ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ ᠲᠢᠩᠬᠢᠮ ᠤᠨ | ᠨᠠᠮ ᠤᠨ ᠬᠤᠷᠢᠶᠠᠨ ᠤ ᠭᠤᠤᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠬᠤ ᠬᠡᠷᠡᠭᠲᠡᠶ᠂ 2024 ᠣᠨ ᠤ ᠭᠤᠤᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠢ | ᠳ᠋ᠦᠩᠨᠡᠪᠡ᠂ ᠵᠢᠯ ᠤᠨ ᠡᠴᠦᠰ ᠵᠢᠯ ᠤᠨ ᠡᠬᠢᠨ ᠤ ᠠᠶᠤᠯᠲᠠᠶ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠠᠵᠢᠯ ᠢ ᠦᠨᠡᠨ ᠬᠦ ᠰᠠᠶᠢᠲᠤᠷ ᠬᠢᠨ᠎ᠠ᠂ 12 ᠰᠠᠷ᠎ᠠ ᠶᠢᠨ 24 ᠤ ᠡᠳᠦᠷ᠂ ᠥᠪᠡᠷᠲᠡᠭᠡᠨ | ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠠᠶᠤᠯᠲᠠᠶ ᠬᠢᠮᠢ ᠶᠢᠨ | ᠪᠣᠳᠠᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠥᠬᠦ ᠣᠷᠣᠨ ᠤ ᠠᠶᠤᠯᠲᠠᠶ ᠬᠢᠮᠢ ᠶᠢᠨ ᠪᠣᠳᠠᠰ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠸᠢᠳᠢᠣ᠋ ᠬᠤᠷᠠᠯ ᠬᠤᠷᠠᠯᠳᠤᠭᠤᠯᠪᠠ᠂ ᠲᠢᠩᠬᠢᠮ ᠤᠨ ᠨᠠᠮ ᠤᠨ ᠬᠤᠷᠢᠶᠠᠨ ᠤ | ᠭᠡᠰᠢᠭᠦᠨ᠂ ᠳᠡᠳ᠋ ᠲᠢᠩᠬᠢᠮ ᠤᠨ ᠳᠠᠷᠤᠭ᠎ᠠ ᠰᠢᠶᠤᠤ ᠳ᠋ᠠᠨ᠂ ᠠᠶᠤᠯᠲᠠᠶ ᠬᠢᠮᠢ ᠶᠢᠨ ᠪᠣᠳᠠᠰ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠯᠢ ᠬᠠᠶ ᠵᠢᠶᠦ᠋ᠨ ᠵᠢᠴᠢ ᠠᠶᠤᠯᠲᠠᠶ ᠬᠢᠮᠢ ᠶᠢᠨ ᠪᠣᠳᠠᠰ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠪᠥᠬᠦ ᠠᠵᠢᠯᠲᠠᠨ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠂ | 12 ᠠᠶᠢᠮᠠᠭ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠤᠪᠢᠳᠠᠨ | ᠬᠠᠮᠢᠶᠠᠷᠬᠤ ᠬᠠᠷᠢᠭᠤᠴᠠᠯᠭᠠᠲᠠᠨ᠂ ᠠᠶᠤᠯ ᠲᠠᠢ ᠬᠢᠮᠢ ᠶᠢᠨ ᠡᠳ᠋ ᠤᠨ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠲᠣᠰ | ᠲᠣᠰ ᠠᠶᠢᠮᠠᠭ ᠬᠤᠲᠠ ᠶᠢᠨ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃ | ᠬᠤᠷᠠᠯ ᠠᠴᠠ 2024 ᠣᠨ ᠤ ᠪᠥᠬᠦ ᠣᠷᠣᠨ ᠤ ᠠᠶᠤᠯᠲᠠᠶ ᠬᠢᠮᠢ ᠶᠢᠨ ᠪᠣᠳᠠᠰ᠂ ᠬᠤᠸᠠᠷ ᠫᠤᠤᠵᠢᠩ᠂ | ᠬᠠᠭᠤᠷᠠᠶ ᠳᠡᠭᠡᠷᠡᠬᠢ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠪᠠᠶᠢᠳᠠᠯ ᠢ ᠵᠠᠷᠯᠠᠨ ᠮᠡᠳᠡᠭᠳᠡᠵᠦ᠂ 12 ᠠᠶᠢᠮᠠᠭ ᠬᠤᠲᠠ ᠠᠶᠤᠯᠲᠠᠶ ᠬᠢᠮᠢ ᠶᠢᠨ ᠪᠣᠳᠠᠰ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠪᠠᠶᠢᠳᠠᠯ᠂ ᠵᠢᠯ ᠤᠨ ᠡᠴᠦᠰ ᠣᠨ ᠤ ᠡᠬᠢ ᠵᠢᠴᠢ ᠣᠨ ᠤ | ᠭᠤᠤᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠣᠷᠣᠰᠢᠵᠤ ᠪᠠᠶᠢᠭ᠎ᠠ ᠭᠤᠤᠯ ᠠᠰᠠᠭᠤᠳᠠᠯ ᠢ | ᠬᠠᠷᠢᠭᠤ ᠮᠡᠳᠡᠭᠦᠯᠵᠦ᠂ 2025 ᠣᠨ ᠤ ᠠᠶᠤᠯᠲᠠᠶ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠠᠵᠢᠯ ᠤᠨ ᠰᠠᠨᠠᠭᠤᠯᠭ᠎ᠠ ᠵᠡᠷᠭᠡ ᠳᠥᠷᠪᠡᠨ ᠲᠠᠯ᠎ᠠ ᠶᠢᠨ ᠠᠭᠤᠯᠭ᠎ᠠ ᠶᠢ ᠪᠣᠳᠠᠲᠠᠶ ᠪᠠᠶᠢᠳᠠᠯ ᠲᠠᠢ ᠪᠠᠨ | ᠤᠶᠠᠯᠳᠤᠭᠤᠯᠤᠨ᠂ ᠲᠣᠰ ᠪᠡᠶ᠎ᠡ ᠳᠤ ᠣᠷᠣᠰᠢᠵᠤ ᠪᠠᠶᠢᠭ᠎ᠠ 43 ᠵᠦᠢᠯ ᠤᠨ ᠠᠰᠠᠭᠤᠳᠠᠯ ᠢ ᠳ᠋ᠦᠩᠨᠡᠨ ᠭᠠᠷᠭᠠᠬᠤ ᠶᠢᠨ | ᠬᠠᠮᠲᠤ 29 ᠵᠦᠢᠯ ᠤᠨ ᠪᠣᠳᠠᠲᠠᠶ ᠠᠵᠢᠯ ᠤᠨ ᠰᠠᠨᠠᠭᠤᠯᠭ᠎ᠠ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠢᠷᠡᠬᠦ | ᠵᠢᠯ ᠤᠨ ᠠᠵᠢᠯ ᠢᠶᠠᠨ ᠨᠠᠩ ᠬᠠᠨᠳᠤᠯᠭᠠᠲᠤ ᠴᠢᠨᠠᠷᠲᠠᠶ ᠪᠠᠷ ᠲᠥᠰᠦᠪᠯᠡᠬᠦ ᠳᠤ ᠦᠨ᠎ᠡ ᠥᠷᠲᠡᠭ ᠲᠠᠢ ᠯᠠᠪᠯᠠᠯᠲᠠ | ᠬᠠᠩᠭᠠᠪᠠ᠃ | ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠨᠢᠭᠡᠳᠦᠯᠲᠡᠶ | ᠤᠳᠤᠷᠢᠳᠤᠯᠭ᠎ᠠ ᠳᠤᠤᠷ᠎ᠠ᠂ ᠲᠢᠩᠬᠢᠮ ᠤᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠵᠢᠯᠣᠭᠤᠳᠣᠯᠭ᠎ᠠ ᠳᠤᠤᠷ᠎ᠠ᠂ | ᠡᠯ᠎ᠡ ᠠᠶᠢᠮᠠᠭ ᠬᠤᠲᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠠᠶᠤᠯ ᠲᠠᠢ ᠬᠢᠮᠢ ᠶᠢᠨ ᠪᠣᠳᠠᠰ ᠤᠨ ᠬᠦᠷᠢᠶ᠎ᠡ | ᠴᠠᠷᠠᠭ᠎ᠠ ᠶᠢᠨ ᠬᠢᠨ ᠦᠵᠡᠯᠲᠡ ᠪᠠᠨ ᠬᠤᠪᠢᠷᠠᠭᠤᠯᠬᠤ᠂ ᠰᠤᠷᠲᠠᠯ ᠢᠶᠠᠨ ᠴᠢᠩᠭᠠᠳᠬᠠᠬᠤ᠂ ᠬᠠᠮᠢᠶᠠᠷᠤᠯᠲᠠ ᠪᠠᠨ | ᠴᠢᠩᠭᠠᠳᠬᠠᠬᠤ᠂ ᠨᠠᠶᠢᠳᠠᠪᠤᠷᠢᠵᠢᠭᠤᠯᠤᠯᠲᠠ ᠶᠢ ᠴᠢᠬᠤᠯᠠᠴᠢᠯᠠᠬᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ᠂ ᠳᠦᠷᠢ | ᠲᠥᠷᠬᠦ ᠶᠢ ᠪᠣᠶ ᠪᠣᠯᠭᠠᠬᠤ ᠪᠠᠷ ᠴᠢᠷᠮᠠᠶᠢᠵᠤ᠂ ᠠᠳᠡᠯ ᠭᠠᠷᠤᠭᠰᠠᠨ ᠬᠥᠮᠦᠨ ᠤ ᠲᠤᠭ᠎ᠠ ᠢᠯᠡᠳᠲᠡ ᠪᠠᠭᠤᠷᠠᠵᠤ᠂ | ᠬᠢᠨᠠᠯᠲᠠ ᠬᠠᠮᠢᠶᠠᠷᠤᠯᠲᠠ ᠶᠢᠨ ᠬᠦᠴᠦᠨ ᠢᠯᠡᠳᠲᠡ ᠴᠢᠩᠭᠠᠷᠠᠪᠠ᠃ ᠭᠡᠪᠡᠴᠦ ᠠᠵᠢᠯ ᠡᠷᠭᠢᠯᠡᠭᠰᠡᠳ ᠤᠨ ᠬᠡᠪ ᠴᠢᠨᠠᠷ | ᠥᠨᠳᠥᠷ ᠪᠢᠰᠢ᠂ ᠠᠵᠤ ᠠᠬᠤᠶᠢᠯᠠᠯ ᠤᠨ ᠠᠮᠤᠷ ᠲᠦᠪᠰᠢᠨ ᠤ ᠰᠠᠭᠤᠷᠢ ᠮᠥᠨ ᠬᠦ ᠪᠠᠭᠤᠷᠠᠶ᠂ ᠬᠠᠳᠠᠭᠠᠯᠠᠯᠲᠠ ᠶᠢᠨ | ᠲᠦᠭᠰᠢᠭᠦᠷᠢ ᠮᠥᠨ ᠬᠦ ᠥᠨᠳᠥᠷ ᠪᠠᠶᠢᠷᠢᠨ ᠳᠤ ᠪᠠᠶᠢᠵᠤ᠂ ᠰᠢᠯᠵᠢᠭᠦᠯᠬᠦ ᠲᠦᠭᠰᠢᠭᠦᠷᠢ ᠮᠥᠨ ᠬᠦ ᠨᠡᠮᠡᠭᠳᠡᠵᠦ᠂ | ᠬᠤᠷᠣᠮᠬᠠᠨ ᠵᠠᠭᠤᠷ᠎ᠠ ᠴᠤ ᠰᠤᠯᠠᠷᠠᠭᠤᠯᠵᠤ ᠪᠣᠯᠬᠤ ᠥᠬᠡᠶ ᠪᠠᠶᠢᠬᠤ ᠶᠢ ᠣᠯᠵᠤ ᠬᠠᠷᠠᠬᠤ ᠬᠡᠷᠡᠭᠲᠡᠶ᠃ | ᠬᠤᠷᠠᠯ ᠠᠴᠠ᠂ ᠵᠢᠯ ᠤᠨ ᠡᠴᠦᠰ ᠰᠢᠨ᠎ᠡ ᠵᠢᠯ ᠤᠨ ᠡᠬᠢ ᠪᠣᠯ ᠰᠡᠷᠭᠡᠭ ᠴᠠᠭ ᠦᠶ᠎ᠡ ᠪᠣᠯᠤᠨ᠎ᠠ᠂ ᠳᠡᠭᠡᠳᠦ | ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠤᠢᠢᠷ᠎ᠠ ᠶᠢᠨ ᠬᠤᠭᠤᠴᠠᠭᠠᠨ ᠳᠤ ᠭᠠᠳᠠᠷ ᠮᠤᠵᠢ ᠳᠤ ᠭᠠᠷᠤᠭᠰᠠᠨ | ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠡᠷᠲᠡ ᠠᠴᠠ ᠠᠳᠬᠤᠨ ᠪᠠᠭ᠎ᠠ ᠳᠤᠨᠢ ᠠᠳᠬᠤᠵᠤ᠂ ᠠᠳᠡᠯ ᠤᠨ | ᠴᠤᠬᠤᠶᠢᠯᠲᠠ ᠶᠢ ᠡᠷᠡᠰ ᠬᠤᠷᠢᠭᠯᠠᠵᠤ᠂ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ︽ | ᠨᠢᠭᠡ ᠣᠷᠣᠨ ᠤ ᠠᠮᠤᠷ ᠲᠦᠪᠰᠢᠨ ᠢ ᠪᠠᠲᠤᠯᠠᠬᠤ︾ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ | ᠬᠡᠷᠡᠭᠲᠡᠢ᠃ ᠭᠤᠣᠯᠳᠠᠯᠭ᠎ᠠ ᠲᠠᠢ ᠬᠡᠰᠡᠭ ᠪᠠ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠱᠠᠩᠨᠠᠵᠤ | ᠲᠣᠷᠭᠠᠬᠤ ᠶᠢ ᠲᠣᠳᠣᠷᠬᠠᠶᠢᠯᠠᠬᠤ ᠪᠠ ᠦᠢᠯᠡᠴᠢᠯᠡᠭᠡ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠪᠠ ᠲᠤᠰᠬᠠᠢ ᠮᠡᠷᠭᠡᠵᠢᠯ ᠤᠨ ᠬᠦᠴᠦᠨ ᠤ ᠲᠤᠯᠭᠠᠭᠤᠷᠢᠯᠠᠯ ᠢ ᠴᠢᠩᠭᠠᠳᠬᠠᠵᠤ᠂ ᠠᠵᠤ | ᠠᠬᠤᠶᠢᠯᠠᠯ ᠤᠨ ᠮᠥᠨ ᠴᠢᠨᠠᠷ ᠤᠨ ᠠᠮᠤᠷ ᠲᠦᠪᠰᠢᠨ ᠤ ᠲᠦᠪᠰᠢᠨ ᠪᠠ ᠲᠤᠰᠬᠠᠢ ᠮᠡᠷᠭᠡᠵᠢᠯ ᠤᠨ ᠬᠢᠨᠠᠯᠲᠠ | ᠬᠠᠮᠢᠶᠠᠷᠤᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ︔ ᠬᠠᠳᠠᠭᠠᠯᠠᠯᠲᠠ | ᠬᠡᠮᠵᠢᠶ᠎ᠡ ᠪᠠ ᠨᠡᠮᠡᠭᠳᠡᠯ ᠬᠡᠮᠵᠢᠶ᠎ᠡ ᠶᠢ ᠪᠦᠲᠦᠮᠵᠢᠲᠡᠶ ᠵᠠᠰᠠᠵᠤ᠂ ᠠᠶᠤᠯᠲᠠᠶ ᠬᠢᠮᠢ ᠶᠢᠨ ᠪᠣᠳᠠᠰ ᠤᠨ ᠬᠢᠨᠠᠯᠲᠠ | ᠬᠠᠮᠢᠶᠠᠷᠤᠯᠲᠠ ᠶᠢᠨ ᠬᠦᠷᠢᠶᠡᠨ ᠳᠠᠬᠢ ᠡᠯ᠎ᠡ ᠵᠦᠢᠯ ᠤᠨ ᠠᠵᠢᠯ ᠤᠨ ᠨᠠᠩ ᠰᠠᠶᠢᠨ ᠪᠣᠳᠠᠲᠤ ᠦᠷ᠎ᠡ ᠪᠦᠲᠦᠮᠵᠢ | ᠤᠯᠬᠤ ᠶᠢ ᠠᠬᠢᠭᠤᠯᠤᠨ᠎ᠠ᠃ ᠴᠢᠩᠭ᠎ᠠ ᠠᠴᠠ ᠴᠢᠩᠭ᠎ᠠ᠂ ᠨᠠᠷᠢᠯᠢᠭ ᠠᠴᠠ ᠨᠠᠷᠢᠯᠢᠭ ᠰᠤᠷᠲᠠᠯ ᠢᠶᠠᠷ ᠠᠶᠤᠯ | ᠲᠦᠭᠰᠢᠭᠦᠷᠢ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠵᠦ᠂ ᠲᠡᠷᠡ ᠴᠢᠭ ᠢᠶᠠᠷ ᠨᠢ ᠨᠠᠶᠢᠳᠠᠪᠤᠷᠢᠵᠢᠭᠤᠯᠤᠯᠲᠠ ᠶᠢ | ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠤᠨ ᠤᠯᠠᠭᠠᠨ ᠱᠤᠭᠤᠮ ᠢ ᠪᠠᠲᠤ ᠰᠠᠬᠢᠵᠤ᠂ | ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠭᠡᠬᠦ ᠡᠨᠡᠬᠦ ︽ᠪᠤᠶᠠᠨ ᠦᠢᠯᠡᠳᠴᠦ ᠪᠤᠶᠠᠨ ᠦᠢᠯᠡᠳᠬᠦ | ᠶᠠᠪᠤᠳᠠᠯ︾ ᠢ ᠡᠷᠡᠰ ᠰᠠᠶᠢᠲᠤᠷ ᠬᠢᠵᠦ᠂ ᠪᠦᠬᠦ ᠣᠷᠣᠨ ᠤ ᠠᠷᠠᠳ ᠲᠦᠮᠡᠨ ᠤ ᠪᠠᠶᠠᠷ ᠤᠨ ᠡᠳᠦᠷ ᠢᠶᠠᠨ ᠪᠠᠶᠠᠷ | ᠬᠦᠷ ᠲᠠᠢ ᠦᠯᠵᠡᠢ ᠪᠡᠯᠭᠡ ᠲᠠᠢ ᠥᠩᠭᠡᠷᠡᠭᠦᠯᠬᠦ ᠳᠤ ᠠᠮᠤᠷ ᠲᠦᠪᠰᠢᠨ ᠤ ᠪᠠᠲᠤᠯᠠᠭ᠎ᠠ ᠬᠠᠩᠭᠠᠵᠤ᠂ ᠪᠦᠬᠦ ᠣᠷᠣᠨ ᠤ | ᠠᠵᠤ ᠠᠬᠤᠢ ᠨᠡᠶᠢᠭᠡᠮ ᠤᠨ ᠲᠣᠭᠲᠠᠭᠤᠨ ᠡᠮᠬᠢ ᠵᠢᠷᠤᠮ ᠲᠠᠢ ᠬᠥᠭᠵᠢᠯᠲᠡ ᠳᠤ ᠪᠠᠲᠤᠯᠠᠭ᠎ᠠ ᠬᠠᠩᠭᠠᠬᠤ ᠬᠡᠷᠡᠭᠲᠡᠢ | ᠭᠡᠵᠦ ᠴᠢᠬᠤᠯᠠᠴᠢᠯᠠᠪᠠ︕ |