ᠥᠪᠥᠷ ᠮᠣᠩᠭᠤᠯ ᠤᠨ ᠤᠯᠠᠭᠠᠨᠴᠠᠪ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠳᠦᠭᠦᠷᠭᠡᠵᠦ ᠵᠣᠭᠰᠣᠭᠠᠬᠤ ᠶᠢ ᠵᠢᠷᠤᠮᠵᠢᠭᠤᠯᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/30
    ᠣᠶᠢᠷ᠎ᠠ ᠳᠤ᠂ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠬᠠᠷᠢᠶ᠎ᠠ ᠣᠷᠣᠨ ᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠳᠥᠷᠪᠡᠳ ᠬᠤᠰᠢᠭᠤ ᠵᠡᠷᠭᠡ ᠪᠢᠴᠢᠯ ᠬᠡᠯᠪᠡᠷᠢ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠥᠷᠲᠡᠭᠡ᠂ ︽ᠨᠢᠭᠡ ᠠᠩᠭᠢ ᠨᠢᠭᠡ ᠲᠥᠪ︾ ᠤᠨ ᠠᠵᠢᠯᠲᠠᠨ ᠵᠢᠴᠢ ︽ᠮᠢᠩᠭᠠᠨ ᠦᠭᠡ ᠮᠢᠩᠭᠠᠨ ᠨᠢᠳᠦᠲᠦ︾ ᠭᠠᠯ ᠰᠡᠷᠭᠡᠶᠢᠯᠡᠵᠦ ᠭᠠᠯ ᠤᠨᠲᠠᠷᠠᠭᠠᠬᠤ ᠰᠠᠶᠢᠨ ᠳᠤᠷᠠᠴᠤᠳ ᠢ ᠵᠣᠬᠢᠶᠠᠨ ᠪᠠᠶᠢᠭᠤᠯᠤᠨ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠴᠡᠨᠡᠭᠯᠡᠵᠦ ᠵᠣᠭᠰᠣᠭᠠᠬᠤ ᠶᠢ ᠵᠢᠷᠤᠮᠵᠢᠭᠤᠯᠬᠤ︾ ᠰᠠᠶᠢᠨ ᠳᠤᠷ᠎ᠠ ᠶᠢᠨ  ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ︽ᠤᠬᠠᠭᠤᠯᠭ᠎ᠠ + ᠪᠠᠶᠢᠴᠠᠭᠠᠯᠲᠠ +  ᠦᠢᠯᠡᠴᠢᠯᠡᠭᠡ︾ ᠶᠢᠨ ᠬᠠᠮ ᠨᠢᠳᠤᠷᠭ᠎ᠠ ᠶᠢ ᠰᠠᠶᠢᠲᠤᠷ ᠬᠢᠵᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠳᠠᠯᠳᠠ ᠬᠡᠮ ᠤᠨ ᠪᠥᠬᠦ ᠬᠡᠯᠬᠢᠶ᠎ᠡ ᠶᠢ ᠴᠡᠭᠴᠡᠯᠡᠨ ᠵᠠᠰᠠᠬᠤ ᠠᠵᠢᠯᠯᠠᠭ᠎ᠠ ᠳᠤ ᠬᠦᠴᠦᠨ ᠨᠡᠮᠡᠷᠢᠯᠡᠪᠡ᠃    ︽ᠠᠰᠠᠷ ᠤᠨ ᠵᠠᠮ ᠳᠡᠭᠡᠷ᠎ᠡ ᠴᠠᠬᠢᠯᠭᠠᠨ ᠬᠥᠳᠡᠯᠭᠡᠭᠦᠷᠲᠦ ᠲᠡᠷᠭᠡ ᠲᠠᠯᠪᠢᠬᠤ ᠳᠤ 100 ᠰᠧᠺᠦ᠋ᠨ᠋ᠳ᠋ ᠯᠡ ᠬᠡᠷᠡᠭᠰᠡᠨ᠎ᠡ︕ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠶᠠᠨᠴᠠᠭᠠᠨ ᠪᠠᠯᠭᠠᠰᠤᠨ ᠤ ᠪᠠᠶ ᠶᠦᠨ ᠨᠡᠶᠢᠭᠡᠮ ᠲᠣᠭᠤᠷᠢᠭ ᠲᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠪᠠᠭ᠎ᠠ ᠰᠠᠯᠪᠤᠷᠢ ᠠᠩᠭᠢ ᠣᠷᠣᠨ ᠰᠠᠭᠤᠴᠠ ᠶᠢᠨ ᠲᠣᠭᠤᠷᠢᠭ᠂ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ᠂ ᠵᠡᠭᠡᠯᠢ ᠳᠠᠭᠠᠤ ᠳᠡᠯᠭᠡᠭᠦᠷ ᠫᠦᠰᠡ ᠵᠡᠷᠭᠡ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠢᠶᠠᠷ ᠣᠷᠣᠵᠤ᠂ ᠬᠤᠪᠢᠶᠠᠷᠢ ᠴᠠᠬᠢᠯᠭᠠᠨ ᠭᠠᠷᠭᠠᠬᠤ ᠬᠥᠳᠡᠯᠭᠡᠭᠦᠷᠲᠦ ᠳᠤᠭᠤᠶ ᠲᠡᠷᠭᠡᠨ ᠤ ᠠᠳᠠᠯ ᠤᠨ ᠤᠬᠠᠭᠤᠯᠭ᠎ᠠ ᠶᠢᠨ ᠵᠠᠷᠯᠠᠯ ᠨᠡᠶᠢᠲᠡᠯᠡᠵᠦ᠂ ᠬᠤᠲᠠ ᠶᠢᠨ ᠠᠷᠠᠳ ᠲᠤ ᠬᠡᠷ ᠳᠣᠲᠣᠷ᠎ᠠ᠂ ᠠᠰᠠᠷ ᠤᠨ ᠱᠠᠲᠤ ᠶᠢᠨ ᠬᠤᠭᠤᠷᠣᠨᠳᠣ᠂ ᠲᠠᠷᠬᠠᠭᠠᠬᠤ ᠵᠠᠮ᠂ ᠠᠮᠤᠷ ᠲᠦᠪᠰᠢᠨ ᠭᠠᠷᠬᠤ ᠡᠭᠦᠳᠡᠨ ᠳᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠤᠶᠤ ᠴᠠᠬᠢᠯᠭᠠᠨ ᠴᠡᠨᠡᠭᠯᠡᠵᠦ ᠪᠣᠯᠬᠤ ᠥᠬᠡᠶ ᠭᠡᠵᠦ ᠰᠠᠨᠠᠭᠤᠯᠵᠠᠶ᠃    ︽ᠬᠠᠩ ᠨᠢᠩ ᠳ᠋ᠡ ᠯᠠᠢ ᠨᠡᠶᠢᠭᠡᠮ ᠲᠣᠭᠤᠷᠢᠭ ᠤᠨ ᠳᠡᠯᠭᠡᠭᠦᠷ ᠤᠯᠠᠨ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠬᠡᠷᠡᠭᠯᠡᠬᠦ ᠬᠡᠮᠵᠢᠶ᠎ᠡ ᠶᠡᠭᠡ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠠᠶᠤᠯ ᠲᠦᠭᠰᠢᠭᠦᠷᠢ ᠶᠡᠭᠡ᠂ ᠡᠨᠡ ᠬᠡᠰᠡᠭ ᠬᠤᠭᠤᠴᠠᠭᠠᠨ ᠳᠤ ᠲᠣᠭᠲᠠᠭᠰᠠᠨ ᠴᠠᠭ ᠦᠭᠡᠢ ᠤᠬᠠᠭᠤᠯᠤᠨ ᠰᠤᠷᠪᠤᠯᠵᠢᠯᠠᠬᠤ ᠪᠠᠷ ᠳᠠᠮᠵᠢᠨ᠂ ᠦᠷᠭᠦᠯᠵᠢ ᠰᠠᠨᠠᠭᠤᠯᠵᠤ᠂ ᠦᠷᠭᠦᠯᠵᠢ ᠬᠥᠮᠦᠵᠢᠭᠦᠯᠵᠦ᠂ ᠦᠷᠭᠦᠯᠵᠢ ᠱᠠᠯᠠᠪᠳᠠᠭᠤᠯᠬᠤ ᠪᠠᠷ ᠳᠠᠮᠵᠢᠨ᠂ ᠣᠯᠠᠨ ᠤ ᠠᠮᠤᠷ ᠲᠦᠪᠰᠢᠨ ᠤ ᠤᠬᠠᠮᠰᠠᠷ ᠳᠡᠭᠡᠭᠰᠢᠯᠡᠵᠦ᠂ ᠤᠲᠠᠰᠤ ᠭᠦᠶᠦᠯᠭᠡᠨ ᠴᠠᠬᠢᠯᠭᠠᠨ ᠴᠡᠨᠡᠭᠯᠡᠬᠦ᠂ ᠬᠥᠮᠦᠨ ᠲᠡᠷᠭᠡ ᠨᠢᠭᠡ ᠭᠡᠷ ᠲᠤ ᠪᠠᠢᠬᠤ ᠵᠡᠷᠭᠡ ᠦᠵᠡᠭᠳᠡᠯ ᠢᠯᠡᠳᠲᠡ ᠪᠠᠭᠠᠰᠴᠠᠢ︾ ᠭᠡᠵᠦ ᠪᠠᠶᠠᠨᠴᠠᠭᠠᠨ ᠪᠠᠯᠭᠠᠰᠤᠨ ᠤ  ᠬᠠᠩ  ᠨᠢᠩ ᠳ᠋ᠠ ᠯᠠᠢ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠲᠥᠩ ᠯᠢ ᠺᠧ ᠬᠡᠯᠡᠪᠡ᠃    ᠳᠥᠷᠪᠡᠳ ᠬᠤᠰᠢᠭᠤᠨ ᠤ ᠤᠯᠠᠭᠠᠨᠬᠤᠸᠠ ᠪᠠᠯᠭᠠᠰᠤᠨ ᠤ ᠲᠤᠸᠠᠨ ᠵᠢᠶᠧ ᠵᠠᠮ ᠤᠨ ᠨᠡᠶᠢᠭᠡᠮ ᠲᠣᠭᠤᠷᠢᠭ ᠲᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠪᠠᠭ᠎ᠠ ᠰᠠᠯᠪᠤᠷᠢ ᠠᠩᠭᠢ ᠨᠡᠶᠢᠭᠡᠮ ᠲᠣᠭᠤᠷᠢᠭ ᠤᠨ ᠠᠵᠢᠯᠲᠠᠨ ᠲᠠᠢ ᠬᠠᠮᠲᠤᠷᠠᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠣᠭᠲᠠᠭᠠᠯ ᠠᠴᠠ ᠵᠥᠷᠢᠴᠡᠨ ᠳᠦᠭᠦᠷᠭᠡᠵᠦ ᠵᠣᠭᠰᠣᠭᠠᠬᠤ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠲᠣᠭᠲᠠᠭᠠᠯ ᠠᠴᠠ ᠵᠥᠷᠢᠴᠡᠨ ᠴᠠᠬᠢᠯᠭᠠᠨ ᠴᠡᠨᠡᠭᠯᠡᠵᠦ᠂ ᠵᠣᠭᠰᠣᠭᠠᠭᠰᠠᠨ ᠴᠠᠬᠢᠯᠭᠠᠨ ᠬᠥᠳᠡᠯᠭᠡᠭᠦᠷᠲᠦ ᠲᠡᠷᠭᠡ ᠶᠢ ᠣᠯᠵᠤ ᠮᠡᠳᠡᠪᠡᠯ᠂ ᠳᠠᠷᠦ᠋ᠢᠬᠠᠨ ᠣᠨᠢᠰᠤᠯᠠᠬᠤ ᠪᠥᠭᠡᠳ ᠢᠯᠡ ᠪᠠᠶᠢᠷᠢᠨ ᠳᠤᠨᠢ ᠬᠠᠯᠠᠭᠤᠨ ᠰᠠᠨᠠᠭᠤᠯᠭ᠎ᠠ ᠨᠠᠭᠠᠵᠤ᠂ ᠲᠡᠷᠭᠡᠨ ᠡᠵᠡᠨ ᠤ ᠲᠡᠷᠭᠡ ᠨᠢᠭᠡᠨᠲᠡ ᠣᠨᠢᠯᠠᠭᠳᠠᠭᠰᠠᠨ ᠢ ᠮᠡᠳᠡᠭᠳᠡᠵᠦ᠂ ᠨᠡᠶᠢᠭᠡᠮ ᠲᠣᠭᠤᠷᠢᠭ ᠤᠨ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠴᠦ ᠬᠥᠮᠦᠵᠢᠯ ᠭᠥᠷᠳᠡᠬᠦ ᠶᠢᠨ ᠬᠠᠮᠲᠤ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠭᠰᠠᠨ ᠤ ᠳᠠᠷᠠᠭ᠎ᠠ ᠰᠠᠶ᠋ᠢ ᠣᠨᠢᠰᠤ ᠪᠠᠨ ᠨᠡᠭᠡᠭᠡᠵᠦ ᠠᠪᠴᠤ ᠪᠣᠯᠤᠨ᠎ᠠ᠃    ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠣᠭᠲᠠᠭᠠᠯ ᠠᠴᠠ ᠵᠥᠷᠢᠴᠡᠨ ᠵᠣᠭᠰᠣᠭᠠᠵᠤ᠂ ᠴᠠᠬᠢᠯᠭᠠᠨ ᠴᠡᠨᠡᠭᠯᠡᠭᠡᠳ ᠭᠠᠯ ᠤᠨ ᠠᠶᠤᠯ ᠭᠠᠷᠭᠠᠵᠤ᠂ ᠶᠠᠯ᠎ᠠ ᠪᠣᠯᠵᠣ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ᠂ ᠰᠠᠶᠢᠨ ᠳᠤᠷ᠎ᠠ ᠶᠢᠨ  ᠦᠢᠯᠡᠴᠢᠯᠡᠭᠡᠨ ᠤ ᠰᠠᠯᠪᠤᠷᠢ ᠪᠠᠭ᠎ᠠ ᠠᠩᠭᠢ ᠶᠢᠨ ᠬᠢᠨ ︽ᠬᠢᠴᠢᠶᠡᠯ ᠨᠥᠬᠦᠬᠦ︾ ᠲᠡᠷᠭᠡ ᠶᠢ ᠵᠣᠬᠢᠶᠠᠨ ᠪᠠᠶᠢᠭᠤᠯᠵᠤ ᠦᠨᠡᠨ ᠪᠣᠳᠠᠲᠠᠶ ᠭᠠᠯ ᠤᠨ ᠠᠶᠤᠯ ᠤᠨ ᠬᠡᠷᠡᠭ ᠤᠨ ᠵᠢᠱᠢᠶ᠎ᠡ ᠶᠢ ᠪᠡᠶᠡᠴᠢ ᠲᠠᠯ᠎ᠠ ᠠᠴᠠ ᠪᠠᠨ ᠦᠵᠡᠵᠦ᠂ ᠬᠡᠷᠡᠭ ᠤᠨ ᠵᠢᠱᠢᠶ᠎ᠡ ᠪᠠᠷ ᠬᠠᠤᠯᠢ ᠶᠢ ᠲᠦᠭᠡᠮᠡᠯᠵᠢᠭᠦᠯᠵᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠤᠨ ᠠᠶᠤᠯ ᠤᠨ ᠬᠤᠤᠷ ᠬᠥᠨᠥᠭᠡᠯ ᠵᠢᠴᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠣᠭᠲᠠᠭᠠᠯ ᠠᠴᠠ ᠵᠥᠷᠢᠴᠡᠨ ᠵᠣᠭᠰᠣᠭᠠᠬᠤ ᠪᠠ ᠴᠠᠬᠢᠯᠭᠠᠨ ᠴᠡᠨᠡᠭᠯᠡᠬᠦ ᠳᠤ ᠡᠭᠦᠷᠭᠡᠯᠡᠬᠦ ᠴᠢᠬᠤᠯᠠᠲᠠᠶ ᠬᠠᠤᠯᠢ ᠶᠢᠨ ᠬᠠᠷᠢᠭᠤᠴᠠᠯᠭ᠎ᠠ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠪᠠᠷ ᠲᠠᠨᠢᠯᠴᠠᠭᠤᠯᠤᠨ ᠲᠠᠶᠢᠯᠪᠤᠷᠢᠯᠠᠪᠠ᠃    ︽ᠵᠣᠭᠤᠰ ᠢᠶᠠᠷ ᠲᠣᠷᠭᠠᠬᠤ ᠪᠤᠶᠤ ᠲᠡᠷᠭᠡ ᠴᠢᠷᠬᠦ ᠶᠠᠪᠤᠳᠠᠯ ᠢ ᠳᠥᠭᠦᠮᠬᠡᠨ ᠢᠶᠠᠷ ᠰᠢᠢᠳᠪᠦᠷᠢᠯᠡᠵᠦ ᠪᠠᠶᠢᠭ᠎ᠠ ᠪᠢᠰᠢ᠂ ᠬᠠᠷᠢᠨ ᠡᠶᠢᠮᠦ ᠬᠥᠮᠥᠡᠯᠢᠭ᠂ ᠰᠤᠷᠭᠠᠨ ᠬᠥᠮᠦᠵᠢᠭᠦᠯᠬᠦ ᠠᠷᠭ᠎ᠠ ᠠᠪᠴᠤ ᠪᠠᠶᠢᠭᠠᠳ ᠠᠯᠳᠠᠭ᠎ᠠ ᠪᠤᠷᠤᠭᠤ ᠪᠠᠨ ᠪᠢᠳᠡᠨ ᠳᠤ ᠲᠠᠨᠢᠭᠤᠯᠪᠠᠯ᠂ ᠬᠤᠶᠢᠰᠢᠳᠠ ᠯᠠᠪᠲᠠᠢ ᠤᠬᠠᠮᠰᠠᠷ ᠠᠴᠠ ᠪᠠᠨ ᠲᠣᠭᠲᠠᠭᠠᠯ ᠢ ᠵᠢᠷᠤᠮᠯᠠᠨ ᠰᠠᠬᠢᠬᠤ ᠶᠤᠮ᠃ ᠤᠯᠠᠭᠠᠨᠴᠠᠪ ᠬᠤᠲᠠ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠨᠢ ᠦᠷᠭᠦᠯᠵᠢᠯᠡᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠠᠮᠤᠷ ᠲᠦᠪᠰᠢᠨ ᠢᠶᠠᠷ ᠬᠡᠷᠡᠭᠯᠡᠬᠦ ᠶᠢ ᠡᠳᠦᠷ ᠲᠤᠲᠤᠮ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠭᠤᠯᠤᠯ ᠤᠬᠠᠭᠤᠯᠭ᠎ᠠ ᠶᠢᠨ ᠴᠢᠬᠤᠯᠠ ᠠᠭᠤᠯᠭ᠎ᠠ ᠳᠤ ᠣᠷᠣᠭᠤᠯᠵᠤ᠂ ᠦᠨᠳᠦᠰᠦᠨ ᠱᠠᠲᠤᠨ ᠤ ᠬᠦᠴᠦᠨ ᠢ ᠵᠣᠬᠢᠶᠠᠨ ᠪᠠᠶᠢᠭᠤᠯᠤᠨ ︽ᠡᠭᠦᠳᠡ ᠲᠣᠭᠰᠢᠬᠤ ᠠᠵᠢᠯᠯᠠᠭ᠎ᠠ︾ ᠪᠠ ︽ᠭᠤᠷᠪᠠ ᠶᠢ ᠴᠡᠪᠡᠷᠯᠡᠵᠦ ᠭᠤᠷᠪᠠ ᠶᠢ ᠬᠠᠭᠠᠬᠤ︾ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ᠣᠯᠠᠨ ᠲᠦᠮᠡᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠠᠮᠤᠷ ᠲᠦᠪᠰᠢᠨ ᠢᠶᠠᠷ ᠬᠡᠷᠡᠭᠯᠡᠬᠦ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号