᠡ ᠪᠤᠶᠤ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠶᠢ ᠬᠠᠤᠯᠢ ᠶᠣᠰᠣᠭᠠᠷ ᠬᠡᠷᠡᠭᠵᠢᠭᠦᠯᠦᠨ᠎ᠡ︾︔ ᠵᠠᠰᠠᠭ ᠤᠨ ᠣᠷᠳᠣᠨ ᠪᠢᠯᠧᠲ ᠤᠨ ᠦᠨ᠎ᠡ ᠶᠢ ᠲᠣᠭᠲᠠᠭᠠᠬᠤ ᠳᠠᠭᠠᠨ ︽ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠥᠷᠲᠡᠭ᠂ ᠨᠡᠶᠢᠭᠡᠮ ᠤᠨ ᠳᠠᠭᠠᠭᠠᠬᠤ ᠴᠢᠳᠠᠪᠤᠷᠢ᠂ ᠵᠠᠮ ᠬᠠᠷᠢᠯᠴᠠᠭᠠᠨ ᠤ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠵᠡᠷᠭᠡ ᠬᠦᠴᠦᠨ ᠵᠦᠢᠯ ᠢ ᠨᠢᠭᠡᠳᠦᠯᠲᠡᠢ ᠲᠥᠯᠥᠪᠯᠡᠨ ᠪᠣᠳᠣᠯᠬᠢᠯᠠᠬᠤ ᠶᠢᠨ ᠬᠠᠮᠲᠤ ᠦᠨ᠎ᠡ ᠲᠣᠭᠲᠠᠭᠠᠬᠤ ᠥᠪᠡᠷ ᠤᠨ ᠥᠷᠲᠡᠭ ᠢ ᠬᠢᠨᠠᠨ ᠪᠠᠶᠢᠴᠠᠭᠠᠬᠤ ᠵᠡᠷᠭᠡ ᠲᠠᠰ ᠳᠠᠷᠠᠭᠠᠯᠠᠯ ᠢ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠢ︾᠃ ᠳᠡᠭᠡᠷᠡᠬᠢ ᠲᠣᠭᠲᠠᠭᠠᠯ ᠳᠤ᠂ ᠵᠠᠰᠠᠭ ᠤᠨ ᠣᠷᠳᠣᠨ ᠪᠣᠯ ᠦᠨ᠎ᠡ ᠲᠣᠭᠲᠠᠭᠠᠬᠤ ᠪᠡᠶᠡᠴᠢ ᠴᠣᠭᠴᠠ ᠮᠥᠨ᠂ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠢᠯᠧᠲ ᠤᠨ ᠦᠨ᠎ᠡ ᠶᠢ ᠵᠦᠢ ᠵᠣᠬᠢᠰᠲᠠᠢ ᠦᠨ᠎ᠡ ᠬᠠᠩᠰᠢ ᠶᠢᠨ ᠬᠡᠪᠴᠢᠶᠡᠨ ᠳᠤ ᠬᠢᠵᠠᠭᠠᠷᠯᠠᠬᠤ ᠬᠡᠷᠡᠭᠲᠡᠢ ᠭᠡᠳᠡᠭ ᠢ ᠲᠣᠳᠣᠷᠬᠠᠶᠢᠯᠠᠭᠰᠠᠨ ᠮᠥᠷᠲᠡᠭᠡᠨ ᠪᠠᠰᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠢᠯᠧᠲ ᠤᠨ ᠦᠨ᠎ᠡ ᠶᠢ ᠠᠵᠤ ᠠᠬᠤᠶᠢᠯᠠᠯ ᠤᠨ ᠪᠣᠳᠠᠲᠠᠢ ᠡᠵᠡᠩᠨᠡᠯᠲᠡ ᠶᠢᠨ ᠥᠪᠡᠷ ᠤᠨ ᠥᠷᠲᠡᠭ᠂ ᠣᠯᠠᠨ ᠨᠡᠶᠢᠲᠡ ᠶᠢᠨ ᠳᠠᠭᠠᠭᠠᠬᠤ ᠴᠢᠳᠠᠪᠤᠷᠢ ᠪᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠬᠠᠩᠭᠠᠯᠭ᠎ᠠ ᠬᠡᠷᠡᠭᠴᠡᠭᠡ ᠶᠢᠨ ᠬᠢᠷᠢ ᠬᠡᠮᠵᠢᠶ᠎ᠡ ᠶᠢ ᠦᠨᠳᠦᠰᠦᠯᠡᠨ ᠲᠠᠰ ᠳᠠᠷᠠᠭᠠᠯᠠᠯ ᠶᠣᠰᠣᠭᠠᠷ ᠲᠣᠭᠲᠠᠭᠠᠵᠤ᠂ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠦᠷᠭᠦᠯᠵᠢᠯᠡᠨ ᠬᠥᠭᠵᠢᠬᠦ ᠶᠢ ᠪᠠᠲᠤᠯᠠᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠵᠠᠢ᠃    ᠡᠳ᠋ ᠤᠨ ᠵᠠᠰᠠᠭ ᠤᠨ ᠨᠥᠬᠦᠪᠦᠷᠢ ᠶᠢᠨ ᠲᠠᠯ᠎ᠠ ᠪᠠᠷ᠂ ︽ᠳᠦᠷᠢᠮ︾ ᠳᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠠᠵᠤ ᠠᠬᠤᠶᠢᠯᠠᠯ ᠳᠤ ︽ᠲᠣᠭᠲᠠᠭᠠᠯ ᠶᠣᠰᠣᠭᠠᠷ ᠴᠠᠭ ᠲᠤᠬᠠᠢ ᠳᠤᠨᠢ ᠨᠥᠬᠦᠪᠦᠷᠢ ᠥᠭᠬᠦ ᠬᠡᠷᠡᠭᠲᠡᠢ︾ ᠭᠡᠵᠦ ᠱᠠᠭᠠᠷᠳᠠᠪᠠ᠃ ᠨᠥᠬᠦᠪᠦᠷᠢ ᠶᠢᠨ ᠡᠷᠴᠢᠮ ᠤᠨ ᠲᠠᠯ᠎ᠠ ᠪᠠᠷ᠂ ᠡᠯ᠎ᠡ ᠭᠠᠵᠠᠷ ᠤᠨ ᠬᠢᠨ ︽ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ᠂ ᠠᠵᠤ ᠠᠬᠤᠶᠢᠯᠠᠯ ᠤᠨ ᠣᠷᠣᠯᠭ᠎ᠠ ᠪᠠᠨ ᠨᠡᠮᠡᠭᠳᠡᠭᠦᠯᠵᠦ ᠵᠠᠷᠤᠯᠭ᠎ᠠ ᠪᠠᠨ ᠠᠷᠪᠢᠯᠠᠬᠤ ᠣᠷᠣᠨ ᠵᠠᠢ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠬᠤ ᠬᠡᠷᠡᠭᠲᠡᠢ︾᠃ ᠡᠭᠦᠨ ᠤ ᠬᠠᠮᠲᠤ᠂ ᠵᠠᠰᠠᠭ ᠤᠨ ᠣᠷᠳᠣᠨ ᠵᠣᠭᠤᠰ ᠭᠠᠷᠭᠠᠵᠤ ᠦᠢᠯᠡᠴᠢᠯᠡᠭᠡ ᠬᠤᠳᠠᠯᠳᠤᠨ ᠠᠪᠬᠤ ᠳᠤ ᠦᠢᠯᠡᠴᠢᠯᠡᠭᠡᠨ ᠤ ᠶᠠᠰᠤ ᠴᠢᠨᠠᠷ ᠲᠤ ᠦᠨᠡᠯᠡᠯᠲᠡ ᠬᠢᠵᠦ᠂ ᠥᠪᠡᠷ ᠤᠨ ᠥᠷᠲᠡᠭ ᠲᠤ ᠬᠢᠨᠠᠨ ᠬᠠᠷᠭᠤᠭᠤᠯᠤᠯᠲᠠ ᠬᠢᠬᠦ ᠬᠡᠷᠡᠭᠲᠡᠢ᠂ ᠲᠤᠬᠠᠶᠢᠯᠠᠪᠠᠯ ︽ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠠᠵᠤ ᠠᠬᠤᠶᠢᠯᠠᠯ ᠤᠨ ᠡᠵᠡᠩᠨᠡᠯᠲᠡ ᠶᠢᠨ ᠦᠢᠯᠡᠴᠢᠯᠡᠭᠡᠨ ᠤ ᠶᠠᠰᠤ ᠴᠢᠨᠠᠷ ᠲᠤ ᠦᠨᠡᠯᠡᠯᠲᠡ ᠬᠢᠬᠦ ᠪᠠ ᠥᠪᠡᠷ ᠤᠨ ᠥᠷᠲᠡᠭ ᠤᠨ ᠵᠠᠷᠤᠳᠠᠯ ᠤᠨ ᠣᠨ ᠤ ᠲᠣᠭᠠᠴᠠᠭ᠎ᠠ ᠬᠢᠭᠰᠡᠨ ᠮᠡᠳᠡᠭᠦᠯᠦᠯᠲᠡ ᠳᠤ ᠬᠢᠨᠠᠨ ᠬᠠᠷᠭᠤᠭᠤᠯᠤᠯᠲᠠ ᠬᠢᠬᠦ︾ ᠶᠠᠪᠤᠳᠠᠯ ᠪᠣᠯᠣᠨ᠎ᠠ᠃    ᠡᠭᠦᠨ ᠠᠴᠠ ᠭᠠᠳᠠᠨ᠎ᠠ᠂ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠢ ᠪᠠᠷᠢᠮᠲᠠᠯᠠᠭᠰᠠᠨ ᠰᠠᠭᠤᠷᠢᠨ ᠳᠡᠭᠡᠷ᠎ᠡ᠂ ︽ᠳᠦᠷᠢᠮ︾ ᠳᠤ ᠵᠠᠬ᠎ᠠ ᠳᠡᠯᠭᠡᠭᠦᠷᠴᠢᠯᠡᠬᠦ ᠱᠠᠭᠠᠷᠳᠠᠯᠭ᠎ᠠ ᠶᠢ ᠭᠦᠢᠴᠡᠳ ᠪᠣᠳᠣᠯᠬᠢᠯᠠᠭᠰᠠᠨ ᠪᠥᠭᠡᠳ ᠢᠯᠡᠷᠡᠭᠦᠯᠦᠭᠰᠡᠨ ᠪᠠᠶᠢᠨ᠎ᠠ᠃ ᠭᠠᠵᠠᠷ ᠰᠢᠷᠣᠢ ᠶᠢᠨ ᠠᠰᠢᠭᠯᠠᠯᠲᠠ ᠶᠢᠨ ᠲᠠᠯ᠎ᠠ ᠪᠠᠷ᠂ ︽ᠳᠦᠷᠢᠮ︾ ᠳᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠪᠠ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠱᠠᠭᠠᠷᠳᠠᠯᠭ᠎ᠠ ᠳᠤ ᠨᠡᠶᠢᠴᠡᠬᠦ ᠮᠥᠷᠲᠡᠭᠡᠨ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠴᠢᠳᠠᠮᠵᠢ ᠪᠠ ᠬᠡᠪᠴᠢᠶ᠎ᠡ ᠶᠢ ᠨᠥᠯᠥᠭᠡᠯᠡᠬᠦ ᠦᠭᠡᠢ ᠤᠷᠢᠲᠠᠯ ᠳᠣᠣᠷ᠎ᠠ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠶᠡᠷᠦᠩᠬᠡᠶᠢᠯᠡᠨ ᠨᠡᠭᠡᠭᠡᠨ ᠬᠥᠭᠵᠢᠭᠦᠯᠵᠦ ᠪᠣᠯᠣᠨ᠎ᠠ ᠭᠡᠵᠦ ᠳᠤᠷᠠᠳᠤᠨ ᠭᠠᠷᠭᠠᠵᠠᠢ᠃ ᠡᠨᠡ ᠨᠢ ᠭᠠᠵᠠᠷ ᠰᠢᠷᠣᠢ ᠶᠢᠨ ᠡᠬᠢ ᠪᠠᠶᠠᠯᠢᠭ ᠢ ᠡᠷᠴᠢᠮᠵᠢᠭᠦᠯᠦᠨ ᠠᠰᠢᠭᠯᠠᠬᠤ ᠶᠢ ᠪᠡᠶᠡᠯᠡᠭᠦᠯᠦᠭᠰᠡᠨ ᠮᠥᠷᠲᠡᠭᠡᠨ ᠪᠠᠰᠠ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠬᠥᠭᠵᠢᠯᠲᠡ ᠶᠢ ᠪᠦᠲᠦᠮᠵᠢᠲᠡᠶ ᠳᠡᠮᠵᠢᠵᠦ ᠪᠣᠯᠣᠨ᠎ᠠ᠃ ᠪᠢᠯᠧᠲ ᠤᠨ ᠦᠨ᠎ᠡ ᠶᠢᠨ ᠲᠠᠯ᠎ᠠ ᠪᠠᠷ᠂ ︽ᠳᠦᠷᠢᠮ︾ ᠳᠤ ︽ᠬᠥᠳᠡᠯᠦᠩᠭᠦᠢ ᠲᠣᠬᠢᠷᠠᠭᠤᠯᠤᠯᠲᠠ ᠶᠢᠨ ᠲᠣᠭᠲᠠᠴᠠ ᠶᠢ ᠪᠠᠶᠢᠭᠤᠯᠤᠨ᠎ᠠ︾ ᠭᠡᠵᠦ ᠴᠢᠬᠤᠯᠠᠴᠢᠯᠠᠭᠰᠠᠨ ᠤ ᠬᠠᠮᠲᠤ ︽ᠣᠯᠠᠨ ᠲᠠᠰ ᠳᠠᠪᠬᠤᠷᠭ᠎ᠠ ᠶᠢᠨ᠂ ᠵᠦᠷᠢᠶᠡᠴᠢᠯᠡᠭᠰᠡᠨ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠢᠯᠧᠲ ᠤᠨ ᠦᠨ᠎ᠡ ᠶᠢᠨ ᠰᠢᠰᠲ᠋ᠧᠮᠵᠢ ᠶᠢ ᠪᠠᠶᠢᠭᠤᠯᠤᠨ᠎ᠠ︾ ᠭᠡᠵᠡᠢ᠃    ︽ᠳᠦᠷᠢᠮ︾ ᠢ ᠦᠨᠳᠦᠰᠦᠯᠡᠪᠡᠯ᠂ ᠢᠷᠡᠭᠡᠳᠦᠢ ᠳᠤ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ ᠳᠣᠣᠷᠠᠬᠢ ᠬᠤᠶᠠᠷ ᠲᠠᠯ᠎ᠠ ᠪᠠᠷ ᠨᠠᠩ ᠣᠯᠠᠨ ᠵᠠᠬ᠎ᠠ ᠳᠡᠯᠭᠡᠭᠦᠷᠴᠢᠯᠡᠨ ᠡᠵᠡᠩᠨᠡᠬᠦ ᠰᠦᠪᠡᠭᠴᠢᠯᠡᠯᠲᠡ ᠪᠠ ᠲᠤᠷᠰᠢᠯᠲᠠ ᠶᠢ ᠥᠷᠨᠢᠭᠦᠯᠵᠦ ᠪᠣᠯᠣᠨ᠎ᠠ᠄ ᠨᠢᠭᠡ ᠲᠠᠯ᠎ᠠ ᠪᠠᠷ᠂ ︽ᠳᠦᠷᠢᠮ︾ ᠳᠤ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠠᠵᠤ ᠠᠬᠤᠶᠢᠯᠠᠯ ᠤᠳ ︽ᠵᠠᠬᠢᠶᠠᠯᠠᠭ᠎ᠠ ᠶᠢᠨ ᠴᠢᠨᠠᠷᠲᠠᠢ ᠶᠠᠪᠤᠵᠤ ᠰᠠᠭᠤᠬᠤ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠢ ᠥᠷᠨᠢᠭᠦᠯᠵᠦ ᠪᠣᠯᠣᠨ᠎ᠠ︾᠂ ︽ᠵᠠᠬᠢᠶᠠᠯᠠᠭ᠎ᠠ ᠶᠢᠨ ᠴᠢᠨᠠᠷᠲᠠᠢ ᠶᠠᠪᠤᠵᠤ ᠰᠠᠭᠤᠬᠤ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠳᠤ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠶᠢᠨ ᠦᠨ᠎ᠡ ᠶᠢ ᠬᠡᠷᠡᠭᠵᠢᠭᠦᠯᠵᠦ ᠪᠣᠯᠣᠨ᠎ᠠ︾ ᠭᠡᠵᠦ ᠳᠤᠷᠠᠳᠤᠨ ᠭᠠᠷᠭᠠᠵᠠᠢ᠃ ᠡᠭᠦᠨ ᠢ ᠵᠣᠬᠢᠬᠤ ᠬᠡᠮᠵᠢᠶᠡᠨ ᠳᠡᠭᠡᠷ᠎ᠡ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠶᠠᠪᠤᠵᠤ ᠰᠠᠭᠤᠬᠤ ᠦᠨᠳᠦᠰᠦᠨ ᠦᠢᠯᠡᠴᠢᠯᠡᠭᠡ ᠪᠠ ᠵᠠᠬ᠎ᠠ ᠳᠡᠯᠭᠡᠭᠦᠷᠴᠢᠯᠡᠭᠰᠡᠨ ᠵᠠᠬᠢᠶᠠᠯᠠᠭ᠎ᠠ ᠶᠢᠨ ᠦᠢᠯᠡᠴᠢᠯᠡᠭᠡ ᠭᠡᠵᠦ ᠬᠤᠪᠢᠶᠠᠵᠤ ᠪᠣᠯᠣᠨ᠎ᠠ᠂ ᠡᠭᠦᠨ ᠢ ᠵᠠᠬ᠎ᠠ ᠳᠡᠯᠭᠡᠭᠦᠷ ᠲᠤ ᠲᠤᠰᠢᠶᠠᠵᠤ ᠪᠣᠯᠣᠨ᠎ᠠ ᠭᠡᠵᠦ ᠣᠶᠢᠯᠠᠭᠠᠵᠤ ᠪᠣᠯᠣᠨ᠎ᠠ᠃ ᠠᠷᠠᠳ ᠤᠨ ᠠᠮᠢᠳᠤᠷᠠᠯ ᠤᠨ ᠬᠢᠷᠢ ᠲᠦᠪᠰᠢᠨ ᠤ ᠲᠠᠰᠤᠷᠠᠯᠲᠠ ᠦᠭᠡᠢ ᠳᠡᠭᠡᠭᠰᠢᠯᠡᠬᠦ ᠶᠢ ᠳᠠᠭᠠᠯᠳᠤᠨ᠂ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡᠨ ᠤ ᠶᠠᠰᠤ ᠴᠢᠨᠠᠷ ᠪᠠ ᠣᠯᠠᠨ ᠶᠠᠩᠵᠤ ᠶᠢᠨ ᠬᠡᠷᠡᠭᠴᠡᠭᠡ ᠴᠦ ᠤᠯᠠᠮ ᠠᠴᠠ ᠤᠯᠠᠮ ᠥᠨᠳᠥᠷ ᠪᠣᠯᠵᠤ᠂ ᠵᠠᠬ᠎ᠠ ᠳᠡᠯᠭᠡᠭᠦᠷᠴᠢᠯᠡᠭᠰᠡᠨ ᠵᠠᠬᠢᠶᠠᠯᠠᠭ᠎ᠠ ᠶᠢᠨ ᠦᠢᠯᠡᠴᠢᠯᠡᠭᠡ ᠨᠠᠩ ᠶᠡᠭᠡ ᠬᠥᠭᠵᠢᠯᠲᠡ ᠶᠢᠨ ᠣᠷᠣᠨ ᠵᠠᠢ ᠲᠠᠢ ᠪᠣᠯᠬᠤ ᠪᠣᠯᠣᠨ᠎ᠠ᠃ ᠨᠥᠭᠦᠭᠡ ᠲᠠᠯ᠎ᠠ ᠪᠠᠷ᠂ ︽ᠳᠦᠷᠢᠮ︾ ᠳᠤ ︽ᠨᠡᠶᠢᠭᠡᠮ ᠤᠨ ᠬᠥᠷᠥᠩᠭᠡ ᠶᠢᠨ ᠬᠠᠤᠯᠢ ᠶᠣᠰᠣᠭᠠᠷ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠡᠵᠡᠩᠨᠡᠯᠲᠡ ᠳᠤ ᠣᠷᠣᠯᠴᠠᠬᠤ ᠶᠢ ᠵᠣᠷᠢᠭᠵᠢᠭᠤᠯᠤᠨ ᠳᠡᠮᠵᠢᠵᠦ᠂ ᠲᠡᠳᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ︾ ᠭᠡᠵᠦ ᠳᠤᠷᠠᠳᠤᠨ ᠭᠠᠷᠭᠠᠵᠠᠢ᠃ ᠢᠷᠡᠭᠡᠳᠦᠢ ᠳᠤ᠂ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠡᠵᠡᠩᠨᠡᠯᠲᠡ ᠪᠠ ᠦᠢᠯᠡᠴᠢᠯᠡᠭᠡᠨ ᠤ ᠬᠠᠩᠭᠠᠯᠭ᠎ᠠ ᠳᠤ ᠴᠥᠮ ᠨᠠᠩ ᠶᠡᠭᠡ ᠥᠭᠡᠷᠡᠴᠢᠯᠡᠯᠲᠡ ᠶᠢᠨ ᠣᠷᠣᠨ ᠵᠠᠢ ᠲᠠᠢ ᠪᠠᠶᠢᠵᠤ᠂ ᠬᠠᠶᠢᠨ ᠰᠦᠪᠡᠭᠴᠢᠯᠡᠵᠦ ᠲᠤᠷᠰᠢᠵᠤ ᠪᠣᠯᠣᠨ᠎ᠠ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号