ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ 2024 | ᠣᠨ ᠳᠤ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠤᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠰᠢᠨᠡᠳᠬᠡᠵᠦ | ᠬᠠᠷᠭᠤᠭᠤᠯᠤᠨ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ ᠤᠨ ᠱᠠᠭᠠᠷᠳᠠᠯᠭ᠎ᠠ ᠶᠣᠰᠣᠭᠠᠷ᠂ 12 ᠳ᠋ᠤᠭᠠᠷ | ᠰᠠᠷ᠎ᠠ ᠶᠢᠨ 16 ᠤ ᠡᠳᠦᠷ ᠠᠴᠠ 20 ᠤ ᠡᠳᠦᠷ ᠪᠣᠯᠲᠠᠯ᠎ᠠ ᠰᠢᠯᠢ ᠶᠢᠨ ᠭᠤᠤᠯ ᠠᠶᠢᠮᠠᠭ ᠤᠨ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠬᠠᠷᠭᠤᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ | ᠰᠢᠯᠢ ᠶᠢᠨ ᠬᠤᠲᠠ᠂ ᠰᠢᠯᠤᠭᠤᠨ ᠬᠥᠬᠡ ᠬᠤᠰᠢᠭᠤ᠂ ᠰᠢᠯᠤᠭᠤᠨ ᠬᠥᠪᠡᠭᠡᠲᠦ ᠴᠠᠭᠠᠨ ᠬᠤᠰᠢᠭᠤ᠂ ᠬᠥᠪᠡᠭᠡᠲᠦ | ᠰᠢᠷ᠎ᠠ ᠬᠤᠰᠢᠭᠤ᠂ ᠰᠥᠨᠢᠳ ᠪᠠᠷᠠᠭᠤᠨ ᠬᠤᠰᠢᠭᠤ᠂ ᠰᠥᠨᠢᠳ ᠵᠡᠭᠦᠨ ᠬᠤᠰᠢᠭᠤ᠂ ᠠᠪᠠᠭ᠎ᠠ ᠬᠤᠰᠢᠭᠤ ᠵᠡᠷᠭᠡ 7 | ᠭᠠᠵᠠᠷ ᠣᠷᠣᠨ ᠳᠤ ᠲᠣᠰ ᠲᠣᠰ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠯᠲᠠ ᠬᠢᠨ᠎ᠠ᠃ | | | | | | ᠰᠢᠯᠢ ᠶᠢᠨ ᠭᠤᠤᠯ ᠠᠶᠢᠮᠠᠭ ᠤᠨ ᠲᠣᠪᠴᠢᠶ᠎ᠠ ᠬᠠᠷᠭᠤᠭᠤᠯᠤᠨ ᠪᠠᠶᠢᠴᠠᠭᠠᠬᠤ ᠰᠢᠰᠲ᠋ᠧᠮ ᠳᠤ ︽ᠵᠢᠭᠠᠨ | ᠲᠣᠭᠲᠠᠭᠠᠵᠤ ᠰᠣᠩᠭᠤᠨ ᠠᠪᠬᠤ︾ ᠪᠠᠶᠢᠴᠠᠭᠠᠭᠳᠠᠬᠤ ᠡᠲᠡᠭᠡᠳ ᠤᠨ ᠶᠡᠷᠦᠩᠬᠡᠶ ᠲᠣᠭᠠᠨ ᠤ 10 % ᠶᠢᠨ ᠠᠷᠭ᠎ᠠ | ᠮᠠᠶ᠋ᠢᠭ ᠢᠶᠠᠷ 388 ᠡᠷᠦᠬᠡ ᠠᠴᠠ ᠥᠯᠢᠭᠡᠷ ᠠᠪᠴᠤ᠂ ᠲᠤᠬᠠᠶ ᠶᠢᠨ ᠲᠠᠯᠠᠪᠤᠷ ᠲᠤ ᠬᠦᠷᠴᠦ 208 ᠡᠷᠦᠬᠡ ᠶᠢ | ᠬᠠᠷᠭᠤᠭᠤᠯᠤᠨ ᠪᠠᠶᠢᠴᠠᠭᠠᠪᠠ᠃ ᠬᠠᠷᠭᠤᠭᠤᠯᠤᠨ ᠪᠠᠶᠢᠴᠠᠭᠠᠬᠤ ᠠᠵᠢᠯ ᠠᠴᠠ ᠭᠠᠳᠠᠨᠠᠬᠢ ᠦᠶ᠋ᠯᠡᠰ ᠢᠶᠠᠷ ᠭᠤᠤᠯ | ᠪᠣᠯᠭᠠᠵᠤ᠂ ᠳᠣᠲᠣᠭᠠᠳᠤ ᠦᠶ᠋ᠯᠡᠰ ᠢᠶᠠᠷ ᠬᠠᠪᠰᠤᠷᠤᠮᠵᠢ ᠪᠣᠯᠭᠠᠵᠤ᠂ ᠬᠠᠮᠢᠶ᠎ᠠ ᠪᠥᠬᠦᠶ ᠮᠠᠲ᠋ᠧᠷᠢᠶᠠᠯ ᠢ ᠪᠠᠶᠢᠴᠠᠭᠠᠨ | ᠦᠵᠡᠬᠦ᠂ ᠲᠤᠭ᠎ᠠ ᠪᠠᠷᠢᠮᠲᠠ ᠶᠢ ᠰᠢᠨᠡᠳᠬᠡᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ᠂ | ᠦᠨᠳᠦᠰᠦᠨ ᠱᠠᠲᠤᠨ ᠤ ᠠᠵᠢᠯᠲᠠᠨ ᠲᠠᠢ ᠭᠦᠨᠵᠡᠭᠡᠶ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ | ᠵᠠᠰᠠᠭ ᠤᠨ ᠣᠷᠳᠣᠨ ᠤ ᠭᠠᠮᠰᠢᠭ ᠢ ᠪᠠᠭᠠᠰᠬᠠᠬᠤ ᠴᠢᠳᠠᠪᠤᠷᠢ ᠶᠢᠨ ᠪᠠᠶᠢᠴᠠᠭᠠᠯᠲᠠ᠂ ᠰᠢᠶᠠᠩ ᠪᠠᠯᠭᠠᠰᠤ ᠬᠢᠭᠡᠳ | ᠨᠡᠶᠢᠭᠡᠮ ᠲᠣᠭᠤᠷᠢᠭ ᠤᠨ ᠭᠠᠮᠰᠢᠭ ᠢ ᠪᠠᠭᠠᠰᠬᠠᠬᠤ ᠴᠢᠳᠠᠪᠤᠷᠢ᠂ ᠠᠵᠤ ᠠᠬᠤᠶᠢᠯᠠᠯ ᠬᠢᠭᠡᠳ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠭᠠᠮᠰᠢᠭ ᠢ ᠪᠠᠭᠠᠰᠬᠠᠬᠤ ᠴᠢᠳᠠᠪᠤᠷᠢ᠂ ᠣᠯᠠᠨ ᠨᠡᠶᠢᠲᠡ ᠶᠢᠨ ᠦᠶ᠋ᠯᠡᠴᠢᠯᠡᠭᠡᠨ ᠤ ᠲᠥᠬᠦᠭᠡᠷᠦᠮᠵᠢ᠂ | ᠠᠶᠤᠯᠲᠠᠶ ᠬᠢᠮᠢ ᠶᠢᠨ ᠪᠣᠳᠠᠰ ᠤᠨ ᠪᠠᠶᠢᠭᠠᠯᠢ ᠶᠢᠨ ᠭᠠᠮᠰᠢᠭ ᠤᠨ ᠭᠠᠮᠰᠢᠭ ᠢ ᠳᠠᠭᠠᠭᠠᠬᠤ ᠴᠣᠭᠴᠠ᠂ ᠨᠡᠭᠦᠷᠡᠰᠦᠨ | ᠠᠭᠤᠷᠬᠠᠶ ᠶᠢᠨ ᠪᠤᠰᠤ ᠪᠠᠶᠢᠭᠠᠯᠢ ᠶᠢᠨ ᠭᠠᠮᠰᠢᠭ ᠤᠨ ᠭᠠᠮᠰᠢᠭ ᠢ ᠳᠠᠭᠠᠭᠠᠬᠤ ᠴᠣᠭᠴᠠ᠂ ᠨᠡᠭᠦᠷᠡᠰᠦᠨ ᠠᠭᠤᠷᠬᠠᠶ ᠶᠢᠨ | ᠪᠠᠶᠢᠭᠠᠯᠢ ᠶᠢᠨ ᠭᠠᠮᠰᠢᠭ ᠤᠨ ᠭᠠᠮᠰᠢᠭ ᠢ ᠳᠠᠭᠠᠭᠠᠬᠤ ᠴᠣᠭᠴᠠ ᠶᠢ ᠵᠦᠶ᠋ᠯ ᠳᠠᠷᠠᠭᠠᠯᠠᠨ ᠬᠠᠷᠭᠤᠭᠤᠯᠤᠨ ᠪᠠᠶᠢᠴᠠᠭᠠᠵᠤ᠂ | 96 ᠠᠰᠠᠭᠤᠳᠠᠯ ᠢ ᠢᠯᠡᠷᠡᠭᠦᠯᠪᠡ᠃ | | | | | ᠬᠠᠷᠭᠤᠭᠤᠯᠤᠨ ᠪᠠᠶᠢᠴᠠᠭᠠᠬᠤ ᠳᠤᠭᠤᠶᠢᠯᠠᠩ ᠠᠴᠠ ᠱᠠᠭᠠᠷᠳᠠᠭᠰᠠᠨ ᠨᠢ᠄ ᠨᠢᠭᠡ ᠳᠤ᠂ ᠡᠯ᠎ᠡ ᠭᠠᠵᠠᠷ ᠣᠷᠣᠨ | ᠡᠷᠬᠡᠪᠰᠢ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠰᠢᠨᠡᠳᠬᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ᠂ ᠦᠨᠡᠨ ᠪᠣᠳᠠᠲᠤ ᠴᠢᠨᠠᠷ ᠢ ᠦᠨᠡᠨ ᠬᠦ ᠪᠠᠲᠤᠯᠠᠬᠤ | ᠬᠡᠷᠡᠭᠲᠡᠶ᠃ ᠬᠤᠶᠠᠷ ᠲᠤ ᠬᠢᠨᠠᠨ ᠪᠠᠶᠢᠴᠠᠭᠠᠬᠤ ᠳᠤᠮᠳᠠ ᠣᠯᠵᠤ ᠮᠡᠳᠡᠭᠰᠡᠨ ᠠᠰᠠᠭᠤᠳᠠᠯ ᠢ ᠳᠠᠭᠢᠵᠤ ᠵᠠᠰᠠᠪᠤᠷᠢᠯᠠᠨ | ᠲᠡᠭᠦᠯᠳᠡᠷᠵᠢᠭᠦᠯᠵᠦ᠂ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠰᠢᠨᠡᠳᠬᠡᠭᠰᠡᠨ ᠲᠠᠰᠢᠶᠠᠷᠠᠯ ᠤᠨ ᠨᠣᠷᠮ᠎ᠠ ᠶᠢ 5 | % ᠠᠴᠠ ᠪᠠᠭ᠎ᠠ ᠪᠠᠶᠢᠯᠭᠠᠬᠤ ᠶᠢ ᠦᠨᠡᠨ ᠬᠦ ᠪᠠᠲᠤᠯᠠᠬᠤ ᠶᠢᠨ ᠬᠠᠮᠲᠤ ᠵᠠᠰᠠᠪᠤᠷᠢ ᠣᠷᠣᠭᠤᠯᠤᠭᠰᠠᠨ | ᠲᠣᠳᠣᠷᠬᠠᠶᠢᠯᠠᠯᠲᠠ ᠶᠢᠨ ᠮᠡᠳᠡᠭᠦᠯᠦᠯᠲᠡ ᠶᠢ ᠨᠠᠶᠢᠷᠠᠭᠤᠯᠤᠨ ᠪᠢᠴᠢᠬᠦ ᠬᠡᠷᠡᠭᠲᠡᠶ᠃ ᠭᠤᠷᠪᠠ ᠳᠤ ᠰᠢᠯᠢ ᠶᠢᠨ ᠭᠤᠤᠯ | ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠪᠠᠶᠢᠴᠠᠭᠠᠯᠲᠠ ᠶᠢᠨ ᠲᠤᠭ᠎ᠠ | ᠪᠠᠷᠢᠮᠲᠠ ᠶᠢᠨ ᠰᠢᠨᠡᠳᠬᠡᠯ ᠨᠢ ᠱᠠᠭᠠᠷᠳᠠᠯᠭ᠎ᠠ ᠳᠤ ᠨᠡᠶᠢᠴᠡᠬᠦ ᠥᠬᠡᠶ ᠭᠠᠵᠠᠷ ᠣᠷᠣᠨ ᠳᠤ ᠪᠠᠶᠢᠴᠠᠭᠠᠯᠲᠠ ᠶᠢᠨ ᠲᠤᠭ᠎ᠠ | ᠪᠠᠷᠢᠮᠲᠠ ᠶᠢᠨ ᠦᠷ᠎ᠡ ᠪᠦᠲᠦᠭᠡᠯ ᠠᠴᠠ ᠳᠠᠬᠢᠨᠲᠠ ᠥᠯᠢᠭᠡᠷ ᠠᠪᠴᠤ ᠬᠠᠷᠭᠤᠭᠤᠯᠤᠨ ᠪᠠᠶᠢᠴᠠᠭᠠᠵᠤ᠂ ᠲᠣᠰ ᠭᠠᠵᠠᠷ | ᠣᠷᠣᠨ ᠨᠢ ᠬᠢᠷᠢ ᠲᠡᠩᠴᠡᠭᠦ ᠪᠠᠷᠢᠮᠵᠢᠶ᠎ᠠ ᠳᠤ ᠬᠦᠷᠦᠭᠦᠯᠦᠨ᠎ᠡ᠃ |