ᠦᠨᠳᠦᠰᠦᠲᠡᠨ ᠨᠦᠭᠦᠳ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠪᠠ ᠳᠦᠷᠢ ᠲᠥᠷᠬᠦ ᠶᠢ | ᠳᠣᠪᠤᠶᠢᠯᠭᠠᠬᠤ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨ ᠪᠣᠳᠠᠲᠠᠶ | ᠪᠥᠭᠡᠳ ᠪᠦᠲᠦᠮᠵᠢᠲᠡᠶ ᠪᠠᠷ ᠪᠠᠲᠤ ᠴᠣᠭᠴᠠᠯᠠᠬᠤ ᠴᠢᠬᠤᠯᠠ ᠠᠷᠭ᠎ᠠ ᠵᠠᠮ ᠮᠥᠨ᠃ ᠪᠣᠳᠠᠲᠤ ᠠᠮᠢᠳᠤᠷᠠᠯ ᠤᠨ ᠳᠤᠮᠳᠠ᠂ | ᠳᠤᠮᠳᠠᠳᠤ ᠶᠢᠨ ᠰᠣᠶᠣᠯ ᠤᠨ ᠲᠡᠮᠳᠡᠭ ᠪᠠ ᠳᠦᠷᠢ ᠲᠥᠷᠬᠦ ᠨᠢ ᠠᠭᠤᠯᠠ ᠤᠰᠤ᠂ ᠭᠤᠣᠯ ᠮᠥᠷᠡᠨ᠂ ᠪᠠᠷᠢᠯᠭ᠎ᠠ᠂ | ᠪᠠᠭᠤᠷᠢ ᠶᠢᠨ ᠦᠯᠡᠳᠡᠭᠳᠡᠯ ᠵᠡᠷᠭᠡ ᠬᠡᠯᠪᠡᠷᠢ ᠪᠠᠷ ᠣᠷᠣᠰᠢᠳᠠᠭ᠂ ᠡᠰᠡᠬᠦᠯ᠎ᠡ ᠵᠢᠷᠤᠭ ᠳᠦᠷᠰᠦ᠂ ᠰᠤᠷᠪᠤᠯᠵᠢ ᠪᠢᠴᠢᠭ᠂ | ᠵᠢᠷᠤᠭ ᠳᠦᠷᠰᠦ ᠵᠡᠷᠭᠡ ᠬᠡᠯᠪᠡᠷᠢ ᠪᠠᠷ ᠢᠯᠡᠷᠡᠳᠡᠭ᠂ ᠡᠰᠡᠬᠦᠯ᠎ᠡ ᠬᠥᠮᠦᠰ ᠤᠨ ᠦᠭᠡ ᠬᠡᠯᠡ᠂ ᠦᠢᠯᠡ ᠠᠵᠢᠯᠯᠠᠭ᠎ᠠ᠂ | ᠰᠡᠳᠬᠢᠬᠦᠢ ᠶᠢᠨ ᠳᠠᠳᠬᠠᠯ ᠳᠤ ᠢᠯᠡᠷᠡᠳᠡᠭ᠃ | ᠬᠤᠲᠠ ᠶᠢᠨ ᠣᠯᠠᠨ ᠨᠡᠶᠢᠲᠡ ᠶᠢᠨ ᠣᠷᠣᠨ ᠵᠠᠶ ᠪᠣᠯ ᠬᠤᠲᠠ ᠶᠢᠨ ᠣᠯᠠᠨ ᠨᠡᠶᠢᠲᠡ ᠶᠢᠨ ᠠᠮᠢᠳᠤᠷᠠᠯ ᠤᠨ | ᠴᠢᠬᠤᠯᠠ ᠠᠴᠢᠶᠠᠯᠠᠪᠤᠷᠢ᠂ ᠬᠤᠲᠠ ᠶᠢᠨ ᠲᠦᠷᠦᠯ ᠲᠡᠮᠳᠡᠭ ᠤᠨ ᠳᠦᠷᠢ ᠲᠥᠷᠬᠦ ᠶᠢᠨ ᠴᠢᠬᠤᠯᠠ ᠢᠯᠡᠷᠡᠯ ᠪᠣᠯᠤᠨ᠎ᠠ᠃ | ᠬᠤᠳᠠ ᠶᠢᠨ ᠤᠯᠠᠨ ᠨᠡᠶᠢᠲᠡ ᠶᠢᠨ ᠣᠷᠣᠨ ᠵᠠᠢ ᠶᠢ ᠲᠥᠯᠥᠪᠵᠢᠭᠦᠯᠬᠦ᠂ ᠵᠢᠷᠤᠵᠤ ᠲᠥᠯᠥᠪᠯᠡᠬᠦ᠂ ᠪᠦᠳᠦᠭᠡᠨ | ᠪᠠᠶᠢᠭᠤᠯᠬᠤ᠂ ᠵᠠᠰᠠᠬᠤ ᠳᠤᠮᠳᠠ ᠳᠤᠮᠳᠠᠳᠤ ᠶᠢᠨ ᠰᠣᠶᠣᠯ ᠤᠨ ᠲᠡᠮᠳᠡᠭ ᠪᠠ ᠲᠦᠷᠢ ᠲᠥᠷᠬᠦ ᠶᠢᠨ ᠦᠢᠯᠡᠳᠦᠯᠭᠡ ᠶᠢ | ᠬᠡᠷᠡᠭᠯᠡᠬᠦ ᠶᠢ ᠰᠤᠳᠤᠯᠵᠤ᠂ ᠪᠦᠲᠦᠮᠵᠢᠲᠡᠢ ᠠᠷᠭ᠎ᠠ ᠪᠤᠳᠤᠯᠭ᠎ᠠ ᠪᠠ ᠲᠤᠷᠰᠢᠯᠭ᠎ᠠ ᠶᠢ ᠳ᠋ᠦᠩᠨᠡᠬᠦ ᠨᠢ ᠳᠤᠮᠳᠠᠳᠤ ᠶᠢᠨ | ᠰᠣᠶᠣᠯ ᠤᠨ ᠣᠨᠴᠠᠯᠢᠭ᠂ ᠳᠤᠮᠳᠠᠳᠤ ᠶᠢᠨ ᠦᠨᠳᠦᠰᠦᠲᠡᠨ ᠤ ᠵᠣᠷᠢᠭ ᠰᠠᠨᠠᠭ᠎ᠠ᠂ ᠳᠤᠮᠳᠠᠳᠤ ᠤᠯᠤᠰ ᠤᠨ ᠤᠯᠤᠰ ᠤᠨ | ᠲᠦᠷᠢ ᠲᠥᠷᠬᠦ ᠶᠢᠨ ᠢᠯᠡᠳᠬᠡᠬᠦ ᠰᠢᠰᠲ᠋ᠧᠮ ᠢ ᠪᠠᠶᠢᠭᠤᠯᠤᠨ ᠬᠡᠷᠡᠭᠯᠡᠵᠦ᠂ ᠦᠨᠳᠦᠰᠦᠲᠡᠨ ᠨᠦᠭᠦᠳ ᠤᠨ ᠤᠯᠠᠨ | ᠲᠦᠮᠡᠨ ᠤ ᠳᠤᠮᠳᠠᠳᠤ ᠶᠢᠨ ᠰᠣᠶᠣᠯ ᠤᠨ ᠲᠤᠬᠠᠢ ᠮᠡᠳᠡᠷᠡᠮᠵᠢ ᠶᠢ ᠲᠠᠰᠤᠷᠠᠯᠳᠠ ᠦᠭᠡᠢ ᠨᠡᠮᠡᠭᠳᠡᠭᠦᠯᠬᠦ ᠳᠤ ᠠᠰᠢᠭᠲᠠᠢ | ᠶᠤᠮ᠃ | ᠳᠤᠮᠳᠠᠳᠤ ᠶᠢᠨ ᠰᠣᠶᠣᠯ ᠤᠨ ᠲᠡᠮᠳᠡᠭ ᠪᠠ ᠳᠦᠷᠢ ᠲᠥᠷᠬᠦ ᠶᠢ ᠬᠤᠲᠠ ᠶᠢᠨ ᠣᠯᠠᠨ ᠨᠡᠶᠢᠲᠡ ᠶᠢᠨ ᠣᠷᠣᠨ | ᠵᠠᠶ ᠶᠢᠨ ᠬᠡᠯᠪᠡᠷᠢ ᠮᠠᠶ᠋ᠢᠭ ᠲᠤ ᠠᠭᠤᠰᠬᠠᠨ ᠣᠷᠣᠭᠤᠯᠤᠨ᠎ᠠ᠃ | ᠶᠡᠷᠦᠩᠬᠡᠶ ᠳᠤᠨᠢ ᠠᠪᠴᠤ ᠬᠡᠯᠡᠪᠡᠯ᠂ ᠳᠤᠮᠳᠠᠳᠤ ᠶᠢᠨ ᠰᠣᠶᠣᠯ ᠤᠨ ᠲᠡᠮᠳᠡᠭ ᠪᠠ ᠳᠦᠷᠢ ᠲᠥᠷᠬᠦ ᠳᠤ ᠭᠠᠵᠠᠷ | ᠵᠦᠶ ᠶᠢᠨ ᠪᠣᠳᠠᠰ ᠤᠨ ᠦᠵᠡᠭᠳᠡᠯ ᠤᠨ ᠲᠡᠮᠳᠡᠭ᠂ ᠦᠵᠡᠯ ᠰᠠᠨᠠᠭ᠎ᠠ ᠣᠶᠤᠨ ᠰᠠᠨᠠᠭᠠᠨ ᠤ ᠲᠡᠮᠳᠡᠭ᠂ ᠤᠯᠤᠰ ᠤᠨ | ᠤᠯᠤᠰ ᠲᠥᠷᠥ ᠶᠢᠨ ᠲᠡᠮᠳᠡᠭ᠂ ᠰᠣᠶᠣᠯ ᠤᠷᠠᠯᠢᠭ ᠤᠨ ᠲᠡᠮᠳᠡᠭ᠂ ᠵᠠᠩ ᠵᠠᠩᠰᠢᠯ ᠶᠣᠰᠣᠯᠠᠯ ᠤᠨ ᠲᠡᠮᠳᠡᠭ᠂ ᠣᠲᠣ | ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠡᠮᠳᠡᠭ ᠵᠡᠷᠭᠡ ᠪᠠᠭᠲᠠᠨ᠎ᠠ᠃ | ᠭᠠᠵᠠᠷ ᠵᠦᠶ ᠶᠢᠨ ᠪᠣᠳᠠᠰ ᠤᠨ ᠦᠵᠡᠭᠳᠡᠯ ᠤᠨ ᠲᠡᠮᠳᠡᠭ ᠲᠤ ᠭᠤᠤᠯᠳᠠᠭᠤ ᠪᠠᠶᠢᠭᠠᠯᠢ ᠶᠢᠨ ᠭᠠᠵᠠᠷ ᠵᠦᠶ᠂ | ᠬᠥᠮᠦᠨ ᠰᠣᠶᠣᠯ ᠤᠨ ᠦᠯᠡᠳᠡᠭᠳᠡᠯ᠂ ᠬᠠᠮᠲᠤ ᠶᠢᠨ ᠡᠳ᠋ ᠬᠥᠷᠥᠩᠭᠡ ᠵᠡᠷᠭᠡ ᠣᠯᠠᠨ ᠲᠠᠯ᠎ᠠ ᠶᠢ ᠪᠠᠭᠲᠠᠭᠠᠨ᠎ᠠ᠃ | ᠵᠢᠱᠢᠶᠡᠯᠡᠪᠡᠯ᠂ ᠲᠠᠶᠢᠱᠠᠨ ᠠᠭᠤᠯᠠ᠂ ᠬᠤᠸᠠᠩᠱᠠᠨ ᠠᠭᠤᠯᠠ᠂ ᠲᠩᠷᠢ ᠠᠭᠤᠯᠠ᠂ ᠬᠠᠲᠤᠨ ᠭᠤᠣᠯ᠂ ᠬᠥᠬᠡ ᠮᠥᠷᠡᠨ | ᠵᠡᠷᠭᠡ ᠨᠡᠷᠡᠲᠡᠶ ᠠᠭᠤᠯᠠ ᠶᠡᠭᠡ ᠭᠤᠣᠯ ᠪᠣᠯᠤᠨ᠎ᠠ︔ ᠬᠠᠭᠠᠨ ᠤ ᠣᠷᠳᠣᠨ᠂ ᠪᠣᠳᠠᠯᠠ ᠣᠷᠳᠣᠨ᠂ ᠤᠷᠳᠤ ᠴᠠᠭᠠᠨ | ᠬᠡᠷᠡᠮ ᠵᠡᠷᠭᠡ ᠲᠡᠦᠬᠡ ᠶᠢᠨ ᠪᠠᠷᠢᠯᠭ᠎ᠠ᠂ ᠪᠠᠭᠤᠷᠢ ᠵᠡᠷᠭᠡ︔ ᠸᠠᠭᠠᠷ ᠱᠠᠭᠠᠵᠠᠩ᠂ ᠴᠠᠢ᠂ ᠲᠣᠷᠭ᠎ᠠ ᠳᠤᠷᠳᠤᠩ᠂ ᠠᠨᠠᠷ᠂ | ᠮᠠᠨᠳᠠᠷᠠᠸ᠎ᠠ ᠴᠡᠴᠡᠭ᠂ ᠲᠡᠷᠢᠭᠦᠯᠡᠭᠴᠢ ᠴᠡᠴᠡᠭ᠂ ᠬᠤᠯᠤᠰᠤᠯᠢᠭ ᠤᠳᠪᠠᠯᠠ ᠵᠡᠷᠭᠡ ᠡᠯᠪᠡᠭ ᠳᠡᠯᠪᠡᠭ ᠡᠳ᠋ ᠭᠠᠷᠤᠯᠲᠠ | ᠪᠠ ᠦᠢᠯᠡᠳᠪᠦᠷᠢᠯᠡᠯ ᠠᠮᠢᠳᠤᠷᠠᠯ ᠤᠨ ᠬᠡᠷᠡᠭᠰᠡᠯ ᠵᠡᠷᠭᠡ ᠪᠠᠭᠲᠠᠨ᠎ᠠ᠃ | ᠦᠵᠡᠯ ᠰᠠᠨᠠᠭ᠎ᠠ ᠵᠣᠷᠢᠭ ᠰᠠᠨᠠᠭᠠᠨ ᠤ ᠲᠡᠮᠳᠡᠭ ᠲᠤ ᠭᠤᠣᠯᠳᠠᠭᠤ ᠤᠷᠢᠳᠤᠬᠢ ᠮᠡᠷᠭᠡᠳ᠂ ᠦᠨᠳᠦᠰᠦᠲᠡᠨ ᠤ ᠵᠣᠷᠢᠭ | ᠰᠠᠨᠠᠭ᠎ᠠ ᠵᠡᠷᠭᠡ ᠪᠠᠭᠲᠠᠨ᠎ᠠ᠃ | ᠤᠯᠤᠰ ᠤᠨ ᠤᠯᠤᠰ ᠲᠦᠷᠦ ᠶᠢᠨ ᠲᠡᠮᠳᠡᠭ ᠲᠤ ᠭᠤᠣᠯᠳᠠᠭᠤ ᠤᠯᠤᠰ ᠤᠨ ᠲᠤᠭ᠂ ᠤᠯᠤᠰ ᠤᠨ ᠰᠦᠯᠳᠡ᠂ | ᠤᠯᠤᠰ ᠤᠨ ᠳᠠᠭᠤᠤ ᠵᠡᠷᠭᠡ ᠤᠯᠤᠰ ᠤᠨ ᠲᠡᠮᠳᠡᠭ᠂ ᠨᠠᠮ ᠤᠨ ᠰᠦᠯᠳᠡ᠂ ᠨᠠᠮ ᠤᠨ ᠲᠤᠭ ᠵᠡᠷᠭᠡ ᠨᠠᠮ ᠤᠨ ᠲᠡᠮᠳᠡᠭ | ᠵᠢᠴᠢ ᠴᠢᠩᠭ᠎ᠠ ᠬᠦᠴᠦᠲᠡᠢ ᠤᠯᠤᠰ ᠤᠨ ᠪᠡᠯᠭᠡ ᠲᠡᠮᠳᠡᠭ ᠪᠦᠬᠦᠢ ᠪᠣᠳᠠᠲᠤ ᠶᠠᠭᠤᠮ᠎ᠠ ᠪᠠᠭᠲᠠᠨ᠎ᠠ᠂ ᠵᠢᠱᠢᠶᠡᠯᠡᠪᠡᠯ | ᠲᠢᠶᠠᠨ ᠠᠨ ᠮᠧᠨ ᠲᠠᠯᠠᠪᠠᠢ᠂ ᠠᠷᠠᠳ ᠤᠨ ᠶᠡᠭᠡ ᠬᠤᠷᠠᠯ ᠤᠨ ᠲᠢᠩᠬᠢᠮ ᠵᠡᠷᠭᠡ ᠪᠣᠯᠤᠨ᠎ᠠ᠃ | ᠰᠣᠶᠣᠯ ᠤᠷᠠᠯᠢᠭ ᠤᠨ ᠲᠡᠮᠳᠡᠭ ᠲᠤ ᠭᠤᠣᠯᠳᠠᠭᠤ ᠡᠯ᠎ᠡ ᠦᠨᠳᠦᠰᠦᠲᠡᠨ ᠤ ᠦᠭᠡ ᠬᠡᠯᠡ᠂ ᠤᠳᠬ᠎ᠠ ᠵᠣᠬᠢᠶᠠᠯ᠂ | ᠤᠷᠠᠨ ᠵᠢᠷᠤᠭ᠂ ᠤᠷᠠᠨ ᠪᠢᠴᠢᠯᠭᠡ᠂ ᠳᠠᠭᠤᠤ ᠬᠥᠭᠵᠢᠮ᠂ ᠪᠥᠵᠢᠭ᠂ ᠰᠢ ᠵᠦᠴᠦᠭᠡ᠂ ᠬᠤᠪᠴᠠᠰᠤ ᠵᠠᠰᠠᠯ᠂ ᠭᠠᠷ | ᠤᠷᠠᠯᠠᠯ ᠤᠷᠠᠨ ᠵᠢᠷᠤᠭ ᠵᠡᠷᠭᠡ ᠪᠠᠭᠲᠠᠨ᠎ᠠ᠃ | ᠵᠠᠩ ᠦᠢᠯᠠ ᠶᠢᠨ ᠲᠠᠮᠳᠡᠭ ᠲᠤ ᠭᠤᠣᠯᠳᠠᠭᠤ ᠦᠢᠯᠡᠳᠪᠦᠷᠢᠯᠡᠯ ᠤᠨ ᠠᠷᠭ᠎ᠠ ᠬᠡᠯᠪᠡᠷᠢ᠂ ᠵᠠᠩ ᠦᠢᠯᠠ᠂ | ᠤᠯᠠᠮᠵᠢᠯᠠᠯᠲᠤ ᠪᠠᠶᠠᠷ ᠳᠤᠷᠠᠰᠬᠠᠯ᠂ ᠶᠣᠰᠣᠯᠠᠯ ᠦᠢᠯᠠ ᠵᠡᠷᠭᠡ ᠪᠠᠭᠲᠠᠨ᠎ᠠ᠂ ᠵᠢᠱᠢᠶᠡᠯᠡᠪᠡᠯ ᠢᠯᠠᠮ᠎ᠠ ᠲᠡᠷᠢᠵᠤ ᠬᠦᠷᠢ | ᠲᠡᠵᠢᠭᠡᠬᠦ᠂ ᠠᠨᠵᠢᠰᠤ ᠪᠠᠷ ᠲᠠᠷᠢᠶᠠᠯᠠᠬᠤ᠂ ᠬᠤᠷᠢᠨ ᠲᠥᠷᠪᠡᠨ ᠤᠯᠠᠷᠢᠯ ᠵᠢᠴᠢ ᠴᠠᠭᠠᠨ ᠰᠠᠷ᠎ᠠ ᠵᠡᠷᠭᠡ᠃ | ᠤᠳᠦ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠡᠮᠳᠡᠭ ᠲᠤ ᠭᠤᠣᠯᠳᠠᠭᠤ ᠳᠤᠮᠳᠠᠳᠤ ᠤᠯᠤᠰ ᠤᠨ | ᠰᠠᠨᠰᠠᠷ ᠤᠨ ᠠᠶᠠᠯᠠᠯ᠂ ᠳᠡᠭᠡᠳᠦ ᠬᠤᠷᠳᠤᠴᠠᠲᠤ ᠲᠡᠮᠦᠷ ᠵᠡᠮ᠂ ᠭᠡᠳᠦ ᠺᠣᠮᠫᠢᠦ᠋ᠲ᠋ᠧᠷ ᠵᠡᠷᠭᠡ ᠪᠠᠭᠲᠠᠨ᠎ᠠ᠃ | ᠳᠤᠮᠳᠠᠳᠤ ᠶᠢᠨ ᠰᠣᠶᠣᠯ ᠤᠨ ᠲᠡᠮᠳᠡᠭ ᠪᠠ ᠳᠦᠷᠢ ᠲᠥᠷᠬᠦ ᠶᠢ ᠬᠤᠲᠠ ᠶᠢᠨ ᠣᠯᠠᠨ ᠨᠡᠶᠢᠲᠡ ᠶᠢᠨ ᠣᠷᠣᠨ | ᠵᠠᠶ ᠶᠢᠨ ᠬᠡᠯᠪᠡᠷᠢ ᠮᠠᠶ᠋ᠢᠭ ᠪᠠ ᠬᠡᠯᠪᠡᠷᠢ ᠳᠦᠷᠰᠦ ᠳᠤ ᠠᠭᠤᠰᠬᠠᠨ ᠣᠷᠣᠭᠤᠯᠤᠨ᠎ᠠ᠂ ᠡᠭᠦᠨ ᠳᠤ ᠭᠤᠤᠯᠳᠠᠭᠤ ᠪᠣᠳᠠᠲᠤ | ᠴᠣᠭᠴᠠ ᠶᠢᠨ ᠪᠠᠷᠢᠯᠭ᠎ᠠ᠂ ᠺᠢᠨᠣ᠋ ᠲᠠᠭᠤ ᠳᠠᠮᠵᠢᠭᠤᠯᠬᠤ ᠴᠣᠭᠴᠠ᠂ ᠲᠣᠭᠠᠨ ᠤ ᠰᠣᠯᠢᠯᠴᠠᠭᠠᠨ ᠤ ᠴᠢᠨᠠᠷ᠂ ᠶᠣᠰᠣᠯᠠᠯ | ᠪᠠ ᠠᠵᠢᠯᠯᠠᠭ᠎ᠠ ᠵᠡᠷᠭᠡ ᠲᠥᠷᠥᠯ ᠬᠡᠯᠪᠡᠷᠢ ᠶᠢ ᠪᠠᠭᠲᠠᠭᠠᠨ᠎ᠠ᠃ | ᠪᠣᠳᠠᠲᠤ ᠴᠣᠭᠴᠠ ᠶᠢᠨ ᠴᠣᠭᠴᠠᠯᠠᠮᠵᠢ ᠪᠣᠯ ᠬᠠᠮᠤᠭ ᠤᠨ ᠪᠠᠶᠢᠩᠭᠤ ᠲᠣᠬᠢᠶᠠᠯᠳᠤᠳᠠᠭ ᠠᠭᠤᠰᠤᠯᠴᠠᠯ ᠤᠨ ᠬᠡᠯᠪᠡᠷᠢ | ᠪᠣᠯᠤᠨ᠎ᠠ᠃ ᠳᠤᠮᠳᠠᠳᠤ ᠶᠢᠨ ᠰᠣᠶᠣᠯ ᠤᠨ ᠲᠡᠮᠳᠡᠭ ᠪᠠ ᠳᠦᠷᠢ ᠲᠥᠷᠬᠦ ᠨᠢ ᠭᠦᠨ ᠵᠤᠵᠠᠭᠠᠨ ᠰᠣᠶᠣᠯ ᠤᠨ ᠤᠳᠬ᠎ᠠ | ᠠᠭᠤᠯᠭ᠎ᠠ᠂ ᠭᠤᠣᠯ ᠠᠭᠤᠯᠭ᠎ᠠ᠂ ᠬᠠᠷᠠᠭᠠᠨ ᠰᠡᠷᠡᠯ ᠤᠨ ᠳᠦᠷᠢ ᠲᠥᠷᠬᠦ ᠪᠤᠶᠤ ᠵᠢᠷᠤᠭ ᠲᠥᠯᠥᠪᠯᠡᠭᠡ ᠶᠢᠨ | ᠡᠯᠧᠮᠧᠨ᠋ᠲ ᠢᠶᠠᠷ ᠢᠶᠠᠨ ᠨᠡᠷᠡᠲᠦ ᠲᠡᠮᠳᠡᠭ ᠤᠨ ᠬᠠᠷᠠᠭᠠᠨ ᠰᠡᠷᠡᠯ᠂ ᠬᠤᠲᠠ ᠶᠢᠨ ᠪᠠᠷᠢᠯᠭ᠎ᠠ᠂ ᠠᠭᠤᠳᠠᠮ ᠲᠠᠯᠠᠪᠠᠶ ᠵᠡᠭᠡᠯᠢ | ᠭᠤᠳᠤᠮᠵᠢ᠂ ᠣᠯᠠᠨ ᠨᠡᠶᠢᠲᠡ ᠶᠢᠨ ᠤᠷᠠᠯᠢᠭ᠂ ᠬᠤᠲᠠ ᠶᠢᠨ ᠦᠵᠡᠰᠬᠦᠯᠡᠩ ᠤᠨ ᠣᠷᠳᠣᠨ ᠤ ᠦᠵᠡᠭᠦᠯᠦᠯᠭᠡ ᠶᠢᠨ | ᠵᠦᠢᠯ ᠳᠤ ᠥᠷᠭᠡᠨ ᠢᠶᠠᠷ ᠠᠭᠤᠰᠤᠨ ᠤᠷᠤᠭᠰᠠᠨ ᠪᠠᠶᠢᠨ᠎ᠠ᠃ | ᠺᠢᠨᠣ᠋ ᠲᠠᠭᠤ ᠳᠠᠮᠵᠢᠭᠤᠯᠭ᠎ᠠ ᠶᠢᠨ ᠪᠡᠶ᠎ᠡ᠂ ᠲᠣᠭᠠᠨ ᠤ ᠬᠠᠷᠢᠯᠴᠠᠨ ᠰᠣᠯᠢᠯᠴᠠᠬᠤ ᠴᠢᠨᠠᠷ ᠨᠢ ᠲᠣᠰ ᠲᠣᠰ ᠺᠢᠨᠣ᠋ | ᠲᠠᠭᠤ᠂ ᠣᠯᠠᠨ ᠵᠠᠭᠤᠴᠢᠳᠤ ᠲᠣᠭᠠᠨ ᠤ ᠬᠠᠷᠢᠯᠴᠠᠨ ᠠᠭᠤᠰᠤᠯᠴᠠᠬᠤ ᠬᠡᠯᠪᠡᠷᠢ ᠮᠠᠶ᠋ᠢᠭ ᠪᠣᠯᠤᠨ᠎ᠠ᠃ ᠭᠤᠣᠯᠳᠠᠭᠤ | ᠬᠤᠲᠠ ᠶᠢᠨ ᠣᠯᠠᠨ ᠨᠡᠶᠢᠲᠡ ᠶᠢᠨ ᠣᠷᠣᠨ ᠵᠠᠶ ᠶᠢᠨ ᠳᠣᠲᠣᠷ᠎ᠠ᠂ ᠳᠤᠮᠳᠠᠳᠤ ᠶᠢᠨ ᠰᠣᠶᠣᠯ ᠤᠨ ᠲᠡᠮᠳᠡᠭ ᠪᠠ ᠳᠦᠷᠢ | ᠲᠥᠷᠬᠦ ᠶᠢᠨ ᠵᠢᠷᠤᠭ ᠲᠥᠯᠥᠪᠯᠡᠭᠡ ᠶᠢᠨ ᠰᠣᠯᠢᠭᠳᠠᠯ ᠤᠨ ᠳᠠᠭᠤ᠂ ᠳᠦᠷᠰᠦ᠂ ᠣᠭᠲᠣᠯᠣᠯᠴᠠᠭᠰᠠᠨ ᠵᠠᠭᠠᠭ ᠭᠠᠳᠠᠷᠭᠤ | ᠵᠡᠷᠭᠡ ᠪᠠᠷ ᠢᠯᠡᠷᠡᠳᠡᠭ᠃ | ᠶᠣᠰᠣᠯᠠᠯ ᠪᠠ ᠬᠥᠳᠡᠯᠭᠡᠭᠡᠨ ᠪᠣᠯ ᠬᠥᠳᠡᠯᠦᠩᠭᠦᠶ᠂ ᠶᠡᠷᠦᠩᠬᠡᠶᠢᠯᠡᠭᠰᠡᠨ ᠠᠭᠤᠰᠤᠯᠴᠠᠬᠤ ᠬᠡᠯᠪᠡᠷᠢ᠃ ᠶᠣᠰᠣᠯᠠᠯ ᠪᠠ | ᠠᠵᠢᠯᠯᠠᠭ᠎ᠠ ᠶᠢᠨ ᠶᠠᠪᠤᠴᠠ ᠵᠢᠴᠢ ᠬᠡᠷᠡᠭᠯᠡᠬᠦ ᠪᠠᠭᠠᠵᠢ ᠬᠡᠷᠡᠭᠰᠡᠯ ᠵᠡᠷᠭᠡ ᠪᠠᠷ ᠪᠣᠳᠠᠲᠠᠶ ᠢᠯᠡᠷᠡᠨ᠎ᠡ᠃ | ᠳᠤᠮᠳᠠᠳᠤ ᠶᠢᠨ ᠰᠣᠶᠣᠯ ᠤᠨ ᠲᠡᠮᠳᠡᠭ ᠪᠠ ᠳᠦᠷᠢ ᠲᠥᠷᠬᠦ ᠶᠢ ᠬᠤᠲᠠ ᠶᠢᠨ ᠣᠯᠠᠨ ᠨᠡᠶᠢᠲᠡ ᠶᠢᠨ ᠣᠷᠣᠨ | ᠵᠠᠶ ᠶᠢᠨ ᠵᠢᠷᠤᠭ ᠲᠥᠯᠥᠪᠯᠡᠭᠡ ᠶᠢᠨ ᠬᠡᠷᠡᠭᠯᠡᠭᠡᠨ ᠤ ᠠᠷᠭ᠎ᠠ ᠪᠣᠳᠣᠯᠭ᠎ᠠ ᠳᠤ ᠠᠭᠤᠰᠬᠠᠨ ᠣᠷᠣᠭᠤᠯᠤᠨ᠎ᠠ᠃ | ᠦᠵᠦ ᠲᠥᠯᠥᠪᠯᠡᠭᠡ ᠶᠢ ᠴᠢᠩᠭᠠᠳᠬᠠᠬᠤ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠶᠢ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ | ᠲᠥᠯᠥᠪᠵᠢᠭᠦᠯᠭᠡ ᠳᠤ ᠠᠭᠤᠰᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ ᠪᠣᠳᠠᠲᠠᠢ ᠠᠷᠭ᠎ᠠ ᠪᠤᠳᠤᠯᠭ᠎ᠠ ᠳᠤ ᠠᠭᠤᠰᠬᠠᠬᠤ | ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠬᠤᠳᠠ ᠶᠢᠨ ᠲᠥᠯᠥᠪᠵᠢᠭᠦᠯᠭᠡ᠂ ᠤᠯᠠᠨ ᠨᠡᠶᠢᠲᠡ ᠶᠢᠨ ᠣᠷᠣᠨ | ᠵᠠᠢ ᠶᠢᠨ ᠪᠦᠳᠦᠭᠡᠨ ᠪᠠᠶᠢᠭᠤᠯᠤᠯᠲᠠ ᠶᠢᠨ ᠶᠡᠷᠦᠩᠬᠡᠢ ᠰᠡᠳᠬᠢᠴᠡ ᠳᠤ ᠠᠭᠤᠰᠤᠯᠴᠠᠭᠤᠯᠵᠤ᠂ ᠰᠢᠨᠵᠢᠯᠡᠬᠦ ᠤᠬᠠᠭᠠᠨᠴᠢ | ᠦᠵᠦ ᠲᠥᠯᠥᠪᠯᠡᠭᠡ ᠪᠠᠷ ᠪᠣᠳᠠᠲᠠᠢ ᠦᠢᠯᠡᠳᠦᠯᠭᠡ ᠶᠢ ᠵᠢᠯᠤᠭᠤᠳᠤᠭᠤᠯᠤᠨ᠎ᠠ᠃ | ᠪᠠᠷᠢᠮᠵᠢᠶ᠎ᠠ ᠳᠦᠷᠢᠮᠵᠢᠯ ᠲᠣᠭᠲᠠᠭᠠᠬᠤ᠃ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠡᠭᠦᠰᠭᠡᠨ ᠪᠠᠶᠢᠭᠤᠯᠵᠤ᠂ | ᠲᠤᠰᠬᠠᠶ ᠮᠡᠷᠭᠡᠵᠢᠯ ᠤᠨ ᠪᠠᠶᠢᠭᠤᠯᠤᠮᠵᠢ᠂ ᠳᠡᠭᠡᠳᠦ ᠰᠤᠷᠭᠠᠭᠤᠯᠢ ᠵᠡᠷᠭᠡ ᠵᠢᠷᠤᠭ ᠲᠥᠯᠥᠪᠯᠡᠭᠡ ᠶᠢᠨ ᠬᠦᠴᠦᠨ ᠲᠠᠢ | ᠬᠠᠮᠲᠤᠷᠠᠨ᠂ ᠠᠳᠠᠯᠢ ᠪᠤᠰᠤ ᠣᠷᠣᠨ ᠵᠠᠶ ᠶᠢᠨ ᠵᠠᠩᠭᠢᠶᠠᠰᠤ ᠳᠡᠭᠡᠷᠡᠬᠢ ᠳᠤᠮᠳᠠᠳᠤ ᠶᠢᠨ ᠰᠣᠶᠣᠯ ᠤᠨ ᠲᠡᠮᠳᠡᠭ ᠪᠠ | ᠳᠦᠷᠢ ᠲᠥᠷᠬᠦ ᠶᠢ ᠬᠤᠲᠠ ᠶᠢᠨ ᠣᠯᠠᠨ ᠨᠡᠶᠢᠲᠡ ᠶᠢᠨ ᠣᠷᠣᠨ ᠵᠠᠶ ᠳᠤ ᠠᠭᠤᠰᠤᠯᠴᠠᠭᠤᠯᠬᠤ ᠵᠢᠷᠤᠭ | ᠲᠥᠯᠥᠪᠯᠡᠭᠡ ᠶᠢᠨ ᠰᠠᠨᠠᠭᠤᠯᠭ᠎ᠠ ᠪᠠ ᠵᠢᠷᠤᠮᠵᠢᠯ ᠤᠨ ᠪᠠᠷᠢᠮᠵᠢᠶ᠎ᠠ ᠶᠢ ᠰᠤᠳᠤᠯᠤᠨ ᠲᠣᠭᠲᠠᠭᠠᠨ᠎ᠠ᠃ ᠵᠢᠷᠤᠭ | ᠲᠥᠯᠥᠪᠯᠡᠭᠡ ᠶᠢᠨ ᠪᠠᠷᠢᠮᠵᠢᠶ᠎ᠠ ᠶᠢ ᠨᠡᠶᠢᠲᠡᠯᠡᠵᠦ᠂ ᠵᠢᠷᠤᠭ ᠲᠥᠯᠥᠪᠯᠡᠭᠡ ᠶᠢᠨ ᠵᠦᠶ᠋ᠯ ᠵᠤᠷᠪᠤᠰ ᠢ ᠡᠮᠬᠢᠯᠡᠨ | ᠢᠯᠭᠠᠷᠠᠭᠤᠯᠵᠤ᠂ ᠵᠢᠷᠤᠭ ᠲᠥᠯᠥᠪᠯᠡᠭᠡ ᠶᠢᠨ ᠠᠭᠤᠯᠭ᠎ᠠ ᠶᠢ ᠵᠢᠷᠤᠮᠵᠢᠭᠤᠯᠤᠨ᠂ ᠵᠢᠷᠤᠭ ᠲᠥᠯᠥᠪᠯᠡᠭᠡ ᠶᠢᠨ ᠥᠯᠢᠭᠡᠷ | ᠵᠢᠱᠢᠶ᠎ᠡ ᠶᠢ ᠪᠣᠶ ᠪᠣᠯᠭᠠᠵᠤ᠂ ᠪᠦᠲᠦᠮᠵᠢᠲᠡᠶ ᠠᠭᠤᠰᠤᠯᠴᠠᠯ ᠢ ᠠᠬᠢᠭᠤᠯᠤᠨ᠂ ᠪᠠᠷᠢᠮᠵᠢᠶ᠎ᠠ ᠬᠢᠭᠡᠳ ᠵᠢᠷᠤᠮᠵᠢᠯ ᠤᠨ | ᠲᠣᠭᠤᠷᠢᠨ ᠳᠤ ᠬᠦᠴᠦᠯᠡᠬᠦ ᠴᠡᠭ ᠬᠢᠭᠡᠳ ᠵᠠᠮ ᠤᠨ ᠵᠢᠷᠤᠭ ᠢ ᠲᠣᠭᠲᠠᠭᠠᠨ᠎ᠠ᠃ | ᠬᠥᠳᠡᠯᠦᠩᠭᠦᠶ ᠠᠶᠠᠨᠳᠠᠭᠠᠨ ᠠᠭᠤᠰᠤᠯᠴᠠᠬᠤ ᠶᠢ ᠠᠬᠢᠭᠤᠯᠤᠨ᠎ᠠ᠃ ᠬᠤᠲᠠ ᠶᠢᠨ ᠣᠯᠠᠨ ᠨᠡᠶᠢᠲᠡ ᠶᠢᠨ | ᠠᠵᠢᠯᠯᠠᠭ᠎ᠠ ᠪᠠ ᠶᠣᠰᠣᠯᠠᠯ ᠳᠤᠮᠳᠠ᠂ ᠠᠬᠤᠶ ᠲᠠᠯᠠᠪᠠᠶ ᠶᠢᠨ ᠪᠠᠶᠢᠷᠢᠯᠠᠭᠤᠯᠤᠯᠲᠠ᠂ ᠬᠡᠷᠡᠭᠰᠡᠯ ᠤᠨ ᠵᠢᠷᠤᠭ ᠲᠥᠯᠥᠪᠯᠡᠭᠡ | ᠵᠡᠷᠭᠡ ᠪᠠᠷ ᠳᠡᠮᠵᠢᠨ᠂ ᠳᠤᠮᠳᠠᠳᠤ ᠶᠢᠨ ᠰᠣᠶᠣᠯ ᠤᠨ ᠲᠡᠮᠳᠡᠭ ᠪᠠ ᠳᠦᠷᠢ ᠲᠥᠷᠬᠦ ᠳᠤ ᠬᠥᠳᠡᠯᠦᠩᠭᠦᠶ ᠪᠠᠷ | ᠠᠭᠤᠰᠤᠯᠴᠠᠵᠤ᠂ ᠴᠢᠮᠡᠭᠡ ᠠᠨᠢᠷ ᠥᠬᠡᠶ ᠳᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠪᠠ᠃ | ︽ᠡᠯᠧᠮᠧᠨ᠋ᠲ ᠤᠨ ᠲᠡᠮᠳᠡᠭ︾ ᠤᠨ ᠰᠢᠨ᠎ᠡ ᠶᠢ ᠡᠭᠦᠳᠴᠦ᠂ ᠬᠠᠷᠠᠭᠠᠨ ᠰᠡᠷᠡᠯ ᠤᠨ ᠳᠦᠷᠢ ᠲᠥᠷᠬᠦ ᠶᠢ | ᠪᠠᠶᠠᠯᠢᠭᠵᠢᠭᠤᠯᠤᠨ᠎ᠠ᠃ ᠬᠥᠮᠦᠨ ᠲᠥᠷᠥᠯᠬᠢᠲᠡᠨ ᠤ ᠨᠡᠶᠢᠭᠡᠮ ᠤᠨ ᠰᠣᠶᠣᠯ ᠳᠤ ᠡᠭᠦᠳᠦᠨ ᠪᠦᠲᠦᠭᠡᠭᠰᠡᠨ ᠢᠵᠠᠭᠤᠷ | ᠲᠡᠮᠳᠡᠭ ᠨᠢ ᠶᠠᠮᠠᠷ ᠨᠢᠭᠡᠨ ᠣᠨᠴᠠᠭᠠᠶ ᠬᠡᠷᠡᠭ ᠪᠣᠳᠠᠰ ᠢ ᠵᠢᠭᠠᠬᠤ ᠶᠢᠨ ᠲᠥᠯᠥᠭᠡ ᠪᠢᠰᠢ᠂ ᠬᠠᠷᠢᠨ ᠨᠢᠭᠡᠨ ᠰᠢᠨ᠎ᠡ | ᠲᠡᠮᠳᠡᠭ ᠪᠤᠶ ᠪᠣᠯᠵᠤ᠂ ᠰᠢᠨ᠎ᠡ ᠤᠳᠬ᠎ᠠ ᠶᠢᠨ ᠲᠠᠶᠢᠯᠪᠤᠷᠢᠯᠠᠯᠲᠠ ᠶᠢ ᠣᠯᠳᠠᠭ᠃ ᠤᠤᠯ ᠤᠨ ᠲᠡᠮᠳᠡᠭ ᠤᠨ | ᠲᠤᠺᠰᠲ ᠤᠨ ᠬᠤᠷᠠᠮᠳᠤᠯ᠂ ᠬᠤᠪᠢᠷᠠᠯᠲᠠ᠂ ᠬᠡᠷᠡᠭᠯᠡᠯᠲᠡ ᠪᠠ ᠳᠠᠬᠢᠨ ᠲᠡᠮᠳᠡᠭ ᠪᠣᠯᠭᠠᠵᠤ ᠪᠣᠯᠤᠨ᠎ᠠ᠃ ᠲᠤᠬᠠᠶᠢᠯᠠᠪᠠᠯ᠂ | ᠠᠨᠠᠷ ᠤᠨ ᠥᠡᠭᠭᠡ ᠨᠢ ᠭᠠᠯ ᠤᠯᠠᠭᠠᠨ᠂ ᠦᠷ᠎ᠡ ᠨᠢ ᠤᠯᠠᠨ ᠪᠣᠯᠬᠤᠷ᠂ ᠦᠷ᠎ᠡ ᠠᠴᠢ ᠨᠠᠷ ᠨᠢ ᠭᠡᠷ ᠳᠦᠭᠦᠷᠡᠩ᠂ | ᠭᠡᠷ ᠪᠦᠯᠢ ᠨᠢ ᠰᠠᠶᠢᠨ ᠰᠠᠶᠢᠬᠠᠨ ᠤ ᠪᠡᠯᠭᠡᠳᠡᠯ ᠤᠳᠬ᠎ᠠ ᠶᠢ ᠢᠯᠡᠳᠬᠡᠳᠡᠭ︔ ᠰᠢᠨ᠎ᠡ ᠴᠠᠭ ᠦᠶ᠎ᠡ ᠳᠤ᠂ ᠡᠨᠡ ᠬᠦ | ᠲᠡᠮᠳᠡᠭ ᠤᠨ ᠳᠦᠷᠢ ᠲᠥᠷᠬᠦ ᠨᠢ ᠳᠠᠬᠢᠨ ᠲᠡᠮᠳᠡᠭᠵᠢᠬᠦ ᠶᠠᠪᠤᠴᠠ ᠶᠢ ᠥᠩᠭᠡᠷᠡᠭᠡᠵᠦ᠂ ︽ᠦᠨᠳᠦᠰᠦᠲᠡᠨ ᠨᠦᠭᠦᠳ | ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠬᠡᠷᠡᠭᠲᠡᠶ︾ ᠭᠡᠰᠡᠨ ᠪᠡᠯᠭᠡᠳᠡᠯ ᠤᠨ ᠠᠩᠬᠠᠨ ᠤ ᠲᠡᠮᠳᠡᠭ ᠪᠣᠯᠤᠭᠰᠠᠨ | ᠪᠠᠶᠢᠨ᠎ᠠ᠃ | ᠪᠣᠰᠤᠭ᠎ᠠ ᠴᠣᠭᠴᠠᠲᠤ ᠳᠠᠮᠵᠢᠭᠤᠯᠭ᠎ᠠ ᠶᠢ ᠴᠢᠩᠭᠠᠳᠬᠠᠨ᠎ᠠ᠃ ᠬᠤᠲᠠ ᠶᠢᠨ ᠣᠯᠠᠨ ᠨᠡᠶᠢᠲᠡ ᠶᠢᠨ ᠣᠷᠣᠨ ᠵᠠᠶ ᠶᠢ | ᠵᠢᠷᠤᠵᠤ ᠲᠥᠯᠥᠪᠯᠡᠨ ᠢᠯᠡᠳᠬᠡᠬᠦ ᠳᠤ᠂ ᠳᠤᠮᠳᠠᠳᠤ ᠶᠢᠨ ᠰᠣᠶᠣᠯ ᠤᠨ ᠲᠡᠮᠳᠡᠭ ᠪᠠ ᠳᠦᠷᠢ ᠲᠥᠷᠬᠦ ᠶᠢ | ᠬᠠᠪᠲᠠᠭᠠᠶᠢᠵᠢᠭᠤᠯᠤᠨ ᠵᠢᠷᠤᠵᠤ ᠲᠥᠯᠥᠪᠯᠡᠬᠦ ᠪᠠ ᠬᠡᠷᠡᠭᠯᠡᠬᠦ ᠶᠠᠪᠤᠳᠠᠯ ᠬᠠᠮᠤᠭ ᠠᠴᠠ ᠲᠦᠭᠡᠮᠡᠯ ᠬᠠᠷᠠᠭᠳᠠᠳᠠᠭ᠂ ᠡᠨᠡ | ᠬᠦ ᠲᠥᠷᠥᠯ ᠤᠨ ᠠᠷᠭ᠎ᠠ ᠮᠠᠶ᠋ᠢᠭ ᠨᠢ ᠲᠣᠪᠴᠢ ᠠᠪᠰᠠᠷᠬᠠᠨ᠂ ᠠᠵᠢᠯᠯᠠᠬᠤ ᠳᠤ ᠬᠢᠯᠪᠠᠷ ᠪᠣᠯᠪᠠᠴᠤ ᠥᠩᠭᠡᠨ ᠲᠠᠯ᠎ᠠ ᠳᠤ | ᠠᠮᠠᠷᠬᠠᠨ ᠣᠷᠣᠳᠠᠭ᠃ ᠬᠤᠳᠠ ᠶᠢᠨ ᠤᠯᠠᠨ ᠨᠡᠶᠢᠲᠡ ᠶᠢᠨ ᠣᠷᠣᠨ ᠵᠠᠢ ᠶᠢᠨ ᠨᠡᠶᠢᠭᠡᠮ ᠤᠨ ᠶᠠᠪᠤᠯᠴᠠᠭ᠎ᠠ᠂ ᠠᠮᠠᠷᠠᠵᠤ | ᠰᠡᠯᠡᠭᠦᠴᠡᠬᠦ᠂ ᠤᠯᠠᠨ ᠨᠡᠶᠢᠲᠡ ᠶᠢᠨ ᠦᠢᠯᠡᠴᠢᠯᠡᠭᠡ ᠳᠤ ᠬᠡᠷᠡᠭᠯᠡᠬᠦ ᠴᠢᠳᠠᠮᠵᠢ ᠶᠢ ᠪᠠᠳᠠᠷᠠᠭᠤᠯᠵᠤ᠂ ᠨᠡᠯᠢᠶᠡᠳ ᠥᠨᠳᠥᠷ | ᠬᠡᠷᠡᠭᠯᠡᠭᠡᠨ ᠤ ᠦᠷᠳᠡᠭ ᠪᠦᠬᠦᠢ ᠪᠣᠳᠠᠲᠤ ᠴᠣᠭᠴᠠ ᠶᠢᠨ ᠴᠢᠨᠠᠷᠲᠠᠢ ᠦᠢᠯᠡᠳᠬᠦᠨ ᠢ ᠰᠢᠨ᠎ᠡ ᠶᠢ ᠡᠭᠦᠳᠦᠨ ᠵᠢᠷᠤᠵᠤ | ᠲᠥᠯᠥᠪᠯᠡᠬᠦ ᠬᠡᠷᠡᠭᠲᠡᠢ᠃ | ᠨᠡᠶᠢᠳᠬᠡᠬᠦ ᠴᠢᠨᠠᠷᠲᠠᠶ ᠲᠡᠮᠳᠡᠭ ᠤᠨ ᠰᠢᠰᠲ᠋ᠧᠮ ᠢ ᠵᠢᠷᠤᠵᠤ ᠲᠥᠯᠥᠪᠯᠡᠨ ᠬᠡᠷᠡᠭᠯᠡᠬᠦ ᠶᠢ ᠴᠢᠬᠤᠯᠠᠴᠢᠯᠠᠨ᠎ᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ | ᠰᠢᠵᠢᠮ ᠤᠨ ᠲᠣᠭᠤᠷᠢᠨ ᠳᠤ᠂ ᠬᠤᠳᠠ ᠶᠢᠨ ᠤᠯᠠᠨ ᠨᠡᠶᠢᠲᠡ ᠶᠢᠨ ᠣᠷᠣᠨ ᠵᠠᠢ ᠳᠤ ᠲᠤᠬᠢᠷᠠᠬᠤ ᠭᠤᠣᠯ ᠲᠦᠷᠢ | ᠲᠥᠷᠬᠦ ᠶᠢᠨ ᠡᠯᠧᠮᠧᠨ᠋ᠲ ᠢ ᠪᠣᠯᠪᠠᠰᠤᠷᠠᠭᠤᠯᠬᠤ ᠶᠢᠨ ᠬᠠᠮᠲᠤ᠂ ᠤᠯᠠᠨ ᠨᠡᠶᠢᠲᠡ ᠶᠢᠨ ᠣᠷᠣᠨ ᠵᠠᠢ ᠶᠢᠨ ᠬᠠᠷᠠᠭᠠᠨ | ᠰᠡᠷᠡᠯ ᠤᠨ ᠤᠳᠤᠷᠢᠳᠤᠮᠵᠢ ᠶᠢᠨ ᠵᠢᠷᠤᠭ ᠲᠥᠯᠥᠪᠯᠡᠭᠡ᠂ ᠳᠡᠯᠭᠡᠨ ᠦᠵᠡᠭᠦᠯᠬᠦ ᠵᠢᠷᠤᠭ ᠲᠥᠯᠥᠪᠯᠡᠭᠡ ᠪᠠ ᠤᠯᠠᠨ | ᠨᠡᠶᠢᠲᠡ ᠶᠢᠨ ᠤᠷᠠᠯᠢᠭ ᠤᠨ ᠵᠢᠷᠤᠭ ᠲᠥᠯᠥᠪᠯᠡᠭᠡ ᠵᠡᠷᠭᠡ ᠶᠢ ᠪᠠᠭᠲᠠᠭᠠᠭᠰᠠᠨ ᠡᠯ᠎ᠡ ᠲᠦᠷᠦᠯ ᠤᠨ ᠵᠢᠷᠤᠭ | ᠲᠥᠯᠥᠪᠯᠡᠭᠡ ᠶᠢᠨ ᠵᠠᠭᠪᠤᠷ ᠲᠤ ᠢᠯᠡᠷᠡᠭᠦᠯᠵᠦ᠂ ᠰᠠᠨᠠᠭᠠᠴᠢᠯᠠᠭᠠᠲᠤ ᠪᠤᠰᠤ᠂ ᠲᠠᠷᠠᠬᠠᠢ ᠪᠤᠲᠠᠷᠬᠠᠢ ᠮᠠᠶ᠋ᠢᠭ ᠤᠨ ᠬᠠᠲᠠᠭᠤ | ᠴᠢᠨᠠᠷ ᠢ ᠣᠷᠣᠭᠤᠯᠬᠤ ᠰᠡᠳᠬᠢᠴᠡ ᠶᠢ ᠲᠠᠶᠠᠭᠳᠠᠬᠤ ᠬᠡᠷᠡᠭᠲᠡᠢ᠃ | ᠬᠡᠷᠡᠭᠯᠡᠭᠡᠨ ᠤ ᠬᠡᠷᠡᠭᠯᠡᠯᠲᠡ ᠶᠢ ᠢᠯᠡᠷᠡᠭᠦᠯᠬᠦ᠃ ᠬᠤᠳᠠ ᠶᠢᠨ ᠤᠯᠠᠨ ᠨᠡᠶᠢᠲᠡ ᠶᠢᠨ ᠣᠷᠣᠨ ᠵᠠᠢ ᠶᠢ | ᠲᠥᠯᠥᠪᠵᠢᠭᠦᠯᠦᠨ ᠪᠦᠳᠦᠬᠡᠨ ᠪᠠᠶᠢᠭᠤᠯᠬᠤ ᠳᠤ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠳᠠ ᠦᠬᠡᠢ ᠬᠠᠩᠭᠠᠬᠤ ᠬᠡᠷᠡᠭᠲᠡᠢ᠃ | ᠬᠤᠳᠠ ᠶᠢᠨ ᠤᠯᠠᠨ ᠨᠡᠶᠢᠲᠡ ᠶᠢᠨ ᠦᠢᠯᠡᠳᠬᠦᠨ ᠴᠦ ᠲᠡᠷᠡ᠂ ᠬᠤᠳᠠ ᠶᠢᠨ ᠦᠢᠯᠡᠴᠢᠯᠡᠭᠡ ᠴᠦ ᠲᠡᠷᠡ᠂ ᠴᠥᠮ | ᠪᠣᠳᠠᠲᠤ ᠠᠮᠢᠳᠤᠷᠠᠯ ᠳᠠᠭᠠᠨ ᠰᠠᠭᠤᠷᠢᠯᠠᠨ᠂ ᠬᠡᠷᠡᠭᠯᠡᠭᠡᠨ ᠳᠤ ᠲᠤᠬᠢᠷᠠᠬᠤ ᠶᠢ ᠪᠠᠷᠢᠮᠲᠠᠯᠠᠵᠤ᠂ ᠬᠤᠳᠠ ᠶᠢᠨ ᠣᠷᠣᠨ | ᠪᠦᠰᠡ ᠶᠢ ᠰᠢᠨᠡᠳᠬᠡᠬᠦ᠂ ᠨᠡᠶᠢᠭᠡᠮ ᠲᠣᠭᠤᠷᠢᠭ ᠢ ᠪᠢᠴᠢᠯ ᠰᠢᠨᠡᠳᠬᠡᠬᠦ ᠲᠠᠢ ᠤᠶᠠᠯᠳᠤᠭᠤᠯᠬᠤ ᠬᠡᠷᠡᠭᠲᠡᠢ᠃ | ᠬᠠᠶᠢᠷ᠎ᠠ ᠰᠡᠳᠬᠢᠯᠭᠡ ᠶᠢᠨ ᠳᠡᠭᠡᠭᠰᠢᠯᠡᠯᠲᠡ ᠶᠢ ᠪᠡᠶᠡᠯᠡᠭᠦᠯᠬᠦ᠃ ᠣᠳᠣ ᠦᠶ᠎ᠡ ᠶᠢᠨ ᠬᠤᠲᠠ ᠤᠯᠠᠮ ᠠᠴᠠ ᠤᠯᠠᠮ | ᠤᠷᠮ᠎ᠠ ᠶᠢᠨ ᠦᠨ᠎ᠡ ᠥᠷᠲᠡᠭ ᠪᠠ ᠤᠷᠮ᠎ᠠ ᠶᠢᠨ ᠪᠡᠶᠡᠴᠢ ᠣᠶᠢᠯᠠᠭᠠᠯᠲᠠ ᠶᠢ ᠴᠢᠬᠤᠯᠠᠴᠢᠯᠠᠵᠤ ᠪᠠᠢᠨ᠎ᠠ᠃ ᠦᠵᠡᠮᠵᠢ᠂ | ᠢᠳᠡᠭᠡᠨ᠂ ᠬᠥᠮᠦᠨ᠂ ᠪᠣᠳᠠᠰ ᠲᠤ ᠡᠯᠪᠡᠭ ᠪᠠᠶᠠᠯᠢᠭ ᠤᠷᠮ᠎ᠠ ᠰᠡᠳᠬᠢᠯᠭᠡ ᠶᠢᠨ ᠦᠨ᠎ᠡ ᠥᠷᠲᠡᠭ ᠪᠠ ᠥᠩᠭᠡᠷᠡᠯᠲᠡ | ᠠᠭᠤᠯᠤᠭᠳᠠᠵᠤ᠂ ᠬᠤᠲᠠ ᠶᠢᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠶᠢᠨ ᠴᠢᠬᠤᠯᠠ ᠠᠭᠤᠯᠭ᠎ᠠ ᠪᠣᠯᠤᠨ᠎ᠠ᠃ | ᠡᠨᠡ ᠲᠥᠷᠥᠯ ᠤᠨ ᠲᠡᠮᠳᠡᠭ ᠪᠠ ᠳᠦᠷᠢ ᠲᠥᠷᠬᠦ ᠶᠢ ᠪᠦᠲᠦᠭᠡᠯᠴᠢ ᠪᠠᠷ ᠪᠣᠯᠪᠠᠰᠤᠷᠠᠭᠤᠯᠬᠤ ᠪᠠ ᠰᠢᠨ᠎ᠡ ᠶᠢ ᠡᠭᠦᠳᠦᠨ | ᠬᠡᠷᠡᠭᠯᠡᠬᠦ ᠶᠢ ᠴᠢᠬᠤᠯᠠᠴᠢᠯᠠᠵᠤ᠂ ᠬᠥᠮᠦᠰ ᠤᠨ ᠰᠡᠳᠬᠢᠯᠭᠡ ᠶᠢᠨ ᠴᠤᠤᠷᠢᠶ᠎ᠠ ᠶᠢ ᠬᠥᠭᠵᠢᠭᠡᠬᠦ ᠬᠡᠷᠡᠭᠲᠡᠶ᠃ | ᠪᠦᠬᠦ ᠲᠠᠯ᠎ᠠ ᠶᠢᠨ ᠰᠢᠭᠢᠳᠬᠡᠯ ᠢ ᠲᠦᠯᠬᠢᠨ ᠠᠬᠢᠭᠤᠯᠬᠤ᠃ ᠨᠡᠶᠢᠭᠡᠮ ᠲᠣᠭᠤᠷᠢᠭ ᠪᠣᠯ | ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠶᠢᠨ ᠭᠡᠷ ᠪᠦᠯᠢ ᠮᠥᠨ᠂ ᠬᠤᠳᠠ ᠶᠢᠨ ᠵᠠᠰᠠᠯᠲᠠ ᠶᠢᠨ | ᠰᠢᠰᠲ᠋ᠧᠮ ᠤᠨ ᠦᠨᠳᠦᠰᠦᠨ ᠨᠢᠭᠡᠴᠢ ᠮᠥᠨ᠃ ᠨᠡᠶᠢᠭᠡᠮᠯᠢᠭ ᠰᠦᠷᠦᠭᠵᠢᠯ ᠪᠣᠯ ᠬᠠᠮᠲᠤ ᠶᠢᠨ ᠣᠷᠣᠰᠢᠨ ᠰᠠᠭᠤᠷᠢᠰᠢᠬᠤ | ᠣᠷᠣᠨ ᠪᠦᠰᠡ ᠳᠤ ᠰᠠᠭᠤᠷᠢᠯᠠᠵᠤ ᠨᠢᠭᠡ ᠳᠣᠣᠷ᠎ᠠ ᠴᠤᠭᠯᠠᠷᠠᠭᠰᠠᠨ ᠬᠥᠮᠦᠰ ᠪᠣᠯᠤᠨ᠎ᠠ᠂ ᠬᠠᠮᠲᠤ ᠣᠷᠣᠰᠢᠨ | ᠰᠠᠭᠤᠷᠢᠰᠢᠬᠤ ᠣᠷᠣᠨ ᠵᠠᠢ ᠳᠤ ᠰᠠᠭᠤᠷᠢᠯᠠᠵᠤ ᠥᠷᠨᠢᠭᠦᠯᠦᠭᠰᠡᠨ ᠬᠤᠷᠰᠢᠯᠴᠠᠨ ᠶᠠᠪᠤᠯᠴᠠᠬᠤ ᠠᠵᠢᠯᠯᠠᠭ᠎ᠠ ᠨᠢ | ᠨᠡᠶᠢᠭᠡᠮᠯᠢᠭ ᠰᠦᠷᠦᠭᠵᠢᠯ ᠤᠨ ᠭᠡᠰᠢᠭᠦᠳ ᠤᠨ ᠬᠠᠷᠢᠴᠠᠭ᠎ᠠ ᠶᠢ ᠳᠠᠰᠤᠷᠠᠯᠳᠠ ᠦᠭᠡᠢ ᠪᠠᠬᠢᠵᠢᠭᠦᠯᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠨᠡᠶᠢᠭᠡᠮᠯᠢᠭ ᠰᠦᠷᠦᠭᠵᠢᠯ ᠤᠨ ᠭᠡᠰᠢᠭᠦᠳ ᠤᠨ | ᠬᠤᠷᠰᠢᠯᠴᠠᠭ᠎ᠠ ᠶᠢ ᠳᠠᠰᠤᠷᠠᠯᠳᠠ ᠦᠭᠡᠢ ᠴᠢᠩᠭᠠᠳᠬᠠᠵᠠᠢ᠃ ᠤᠯᠠᠨ ᠦᠨᠳᠦᠰᠦᠲᠡᠨ ᠤ ᠤᠯᠠᠨ ᠲᠦᠮᠡᠨ ᠤ ᠬᠠᠷᠢᠯᠴᠠᠨ | ᠰᠢᠭᠢᠳᠬᠡᠬᠦ ᠮᠠᠶ᠋ᠢᠭ ᠤᠨ ᠨᠡᠶᠢᠭᠡᠮ ᠲᠣᠭᠤᠷᠢᠭ ᠢ ᠢᠳᠡᠪᠬᠢᠲᠡᠢ ᠪᠦᠳᠦᠭᠡᠨ ᠪᠠᠶᠢᠭᠤᠯᠵᠤ᠂ ᠦᠨᠳᠦᠰᠦᠲᠡᠨ ᠨᠦᠭᠦᠳ ᠤᠨ | ᠤᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠣᠷᠣᠨ ᠵᠠᠢ᠂ ᠰᠣᠶᠣᠯ᠂ ᠠᠵᠤ | ᠠᠬᠤᠢ᠂ ᠨᠡᠶᠢᠭᠡᠮ᠂ ᠰᠡᠳᠬᠢᠴᠡ ᠵᠡᠷᠭᠡ ᠪᠦᠬᠦ ᠲᠠᠯ᠎ᠠ ᠶᠢᠨ ᠰᠢᠭᠢᠳᠬᠡᠯ ᠢ ᠪᠡᠶᠡᠯᠡᠭᠦᠯᠬᠦ ᠬᠡᠷᠡᠭᠲᠡᠢ᠃ |